ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠬᠤᠣ ᠮᠠᠥ ᠷᠥᠩ ᠮᠠᠨ ᠤ ᠬᠤᠰᠢᠭᠤᠨ ᠤ ᠲᠦᠯᠦᠬᠡᠯᠡᠭᠴᠢᠳ ᠲᠠᠢ ᠬᠠᠮᠲᠤ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2019-03-01
   2 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠬᠤᠣ ᠮᠠᠥ ᠷᠥᠩ ᠮᠠᠨ ᠤ ᠬᠤᠰᠢᠭᠤᠨ ᠤ ᠲᠦᠯᠦᠬᠡᠯᠡᠭᠴᠢᠳ ᠲᠠᠢ ᠬᠠᠮᠲᠤ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠢ ᠬᠢᠨᠠᠨ ᠵᠦᠪᠯᠡᠬᠦ ᠶᠢᠨ ᠬᠠᠮᠲᠤ ᠲᠦᠯᠦᠬᠡᠯᠡᠭᠴᠢᠳ ᠤᠨ ᠰᠠᠨᠠᠯ ᠵᠦᠪᠯᠡᠯᠭᠡ ᠶᠢ ᠰᠣᠨᠣᠰᠪᠠ  ᠃ ᠬᠤᠣ ᠮᠠᠥ ᠷᠥᠩ ᠴᠢᠩᠭᠠᠳᠬᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠲᠣ ᠣᠯᠣᠰ ᠤᠨ ᠣᠨᠴᠠᠯᠢᠭ ᠪᠦᠭᠦᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠣᠯᠣᠨ ᠠᠷᠪᠠ ᠶᠢᠰᠦᠳᠦᠬᠡᠷ ᠬᠤᠭᠤᠴᠠᠭᠠᠨ ᠤ ᠬᠤᠶᠠᠳᠣᠭᠠᠷ ᠪᠦᠭᠦᠳᠡ ᠬᠤᠷᠠᠯ ᠪᠣᠯᠣᠨ ᠭᠤᠷᠪᠠᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠣᠣᠱᠯᠠᠭᠤᠯᠵᠦ᠂ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠣᠣᠱᠯᠠᠭᠤᠯᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠯᠠᠪᠳᠠᠭᠤᠨ ᠳᠣᠮᠳᠠ ᠣᠷᠣᠭᠰᠢᠯᠠᠬᠤ ᠠᠵᠢᠯ ᠤᠨ ᠴᠢᠭᠯᠡᠯᠲᠡ ᠶᠢ ᠪᠠᠷᠢᠮᠲᠠᠯᠠᠨ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠳᠠᠶᠢᠯᠠᠯᠳᠣᠭᠠᠨ ᠢ ᠰᠠᠶᠢᠲᠣᠷ ᠬᠢᠵᠦ᠂ ᠠᠵᠦ ᠠᠬᠤᠢ ᠶᠢᠨ ᠦᠨᠳᠦᠷ ᠶᠠᠰᠣ ᠴᠢᠨᠠᠷ ᠪᠦᠭᠦᠢ ᠬᠦᠭᠵᠢᠯᠲᠡ ᠶᠢ ᠲᠦᠯᠬᠢᠨ ᠠᠬᠢᠭᠤᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠵᠣᠯ ᠵᠢᠷᠭᠠᠯᠲᠣ ᠠᠮᠢᠳᠣᠷᠠᠯ ᠤᠨ ᠬᠡᠷᠡᠭᠴᠡᠭᠡ ᠶᠢ ᠨᠡᠩ ᠰᠠᠶᠢᠨ ᠢᠶᠠᠷ ᠬᠠᠩᠭᠠᠬᠤ ᠬᠡᠷᠡᠭᠲᠡᠢ ᠭᠡᠵᠡᠢ᠃

    ᠬᠢᠨᠠᠨ ᠵᠦᠪᠯᠡᠭᠦ ᠠᠬᠤᠢ ᠲᠠᠯᠠᠪᠠᠢ ᠶᠢᠨ ᠠᠭᠤᠷ ᠠᠮᠢᠰᠬᠤᠯ ᠮᠠᠰᠢ ᠬᠦᠭᠵᠢᠶᠡᠨᠲᠡᠢ ᠪᠠᠶᠢᠵᠦ᠂ ᠲᠦᠯᠦᠭᠡᠯᠡᠭᠴᠢᠳ

ᠢᠳᠡᠪᠬᠢᠲᠡᠢ ᠪᠠᠷ ᠦᠵᠡᠯᠲᠡ ᠰᠠᠨᠠᠯ ᠢᠶᠠᠨ ᠰᠣᠯᠢᠯᠴᠠᠭᠰᠠᠨ ᠪᠠᠶᠢᠨ᠎ᠠ᠃ ᠬᠦᠷᠢᠶ᠎ᠡ ᠬᠤᠰᠢᠭᠤᠨ ᠤ ᠲᠦᠯᠦᠭᠡᠯᠡᠭᠴᠢ ᠶᠢᠨ

ᠪᠦᠯᠭᠦᠮ ᠤᠨ ᠦᠨᠳᠣᠰᠥᠨ ᠱᠠᠲᠣᠨ ᠤ ᠲᠦᠯᠦᠭᠡᠯᠡᠭᠴᠢᠳ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠳᠤ

ᠦᠨᠳᠦᠷ ᠦᠨᠡᠯᠡᠯᠲᠡ ᠦᠭᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠳᠠᠶᠢᠯᠠᠯᠳᠣᠭᠠᠨ᠂

ᠨᠡᠶᠢᠬᠡᠮ ᠤᠨ ᠦᠢᠯᠡᠰ ᠤᠨ ᠬᠦᠭᠵᠢᠯᠲᠡ᠂ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠲᠡ᠂  

ᠲᠠᠷᠢᠶᠠᠯᠠᠬᠤ ᠮᠠᠯᠵᠢᠬᠤ ᠣᠷᠣᠨ ᠤ ᠠᠵᠦ ᠠᠬᠤᠢ ᠶᠢᠨ ᠬᠦᠭᠵᠢᠯᠲᠡ᠂ ᠬᠦᠳᠡᠭᠡ ᠲᠣᠰᠬᠤᠨ ᠤ  ᠵᠣᠭᠠᠴᠠᠯ ᠤᠨ

ᠦᠢᠯᠡᠰ ᠤᠨ ᠬᠦᠭᠵᠢᠯᠲᠡ ᠵᠡᠷᠬᠡ ᠬᠦᠷᠢᠶ᠎ᠡ ᠴᠠᠷ᠎ᠠ ᠳᠤ ᠶᠠᠷᠢᠯᠴᠠᠭᠠᠨ ᠬᠢᠵᠦ᠂ ᠰᠠᠨᠠᠯ ᠵᠦᠪᠯᠡᠯᠭᠡ ᠪᠠᠨ ᠢᠳᠡᠪᠬᠢᠲᠡᠢ ᠪᠠᠷ

ᠰᠣᠯᠢᠯᠴᠠᠵᠠᠢ᠃ ᠬᠤᠣ ᠮᠠᠥ ᠷᠥᠩ ᠨᠢᠭᠡ ᠲᠠᠯ᠎ᠠ ᠪᠠᠷ ᠢᠶᠠᠨ ᠲᠦᠯᠦᠭᠡᠯᠡᠭᠴᠢᠳ ᠶᠢᠨ ᠶᠠᠷᠢᠶ᠎ᠠ ᠶᠢ ᠰᠣᠨᠣᠰᠴᠤ᠂

ᠨᠦᠭᠦᠬᠡ ᠲᠠᠯ᠎ᠠ ᠪᠠᠷ ᠢᠶᠠᠨ ᠨᠠᠷᠢᠨ ᠬᠢᠨᠠᠮᠠᠭᠠᠢ ᠲᠡᠮᠳᠡᠭᠯᠡᠯ ᠬᠢᠵᠦ᠂ ᠲᠦᠯᠦᠭᠡᠯᠡᠭᠴᠢᠳ ᠲᠠᠢ ᠰᠠᠨᠠᠯ ᠪᠣᠳᠣᠯ ᠢᠶᠠᠨ

ᠰᠣᠯᠢᠯᠴᠠᠵᠠᠢ᠃ ᠬᠤᠣ ᠮᠠᠥ ᠷᠥᠩ ᠲᠦᠯᠦᠭᠡᠯᠡᠭᠴᠢᠳ ᠶᠢᠨ ᠶᠠᠷᠢᠶ᠎ᠡ ᠢᠯᠡᠳᠬᠡᠯ ᠢ ᠰᠣᠨᠣᠰᠣᠭᠰᠠᠨ ᠤ ᠳᠠᠷᠠᠭ᠎ᠠ

ᠲᠦᠯᠦᠭᠡᠯᠡᠭᠴᠢᠳ ᠶᠢᠨ ᠮᠠᠨ ᠤ ᠬᠤᠲᠠ ᠶᠢᠨ ᠠᠵᠦ ᠠᠬᠤᠢ ᠨᠡᠶᠢᠬᠡᠮ ᠤᠨ ᠬᠦᠭᠵᠢᠯᠲᠡ ᠶᠢᠨ ᠠᠯᠦᠰ ᠤᠨ

ᠲᠦᠯᠦᠪᠯᠡᠯᠬᠡ ᠶᠢᠨ ᠲᠣᠭᠤᠷᠢᠨ ᠳᠤ ᠲᠣᠷᠠᠳᠣᠭᠰᠠᠨ ᠨᠠᠨᠳᠢᠨ ᠰᠠᠨᠠᠭᠤᠯᠭ᠎ᠠ ᠳᠤ ᠲᠠᠯᠠᠷᠬᠠᠯ ᠢᠶᠠᠨ ᠲᠡᠪᠰᠢᠭᠦᠯᠭᠦ ᠶᠢᠨ

ᠬᠠᠮᠲᠤ᠂ ᠲᠦᠯᠦᠭᠡᠯᠡᠭᠴᠢᠳ ᠤᠨ ᠲᠣᠷᠠᠳᠣᠭᠰᠠᠨ ᠰᠠᠨᠠᠯ ᠵᠦᠪᠯᠡᠯᠬᠡ ᠶᠢ ᠡᠮᠬᠢᠳᠬᠡᠨ ᠬᠤᠷᠢᠶᠠᠩᠭᠤᠶᠢᠯᠠᠵᠦ᠂ ︽

ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠦᠨ᠂

ᠬᠤᠲᠠ ᠶᠢᠨ ᠵᠠᠰᠠᠭ ᠤᠨ ᠣᠷᠳᠣᠨ ᠤ  ᠬᠤᠶᠢᠰᠢᠳᠠ ᠶᠢᠨ ᠠᠵᠢᠯ ᠤᠨ ᠳᠣᠮᠳᠠ ᠲᠣᠣᠱᠯᠠᠭᠤᠯᠬᠤ ᠶᠢ ᠱᠠᠭᠠᠷᠳᠠᠵᠡᠢ᠃

    ᠬᠤᠣ ᠮᠠᠥ ᠷᠥᠩ ᠵᠢᠭᠠᠵᠦ ᠭᠠᠷᠭᠠᠭᠰᠠᠨ ᠨᠢ ᠬᠦᠷᠢᠶ᠎ᠡ ᠬᠤᠰᠢᠭᠤ ᠲᠣᠭᠲᠠᠭᠤᠨ ᠨᠡᠮᠡᠭᠳᠡᠯ᠂ ᠪᠦᠲᠦᠴᠡ ᠶᠢᠨ

ᠲᠣᠬᠢᠷᠠᠭᠤᠯᠣᠯᠲᠠ᠂ ᠠᠷᠠᠳ ᠲᠤ ᠠᠰᠢᠭ ᠬᠦᠷᠲᠡᠬᠡᠭᠦ᠂ ᠲᠦᠭᠰᠢᠭᠦᠷᠢ ᠶᠢ ᠰᠡᠷᠭᠡᠶᠢᠯᠡᠬᠦ ᠵᠡᠷᠬᠡ ᠠᠵᠢᠯ ᠢ ᠨᠢᠬᠡᠲᠦᠯᠲᠡᠢ

ᠲᠦᠯᠬᠢᠨ ᠠᠬᠢᠭᠤᠯᠵᠦ᠂  ᠠᠵᠦ ᠠᠬᠤᠢ ᠶᠢᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠪᠣᠯᠣᠨ ᠨᠡᠶᠢᠬᠡᠮ ᠤᠨ

ᠲᠣᠭᠲᠠᠭᠤᠨ ᠪᠠᠶᠢᠳᠠᠯ ᠢ ᠪᠠᠲᠣᠯᠠᠬᠤ ᠬᠡᠷᠡᠭᠲᠡᠢ᠃  ᠰᠢᠨ᠎ᠡ ᠴᠠᠭ ᠦᠶ᠎ᠡ᠂ ᠰᠢᠨ᠎ᠡ ᠡᠭᠦᠷᠬᠡ ᠶᠢᠨ ᠲᠣᠷᠠᠳᠣᠭᠰᠠᠨ

ᠰᠢᠨ᠎ᠡ ᠱᠠᠭᠠᠷᠳᠠᠯᠭ᠎ᠠ ᠶᠣᠰᠣᠭᠠᠷ ᠦᠵᠡᠯ ᠰᠠᠨᠠᠭ᠎ᠠ ᠪᠠᠨ ᠤᠯᠠᠮ  ᠨᠢᠭᠡ ᠠᠯᠬᠤᠮ ᠴᠢᠯᠦᠭᠡᠯᠡᠵᠦ᠂  ᠬᠦᠭᠵᠢᠯᠲᠡ ᠶᠢᠨ

ᠰᠡᠳᠬᠢᠭᠦᠢ ᠪᠠᠨ ᠰᠢᠨᠡᠴᠢᠯᠡᠵᠦ᠂  ᠠᠷᠠᠯᠵᠢᠶᠠᠴᠢᠨ ᠣᠷᠢᠵᠦ ᠪᠡᠯᠡ ᠣᠷᠣᠯᠠᠭᠤᠯᠬᠤ  ᠬᠦᠴᠦᠯᠡᠴᠡ ᠪᠠᠨ ᠴᠢᠩᠭᠠᠳᠬᠠᠵᠦ

᠂ ᠬᠦᠷᠢᠶ᠎ᠡ ᠬᠤᠰᠢᠭᠤᠨ ᠤ ᠠᠵᠦ ᠠᠬᠤᠢ ᠶᠢᠨ ᠦᠨᠳᠦᠷ  ᠶᠠᠰᠣ ᠴᠢᠨᠠᠷ ᠪᠦᠭᠦᠢ ᠬᠦᠭᠵᠢᠯᠲᠡ ᠶᠢ ᠪᠠᠲᠣᠲᠠᠢ ᠲᠦᠯᠬᠢᠨ

ᠠᠬᠢᠭᠤᠯᠬᠤ ᠬᠡᠷᠡᠭᠲᠡᠢ ᠭᠡᠵᠡᠢ᠃

     ᠬᠤᠣ ᠮᠠᠥ ᠷᠥᠩ  ᠴᠢᠩᠭᠠᠳᠬᠠᠭᠰᠠᠨ ᠨᠢ᠂ ᠬᠦᠳᠡᠭᠡ ᠲᠣᠰᠬᠤᠨ ᠢ ᠬᠦᠭᠵᠢᠨ ᠮᠠᠨᠳᠣᠭᠤᠯᠬᠤ ᠪᠠᠶᠢᠯᠳᠣᠬᠤ

ᠪᠣᠳᠣᠯᠭ᠎ᠠ ᠶᠢᠨ ᠲᠣᠭᠤᠷᠢᠨ ᠳᠤ᠂ ᠬᠦᠷᠢᠶ᠎ᠡ ᠬᠤᠰᠢᠭᠤᠨ ᠤ  ᠪᠣᠬᠢᠷᠲᠣᠯ ᠦᠬᠡᠢ ᠤᠷᠭᠠᠨᠢᠭ ᠮᠠᠯ ᠲᠠᠷᠢᠶᠠᠯᠠᠩ ᠤᠨ

ᠪᠦᠲᠦᠬᠡᠭᠳᠡᠭᠦᠨ ᠤ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠵᠠᠬ᠎ᠠ ᠳᠡᠯᠬᠡᠭᠦᠷ ᠤᠨ ᠬᠡᠷᠡᠭᠴᠡᠭᠡᠨ ᠤ

ᠦᠰᠦᠯᠲᠠ ᠶᠢ ᠠᠩᠬᠠᠷᠴᠦ᠂ ᠪᠣᠬᠢᠷᠲᠣᠯ ᠦᠬᠡᠢ ᠮᠠᠯ ᠲᠠᠷᠢᠶᠠᠯᠠᠩ ᠤᠨ ᠪᠦᠲᠦᠬᠡᠭᠳᠡᠭᠦᠨ ᠤ ᠲᠦᠷᠦᠯ ᠵᠦᠢᠯ ᠢ

ᠡᠭᠦᠳᠴᠦ᠂ ᠶᠠᠰᠦ ᠴᠢᠨᠠᠷ ᠢ ᠲᠡᠬᠡᠭᠰᠢᠯᠡᠬᠦᠯᠬᠦ ᠲᠠᠯ᠎ᠠ ᠪᠠᠷ ᠰᠢᠨ᠎ᠡ ᠦᠨᠳᠦᠷᠴᠡ ᠳᠤ ᠬᠦᠷᠬᠦ ᠬᠡᠷᠡᠭᠲᠡᠢ  ᠃ ᠪᠠᠰᠠ

ᠲᠡᠣᠬᠡ ᠰᠣᠶᠣᠯ᠂ ᠪᠠᠶᠢᠭᠠᠯᠢ ᠶᠢᠨ ᠡᠬᠢ ᠪᠠᠶᠠᠯᠢᠭ ᠤᠨ ᠲᠠᠪᠠᠭᠤᠯᠢᠭ ᠪᠠᠨ ᠠᠰᠢᠭᠯᠠᠨ᠂ ᠵᠣᠭᠠᠴᠠᠯ ᠤᠨ ᠦᠢᠯᠡᠰ ᠢ

ᠨᠡᠬᠡᠭᠡᠨ ᠬᠦᠭᠵᠢᠭᠦᠯᠵᠦ᠂ ᠠᠵᠦ ᠠᠬᠤᠢ ᠶᠢᠨ ᠦᠨᠳᠦᠷ  ᠶᠠᠰᠣ ᠴᠢᠨᠠᠷ ᠪᠦᠭᠦᠢ ᠬᠦᠭᠵᠢᠯᠲᠡ ᠳᠤ ᠲᠦᠯᠬᠢᠴᠡ

ᠦᠢᠯᠡᠳᠦᠯ ᠦᠵᠡᠭᠦᠯᠭᠦ ᠬᠡᠷᠡᠭᠲᠡᠢ  ᠃ ᠠᠷᠠᠳ ᠠᠴᠠ ᠡᠵᠡᠩᠨᠡᠭᠰᠡᠨ ᠠᠵᠦ ᠠᠬᠤᠢ ᠶᠢ ᠬᠦᠭᠵᠢᠨ ᠪᠣᠵᠠᠭᠠᠶᠢᠷᠠᠭᠤᠯᠵᠦ᠂

ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠦᠨᠳᠦᠷ ᠶᠠᠰᠣ ᠴᠢᠨᠠᠷ ᠪᠦᠭᠦᠢ ᠬᠦᠭᠵᠢᠯᠲᠡ ᠶᠢ ᠠᠬᠢᠭᠤᠯᠬᠤ ᠡᠯ᠎ᠡ

ᠵᠦᠢᠯ ᠤᠨ ᠠᠷᠭ᠎ᠠ ᠠᠪᠴᠢᠯ ᠲᠦᠷᠦ ᠶᠢᠨ ᠪᠣᠳᠣᠯᠭ᠎ᠠ ᠶᠢ ᠪᠦᠲᠦᠮᠵᠢᠲᠠᠢ ᠨᠠᠶᠢᠳᠠᠪᠣᠷᠢᠵᠢᠭᠤᠯᠵᠦ᠂ ᠠᠷᠠᠳ ᠠᠴᠠ

ᠡᠷᠬᠢᠯᠡᠭᠰᠡᠨ ᠠᠵᠦ ᠠᠬᠤᠶᠢᠯᠠᠯ ᠤᠨ ᠪᠣᠲᠠᠲᠠᠢ ᠬᠦᠴᠢᠷᠳᠡᠯ ᠢ ᠰᠢᠢᠳᠪᠦᠷᠢᠯᠡᠨ᠂ ᠠᠷᠠᠳ ᠠᠴᠠ ᠡᠵᠡᠩᠨᠡᠭᠰᠡᠨ ᠠᠵᠦ

ᠠᠬᠤᠢ ᠶᠢᠨ ᠬᠦᠭᠵᠢᠯᠲᠡ ᠶᠢ ᠠᠬᠢᠭᠤᠯᠣᠨ᠎ᠠ᠃ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ  

ᠳᠠᠶᠢᠯᠠᠯᠳᠣᠭᠠᠨ ᠢ ᠰᠠᠶᠢᠳᠣᠷ ᠬᠢᠵᠦ᠂ ᠪᠦᠭᠦ ᠨᠡᠶᠢᠬᠡᠮ ᠢᠶᠠᠷ ᠢᠶᠠᠨ ᠶᠠᠳᠠᠭᠤ ᠶᠢ ᠲᠡᠳᠭᠦᠭᠦ ᠠᠵᠢᠯᠯᠠᠭ᠎ᠠ ᠳᠤ ᠣᠷᠣᠯᠴᠠᠨ᠂

2020 ᠣᠨ ᠳᠤ ᠲᠠᠷᠢᠶᠠᠯᠠᠬᠤ ᠮᠠᠯᠵᠢᠬᠤ ᠣᠷᠣᠨ ᠤ ᠶᠠᠳᠠᠭᠤ  ᠬᠦᠴᠢᠷᠲᠡᠢ ᠬᠦᠮᠦᠨ ᠠᠮᠠ ᠶᠢ  ᠪᠦᠬᠦ ᠲᠠᠯ᠎ᠠ  ᠪᠠᠷ

ᠶᠠᠳᠠᠭᠤ ᠠᠴᠠ ᠠᠩᠵᠢᠷᠠᠭᠤᠯᠬᠤ ᠶᠢ ᠪᠠᠲᠣᠯᠠᠬᠤ ᠬᠡᠷᠡᠭᠲᠡᠢ ᠭᠡᠵᠡᠢ᠃  

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号