2 ᠰᠠᠷ᠎ᠠ ᠶᠢᠨ 24 ᠤ ᠡᠳᠦᠷ᠂ ᠬᠦᠷᠢᠶ᠎ᠡ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠣᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠲᠠᠷᠤᠭ᠎ᠠ ᠵᠠᠩ ᠯᠢ ᠹᠧᠩ ᠬᠤᠷᠠᠯ ᠡᠷᠬᠢᠯᠡᠬᠦ ᠶᠢᠨ | ᠬᠠᠮᠲᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠣᠯᠣᠰ ᠲᠦᠷᠦ | ᠬᠠᠣᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠴᠦᠨ ᠶᠠᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ | ᠬᠤᠰᠢᠭᠤᠨ ᠳᠠᠷᠤᠭ᠎ᠠ ᠂ ᠲᠣᠲᠣᠭᠠᠳᠣ ᠢ ᠬᠠᠮᠠᠭᠠᠯᠠᠬᠤ ᠲᠣᠪᠴᠢᠶ᠎ᠠ ᠶᠢᠨ ᠲᠣᠪᠴᠢᠶᠠᠨ ᠳᠠᠷᠤᠭ᠎ᠠ ᠯᠢ ᠭᠥᠸᠧ ᠬᠤᠸᠠ | ᠬᠤᠷᠠᠯ ᠳᠤ ᠰᠠᠭᠠᠲᠠᠵᠤ᠂ ᠡᠯ᠎ᠡ ᠰᠤᠮᠦ ᠪᠠᠯᠭᠠᠰᠤ ︵ᠣᠢ ᠰᠢᠭᠤᠢ ᠶᠢᠨ ᠲᠠᠯᠠᠪᠠᠢ᠂ ᠨᠡᠶᠢᠬᠡᠮ ᠲᠣᠭᠤᠷᠢᠭ ᠤᠨ | ᠦᠢᠯᠡᠴᠢᠯᠡᠬᠡᠨ ᠤ ᠲᠦᠪ︶ ᠶᠢᠨ ᠭᠤᠣᠯ ᠣᠳᠣᠷᠢᠳᠣᠯᠭ᠎ᠠ ᠪᠣᠯᠣᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠭᠡᠷ᠂ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠦ ᠠᠬᠤᠢ ᠶᠢᠨ ᠦᠢᠯᠡᠰ ᠤᠨ | ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠣᠰᠣᠨ ᠤ ᠶᠠᠪᠣᠳᠠᠯ ᠤᠨ ᠲᠣᠪᠴᠢᠶ᠎ᠠ ᠂ ᠣᠷᠣᠨ ᠰᠠᠭᠤᠴᠠ ᠬᠢᠭᠡᠳ | ᠬᠤᠲᠠ ᠬᠦᠳᠡᠭᠡ ᠶᠢᠨ ᠪᠦᠲᠦᠬᠡᠨ ᠪᠠᠶᠢᠭᠤᠯᠣᠯᠲᠠ ᠶᠢᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ | ᠨᠡᠶᠢᠬᠡᠮ ᠤᠨ ᠪᠠᠲᠣᠯᠠᠭ᠎ᠠ ᠶᠢᠨ ᠲᠣᠪᠴᠢᠶ᠎ᠠ᠂ ᠶᠠᠳᠠᠭᠤ ᠶᠢ ᠲᠡᠳᠭᠦᠨ ᠨᠡᠬᠡᠬᠡᠨ ᠬᠦᠭᠵᠢᠭᠦᠯᠭᠦ ᠠᠯᠪᠠᠨ ᠭᠡᠷ ᠵᠡᠷᠭᠡ | ᠬᠠᠮᠢᠶ᠎ᠠ ᠪᠦᠭᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | ᠵᠠᠩ ᠯᠢ ᠹᠧᠩ ᠵᠢᠭᠠᠵᠦ ᠭᠠᠷᠭᠠᠭᠰᠠᠨ ᠨᠢ᠂ ᠪᠦᠭᠦ ᠣᠯᠣᠰ ᠤᠨ ︽ᠬᠤᠶᠠᠷ ᠬᠤᠷᠠᠯ︾ ᠣᠳᠠᠯ ᠦᠬᠡᠢ | ᠬᠤᠷᠠᠯᠳᠣᠬᠤ ᠭᠡᠵᠦ ᠪᠠᠶᠢᠭ᠎ᠠ ᠪᠣᠯᠬᠤᠷ᠂ ᠪᠦᠬᠦ ᠬᠤᠰᠢᠭᠤ ᠪᠠᠷ ᠢᠶᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ︽ᠳᠦᠷᠪᠡᠨ ᠣᠬᠠᠮᠰᠠᠷ︾ ᠢ ᠪᠠᠲᠤ ᠪᠠᠬᠢ ᠪᠣᠢ | ᠪᠣᠯᠭᠠᠵᠦ᠂ ︽ᠵᠢᠷᠭᠤᠭᠠᠨ ᠵᠦᠢᠯ ᠢ ᠡᠷᠠᠰ ᠬᠤᠷᠢᠭᠯᠠᠬᠤ︾ ᠶᠢ ᠦᠨᠡᠨᠬᠦ ᠬᠢᠬᠦ ᠬᠡᠷᠡᠭᠲᠡᠢ ᠭᠡᠵᠡᠢ᠃ ᠲᠠᠷᠣᠢ ᠴᠢᠬᠤᠯᠠ | ᠶᠡᠭᠡ ᠨᠦᠯᠦᠬᠡ ᠪᠦᠭᠦᠢ ᠣᠯᠣᠰ ᠲᠦᠷᠦ ᠶᠢᠨ ᠬᠡᠷᠡᠭ ᠣᠴᠢᠷ ᠡᠭᠦᠰᠬᠦ ᠶᠢ ᠡᠷᠡᠰ ᠬᠤᠷᠢᠭᠯᠠᠨ᠎ᠠ ᠂ ᠬᠦᠴᠦᠷᠬᠡᠭᠯᠡᠯ | ᠰᠦᠷᠳᠡᠭᠦᠯᠦᠯ ᠤᠨ ᠬᠡᠷᠡᠭ ᠣᠴᠢᠷ ᠪᠣᠯᠣᠨ ᠬᠤᠪᠢ ᠬᠦᠮᠦᠨ ᠤ ᠬᠡᠲᠦᠷᠡᠭᠦᠦ ᠬᠡᠷᠡᠭ ᠣᠴᠢᠷ ᠡᠭᠦᠰᠬᠦ ᠶᠢ ᠡᠷᠡᠰ | ᠬᠤᠷᠢᠭᠯᠠᠨ᠎ᠠ᠂ ᠶᠡᠭᠡ ᠬᠡᠪᠴᠢᠶᠡᠨ ᠤ ᠣᠯᠠᠨ ᠲᠦᠮᠡᠨᠴᠢ ᠴᠢᠨᠠᠷᠲᠠᠢ ᠬᠡᠷᠡᠭ ᠣᠴᠢᠷ ᠡᠭᠦᠰᠬᠦ ᠶᠢ ᠡᠷᠡᠰ ᠬᠤᠷᠢᠭᠯᠠᠨ᠎ᠠ᠂ | ᠶᠡᠭᠡ ᠬᠡᠪᠴᠢᠶᠡᠨ ᠤ ᠲᠦᠪ ᠲᠤ ᠬᠦᠷᠴᠦ ᠵᠠᠭᠠᠯᠳᠣᠭᠠᠨ ᠬᠢᠭᠦ ᠶᠢ ᠡᠷᠡᠰ ᠬᠤᠷᠢᠭᠯᠠᠨ᠎ᠠ᠂ ᠬᠦᠨᠲᠣ ᠨᠣᠴᠢᠲᠠᠢ ᠦᠷ᠎ᠡ | ᠨᠦᠯᠦᠬᠡ ᠪᠦᠭᠦᠢ ᠡᠷᠡᠭᠦᠦ ᠶᠢᠨ ᠬᠡᠷᠡᠭ ᠡᠭᠦᠰᠬᠦ ᠶᠢ ᠬᠤᠷᠢᠭᠯᠠᠨ᠎ᠠ᠂ ᠣᠯᠠᠨ ᠲᠦᠮᠡᠨᠴᠢ ᠴᠢᠨᠠᠷᠲᠠᠢ ᠭᠡᠮᠲᠦᠯ ᠰᠢᠷᠬᠠᠲᠣᠯ | ᠤᠨ ᠬᠡᠷᠡᠭ ᠣᠴᠢᠷ ᠡᠬᠦᠰᠭᠦ ᠶᠢ ᠡᠷᠡᠰ ᠬᠤᠷᠢᠭᠯᠠᠨ᠎ᠠ᠃ | | | | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠣᠯᠣᠰ ᠲᠦᠷᠦ ᠬᠠᠣᠯᠢ ᠴᠠᠭᠠᠵᠠ ᠶᠢᠨ | ᠬᠤᠷᠢᠶ᠎ᠠ ᠶᠢᠨ ᠱᠦᠵᠢ ᠯᠢᠦ ᠴᠦᠨ ᠶᠠᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠂ | ᠲᠣᠲᠣᠭᠠᠳᠣ ᠢ ᠬᠠᠮᠠᠭᠠᠯᠠᠬᠤ ᠲᠣᠪᠴᠢᠶ᠎ᠠ ᠶᠢᠨ ᠲᠣᠪᠴᠢᠶᠠᠨ ᠳᠠᠷᠤᠭ᠎ᠠ ᠯᠢ ᠭᠥᠸᠧ ᠬᠤᠸᠠ ᠣᠳᠣᠬᠠᠨ ᠤ ᠵᠠᠬᠢᠳᠠᠯ | ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠳᠤ ᠴᠢᠭᠯᠡᠭᠦᠯᠦᠨ ᠪᠣᠲᠠᠲᠠᠢ ᠱᠠᠭᠠᠷᠳᠠᠯᠭ᠎ᠠ ᠲᠣᠷᠠᠳᠣᠨ | ᠭᠠᠷᠭᠠᠪᠠ ᠃ | |