ᠬᠦᠷᠢᠶ᠎ᠠ ᠬᠤᠰᠢᠭᠤ ︽ᠠᠯᠤᠰ ᠡᠵᠡᠮᠰᠢᠯᠳᠤ ᠰᠤᠷᠭᠠᠨ ᠬᠦᠮᠦᠵᠢᠯ +︾ ᠤᠨ ᠲᠠᠪᠠᠭᠤᠯᠢᠭ ᠢ ᠪᠠᠳᠠᠷᠠᠭᠤᠯᠵᠦ ᠶᠠᠳᠠᠭᠤ ᠠᠴᠠ ᠠᠩᠬᠢᠵᠢᠷᠠᠭᠤᠯᠬᠤ  ᠪᠣᠭᠤᠮᠲᠠ ᠰᠢᠪᠲᠣᠯᠬᠤ ᠳᠤ ᠬᠦᠴᠦᠨ ᠨᠡᠮᠡᠷᠢᠯᠡᠵᠤ ᠪᠤᠢ
ᠨᠡᠶᠢᠲᠡᠯᠡᠭᠰᠡᠨ ᠴᠠᠭ᠄
2019-03-14
     ᠬᠦᠷᠢᠶ᠎ᠠ ᠬᠤᠰᠢᠭᠤ ᠠᠯᠤᠰ ᠡᠵᠡᠮᠰᠢᠯᠳᠤ ᠰᠤᠷᠭᠠᠨ ᠬᠦᠮᠦᠵᠢᠯ ᠤᠨ ᠰᠦᠯᠵᠢᠶᠡᠨ ᠤ ᠪᠦᠷᠬᠦᠴᠡ ᠨᠢ ᠦᠷᠭᠡᠨ᠂ ᠰᠤᠷᠠᠭ ᠵᠠᠩᠬᠢ ᠶᠢᠨ ᠬᠡᠮᠵᠢᠶ᠎ᠠ ᠶᠡᠭᠡ᠂ ᠲᠦᠬᠦᠮ ᠲᠦᠳᠡ ᠲᠠᠪᠠᠭᠤᠯᠢᠭ ᠥᠢᠯᠡᠳᠤᠯ ᠢ ᠬᠦᠢᠴᠡᠳ ᠪᠠᠳᠠᠷᠠᠭᠤᠯᠵᠦ᠂ ᠨᠠᠮ ᠤᠨ ᠬᠡᠰᠢᠬᠦᠨ ᠤ ᠠᠯᠤᠰ ᠡᠵᠡᠮᠰᠢᠯᠳᠤ ᠰᠤᠷᠭᠠᠨ ᠬᠦᠮᠦᠵᠢᠯ ᠪᠠ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠠᠵᠢᠯᠯᠠᠭ᠎ᠠ ᠶᠢ ᠬᠠᠷᠢᠯᠴᠡᠨ ᠤᠶᠡᠯᠳᠤᠭᠤᠯᠵᠦ᠂ ᠤᠨᠢᠨ ᠲᠡᠭᠡᠷ᠎ᠠ ᠨᠢ ᠶᠠᠳᠠᠭᠤ ᠶᠢ ᠲᠡᠳᠬᠦᠨ  ᠪᠤᠭᠤᠮᠳᠡ ᠰᠢᠪᠳᠤᠯᠬᠤ ᠳᠤ ᠬᠦᠴᠦᠡ ᠨᠡᠮᠡᠷᠢᠯᠡᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ  ᠪᠠᠶᠢᠯᠳᠤᠬᠤ ᠪᠤᠳᠤᠯᠭ᠎ᠠ ᠳᠤ ᠪᠦᠳᠦᠮᠵᠢᠳᠡᠢ ᠦᠢᠯᠡᠴᠢᠯᠡᠵᠦ ᠪᠠᠶᠢᠨ᠎ᠠ᠃          ︽ᠠᠯᠤᠰ ᠡᠵᠡᠮᠰᠢᠯᠳᠤ ᠰᠤᠷᠭᠠᠨ ᠬᠦᠮᠤᠵᠢᠯ + ᠨᠠᠮ ᠤᠨ ᠪᠠᠶᠢᠭᠤᠯᠤᠯᠳᠡ︾ ᠪᠠᠷ ᠰᠤᠷᠤᠯᠴᠠᠯᠭ᠎ᠠ ᠶᠢᠨ ᠪᠤᠳᠡᠳᠡᠢ ᠦᠷ᠎ᠠ ᠪᠦᠳᠦᠮᠵᠢ ᠶᠢ ᠲᠡᠭᠡᠭᠰᠢᠯᠡᠬᠦᠯᠪᠡ᠃ ᠦᠷᠳᠡᠭᠡ ᠴᠡᠭ ᠤᠨ ᠬᠠᠮᠢᠶᠠᠷᠤᠬᠴᠢ ᠶᠢᠨ ᠬᠠᠮᠢᠶᠠᠷᠤᠯᠳᠡ ᠶᠢᠨ ᠬᠦᠴᠦᠴᠡ ᠪᠠᠨ ᠶᠡᠬᠡᠰᠭᠡᠵᠦ᠂ ᠴᠢᠳᠠᠪᠤᠷᠢ ᠲᠠᠢ᠂ ᠮᠡᠷᠭᠡᠵᠢᠯ ᠲᠠᠢ᠂ ᠬᠠᠷᠢᠭᠤᠴᠠᠯᠭ᠎ᠠ ᠲᠠᠢ ᠬᠠᠮᠢᠶᠠᠷᠤᠬᠴᠢ ᠶᠢᠨ ᠡᠩᠨᠡᠭᠡ ᠶᠢ ᠪᠤᠳᠡᠳᠡᠶᠢᠵᠢᠭᠤᠯᠵᠦ᠂ ᠠᠯᠤᠰ ᠡᠵᠡᠮᠰᠢᠯᠳᠤ ᠰᠤᠷᠭᠠᠨ ᠬᠦᠮᠦᠵᠢᠯ ᠤᠨ ᠲᠠᠪᠴᠡᠩ ᠤᠨ ᠡᠬᠢ ᠪᠠᠶᠠᠯᠢᠭ ᠤᠨ  ᠲᠠᠪᠠᠭᠤᠯᠢᠭ ᠢ ᠬᠦᠢᠴᠡᠳ ᠠᠰᠢᠬᠯᠡᠵᠦ᠂ ᠤᠨᠤᠯ ᠪᠠ ᠦᠢᠯᠡᠳᠦᠯᠬᠡ ᠶᠢ ᠬᠠᠷᠢᠯᠴᠡᠨ ᠤᠶᠡᠯᠳᠤᠭᠤᠯᠤᠨ᠂ ︽ᠭᠤᠷᠪᠡᠨ ᠬᠤᠷᠡᠯ ᠨᠢᠬᠡ ᠬᠢᠴᠢᠶᠡᠯ︾ ᠤᠨ ᠠᠭᠤᠯᠭ᠎ᠠ ᠶᠢ ᠪᠤᠳᠡᠳᠡᠶᠢᠵᠢᠭᠤᠯᠵᠦ᠂ ᠦᠷᠭᠡᠨ ᠤᠯᠡᠨ ᠺᠠᠳ᠋ᠷ ᠤᠨ ᠲᠠᠷᠢᠬᠢ ᠲᠤᠯᠤᠭᠠᠢ ᠶᠢ ᠵᠠᠪᠰᠡᠭᠯᠡᠪᠡ᠃ ᠤᠯᠡᠨ ᠠᠷᠭ᠎ᠠ ᠵᠠᠮ ᠢᠶᠠᠷ ᠨᠠᠮ ᠤᠨ ᠬᠡᠰᠢᠬᠦᠨ ᠤ ᠰᠤᠷᠭᠠᠨ ᠬᠦᠮᠦᠵᠢᠯ ᠤᠨ ᠡᠬᠢ  ᠪᠠᠶᠠᠯᠢᠭ ᠢ ᠨᠢᠬᠡᠳᠭᠡᠵᠦ᠂ ︽ᠨᠠᠮ ᠤᠨ ᠬᠡᠰᠢᠬᠦᠨ ᠤ ᠲᠤᠬᠳᠠᠬᠰᠡᠨ ᠠᠵᠢᠯᠯᠠᠭ᠎ᠠ ᠶᠢᠨ ᠡᠳᠦᠷ +︾ ᠤᠨ ᠠᠵᠢᠯᠯᠠᠭ᠎ᠠ ᠦᠷᠨᠢᠬᠦᠯᠵᠦ᠂ ᠰᠠᠷ᠎ᠠ ᠪᠦᠷᠢ ᠲᠤᠬᠳᠠᠬᠰᠡᠨ  ᠬᠤᠭᠤᠴᠠᠭ᠎ᠠ ᠲᠠᠢ ᠪᠠᠷ ᠦᠨᠳᠦᠰᠦᠨ ᠱᠠᠳᠤᠨ ᠤ ᠨᠠᠮ ᠤᠨ ᠬᠡᠰᠢᠬᠦᠨ ᠢ ᠵᠤᠬᠢᠶᠡᠨ ᠪᠠᠶᠢᠭᠤᠯᠤᠨ ᠨᠠᠮ ᠤᠨ ᠪᠠᠶᠢᠭᠤᠯᠤᠯᠳᠡ ᠶᠢᠨ ᠰᠤᠷᠭᠠᠨ ᠬᠦᠮᠦᠵᠢᠯ ᠪᠠ ᠪᠠᠶᠢᠳᠡᠯ ᠤᠨ ᠮᠡᠳᠡᠬᠦᠯᠦᠯᠳᠡ ᠶᠢᠨ  ᠲᠤᠰᠬᠠᠢ ᠮᠡᠷᠭᠡᠵᠢᠯᠳᠡᠨ ᠤ ᠲᠠᠶᠢᠯᠤᠮᠵᠢ ᠶᠢ ᠲᠦᠪᠯᠡᠷᠡᠬᠦᠯᠤᠨ ᠰᠤᠷᠤᠯᠴᠠᠵᠤ ᠪᠤᠢ᠃          ︽ᠠᠯᠤᠰ ᠡᠵᠡᠮᠰᠢᠯᠳᠤ ᠰᠤᠷᠭᠠᠨ ᠬᠦᠮᠦᠵᠢᠯ +  ᠣᠨᠢᠨ ᠳᠡᠬᠡᠷ᠎ᠡ ᠨᠢ ᠶᠠᠳᠠᠭᠤ ᠶᠢ ᠲᠡᠳᠬᠦᠬᠦ︾ ᠪᠠᠷ ᠶᠡᠳᠡᠭᠤ ᠶᠢ ᠲᠡᠳᠭᠦᠵᠦ ᠪᠣᠭᠤᠮᠲᠠ ᠰᠢᠪᠲᠣᠯᠬᠤ ᠳᠤ ᠬᠦᠴᠦᠨ ᠨᠡᠮᠡᠷᠢᠯᠡᠪᠡ᠃ ᠠᠯᠤᠰ ᠡᠵᠡᠮᠰᠢᠯᠳᠤ ᠰᠤᠷᠭᠠᠨ ᠬᠦᠮᠦᠵᠢᠯ ᠤᠨ ᠦᠷᠳᠡᠭᠡ  ᠴᠡᠭ ᠤᠨ ᠨᠠᠮ ᠤᠨ ᠪᠠᠶᠢᠭᠤᠯᠤᠯᠳᠡ ᠶᠢᠨ ᠰᠢᠭᠤᠳ ᠨᠡᠪᠲᠡᠷᠡᠬᠦ ᠲᠡᠷᠭᠡᠨ ᠳᠤ ᠲᠦᠰᠢᠭᠯᠡᠵᠦ᠂ ᠭᠠᠴᠠᠭ᠎ᠠ ᠲᠤᠰᠬᠤᠨ ᠤ  ᠨᠠᠮ ᠤᠨ ᠬᠡᠰᠢᠬᠦᠨ᠂ ᠲᠤᠰᠬᠤᠨ ᠳᠤ ᠰᠠᠭᠤᠭ᠎ᠠ ᠺᠠᠳ᠋ᠷ ᠢ ᠵᠤᠬᠢᠶᠡᠨ ᠪᠠᠶᠢᠭᠤᠯᠤᠨ ᠡᠯ᠎ᠠ ᠱᠡᠳᠤᠨ ᠤ ᠨᠠᠮ ᠤᠨ ᠵᠤᠬᠢᠶᠡᠨ  ᠪᠠᠶᠢᠭᠤᠯᠤᠯᠳᠡ ᠶᠢᠨ ᠱᠦᠵᠢ ᠶᠢᠨ ᠠᠬᠤᠢ ᠲᠠᠯᠡᠪᠡᠢ ᠶᠢᠨ ᠬᠢᠴᠢᠶᠡᠯ ᠳᠤ ᠤᠷᠤᠯᠴᠡᠵᠡᠢ ᠃ ᠨᠠᠮ ᠤᠨ ᠬᠡᠰᠢᠬᠦᠨ᠂  ᠶᠠᠳᠠᠭᠤ ᠬᠦᠴᠢᠷᠳᠡᠢ ᠤᠯᠡᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠨᠠᠮᠴᠢ ᠴᠢᠨᠡᠷᠳᠡᠢ ᠰᠤᠷᠭᠠᠨ  ᠬᠦᠮᠦᠵᠢᠯ ᠪᠠ ᠪᠤᠳᠡᠳᠦ ᠬᠡᠷᠡᠭᠯᠡᠬᠡᠨ ᠤ ᠮᠡᠷᠭᠡᠵᠢᠯ ᠵᠡᠷᠭᠡ ᠡᠯ᠎ᠠ ᠲᠦᠷᠦᠯ ᠤᠨ ᠰᠤᠷᠭᠠᠨ ᠬᠦᠮᠦᠵᠢᠯ ᠤᠨ ᠸᠢᠳᠢᠤ᠋ ᠶᠢ  ᠲᠤᠬᠳᠠᠬᠰᠡᠨ ᠬᠤᠭᠤᠴᠠᠭ᠎ᠠ ᠪᠠᠷ ᠬᠠᠨᠭ᠍ᠭᠠᠵᠦ᠂ ᠲᠤᠰᠬᠠᠢ ᠮᠡᠷᠭᠡᠵᠢᠯᠳᠡᠨ ᠤ ᠦᠢᠯᠡᠴᠢᠯᠡᠬᠡᠨ ᠤ ᠠᠩᠬᠢ ᠶᠢ ᠵᠤᠬᠢᠶᠡᠨ  ᠪᠠᠶᠢᠭᠤᠯᠤᠨ ᠲᠡᠷᠢᠶᠡᠨ ᠭᠠᠵᠡᠷ ᠢᠶᠠᠷ ᠬᠦᠨᠵᠡᠬᠡᠶᠢᠷᠡᠨ ᠬᠢᠴᠢᠶᠡᠯ ᠤᠷᠤᠵᠦ᠂ ᠠᠬᠤᠢ ᠲᠠᠯᠡᠪᠡᠢ ᠶᠢᠨ ᠵᠢᠯᠤᠭᠤᠳᠤᠯᠭ᠎ᠠ ᠬᠢᠪᠡ᠃ ᠬᠠᠮᠳᠦ ᠳᠤᠨᠢ᠂ ︽ᠬᠦᠷᠢᠶ᠎ᠠ ᠶᠢᠨ ᠨᠠᠮ ᠤᠨ ᠪᠠᠶᠢᠭᠤᠯᠤᠯᠳᠡ︾ ᠶᠢᠨ ᠸᠢᠴᠠᠲ ᠳᠡᠪᠴᠡᠩ ᠪᠠ ᠡᠭᠦᠯᠡᠨ ᠨᠠᠮ ᠤᠨ ᠪᠠᠶᠢᠭᠤᠯᠤᠯᠳᠡ ᠶᠢᠨ ᠲᠠᠪᠴᠡᠩ ᠢᠶᠠᠷ ᠳᠠᠮᠵᠢᠨ᠂ ᠶᠠᠳᠠᠭᠤ ᠠᠴᠠ ᠠᠩᠬᠢᠵᠢᠷᠠᠭᠤᠯᠬᠤ ᠠᠵᠢᠯ ᠲᠤᠮᠳᠡ ᠢᠯᠡᠷᠡᠨ ᠭᠠᠷᠤᠬᠰᠡᠨ ᠵᠢᠱᠢᠶᠡᠴᠢ ᠬᠦᠮᠦᠰ ᠪᠠ ᠨᠡᠶᠢᠳᠡᠯᠢᠭ ᠦᠢᠯᠡ ᠶᠠᠪᠤᠳᠡᠯ ᠢ ᠲᠤᠬᠳᠠᠬᠰᠡᠨ ᠴᠠᠭ ᠲᠤ ᠮᠡᠳᠡᠭᠡᠯᠡᠵᠦ᠂ ᠶᠠᠳᠠᠭᠤ ᠬᠦᠴᠢᠷᠳᠡᠢ ᠤᠯᠡᠨ ᠳᠥᠮᠡᠨ ᠢ ᠲᠠᠶᠢᠴᠢᠯᠡᠨ ᠲᠦᠷᠭᠡᠨ ᠢᠶᠠᠷ ᠶᠠᠳᠠᠭᠤ ᠠᠴᠠ ᠠᠩᠭᠢᠵᠢᠷᠠᠬᠤ ᠵᠠᠮ ᠢᠶᠠᠷ ᠵᠠᠮᠨᠠᠭᠤᠯᠪᠡ᠃ ᠤᠳᠤᠬᠠᠨ ᠳᠤ᠂ ᠡᠭᠦᠯᠡᠨ ᠲᠠᠪᠴᠡᠩ ᠪᠠ ᠸᠢᠴᠡᠲ ᠳᠡᠪᠴᠡᠩ ᠢᠶᠠᠷ ᠳᠠᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠨ ᠴᠢᠨᠡᠭᠡᠯᠢᠭᠵᠢᠬᠦᠯᠬᠦ ᠲᠦᠷᠦᠯ ᠵᠦᠢᠯ ᠪᠠ ᠲᠠᠷᠢᠶᠠᠯᠡᠩ ᠤᠨ ᠮᠡᠳᠡᠯᠬᠡ ᠶᠢ 10 ᠬᠤᠭᠤᠴᠠᠭ᠎ᠠ ᠨᠡᠶᠢᠳᠡᠯᠡᠵᠦ᠂ ᠶᠠᠳᠠᠭᠤ ᠠᠴᠠ ᠠᠩᠬᠢᠵᠢᠷᠠᠭᠤᠯᠤᠨ ᠪᠠᠶᠠᠵᠢᠨ ᠴᠢᠨᠡᠭᠡᠯᠢᠭᠵᠢᠬᠦᠯᠬᠦ 7 ᠵᠢᠱᠢᠶᠡᠴᠢ ᠶᠢ ᠤᠬᠠᠭᠤᠯᠪᠡ᠃          ︽ᠠᠯᠤᠰ ᠡᠵᠡᠮᠰᠢᠯᠳᠤ ᠰᠤᠷᠭᠠᠨ ᠬᠦᠮᠦᠵᠢᠯ + ᠮᠡᠷᠭᠡᠵᠢᠯ ᠴᠢᠳᠠᠪᠤᠷᠢ ᠶᠢᠨ ᠪᠤᠯᠪᠠᠰᠤᠷᠡᠯ︾ ᠢᠶᠠᠷ ᠪᠤᠳᠡᠳᠦ ᠠᠵᠢᠯ ᠤᠨ ᠡᠷᠴᠢᠮ ᠢ ᠴᠢᠩᠭᠠᠷᠡᠭᠤᠯᠪᠡ᠃ ᠡᠯ᠎ᠠ ᠦᠨᠳᠦᠰᠦᠨ ᠱᠠᠳᠤᠨ ᠤ ᠨᠠᠮ ᠤᠨ ᠡᠭᠦᠷ ᠠᠴᠠ ᠨᠠᠮ ᠤᠨ ᠬᠡᠰᠢᠬᠦᠨ᠂ ᠤᠯᠡᠨ ᠲᠦᠮᠡᠨ ᠢ ᠵᠤᠬᠢᠶᠡᠨ ᠪᠠᠶᠢᠭᠤᠯᠤᠨ ᠪᠤᠳᠡᠳᠦ ᠬᠡᠷᠡᠭᠯᠡᠬᠡᠨ ᠤ ᠮᠡᠷᠭᠡᠵᠢᠯ ᠴᠢᠳᠠᠪᠤᠷᠢ ᠶᠢᠨ ᠪᠤᠯᠪᠠᠰᠤᠷᠡᠯ ᠬᠢᠵᠤ᠂ ᠠᠯᠤᠰ ᠡᠵᠡᠮᠰᠢᠯᠳᠤ ᠰᠤᠷᠭᠠᠨ ᠬᠦᠮᠦᠵᠢᠯ ᠤᠨ ᠪᠦᠬᠦ ᠲᠠᠯ᠎ᠠ ᠶᠢᠨ᠂ ᠤᠯᠡᠨ ᠲᠠᠪᠬᠤᠷᠭ᠎ᠠ ᠶᠢᠨ ᠪᠤᠯᠪᠠᠰᠤᠷᠡᠯ ᠤᠨ ᠲᠠᠪᠠᠭᠤᠯᠢᠭ ᠢ ᠪᠠᠳᠠᠷᠠᠭᠤᠯᠵᠦ᠂ ᠭᠠᠵᠡᠷ ᠤᠷᠤᠨ ᠤ ᠤᠨᠴᠠᠯᠢᠭ ᠪᠠ ᠲᠠᠷᠢᠵᠦ ᠤᠷᠭᠤᠭᠤᠯᠬᠤ ᠦᠢᠯᠡᠰ ᠤᠨ  ᠤᠡᠴᠠᠯᠢᠭ ᠲᠠᠢ ᠤᠶᠡᠯᠳᠤᠭᠤᠯᠵᠦ᠂ ᠬᠢᠴᠢᠶᠡᠯ ᠢᠶᠠᠨ ᠨᠠᠷᠢᠯᠢᠭ ᠰᠤᠩᠭᠤᠵᠦ᠂ ᠲᠦᠷᠦᠯ ᠵᠦᠢᠯ᠂ ᠭᠠᠵᠡᠷ ᠤᠷᠤᠨ ᠬᠤᠪᠢᠶᠡᠨ ᠪᠤᠯᠪᠠᠰᠤᠷᠡᠯ ᠬᠢᠵᠤ᠂ ᠨᠠᠮ ᠤᠨ ᠬᠡᠰᠢᠬᠦᠨ᠂ ᠤᠯᠡᠨ ᠲᠦᠮᠡᠨ ᠪᠠ ᠶᠠᠳᠠᠭᠤ ᠬᠦᠴᠢᠷᠳᠡᠢ ᠡᠷᠦᠭᠡ ᠰᠠᠷ᠎ᠠ ᠪᠦᠷᠢ ᠬᠠᠮᠤᠭ  ᠪᠠᠭ᠎ᠠ ᠳᠠᠭᠠᠨ 2 ᠤᠳᠠᠭ᠎ᠠ ᠰᠤᠷᠤᠯᠴᠠᠬᠤ ᠶᠢ ᠪᠠᠳᠤᠯᠡᠵᠦ᠂ ᠵᠢᠯ ᠳᠤ 32 ᠰᠤᠷᠤᠯᠭ᠎ᠠ ᠶᠢᠨ ᠴᠠᠭ ᠠᠴᠠ ᠳᠡᠭᠡᠭᠰᠢ ᠰᠤᠷᠤᠯᠴᠠᠬᠤ ᠶᠢ ᠪᠠᠳᠤᠯᠡᠪᠡ᠃ ᠬᠠᠮᠳᠦ ᠳᠤᠨᠢ᠂ ︽ᠭᠤᠷᠪᠡᠨ ᠤᠷᠤᠨ︾ ᠤ ᠰᠢᠨᠵᠢᠯᠡᠬᠦ ᠤᠬᠠᠭᠠᠨ ᠮᠡᠷᠭᠡᠵᠢᠯ ᠤᠨ  ᠦᠢᠯᠡᠴᠢᠯᠡᠬᠡᠨ ᠤ ᠲᠤᠰᠬᠠᠢ ᠮᠡᠷᠭᠡᠵᠢᠯᠳᠡᠨ ᠤ ᠪᠦᠯᠬᠦᠮ ᠤᠨ ᠬᠦᠴᠦᠨ ᠢ ᠠᠰᠢᠬᠯᠡᠵᠦ᠂ ᠤᠳᠤᠬᠠᠨ ᠳᠤ ᠰᠤᠮᠦ ᠰᠢᠶᠠᠩ  ᠪᠠᠯᠭᠠᠰᠦ᠂ ᠭᠠᠴᠠᠭ᠎ᠠ ᠲᠤᠰᠬᠤᠨ ᠳᠤ ᠬᠦᠨᠵᠡᠬᠡᠶᠢᠷᠡᠡ ᠡᠯ᠎ᠠ ᠲᠦᠷᠦᠯ ᠤᠨ ᠮᠡᠷᠭᠡᠵᠢᠯ ᠤᠨ ᠪᠤᠯᠪᠠᠰᠤᠷᠡᠯ ᠢ 29  ᠲᠠᠯᠡᠪᠡᠢ ᠤᠳᠠᠭ᠎ᠠ ᠵᠤᠬᠢᠶᠡᠨ ᠪᠠᠶᠢᠭᠤᠯᠤᠨ ᠡᠷᠬᠢᠯᠡᠵᠦ᠂ ᠮᠠᠯᠴᠢᠨ ᠲᠠᠷᠢᠶᠠᠴᠢᠨ ᠳᠤ 7000 ᠭᠠᠷᠤᠢ ᠬᠦᠮᠦᠨ ᠤᠳᠠᠭ᠎ᠠ ᠪᠤᠯᠪᠠᠰᠤᠷᠠᠯ ᠬᠦᠷᠳᠡᠬᠡᠵᠤ᠂ ︽ᠴᠢᠰᠦ ᠶᠡᠬᠦᠯᠡᠬᠦ ᠬᠡᠯᠪᠡᠷᠢ︾ ᠪᠠᠷ ᠶᠠᠳᠠᠭᠤ ᠠᠴᠠ ᠠᠩᠬᠢᠵᠢᠷᠠᠭᠤᠯᠬᠤ ᠠᠴᠠ  ︽ᠴᠢᠰᠦ ᠦᠢᠯᠡᠳᠬᠦ ᠬᠡᠯᠪᠡᠷᠢ︾ ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠥᠭᠰᠡᠨ ᠪᠠᠶᠢᠨ᠎ᠡ᠃  
 
ᠢᠷᠡᠯᠲᠡ᠄ ︽ᠲᠦᠩᠯᠢᠶᠦᠥ ᠶᠢᠨ ᠡᠳᠦᠷ ᠤᠨ ᠰᠣᠨᠢᠨ︾ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号