ᠪᠠᠶᠠᠨᠬᠤᠸ᠋ᠨ ᠪᠠᠯᠭᠠᠰᠦ ᠶᠢᠨ ᠬᠤᠰᠢᠭᠤᠨ ᠤ ᠳᠡᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠢᠳᠡᠪᠬᠢᠲᠡᠢ ᠪᠠᠷ ᠲᠣᠭᠤᠷᠢᠨ ᠰᠣᠷᠪᠣᠯᠵᠢᠯᠠᠵᠦ ᠠᠷᠠᠳ ᠤᠨ ᠪᠠᠶᠢᠳᠠᠯ ᠢ ᠣᠶᠢᠯᠠᠭᠠᠵᠦ ᠠᠷᠠᠳ ᠤᠨ ᠰᠠᠨᠠᠯ ᠢ ᠬᠤᠷᠢᠶᠠᠪᠠ
ᠨᠡᠶᠢᠲᠡᠯᠡᠭᠰᠡᠨ ᠴᠠᠭ᠄
2019-03-11

    ᠣᠷᠴᠢᠮ ᠤᠨ ᠡᠳᠦᠷ᠂ ᠣᠳᠠᠯ ᠦᠬᠡᠢ ᠬᠤᠷᠠᠯᠳᠣᠬᠤ ᠭᠡᠵᠦ ᠪᠠᠶᠢᠭ᠎ᠠ ᠬᠦᠷᠢᠶ᠎ᠡ ᠬᠤᠰᠢᠭᠤᠨ ᠤ ᠠᠷᠪᠠᠨ

ᠵᠢᠷᠭᠤᠳᠣᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ

ᠬᠤᠷᠠᠯ ᠳᠡᠭᠡᠷ᠎ᠡ ᠨᠡᠩ ᠴᠢᠨᠠᠷᠯᠢᠭ ᠲᠦᠰᠦᠪ᠂ ᠰᠠᠨᠠᠯ ᠵᠦᠪᠯᠡᠯᠭᠡ᠂ ᠰᠢᠭᠦᠮᠵᠢᠯᠡᠯ ᠢ ᠳᠣᠷᠠᠳᠬᠤ ᠶᠢᠨ ᠲᠦᠯᠦᠭᠡ

ᠪᠠᠶᠠᠨᠬᠤᠸ᠋ᠨ ᠪᠠᠯᠭᠠᠰᠦ ᠶᠢᠨ ᠬᠤᠰᠢᠭᠤᠨ ᠤ ᠳᠡᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ

ᠲᠦᠯᠦᠭᠡᠯᠡᠭᠴᠢ ᠤᠤᠯ ᠰᠣᠩᠭᠤᠭᠤᠯᠢ ᠶᠢᠨ ᠲᠣᠭᠤᠷᠢᠭ ᠲᠤ ᠪᠠᠨ ᠪᠣᠴᠠᠨ ᠲᠣᠰᠬᠤᠨ ᠢᠶᠠᠷ ᠲᠣᠭᠤᠷᠢᠵᠦ  ᠡᠷᠦᠬᠡ ᠳᠤ

ᠣᠷᠣᠵᠦ ᠠᠷᠠᠳ ᠤᠨ ᠪᠠᠶᠢᠳᠠᠯ ᠢ ᠣᠶᠢᠯᠠᠭᠠᠵᠦ᠂ ᠠᠷᠠᠳ ᠤᠨ ᠰᠠᠨᠠᠯ ᠵᠦᠪᠯᠡᠯᠭᠡ ᠶᠢ ᠬᠤᠷᠢᠶᠠᠨ ᠠᠷᠠᠳ ᠤᠨ

ᠲᠦᠯᠦᠬᠡᠯᠡᠭᠴᠢᠳ ᠤᠨ ᠶᠡᠭᠡ ᠬᠤᠷᠠᠯ ᠠᠴᠠ ᠡᠮᠦᠨᠡᠬᠢ ᠬᠠᠮᠢᠶ᠎ᠠ ᠪᠦᠭᠦᠢ ᠪᠡᠯᠡᠳᠬᠡᠯ ᠠᠵᠢᠯ ᠢ ᠰᠠᠶᠢᠲᠣᠷ ᠬᠢᠪᠡ᠃

ᠲᠦᠯᠦᠬᠡᠯᠡᠭᠴᠢ ᠪᠣᠯᠣᠨ ᠰᠣᠩᠭᠤᠭᠤᠯᠢ ᠶᠢᠨ ᠠᠷᠠᠳ ᠤᠨ ᠬᠤᠭᠤᠷᠣᠨᠳᠣᠬᠢ ᠬᠠᠷᠢᠯᠴᠠᠭ᠎ᠠ ᠶᠢ ᠨᠡᠩ ᠨᠡᠪᠲᠠ

ᠪᠣᠯᠭᠠᠬᠤ ᠶᠢᠨ ᠲᠦᠯᠦᠬᠡ᠂ ᠲᠦᠯᠦᠬᠡᠯᠡᠭᠴᠢᠳ ᠡᠷᠦᠬᠡ ᠳᠤ ᠭᠦᠨᠵᠡᠭᠡᠶᠢᠷᠡᠨ ᠠᠰᠠᠭᠤᠨ ᠰᠣᠷᠪᠣᠯᠵᠢᠯᠠᠵᠦ᠂ ᠭᠠᠴᠠᠭ᠎ᠠ

ᠲᠣᠰᠬᠤᠨ ᠤ ᠣᠳᠣᠷᠢᠳᠬᠤ ᠪᠠᠭ ᠤᠨ ᠬᠤᠷᠠᠯ ᠵᠢᠴᠢ ᠲᠣᠰᠬᠤᠨ ᠤ ᠠᠷᠠᠳ ᠤᠨ ᠲᠦᠯᠦᠬᠡᠯᠡᠭᠴᠢ ᠶᠢᠨ ᠬᠤᠷᠠᠯ ᠳᠤ

ᠣᠷᠣᠯᠴᠠᠬᠤ ᠬᠡᠯᠪᠡᠷᠢ ᠪᠠᠷ ᠲᠣᠰᠬᠤᠨ ᠤ ᠠᠷᠠᠳ ᠲᠠᠢ ᠨᠢᠭᠤᠷᠳᠠᠨ ᠶᠠᠷᠢᠯᠴᠠᠵᠦ᠂ ᠲᠡᠳᠡᠨᠠᠷ ᠤᠨ ᠲᠣᠬᠠᠢ ᠶᠢᠨ

ᠭᠠᠵᠠᠷ ᠤᠨ ᠡᠯ᠎ᠡ ᠲᠠᠯ᠎ᠠ ᠶᠢᠨ ᠠᠵᠢᠯ ᠳᠠᠬᠢ ᠰᠠᠨᠠᠯ ᠵᠦᠪᠯᠡᠯᠭᠡ ᠰᠢᠭᠦᠮᠵᠢᠯᠡᠯ ᠢ  ᠨᠠᠷᠢᠨ ᠣᠶᠢᠯᠠᠭᠠᠵᠠᠢ᠃ ᠲᠣᠰ

ᠣᠳᠠᠭᠠᠨ ᠤ ᠲᠣᠭᠤᠷᠢᠨ ᠰᠣᠷᠪᠥᠯᠵᠢᠯᠠᠭ᠎ᠠ ᠨᠢ ᠨᠠᠮ ᠠᠷᠠᠳ ᠲᠦᠮᠡᠨ  ᠪᠣᠯᠣᠨ ᠺᠠᠳ᠋ᠷ ᠣᠯᠠᠨ ᠲᠦᠮᠡᠨ ᠤ

ᠬᠤᠭᠤᠷᠣᠨᠳᠣᠬᠢ ᠬᠠᠷᠢᠴᠠᠭ᠎ᠠ ᠶᠢ ᠴᠢᠩᠭᠠᠳᠬᠠᠵᠦ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠠᠨ ᠳᠠᠬᠢ ᠣᠯᠣᠰ

ᠲᠦᠷᠦ᠂ ᠠᠵᠦ ᠠᠬᠤᠢ᠂ ᠰᠣᠶᠣᠯ᠂ ᠨᠡᠶᠢᠭᠡᠮ ᠤᠨ ᠠᠮᠢᠳᠣᠷᠠᠯ᠂ ᠠᠮᠢ ᠠᠬᠤᠢ ᠶᠢᠨ ᠪᠦᠲᠦᠬᠡᠨ ᠪᠠᠶᠢᠭᠤᠯᠣᠯᠲᠠ ᠵᠡᠷᠬᠡ

ᠴᠢᠬᠤᠯᠠ ᠠᠰᠠᠭᠤᠳᠠᠯ ᠪᠣᠯᠣᠨ ᠦᠷᠬᠡᠨ ᠣᠯᠠᠨ ᠠᠷᠠᠳ ᠲᠦᠮᠡᠨ ᠤ ᠲᠦᠭᠡᠮᠡᠯ ᠬᠠᠯᠠᠮᠵᠢᠯᠠᠵᠦ ᠪᠠᠶᠢᠭ᠎ᠠ ᠠᠰᠠᠭᠤᠳᠠᠯ ᠢ

ᠲᠣᠷᠠᠲᠣᠨ ᠢᠯᠡᠷᠡᠭᠦᠯᠭᠦ  ᠳᠤ  ᠪᠠᠲᠤ ᠪᠠᠬᠢ ᠰᠠᠭᠤᠷᠢ  ᠶᠢ ᠲᠠᠯᠪᠢᠵᠡᠢ  ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号