ᠬᠦᠷᠢᠶ᠎ᠡ ᠬᠤᠰᠢᠭᠤᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ  ᠲᠥᠰᠦᠯ
ᠨᠡᠶᠢᠲᠡᠯᠡᠭᠰᠡᠨ ᠴᠠᠭ᠄
2019-03-22
ᠬᠦᠷᠢᠶ᠎ᠡ ᠵᠠᠰᠠᠭ ᠠᠯᠪᠠᠨ ᠭᠡᠷ ᠤᠨ ᠨᠢᠭᠤᠴᠠ ᠥᠰᠥᠭ ︹ 2018 ︺ 121 ᠳ᠋ᠦ᠋ᠭᠡᠷ ᠨᠣᠮᠧᠷᠲᠤ                 ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ          ᠬᠦᠷᠢᠶ᠎ᠡ ᠬᠤᠰᠢᠭᠤᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ      ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠶᠠᠩᠰᠢᠪ ᠤᠢ ᠰᠢᠭᠤᠶ ᠶᠢᠨ ᠲᠠᠯᠠᠪᠠᠢ᠂ ᠬᠤᠰᠢᠭᠤᠨ ᠤ ᠰᠢᠭᠤᠳ ᠬᠠᠷᠢᠶ᠎ᠠ ᠵᠢᠴᠢ ᠬᠦᠷᠢᠶ᠎ᠡ ᠳᠤ ᠰᠠᠭᠤᠭ᠎ᠠ ᠲᠦᠪ ᠣᠷᠣᠨ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄     ᠡᠳᠦᠭᠡ ︽ᠬᠦᠷᠢᠶ᠎ᠡ ᠬᠤᠰᠢᠭᠤᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ  ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃       ᠡᠭᠦᠨ ᠤ ᠲᠤᠯᠠ ᠮᠡᠳᠡᠭᠳᠡᠪᠡ                                                                                                 2018 ᠣᠨ ᠤ 7 ᠰᠠᠷᠠᠶᠢᠨ 9 ᠤ ᠡᠳᠣᠷ                     ᠬᠦᠷᠢᠶ᠎ᠡ ᠬᠤᠰᠢᠭᠤᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ              ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠰᠦᠯ          ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠪᠣᠭᠤᠮᠲᠠ ᠪᠠᠨ ᠤᠷᠤᠭᠰᠢ ᠲᠠᠯᠪᠢᠵᠦ᠂ ᠬᠤᠰᠢᠭᠤᠨ ᠤ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠵᠢᠴᠢ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠪᠠ ᠲᠣᠰᠬᠤᠨ ᠳᠤ ᠰᠠᠭᠤᠭ᠎ᠠ ᠺᠠᠳ᠋ᠷ ᠤᠨ ᠳᠠᠭᠠᠭᠠᠵᠤ ᠲᠡᠳᠬᠦᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠰᠢᠭᠤᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ︽ᠲᠠᠯᠪᠢᠵᠤ ᠳᠡᠶᠢᠯᠬᠦ᠂ ᠬᠤᠷᠢᠶᠠᠵᠤ ᠳᠡᠶᠢᠯᠬᠦ᠂ ᠦᠷ᠎ᠡ ᠠᠰᠢᠭ ᠲᠠᠢ︾᠂ ᠶᠠᠳᠠᠭᠤ ᠬᠦᠴᠢᠷᠳᠡᠯᠲᠡᠢ ᠡᠷᠦᠬᠡ ︽ᠵᠢᠭᠡᠯᠡᠯᠭᠡ ᠵᠢᠬᠡᠯᠡᠵᠦ ᠲᠡᠶᠢᠯᠬᠦ᠂ ᠬᠥᠭᠵᠢᠵᠦ ᠴᠢᠳᠠᠬᠤ᠂ ᠪᠠᠶᠠᠵᠢᠵᠦ ᠳᠡᠶᠢᠯᠬᠦ︾ ᠶᠢ ᠪᠠᠲᠣᠯᠠᠬᠤ ᠶᠢᠨ ᠲᠣᠰᠠᠳᠠ᠂ ᠡᠳᠦᠭᠡ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃      ᠨᠢᠭᠡ᠂ ᠪᠠᠭ᠎ᠠ ᠲᠣᠭᠠᠨ ᠤ ᠵᠢᠭᠡᠯᠡᠯᠭᠡ ᠶᠢ ᠭᠤᠶᠣᠴᠢᠯᠠᠬᠤ ᠱᠠᠲᠣᠨ ᠳᠠᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ      ︵ᠨᠢᠭᠡ︶ ᠮᠥᠩᠭᠦᠨ ᠭᠦᠢᠯᠭᠡᠭᠡᠨ ᠤ ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠨ᠎ᠠ᠃ ᠣᠳᠣᠬᠢ ᠱᠠᠲᠤᠨ ᠤ ᠮᠠᠨ ᠤ ᠬᠤᠰᠢᠭᠤᠨ ᠤ ᠬᠡᠰᠡᠭ ᠶᠠᠳᠠᠭᠤ ᠬᠦᠴᠢᠷᠳᠡᠯᠲᠡᠢ ᠲᠣᠰᠬᠤᠨ᠂ ᠶᠠᠳᠠᠭᠤ ᠬᠦᠴᠢᠷᠳᠡᠯᠲᠡᠢ ᠡᠷᠦᠬᠡ ᠶᠢᠨ ᠮᠥᠩᠭᠦᠨ ᠭᠦᠢᠯᠭᠡᠭᠡᠨ ᠤ ᠮᠡᠳᠡᠯᠭᠡ ᠳᠤᠲᠠᠭᠳᠠᠵᠤ ᠪᠠᠶᠢᠭ᠎ᠠ ᠠᠰᠠᠭᠤᠳᠡᠯ ᠳᠤ ᠴᠢᠭᠯᠡᠭᠦᠯᠵᠦ᠂ ᠮᠠᠨ ᠤ ᠬᠤᠰᠢᠭᠤ ᠤ ᠮᠥᠩᠭᠦᠨ ᠭᠦᠢᠯᠭᠡᠭᠡᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠲᠠᠢ ᠣᠶᠠᠯᠳᠣᠭᠤᠯᠵᠤ᠂ ᠡᠯ᠎ᠡ ᠵᠢᠭᠡᠯᠡᠯᠭᠡ ᠶᠢᠨ ᠪᠠᠩᠬᠢ ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠭᠤᠷᠪᠠᠨ ᠱᠠᠲᠤᠨ ᠤ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠳᠥᠯᠭᠢᠨ ᠠᠬᠢᠭᠤᠯᠬᠤ ᠠᠵᠢᠯ ᠤᠨ ᠳᠤᠭᠤᠶᠢᠯᠠᠩ ᠤᠨ ᠬᠢᠨ ︵ᠳᠣᠷᠣᠭᠰᠢ ᠳᠥᠯᠭᠢᠨ ᠠᠬᠢᠭᠤᠯᠬᠤ ᠠᠵᠢᠯ ᠤᠨ ᠳᠤᠭᠤᠶᠢᠯᠠᠩ ᠭᠡᠵᠤ ᠳᠦᠭᠦᠮᠴᠢᠯᠡᠶ᠎ᠡ︶ ᠮᠥᠩᠭᠦᠨ ᠭᠦᠢᠯᠭᠡᠭᠡᠨ ᠤ ᠦᠨᠡᠨᠴᠢ ᠢᠲᠡᠭᠡᠮᠵᠢ ᠶᠢᠨ ᠤᠬᠠᠭᠤᠯᠤᠨ ᠲᠠᠶᠢᠯᠪᠤᠷᠢᠯᠠᠬᠤ ᠮᠠᠲ᠋ᠧᠷᠢᠶᠠᠯ ᠪᠢᠴᠢᠬᠦ ᠪᠠᠷ ᠲᠠᠮᠵᠢᠨ ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠮᠥᠩᠭᠦᠨ ᠭᠦᠢᠯᠭᠡᠭᠡ ᠤ ᠦᠨᠡᠨᠴᠢ ᠢᠲᠡᠭᠡᠮᠵᠢᠲᠡᠶ ᠪᠠᠶᠢᠬᠤ ᠤᠬᠠᠭᠤᠯᠤᠯ ᠬᠥᠮᠥᠵᠢᠯ ᠢ ᠥᠷᠨᠢᠭᠦᠯᠵᠦ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠵᠣᠷᠢᠯᠲᠠ᠂ ᠬᠠᠷᠠᠯᠲᠠ᠂ ᠬᠡᠷᠡᠭᠴᠡᠭᠡ᠂ ᠵᠢᠭᠡᠯᠡᠯᠭᠡ ᠭᠤᠶᠤᠴᠢᠯᠠᠬᠤ ᠪᠠ ᠲᠦᠯᠦᠬᠦ ᠲᠡᠰ ᠳᠠᠷᠠᠭᠠᠯᠠᠯ᠂ ᠵᠣᠭᠤᠰ ᠵᠢᠭᠡᠯᠡᠬᠦ ᠭᠡᠷ᠎ᠡ ᠶᠢᠨ ᠬᠤᠶᠠᠷ ᠲᠠᠯ᠎ᠠ ᠶᠢᠨ ᠡᠷᠬᠡ ᠪᠣᠯᠤᠨ ᠡᠭᠦᠷᠭᠡ᠂ ᠳᠠᠮ ᠬᠦᠦ ᠮᠦᠩᠭᠦ ᠥᠭᠬᠦ ᠠᠷᠭ᠎ᠠ᠂ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠪᠠ ᠱᠠᠩᠨᠠᠵᠦ ᠲᠣᠷᠭᠠᠬᠤ ᠵᠡᠷᠭᠡ ᠠᠷᠭ᠎ᠠ ᠮᠠᠶ᠋ᠢᠭ ᠢᠶᠠᠷ ᠥᠷᠭᠡᠨ ᠢᠶᠠᠷ ᠤᠬᠠᠭᠤᠯᠵᠤ᠂᠂ ᠵᠢᠭᠡᠯᠡᠯᠭᠡ ᠶᠢᠨ ᠬᠥᠭᠵᠢᠯᠲᠡ ᠨᠢ ᠢᠷᠠᠭᠤ ᠠᠯᠳᠠᠷ ᠲᠠᠢ᠂ ᠢᠳᠡᠮᠡᠬᠡᠢ ᠮᠦᠷᠲᠡᠬᠡᠨ ᠵᠠᠯᠬᠠᠭᠤ ᠨᠢ ᠢᠴᠢᠭᠦᠷᠢ ᠲᠠᠢ᠂ ᠭᠡᠷ᠎ᠡ ᠶᠢ ᠵᠢᠷᠤᠮᠯᠠᠬᠤ ᠭᠡᠷ᠎ᠡ ᠪᠠᠨ ᠴᠢᠩᠭ᠎ᠠ ᠭᠦᠢᠴᠡᠳᠬᠡᠬᠦ ᠨᠢ ᠢᠷᠠᠭᠤ ᠠᠯᠳᠠᠷᠲᠠᠶ᠂ ᠵᠢᠭᠡᠯᠡᠯᠭᠡ ᠶᠢᠨ ᠡᠭᠡ ᠬᠦᠦ ᠮᠥᠩᠭᠦ ᠢ ᠦᠷᠢᠲᠦᠭᠦ ᠨᠢ ᠢᠴᠢᠭᠦᠷᠢ ᠲᠠᠢ᠂ ᠵᠢᠭᠡᠯᠡᠯᠭᠡ ᠪᠠᠶᠢᠪᠡᠯ ᠪᠤᠴᠠᠭᠠᠬᠤ᠂ ᠳᠠᠬᠢᠨᠲᠠ ᠵᠢᠭᠡᠯᠡᠯᠭᠡ ᠵᠢᠭᠡᠯᠡᠭᠦ ᠳᠤ ᠬᠦᠴᠢᠷᠳᠡᠬᠦ ᠦᠬᠡᠢ ᠭᠡᠬᠦ ᠦᠨᠡᠨᠴᠢ ᠢᠲᠡᠭᠡᠮᠵᠢᠲᠡᠶ ᠰᠠᠶᠢᠨ ᠰᠠᠶᠢᠬᠠᠨ ᠠᠭᠤᠷ ᠠᠮᠢᠰᠬᠤᠯ ᠶᠢ ᠴᠢᠷᠮᠠᠶᠢᠨ ᠪᠣᠶ ᠪᠣᠯᠭᠠᠨ᠎ᠠ᠃     ︵ᠬᠤᠶᠠᠷ︶ ᠲᠦᠭᠰᠢᠭᠦᠷᠢ ᠶᠢᠨ ᠨᠥᠬᠦᠪᠥᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠰᠢᠭᠤᠨ ᠤ ᠵᠠᠰᠠᠭ ᠤᠨ ᠣᠷᠳᠣᠨ ᠬᠢᠭᠡᠳ ᠨᠠᠶᠢᠳᠠᠨ ᠬᠠᠮᠢᠶᠠᠷᠬᠤ ᠪᠠᠩᠬᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠠᠵᠤ᠂ ᠣᠨ ᠤ ᠵᠢᠭᠡᠯᠡᠯᠭᠡ ᠶᠢᠨ ᠲᠥᠯᠥᠪᠯᠡᠭᠡ ᠶᠢᠨ ᠬᠡᠪᠴᠢᠶ᠎ᠡ ᠪᠠ ᠬᠠᠮᠲᠤᠷᠠᠯᠴᠠᠬᠤ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠲᠠᠯᠪᠢᠬᠤ ᠠᠬᠢᠴᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠨᠢᠭᠡᠨᠲᠡ ᠪᠠᠭᠤᠯᠭᠠᠭᠰᠠᠨ ᠲᠦᠭᠰᠢᠭᠦᠷᠢ ᠳᠤ ᠨᠥᠬᠦᠪᠥᠷᠢᠯᠡᠬᠦ ᠪᠡᠯᠠ ᠮᠥᠩᠭᠦ ᠲᠠᠯᠪᠢᠬᠤ ᠲᠤᠭ᠎ᠠ ᠬᠡᠮᠵᠢᠶ᠎ᠡ ᠪᠠᠨ ᠵᠦᠢ ᠵᠣᠬᠢᠰᠲᠠᠶ ᠲᠣᠬᠢᠷᠠᠭᠤᠯᠵᠤ᠂ ᠨᠠᠶᠢᠳᠠᠨ ᠬᠠᠮᠢᠶᠠᠷᠬᠤ ᠪᠠᠩᠬᠢ ᠳᠤ ᠲᠤᠰᠬᠠᠶ ᠲᠠᠩᠰᠠ ᠭᠠᠷᠭᠠᠵᠤ ᠨᠢᠬᠡᠲᠦᠯᠲᠠᠢ ᠬᠠᠮᠢᠶᠠᠷᠴᠦ᠂ ᠭᠤᠣᠯᠳᠠᠭᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠨᠦᠬᠦᠪᠦᠷᠢᠯᠡᠨ᠎ᠡ᠃     ︵ᠭᠤᠷᠪᠠ︶ ᠬᠥᠭᠵᠢᠭᠦᠯᠬᠦ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠣᠩᠭᠤᠨ᠎ᠠ᠃ ᠵᠢᠭᠡᠯᠡᠯᠭᠡ ᠶᠢᠨ ᠪᠡᠯᠡ ᠮᠥᠩᠭᠦ ᠶᠢᠨ ᠬᠦᠭᠵᠢᠭᠦᠯᠦᠯᠲᠡ ᠶᠢᠨ ᠠᠵᠤ ᠦᠢᠯᠡᠰ ᠤᠨ ᠲᠦᠷᠦᠯ ᠵᠦᠢᠯ ᠤᠨ ᠠᠵᠢᠯᠯᠠᠭ᠎ᠠ ᠠᠰᠢᠭ ᠣᠯᠵᠠᠪᠤᠷᠢ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠭᠠᠴᠠᠭᠠᠨ ᠱᠠᠲᠤᠨ ᠤ ᠳᠥᠯᠭᠢᠨ ᠠᠬᠢᠭᠤᠯᠬᠤ ᠠᠵᠢᠯ ᠤᠨ ᠳᠤᠭᠤᠶᠢᠯᠠᠩ᠂ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯᠯᠠᠬᠤ ᠠᠩᠭᠢ ᠶᠢᠨ ᠬᠢᠨ ᠵᠣᠭᠤᠰ ᠵᠢᠭᠡᠯᠡᠭᠴᠢ ᠶᠢ ᠬᠠᠪᠰᠤᠷᠴᠤ᠂ ᠲᠤᠰ ᠲᠣᠰᠬᠤᠨ ᠤ ᠠᠵᠤ ᠦᠶ᠋ᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠵᠠᠬ᠎ᠠ ᠳᠡᠯᠭᠡᠭᠦᠷ ᠤᠨ ᠬᠡᠷᠡᠭᠴᠡᠭᠡ᠂ ᠵᠢᠭᠡᠯᠡᠭᠴᠢ ᠶᠢᠨ ᠬᠡᠷ ᠪᠦᠯᠢ ᠶᠢᠨ ᠪᠣᠳᠠᠲᠤ ᠪᠠᠶᠢᠳᠠᠯ ᠵᠡᠷᠭᠡ ᠲᠠᠢ ᠣᠶᠠᠯᠳᠣᠭᠤᠯᠣᠨ᠂ ᠬᠥᠭᠵᠢᠭᠦᠯᠬᠦ ᠲᠥᠷᠥᠯ ᠵᠦᠢᠯ  ᠢ ᠣᠨᠣᠪᠴᠢᠲᠠᠢ ᠰᠣᠩᠭᠤᠨ᠎ᠠ᠃      ︵ᠲᠦᠷᠪᠡ︶ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠵᠢᠬᠡᠯᠡᠯᠬᠡ ᠶᠢᠨ ᠬᠤᠭᠤᠴᠠᠭ᠎ᠠ ᠶᠢᠨ ᠬᠢᠵᠠᠭᠠᠷ ᠢ ᠵᠦᠢ ᠵᠣᠬᠢᠰᠲᠠᠶ ᠲᠣᠭᠲᠠᠭᠠᠨ᠎ᠠ᠃ ᠲᠣᠰᠬᠤᠨ ᠤ ᠱᠠᠲᠤᠨ ᠤ ᠳᠥᠯᠭᠢᠨ ᠠᠬᠢᠭᠤᠯᠬᠤ ᠠᠵᠢᠯ ᠤᠨ ᠳᠤᠭᠤᠶᠢᠯᠠᠩ᠂ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯᠯᠠᠬᠤ ᠠᠩᠭᠢ ᠬᠠᠷᠢᠭᠤᠴᠠᠨ ᠵᠣᠭᠤᠰ ᠵᠢᠭᠡᠯᠡᠭᠴᠢ ᠶᠢ ᠬᠠᠪᠰᠤᠷᠴᠤ ᠰᠣᠩᠭᠤᠭᠰᠠᠨ ᠠᠵᠤ ᠦᠶ᠋ᠯᠡᠰ ᠤᠨ ᠲᠥᠷᠥᠯ ᠵᠦᠶ᠋ᠯ ᠤᠨ ᠬᠦᠭᠵᠢᠯᠲᠡ ᠶᠢᠨ ᠬᠡᠪᠴᠢᠶ᠎ᠡ᠂ ᠪᠡᠯᠡ ᠮᠥᠩᠭᠦ ᠶᠢᠨ ᠣᠷᠣᠭᠤᠯᠤᠯᠲᠠ ᠬᠢᠭᠡᠳ ᠡᠭᠡᠭᠦᠯᠦᠨ ᠬᠤᠷᠢᠶᠠᠬᠤ᠂ ᠠᠶᠤᠯ ᠲᠦᠭᠰᠢᠭᠦᠷᠢ ᠶᠢ ᠤᠷᠢᠳᠴᠢᠯᠠᠨ ᠵᠢᠱᠢᠭᠦ ᠵᠡᠷᠬᠡ ᠬᠠᠮᠢᠶ᠎ᠠ ᠪᠦᠬᠦᠢ ᠶᠡᠷᠦᠩᠬᠡᠶᠢᠯᠡᠭᠰᠡᠨ ᠪᠠᠶᠢᠳᠠᠯ ᠢ ᠦᠨᠳᠦᠰᠦᠯᠡᠨ᠂ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠬᠡᠷᠡᠭᠯᠡᠬᠦ ᠬᠤᠭᠤᠴᠠᠭ᠎ᠠ ᠶᠢᠨ ᠬᠢᠵᠠᠭᠠᠷ ᠢ ᠵᠣᠬᠢᠰᠲᠠᠶ ᠲᠣᠭᠲᠠᠭᠠᠨ᠎ᠠ᠃       ︵ᠲᠠᠪᠤ︶ ᠤᠯᠠᠨ ᠠᠷᠭ᠎ᠠ ᠵᠠᠮ ᠢᠶᠠᠷ ᠠᠶᠤᠯ ᠲᠦᠭᠰᠢᠭᠦᠷᠢ ᠶᠢ ᠬᠤᠷᠢᠭᠯᠠᠬᠤ ᠪᠠᠲᠣᠯᠠᠭ᠎ᠠ ᠶᠢ ᠴᠢᠩᠭᠠᠷᠠᠭᠤᠯᠣᠨ᠎ᠠ᠃ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠬᠡᠷᠡᠭᠯᠡᠭᠰᠡᠨ ᠶᠠᠳᠠᠭᠤ ᠬᠦᠴᠢᠷᠳᠡᠯᠲᠡᠢ ᠡᠷᠦᠬᠡ ᠪᠦᠬᠦᠨ ᠢᠶᠠᠷ ᠢᠶᠠᠨ ᠲᠠᠷᠢᠶᠠᠯᠠᠩ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠶᠢᠨ ᠴᠢᠨᠠᠷᠲᠠᠶ ᠳᠠᠭᠠᠳᠬᠠᠯ ᠳᠤ ᠣᠷᠣᠯᠴᠠᠬᠤ ᠶᠢ ᠱᠠᠭᠠᠷᠳᠠᠭᠰᠠᠨ ᠰᠠᠭᠤᠷᠢᠨ ᠳᠡᠭᠡᠷ᠎ᠡ᠂ ᠲᠡᠳᠡᠨᠣᠰ ᠢ ᠢᠳᠡᠪᠬᠢᠲᠡᠶ ᠬᠥᠲᠥᠯᠥᠨ ᠵᠢᠯᠣᠭᠤᠳᠴᠤ ᠭᠡᠷ ᠪᠦᠯᠢ ᠶᠢᠨ ᠡᠳ᠋ ᠬᠦᠷᠦᠩᠬᠡ ᠶᠢᠨ ᠳᠠᠭᠠᠳᠬᠠᠯ᠂ ᠠᠮᠢ ᠨᠠᠰᠣᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ ᠳᠤ ᠣᠷᠣᠯᠴᠠᠭᠤᠯᠬᠤ ᠶᠢᠨ ᠣᠯᠠᠮ ᠢᠶᠠᠷ ᠰᠠᠨᠠᠭᠠᠨ ᠳᠤ ᠦᠭᠡᠢ ᠠᠶᠤᠯ ᠲᠦᠭᠰᠢᠭᠦᠷᠢ ᠶᠢ ᠨᠠᠮᠳᠠᠭᠤᠯᠬᠤ ᠪᠠᠲᠣᠯᠠᠭ᠎ᠠ ᠶᠢᠨ ᠠᠷᠭ᠎ᠠ ᠬᠡᠮᠵᠢᠶ᠎ᠡ ᠠᠪᠴᠦ᠂ ᠵᠢᠭᠡᠯᠡᠯᠭᠡ ᠶᠢᠨ ᠠᠶᠤᠯ ᠲᠦᠭᠰᠢᠭᠦᠷᠢ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃       ᠬᠤᠶᠠᠷ᠂ ᠪᠠᠭ᠎ᠠ ᠲᠣᠭᠠᠨ ᠤ ᠵᠢᠭᠡᠯᠡᠯᠭᠡ ᠶᠢ ᠬᠡᠷᠡᠭᠯᠡᠬᠦ ᠱᠠᠲᠤᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠨ᠎ᠠ     ︵ᠨᠢᠭᠡ︶ ᠵᠢᠭᠡᠯᠡᠯᠭᠡ ᠶᠢᠨ ᠪᠡᠯᠡ ᠮᠥᠩᠭᠦ ᠶᠢᠨ ᠬᠡᠷᠡᠭᠯᠡᠯᠳᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯᠯᠠᠬᠤ ᠠᠩᠭᠢ᠂ ᠳᠥᠯᠭᠢᠨ ᠠᠬᠢᠭᠤᠯᠬᠤ ᠳᠤᠭᠤᠶᠢᠯᠠᠩ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠪᠣᠯᠣᠨ ᠰᠢᠶᠠᠩ ᠪᠠᠯᠭᠠᠰᠤᠨ ᠤ ᠲᠣᠰᠬᠤᠨ ᠳᠤ ᠰᠠᠭᠤᠭ᠎ᠠ ᠺᠠᠳ᠋ᠷ ᠢ ᠲᠣᠮᠢᠯᠠᠵᠦ ᠶᠠᠳᠠᠭᠤ ᠬᠦᠴᠢᠷᠳᠡᠯᠳᠡᠢ ᠡᠷᠦᠬᠡ ᠯᠦᠭᠡ ᠬᠠᠮᠲᠤ ᠢᠳᠡᠵᠦ ᠬᠠᠮᠲᠤ ᠰᠠᠭᠤᠨ ᠬᠠᠮᠲᠤ ᠬᠥᠳᠡᠯᠮᠦᠷᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠪᠠᠶᠢᠳᠠᠯ ᠢ ᠴᠠᠭ ᠲᠤᠬᠠᠶ ᠳᠤᠨᠢ ᠣᠶᠢᠯᠭᠠᠬᠤ ᠡᠨᠡᠬᠦ ᠠᠰᠢᠭᠲᠠᠶ ᠨᠥᠬᠦᠴᠡᠯ ᠢ ᠰᠠᠶᠢᠳᠣᠷ ᠪᠠᠳᠠᠷᠠᠭᠤᠯᠣᠨ᠂ ᠵᠣᠭᠤᠰ ᠵᠢᠬᠡᠯᠡᠭᠰᠡᠨ ᠶᠠᠳᠠᠭᠤ ᠬᠦᠴᠢᠷᠳᠡᠯᠲᠡᠢ ᠡᠷᠦᠬᠡ ᠶᠢ ᠤᠬᠠᠮᠰᠠᠷ ᠠᠴᠠ ᠪᠠᠨ ᠵᠢᠭᠡᠯᠡᠯᠭᠡ ᠶᠢᠨ ᠵᠣᠭᠤᠰ ᠤᠨ ᠭᠡᠷ᠎ᠡ ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭᠠᠷ ᠵᠣᠭᠤᠰ ᠪᠠᠨ ᠬᠡᠷᠡᠭᠯᠡᠬᠦ ᠶᠢ ᠬᠢᠨᠠᠯᠲᠠ ᠲᠠᠯᠪᠢᠵᠦ᠂ ᠵᠢᠭᠡᠯᠡᠯᠭᠡ ᠶᠢᠨ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠦᠨᠡᠨ ᠬᠦ ᠪᠠᠲᠣᠯᠠᠵᠦ᠂ ᠵᠢᠭᠡᠯᠡᠯᠭᠡ ᠶᠢᠨ ᠮᠦᠩᠭᠦ ᠪᠠᠨ ᠰᠢᠯᠵᠢᠬᠦᠯᠦᠨ ᠬᠡᠷᠡᠭᠯᠡᠬᠦ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃      ︵ᠬᠤᠶᠠᠷ︶ ᠠᠵᠤ ᠦᠢᠯᠡᠰ ᠤᠨ ᠲᠥᠷᠥᠯ ᠵᠦᠢᠯ ᠤᠨ ᠦᠢᠯᠡᠳᠬᠦᠨ ᠢ ᠠᠰᠢᠭ ᠣᠷᠣᠯᠭ᠎ᠠ ᠪᠣᠯᠭᠠᠨ ᠬᠤᠪᠢᠷᠠᠭᠤᠯᠬᠤ ᠦᠢᠯᠡᠴᠢᠯᠡᠭᠡ ᠶᠢ ᠴᠢᠩᠭᠠᠳᠬᠠᠨ᠎ᠠ᠃ ᠲᠠᠷᠢᠶᠠᠴᠢᠨ ᠤ ᠲᠤᠰᠬᠠᠶ ᠬᠠᠮᠲᠣᠷᠠᠭᠰᠠᠨ ᠬᠤᠷᠰᠢᠶ᠎ᠠ᠂ ᠲᠠᠷᠢᠶᠠᠯᠠᠩ ᠤᠨ ᠠᠵᠤ ᠦᠢᠯᠡᠰᠵᠢᠭᠰᠡᠨ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠂ ᠵᠢᠭᠡᠯᠡᠯᠭᠡ ᠠᠪᠣᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠣᠷᠣᠨ ᠠᠵᠤ ᠦᠶ᠋ᠯᠡᠰ ᠤᠨ ᠬᠥᠭᠵᠢᠯᠲᠡ ᠶᠢᠨ ᠦᠢᠯᠡᠳᠭᠦᠨ ᠢ ᠡᠵᠡᠩᠨᠡᠵᠦ ᠪᠣᠷᠣᠯᠠᠭᠤᠯᠬᠤ ᠦᠢᠯᠡᠴᠢᠯᠡᠭᠡ ᠶᠢ ᠬᠠᠩᠭᠠᠵᠦ᠂ ᠬᠠᠮᠤᠭ ᠶᠡᠭᠡ ᠬᠡᠮᠵᠢᠶ᠎ᠡ ᠪᠠᠷ ᠦᠢᠯᠡᠳᠭᠦᠨ ᠢ ᠪᠡᠯᠡ ᠮᠥᠩᠭᠦᠨ ᠤ ᠠᠰᠢᠭ ᠣᠷᠣᠯᠭ᠎ᠠ ᠪᠣᠯᠭᠠᠨ ᠬᠤᠪᠢᠷᠭᠠᠨ᠎ᠠ᠃       ᠭᠤᠷᠪᠠ᠂ ᠪᠠᠭ᠎ᠠ ᠲᠣᠭᠠᠨ ᠤ ᠵᠢᠭᠡᠯᠡᠯᠭᠡ ᠶᠢ ᠪᠤᠴᠠᠭᠠᠬᠤ ᠱᠠᠳᠣᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ  ᠪᠠᠨ ᠴᠢᠩᠭᠠᠳᠬᠠᠨ᠎ᠠ      ︽ᠤᠷᠢᠳᠴᠢᠯᠠᠨ ᠰᠡᠷᠡᠮᠵᠢᠯᠡᠭᠦᠯᠵᠦ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ᠂ ᠪᠠᠭ᠎ᠠ ᠲᠣᠭᠠᠨ ᠤ ᠵᠢᠭᠡᠯᠡᠯᠭᠡ ᠶᠢ ᠪᠤᠴᠠᠭᠠᠬᠤ ᠱᠠᠳᠣᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃      ︵ᠨᠢᠭᠡ︶ ᠶᠠᠳᠠᠭᠤ ᠬᠦᠴᠢᠷᠳᠡᠯᠲᠡᠢ ᠡᠷᠦᠬᠡ ᠶᠢᠨ ᠵᠢᠭᠡᠯᠡᠯᠭᠡ ᠶᠢᠨ ᠬᠤᠭᠤᠴᠠᠭ᠎ᠠ ᠲᠤᠯᠬᠤ ᠠᠴᠠ ᠡᠮᠦᠨ᠎ᠡ 1 ᠰᠠᠷ᠎ᠠ ᠳᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠣᠭᠤᠰ ᠵᠢᠭᠡᠯᠡᠭᠰᠡᠨ ᠪᠡᠶᠡᠴᠢ ᠴᠣᠭᠴᠠ ᠶᠢᠨ ᠪᠣᠴᠠᠭᠠᠨ ᠥᠭᠬᠦ ᠴᠢᠳᠠᠪᠤᠷᠢ ᠶᠢᠨ ᠲᠣᠬᠠᠢ ᠦᠨᠡᠯᠡᠨ ᠵᠢᠱᠢᠵᠦ᠂ ᠠᠳᠠᠯᠢ ᠪᠤᠰᠤ ᠶᠢᠨ ᠪᠠᠶᠢᠳᠠᠯ ᠢ ᠦᠨᠳᠦᠰᠣᠯᠠᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃       ᠨᠢᠭᠡ ᠳᠤ᠂ ᠲᠦᠭᠰᠢᠭᠦᠷᠢ ᠶᠢ ᠡᠵᠡᠮᠳᠡᠵᠦ ᠳᠡᠶᠢᠯᠬᠦ ᠤᠷᠢᠲᠠᠯ ᠳᠣᠣᠷ᠎ᠠ᠂ ᠵᠢᠭᠡᠯᠡᠯᠭᠡ ᠶᠢᠨ ᠬᠤᠭᠤᠴᠠᠭ᠎ᠠ ᠲᠤᠯᠤᠭᠰᠠᠨ ᠵᠢᠭᠡᠯᠡᠯᠭᠡ ᠶᠢᠨ ᠪᠡᠶᠡᠴᠢ ᠴᠣᠭᠴᠠ ᠠᠴᠠ ᠮᠥᠨ ᠯᠡ ᠵᠣᠭᠤᠰ ᠬᠡᠷᠡᠭᠯᠡᠬᠦ ᠬᠡᠷᠡᠭᠴᠡᠭᠡ ᠪᠠᠶᠢᠪᠠᠯ᠂ ᠬᠠᠮᠢᠶ᠎ᠠ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠤᠷᠢᠳᠴᠢᠯᠠᠨ ᠵᠢᠭᠡᠯᠡᠯᠭᠡ ᠶᠢᠨ ᠪᠠᠶᠢᠴᠠᠭᠠᠯᠲᠠ ᠪᠠ ᠦᠨᠡᠯᠡᠨ ᠬᠢᠨᠠᠬᠤ ᠠᠵᠢᠯ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠤᠭᠤᠴᠠᠭᠠᠨ ᠳᠤ ᠲᠥᠷᠥ ᠶᠢᠨ ᠪᠣᠳᠣᠯᠭ᠎ᠠ ᠶᠢᠨ ᠵᠥᠪᠰᠢᠶᠡᠷᠡᠭᠰᠡᠨ ᠬᠡᠪᠴᠢᠶᠡᠨ ᠳᠣᠲᠣᠷ᠎ᠠ᠂ ᠠᠶᠤᠯ ᠲᠦᠭᠰᠢᠭᠦᠷᠢ ᠶᠢ ᠨᠠᠮᠳᠠᠭᠤᠯᠬᠤ ᠪᠠᠭᠠᠵᠢ ᠶᠢ ᠢᠳᠡᠪᠬᠢᠲᠡᠶ ᠬᠡᠷᠡᠭᠯᠡᠨ᠂ ᠦᠷᠭᠦᠯᠵᠢᠯᠡᠨ ᠵᠢᠬᠡᠯᠡᠨ ᠦᠭᠴᠦ ᠳᠡᠮᠵᠢᠨ᠎ᠡ᠃       ᠬᠤᠶᠠᠷ ᠲᠤ᠂ ᠵᠢᠭᠡᠯᠡᠯᠭᠡ ᠶᠢᠨ ᠬᠡᠷᠡᠭᠴᠡᠭᠡ ᠪᠠᠨ ᠬᠤᠪᠢᠷᠠᠭᠤᠯᠣᠭᠠᠳ ᠴᠠᠭ ᠲᠤᠬᠠᠶ ᠳᠤᠨᠢ ᠵᠠᠯᠠᠷᠠᠭᠤᠯᠬᠤ ᠥᠬᠡᠶ ᠪᠤᠶᠤ ᠪᠠᠩᠬᠢ ᠶᠢᠨ ᠥᠷᠢ ᠰᠢᠷᠢ ᠠᠴᠠ ᠵᠠᠶᠢᠯᠠᠵᠤ ᠳᠠᠯᠳᠠᠯᠠᠬᠤ ᠵᠡᠷᠭᠡ ᠪᠠᠶᠢᠳᠠᠯ ᠲᠠᠢ ᠪᠠᠶᠢᠪᠠᠯ᠂ ᠬᠤᠰᠢᠭᠤᠨ ᠤ ᠵᠠᠰᠠᠭ ᠤᠨ ᠣᠷᠳᠣᠨ ᠠᠴᠠ ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠭᠤᠷᠪᠠᠳᠤᠭᠠᠷ ᠳᠡᠰ ᠤᠨ ᠳᠥᠯᠭᠢᠨ ᠠᠬᠢᠭᠤᠯᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ ᠲᠥᠰᠦᠯ ᠲᠣᠭᠳᠠᠭᠠᠨ᠂ ᠵᠣᠭᠤᠰ ᠵᠢᠭᠡᠯᠡᠭᠰᠡᠨ ᠪᠡᠶᠡᠴᠢ ᠴᠣᠭᠴᠠ ᠲᠤ ᠮᠡᠳᠡᠭᠳᠡᠵᠦ᠂ ᠵᠣᠭᠤᠰ ᠵᠢᠭᠡᠯᠡᠭᠴᠢ ᠶᠢ ᠵᠣᠭᠤᠰ ᠪᠠᠨ ᠪᠤᠴᠠᠭᠠᠬᠤ ᠶᠢ ᠱᠠᠭᠠᠷᠳᠠᠵᠦ᠂ ᠬᠠᠮᠢᠶ᠎ᠠ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠢᠳᠡᠪᠬᠢᠲᠡᠶ ᠬᠠᠮᠵᠢᠯᠴᠠᠨ᠎ᠠ᠃      ︵ᠬᠤᠶᠠᠷ︶ ᠵᠢᠭᠡᠯᠡᠯᠭᠡ ᠶᠢᠨ ᠬᠤᠭᠤᠴᠠᠭ᠎ᠠ ᠨᠢ ᠥᠩᠭᠡᠷᠡᠭᠰᠡᠨ ᠤ ᠳᠠᠷᠠᠭ᠎ᠠ ᠬᠤᠯᠪᠣᠭᠳᠠᠯ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ 70 ᠬᠤᠨᠤᠭ ᠤᠨ ᠵᠠᠪᠰᠠᠷ ᠤᠨ ᠬᠤᠭᠤᠴᠠᠭ᠎ᠠ ᠲᠣᠬᠢᠷᠠᠭᠤᠯᠣᠨ᠎ᠠ᠂ 70 ᠬᠤᠨᠤᠭ ᠤᠨ ᠵᠠᠪᠰᠠᠷ ᠤᠨ ᠬᠤᠭᠤᠴᠠᠭ᠎ᠠ ᠳᠣᠲᠣᠷ᠎ᠠ ᠬᠠᠮᠲᠤᠷᠠᠨ ᠠᠵᠢᠯᠯᠠᠬᠤ ᠡᠯ᠎ᠡ ᠲᠠᠯ᠎ᠠ ᠶᠢᠨ ᠬᠢᠨ ᠠᠳᠠᠯᠢ ᠪᠤᠰᠤ ᠪᠠᠶᠢᠳᠠᠯ ᠢᠶᠠᠨ ᠦᠨᠳᠦᠰᠦᠯᠡᠵᠦ᠂ ᠠᠶᠤᠯ ᠲᠦᠭᠰᠢᠭᠦᠷᠢ ᠶᠢ ᠠᠷᠢᠯᠭᠠᠬᠤ ᠠᠷᠭ᠎ᠠ ᠬᠡᠮᠵᠢᠶ᠎ᠡ ᠠᠪᠣᠨ᠎ᠠ᠃      ᠨᠢᠭᠡ ᠳᠤ᠂ ᠦᠨᠡᠬᠡᠷ ᠪᠡᠶᠡᠴᠢ ᠪᠤᠰᠤ ᠰᠢᠯᠳᠠᠭᠠᠨ ᠠᠴᠠ ᠪᠣᠯᠵᠦ ᠵᠢᠭᠡᠯᠡᠯᠭᠡ ᠪᠠᠨ ᠲᠦᠯᠦᠵᠦ ᠳᠡᠶᠢᠯᠬᠦ ᠦᠬᠡᠢ ᠪᠠᠶᠢᠳᠠᠯ ᠲᠣᠣᠷ᠎ᠠ᠂ ᠬᠤᠯᠪᠣᠭᠳᠠᠯ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠦᠨᠡᠯᠡᠨ ᠵᠢᠱᠢᠵᠦ ᠬᠢᠨᠠᠨ ᠶᠠᠷᠢᠯᠴᠠᠭᠰᠠᠨ ᠤ ᠲᠠᠷᠠᠭ᠎ᠠ᠂ ᠨᠥᠬᠦᠴᠡᠯ ᠳᠤ ᠨᠡᠶᠢᠴᠡᠭᠰᠡᠨ ᠬᠦᠮᠦᠰ ᠲᠤ ᠵᠢᠭᠡᠯᠡᠯᠭᠡ ᠶᠢᠨ ᠬᠤᠭᠤᠴᠠᠭ᠎ᠠ ᠶᠢ ᠣᠷᠳᠣᠳᠬᠠᠨ ᠦᠭᠬᠦᠨ᠎ᠡ︔ ᠵᠢᠭᠡᠯᠡᠯᠭᠡ ᠶᠢᠨ ᠵᠣᠭᠤᠰ ᠨᠡᠮᠡᠬᠦ ᠪᠠᠷ ᠲᠠᠮᠵᠢᠨ ᠬᠦᠴᠢᠷ ᠢ ᠲᠣᠭᠤᠯᠵᠦ ᠴᠢᠳᠠᠬᠤ ᠬᠦᠮᠦᠰ ᠲᠤ᠂ ᠬᠠᠮᠢᠶ᠎ᠠ ᠪᠥᠬᠦᠶ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠦᠨᠡᠯᠡᠨ ᠵᠢᠱᠢᠵᠦ ᠬᠢᠨᠠᠨ ᠶᠠᠷᠢᠯᠴᠠᠭᠰᠠᠨ ᠤ ᠳᠠᠷᠠᠭ᠎ᠠ ᠨᠡᠮᠡᠨ ᠵᠢᠭᠡᠯᠡᠭᠦᠯᠵᠦ ᠪᠣᠯᠣᠨ᠎ᠠ︔ ᠵᠢᠭᠡᠯᠡᠯᠭᠡ ᠨᠡᠮᠡᠭᠰᠡᠨ ᠤ ᠳᠠᠷᠠᠭ᠎ᠠ᠂ ᠡᠪᠬᠡᠮᠡᠯ ᠪᠠᠶᠢᠭᠤᠯᠵᠤ ᠺᠠᠷᠲᠯᠠᠨ ᠳᠠᠩᠰᠠᠯᠠᠭᠰᠠᠨ ᠡᠷᠦᠬᠡ ᠶᠢᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ 5 ᠲᠦᠮᠡᠨ ᠲᠥᠭᠦᠷᠢᠭ ᠢ ᠳᠠᠪᠠᠵᠤ ᠪᠣᠯᠬᠤ ᠦᠭᠡᠢ᠂ ᠶᠠᠳᠠᠭᠤ ᠠᠵᠤ ᠠᠬᠤᠶᠢᠯᠠᠯ ᠤᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠲᠤᠭ᠎ᠠ ᠤᠤᠯ ᠤᠨ ᠢᠲᠡᠭᠡᠮᠵᠢ ᠣᠯᠭᠤᠬᠤ ᠪᠦᠬᠦ ᠲᠤᠭ᠎ᠠ ᠶᠢ ᠬᠡᠲᠦᠷᠡᠭᠦᠯᠵᠦ ᠪᠣᠯᠬᠤ ᠤᠢᠭᠡᠢ᠃      ᠬᠤᠶᠠᠷ ᠲᠤ᠂ ᠦᠷᠭᠦᠯᠵᠢᠯᠡᠨ ᠵᠢᠭᠡᠯᠡᠯᠭᠡ ᠵᠢᠭᠡᠯᠡᠬᠦ ᠠᠷᠭ᠎ᠠ ᠦᠬᠡᠢ ᠪᠡᠶᠡᠴᠢ ᠴᠣᠭᠴᠠ ᠳᠤ᠂ ᠭᠤᠷᠪᠠᠳᠤᠭᠠᠷ ᠳᠡᠰ ᠤᠨ ᠳᠥᠯᠭᠢᠨ ᠠᠬᠢᠭᠤᠯᠬᠤ ᠠᠵᠢᠯ ᠤᠨ ᠳᠤᠭᠤᠶᠢᠯᠠᠩ ᠪᠠ ᠬᠤᠯᠪᠣᠭᠳᠠᠯ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠢᠭᠡᠯᠡᠯᠭᠡ ᠪᠠᠨ ᠢᠳᠡᠪᠬᠢᠲᠡᠶ ᠨᠡᠬᠡᠵᠦ ᠠᠪᠬᠤ ᠬᠡᠷᠡᠭᠳᠡᠢ᠃ ᠬᠤᠯᠪᠣᠭᠳᠠᠯ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠭᠡᠷ᠎ᠡ ᠶᠢ ᠵᠥᠷᠢᠴᠡᠭᠰᠡᠨ ᠵᠣᠭᠤᠰ ᠵᠢᠭᠡᠯᠡᠭᠰᠡᠨ ᠪᠡᠶᠡᠴᠢ ᠴᠣᠭᠴᠠ ᠳᠤ ᠨᠡᠬᠡᠵᠦ ᠠᠪᠬᠤ ᠮᠡᠳᠡᠭᠳᠡᠯ ᠤᠨ ᠪᠢᠴᠢᠭ ᠭᠠᠷᠭᠠᠵᠤ ᠥᠭᠬᠦ ᠬᠡᠷᠡᠭᠲᠡᠶ᠃ ᠶᠠᠳᠠᠭᠤ ᠬᠦᠴᠢᠷᠳᠡᠯᠲᠡᠢ ᠡᠷᠦᠬᠡ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠪᠠᠶᠢᠪᠠᠯ᠂ ᠭᠤᠷᠪᠠᠳᠤᠭᠠᠷ ᠳᠡᠰ ᠤᠨ ᠳᠥᠯᠭᠢᠨ ᠠᠬᠢᠭᠤᠯᠬᠤ ᠠᠵᠢᠯ ᠤᠨ ᠳᠤᠭᠤᠶᠢᠯᠠᠩ ᠬᠠᠷᠢᠭᠤᠴᠠᠵᠤ ᠨᠡᠬᠡᠮᠵᠢᠯᠡᠨ ᠬᠤᠷᠢᠶᠠᠬᠤ᠂ ᠶᠠᠳᠠᠭᠤ ᠠᠵᠤ ᠠᠬᠤᠶᠢᠯᠠᠯ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠪᠠᠶᠢᠪᠠᠯ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠲᠠᠢ ᠬᠠᠮᠲᠤ ᠪᠠᠷ ᠨᠡᠬᠡᠮᠵᠢᠯᠡᠨ ᠬᠤᠷᠢᠶᠠᠬᠤ ᠲᠥᠰᠦᠯ ᠲᠤᠭᠲᠠᠭᠠᠵᠤ ᠨᠡᠬᠡᠮᠵᠢᠯᠡᠨ ᠬᠤᠷᠢᠶᠠᠨ᠎ᠠ᠃     ᠭᠤᠷᠪᠠ ᠳᠤ᠂ ᠬᠤᠯᠪᠣᠭᠳᠠᠯ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2018 — 2020 ᠣᠨ︶︾ ︵ᠥᠪᠥᠷ ᠮᠦᠩᠭᠦ ᠠᠯᠪᠠᠨ ᠲᠠᠷᠬᠠᠭᠠᠭᠰᠠᠨ ︹ 2018 ︺37 ᠳ᠋ᠣᠭᠠᠷ ᠨᠣᠮᠧᠷᠲᠣ ᠢ ᠦᠨᠳᠦᠰᠦᠯᠡᠨ᠂ ᠠᠶᠤᠯ ᠲᠦᠭᠰᠢᠭᠦᠷᠢ ᠶᠢ ᠰᠠᠯᠭᠠᠬᠤ ᠲᠤᠭᠲᠠᠯᠴᠠᠭ᠎ᠠ ᠲᠤᠭᠲᠠᠭᠠᠬᠤ ᠪᠠ ᠨᠠᠮᠬᠠᠳᠬᠠᠬᠤ ᠬᠤᠭᠤᠴᠠᠭ᠎ᠠ ᠳᠠᠭᠤᠰᠤᠭᠰᠠᠨ ᠪᠣᠯᠪᠠᠴᠤ ᠵᠢᠭᠡᠯᠡᠭᠰᠡᠨ ᠵᠣᠭᠤᠰ ᠤᠨ ᠡᠭᠡ ᠮᠥᠩᠭᠦ ᠪᠠ ᠬᠡᠪ ᠤᠨ ᠬᠦᠦ ᠮᠥᠩᠭᠦ ︵ᠲᠣᠷᠭᠠᠭᠤᠯᠢ ᠶᠢᠨ ᠮᠥᠩᠭᠦ ᠪᠠᠭᠲᠠᠬᠤ ᠦᠭᠡᠶ︶ ᠶᠢ ᠲᠦᠯᠦᠵᠦ ᠳᠡᠶᠢᠯᠦᠭᠰᠡᠨ ᠦᠭᠡᠢ ᠵᠤᠭᠤᠰ ᠵᠢᠭᠡᠯᠡᠭᠰᠡᠳ ᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠠᠷ᠎ᠠ ᠪᠦᠷᠢ ᠶᠢᠨ 5 ᠤ ᠡᠳᠦᠷ ᠠᠴᠠ ᠡᠮᠦᠨ᠎ᠡ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ ᠲᠤ ᠨᠥᠬᠦᠪᠥᠷᠢ ᠣᠯᠭᠤᠬᠤ ᠬᠠᠷᠢᠭᠤᠴᠠᠯᠭ᠎ᠠ ᠶᠢ ᠭᠦᠢᠴᠡᠳᠬᠡᠬᠦ ᠮᠡᠳᠡᠭᠳᠡᠯ ᠤᠨ ᠪᠢᠴᠢᠭ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠬᠤ ᠬᠡᠷᠡᠭᠲᠡᠶ᠃ ᠡᠳ᠋ ᠤᠨ ᠵᠠᠰᠠᠭ ᠤᠨ ᠲᠣᠪᠴᠢᠶ᠎ᠡ᠂ ᠶᠠᠳᠠᠭᠤ ᠶᠢ ᠲᠡᠳᠬᠦᠬᠦ ᠠᠯᠪᠠᠨ ᠭᠡᠷ ᠲᠠᠢ ᠬᠠᠮᠲᠤ ᠪᠠᠷ ᠪᠠᠶᠢᠴᠠᠭᠠᠯᠲᠠ ᠬᠢᠵᠦ᠂ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠭᠰᠠᠨ ᠤ ᠳᠠᠷᠠᠭ᠎ᠠ᠂ ᠪᠣᠯᠵᠣᠨ ᠲᠣᠭᠲᠠᠭᠰᠠᠨ ᠬᠠᠷᠢᠴᠠᠯ ᠶᠣᠰᠣᠭᠠᠷ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠬᠡᠷᠡᠭᠲᠡᠶ᠃     ᠲᠦᠷᠪᠡ ᠳᠤ᠂ ᠶᠠᠳᠠᠭᠤ ᠬᠦᠴᠢᠷᠳᠡᠯᠲᠡᠶ ᠡᠷᠦᠬᠡ ᠶᠢᠨ ᠵᠢᠭᠡᠯᠡᠯᠭᠡ ᠨᠢ ᠬᠤᠬᠢᠷᠠᠯ ᠳᠤ ᠤᠴᠠᠷᠠᠵᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠵᠦᠢ ᠪᠤᠰᠤ ᠵᠢᠭᠡᠯᠡᠯᠭᠡ ᠪᠤᠯ ᠵᠢᠭᠡᠯᠡᠯᠭᠡ ᠶᠢ ᠬᠠᠷᠢᠭᠤᠴᠠᠭᠰᠠᠨ ᠪᠠᠩᠬᠢ ᠠᠴᠠ ᠬᠠᠷᠢᠭᠤᠴᠠᠨ ᠬᠠᠷᠭᠤᠭᠤᠯᠣᠨ ᠬᠠᠰᠣᠨ᠎ᠠ᠃     ᠲᠠᠪᠤ ᠳᠤ᠂ ᠶᠠᠳᠠᠭᠤ ᠬᠦᠴᠢᠷᠳᠡᠯᠲᠡᠶ ᠡᠷᠦᠬᠡ ᠠᠳᠡᠭᠳᠡᠯ ᠡᠭᠦᠰᠦᠭᠰᠡᠨ ᠪᠤᠶᠤ ᠬᠤᠷᠢᠭᠯᠠᠵᠤ ᠴᠢᠳᠠᠰᠢ ᠤᠢᠭᠡᠢ ᠬᠦᠴᠦᠨ ᠠᠴᠠ ᠪᠤᠯᠵᠦ ᠵᠢᠭᠡᠯᠡᠯᠭᠡ ᠶᠢ ᠬᠤᠭᠤᠴᠠᠭ᠎ᠠ ᠶᠣᠰᠣᠭᠠᠷ ᠲᠦᠯᠦᠵᠤ ᠳᠡᠶᠢᠯᠬᠦ ᠦᠭᠡᠢ ᠪᠣᠯ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠤᠶᠠᠷ ᠤᠳᠠᠭ᠎ᠠ ᠬᠤᠶᠠᠷ ᠰᠠᠷ᠎ᠠ ᠠᠴᠠ ᠳᠡᠭᠡᠭᠰᠢ ᠦᠷᠭᠦᠯᠵᠢᠯᠡᠨ ᠨᠡᠬᠡᠮᠵᠢᠯᠡᠵᠤ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠪᠠᠶᠢᠴᠠᠭᠠᠨ ᠲᠤᠳᠤᠯᠠᠭᠰᠠᠨ ᠤ ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠵᠤ ᠮᠠᠭᠠᠳᠯᠠᠨ ᠲᠤᠭᠲᠠᠭᠠᠨ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠮᠠᠭᠠᠳᠯᠠᠨ ᠲᠣᠭᠲᠠᠭᠠᠭᠰᠠᠨ ᠪᠢᠴᠢᠭ ᠪᠠ ᠵᠣᠭᠤᠰ ᠰᠢᠯᠵᠢᠭᠦᠯᠦᠭᠰᠡᠨ ᠭᠡᠷᠡᠴᠢ ᠪᠠᠷᠢᠮᠲᠠ ᠶᠢ ᠦᠨᠳᠦᠰᠦᠯᠡᠵᠦ ᠲᠦᠭᠰᠢᠭᠦᠷᠢ ᠶᠢᠨ ᠨᠥᠬᠦᠪᠥᠷᠢ ᠮᠥᠩᠭᠦ ᠶᠢ ᠬᠠᠰᠣᠵᠦ ᠠᠪᠣᠨ᠎ᠠ᠃      ᠲᠥᠷᠪᠡ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠶᠢ ᠴᠢᠩᠭᠠᠳᠬᠠᠨ᠎ᠠ᠃     ︵ᠨᠢᠭᠡ︶ ᠠᠶᠤᠯ ᠲᠦᠭᠰᠢᠭᠦᠷᠢ ᠶᠢ ᠮᠠᠭᠠᠳᠯᠠᠬᠤ ᠶᠢ ᠰᠠᠶᠢᠲᠤᠷ ᠬᠢᠬᠦ ᠬᠡᠷᠡᠭᠲᠡᠶ᠃ ᠵᠢᠭᠡᠯᠡᠯᠭᠡ ᠶᠢᠨ ᠡᠷᠡᠭᠦᠯ ᠪᠤᠰᠤ ᠨᠤᠷᠮ᠎ᠠ 5% ᠠᠴᠠ ᠬᠡᠲᠦᠷᠡᠭᠰᠡᠨ ᠰᠢᠶᠠᠩ ᠪᠠᠯᠭᠠᠰᠤ ᠪᠣᠯᠤᠨ 7% ᠠᠴᠠ ᠬᠡᠲᠦᠷᠡᠭᠰᠡᠨ ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠯ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠢᠨ᠎ᠡ ᠵᠢᠭᠡᠯᠡᠯᠭᠡ ᠲᠠᠯᠪᠢᠬᠤ ᠪᠠᠨ ᠵᠤᠭᠰᠤᠨ᠎ᠠ᠃ ᠥᠷᠢ ᠪᠠᠨ ᠲᠦᠯᠦᠭᠡᠳ ᠡᠷᠡᠭᠦᠯ ᠪᠤᠰᠤ ᠨᠤᠷᠮ᠎ᠠ ᠶᠢ ᠲᠤᠭᠲᠠᠭᠰᠠᠨ ᠬᠡᠮᠵᠢᠶ᠎ᠡ ᠬᠦᠷᠲᠡᠯ᠎ᠡ ᠪᠠᠭᠤᠷᠠᠭᠤᠯᠤᠭᠰᠠᠨ ᠪᠣᠯ ᠰᠠᠶ᠋ᠢ ᠲᠠᠬᠢᠨ ᠵᠢᠭᠡᠯᠡᠯᠭᠡ ᠥᠭᠬᠦ ᠶᠢ ᠰᠡᠷᠭᠦᠭᠡᠵᠦ ᠪᠤᠯᠤᠨ᠎ᠠ᠃     ︵ᠬᠤᠶᠠᠷ︶ ᠦᠨᠡᠯᠡᠨ ᠵᠢᠱᠢᠬᠦ ᠪᠠ ᠴᠡᠭᠴᠡᠯᠡᠨ ᠦᠭᠡᠷᠡᠴᠢᠯᠡᠬᠦ ᠶᠢ ᠰᠠᠶᠢᠲᠤᠷ ᠬᠢᠬᠦ ᠬᠡᠷᠡᠭᠲᠡᠶ᠃ ᠵᠢᠭᠡᠯᠡᠯᠭᠡ ᠶᠢᠨ ᠡᠷᠡᠭᠦᠯ ᠪᠤᠰᠤ ᠨᠤᠷᠮ᠎ᠠ ᠨᠢ 7% ᠠᠴᠠ ᠬᠡᠲᠦᠷᠡᠵᠦ᠂ ᠲᠤᠭ᠎ᠠ ᠬᠡᠮᠵᠢᠶ᠎ᠡ ᠨᠢ 30 % ᠠᠴᠠ ᠳᠡᠭᠡᠭᠰᠢ ︵30 % ᠪᠠᠭᠲᠠᠨ᠎ᠠ︶ ᠵᠠᠰᠠᠭ ᠵᠠᠬᠢᠷᠭᠠᠨ ᠤ ᠲᠣᠰᠬᠤᠨ ᠪᠠ ᠵᠢᠭᠡᠯᠡᠯᠭᠡ ᠶᠢᠨ ᠡᠷᠡᠭᠦᠯ ᠪᠤᠰᠤ ᠨᠤᠷᠮ᠎ᠠ 5% ᠠᠴᠠ ᠬᠡᠲᠦᠷᠡᠭᠰᠡᠨ ᠰᠣᠮᠣ ᠪᠠᠯᠭᠠᠰᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠡᠶᠡᠴᠢ ᠴᠣᠭᠴᠠ ᠲᠠᠢ ᠬᠠᠮᠲᠤ ᠪᠠᠷ ᠰᠤᠮᠤ ᠪᠠᠯᠭᠠᠰᠤᠨ ᠤ ᠮᠥᠩᠭᠦᠨ ᠭᠦᠢᠯᠭᠡᠭᠡᠨ ᠤ ᠪᠠᠶᠢᠳᠠᠯ ᠳᠤ ᠦᠨᠡᠯᠡᠨ ᠵᠢᠱᠢᠯᠲᠡ ᠬᠢᠵᠦ᠂ ᠲᠤᠰ ᠰᠤᠮᠤ ᠪᠠᠯᠭᠠᠰᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠡᠬᠡᠲᠡᠶ ᠣᠷᠣᠨ ᠡᠰᠡᠬᠦ ᠶᠢ ᠲᠣᠭᠲᠠᠭᠠᠵᠤ ᠶᠢᠨ ᠬᠠᠮᠲᠤ ᠰᠤᠮᠤ ᠪᠠᠯᠭᠠᠰᠤ ᠠᠴᠠ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃      ︵ᠭᠤᠷᠪᠠ︶ ᠵᠠᠭᠠᠯᠳᠣᠯᠭ᠎ᠠ ᠬᠢᠵᠦ ᠲᠦᠯᠥᠪᠦᠷᠢ ᠨᠡᠬᠡᠮᠵᠢᠯᠡᠬᠦ ᠶᠢ ᠰᠠᠶᠢᠲᠤᠷ ᠬᠢᠬᠦ ᠬᠡᠷᠡᠭᠲᠡᠶ᠃ ᠬᠤᠯᠪᠣᠭᠳᠠᠯ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠢ ᠬᠡᠷᠡᠭᠯᠡᠨ ᠬᠠᠤᠯᠢ ᠶᠣᠰᠣᠭᠠᠷ ᠨᠡᠬᠡᠮᠵᠢᠯᠡᠨ ᠳᠦᠯᠦᠬᠦᠯᠬᠦ ᠡᠷᠬᠡ ᠲᠠᠢ᠃      ︵ᠲᠦᠷᠪᠡ︶ ᠲᠦᠯᠥᠪᠦᠷᠢ ᠨᠡᠬᠡᠮᠵᠢᠯᠡᠨ ᠪᠤᠴᠠᠭᠠᠨ ᠥᠭᠬᠦ ᠶᠢ ᠰᠠᠶᠢᠲᠤᠷ ᠬᠢᠬᠦ ᠬᠡᠷᠡᠭᠲᠡᠶ᠃ ᠨᠡᠬᠡᠮᠵᠢᠯᠡᠨ ᠬᠤᠷᠢᠶᠠᠵᠤ ᠠᠪᠤᠭᠰᠠᠨ ᠪᠡᠯᠡ ᠮᠥᠩᠭᠦ ᠶᠢ ᠡᠩ ᠲᠡᠷᠢᠭᠦᠨ ᠳᠤ ᠠᠶᠤᠯ ᠲᠦᠭᠰᠢᠭᠦᠷᠢ ᠶᠢᠨ ᠨᠥᠬᠦᠪᠥᠷᠢ ᠮᠥᠩᠭᠦ ᠶᠢᠨ ᠨᠠᠶᠢᠳᠠᠨ ᠬᠠᠮᠢᠶᠠᠷᠬᠤ ᠲᠤᠰᠬᠠᠶ ᠡᠷᠦᠬᠡ ᠳᠤ ᠬᠠᠳᠠᠭᠠᠯᠠᠬᠤ ᠬᠡᠷᠡᠭᠲᠡᠶ᠂ ᠲᠥᠯᠥᠪᠦᠷᠢ ᠶᠢᠨ ᠵᠠᠷᠤᠳᠠᠯ ︵ᠵᠠᠷᠭᠤ ᠶᠢᠨ ᠵᠠᠷᠤᠳᠠᠯ ᠂ ᠬᠠᠤᠯᠢᠴᠢ ᠶᠢᠨ ᠣᠷᠣᠯᠠᠬᠤ ᠵᠠᠷᠤᠳᠠᠯ᠂ ᠬᠠᠳᠠᠭᠠᠯᠠᠨ ᠬᠠᠮᠢᠶᠠᠷᠬᠤ ᠵᠠᠷᠤᠳᠠᠯ᠂ ᠭᠦᠢᠴᠡᠳᠬᠡᠬᠦ ᠵᠠᠷᠤᠳᠠᠯ︶ ᠢ ᠬᠠᠰᠤᠭᠠᠳ ᠦᠯᠡᠳᠡᠭᠰᠡᠨ ᠦᠯᠡᠳᠡᠪᠦᠷᠢ ᠮᠥᠩᠭᠦ ᠶᠢ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠬᠠᠷᠢᠴᠠᠯ ᠶᠣᠰᠣᠭᠠᠷ ᠲᠣᠭᠲᠠᠭᠰᠠᠨ ᠡᠯ᠎ᠡ ᠲᠠᠯ᠎ᠠ ᠶᠢᠨ ᠲᠠᠩᠰᠠᠨ ᠡᠷᠦᠬᠡ ᠳᠤ ᠪᠤᠴᠠᠭᠠᠵᠤ ᠥᠭᠬᠦ ᠬᠡᠷᠡᠭᠲᠡᠶ᠃ ᠨᠡᠬᠡᠮᠵᠢᠯᠡᠨ ᠬᠤᠷᠢᠶᠠᠵᠤ ᠠᠪᠤᠭᠰᠠᠨ ᠪᠡᠯᠡ ᠮᠥᠩᠭᠦ ᠲᠥᠯᠥᠪᠦᠷᠢ ᠥᠭᠬᠦ ᠵᠠᠷᠤᠳᠠᠯ ᠳᠤ ᠬᠦᠷᠬᠦ ᠦᠭᠡᠢ ᠦᠶᠡᠰ᠂ ᠵᠥᠷᠢᠶᠡᠲᠦ ᠲᠣᠭᠠᠨ ᠤ ᠬᠡᠰᠡᠭ ᠢ ᠡᠯ᠎ᠡ ᠲᠠᠯ᠎ᠠ ᠶᠢᠨ ᠬᠢᠨ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠬᠠᠷᠢᠴᠠᠯ ᠶᠣᠰᠣᠭᠠᠷ ᠲᠤᠰ ᠲᠤᠰ ᠡᠭᠦᠷᠭᠡᠯᠡᠬᠦ ᠬᠡᠷᠡᠭᠲᠡᠶ᠃   ︵ᠲᠠᠪᠤ︶ ᠨᠠᠶᠢᠳᠠᠪᠤᠷᠢ ᠥᠭᠡᠢ ᠠᠪᠴᠠᠭ᠎ᠠ ᠶᠢ ᠰᠠᠶᠢᠲᠤᠷ ᠨᠣᠲᠠᠯᠠᠨ ᠬᠢᠨᠠᠬᠤ ᠬᠡᠷᠡᠭᠲᠡᠶ᠃ ᠬᠤᠯᠪᠣᠭᠳᠠᠯ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠡᠳ᠋ ᠶᠢᠨ ᠵᠠᠰᠠᠭ ᠤᠨ ᠶᠠᠮᠤᠨ ᠤ ︽ᠮᠥᠩᠭᠦᠨ ᠭᠦᠢᠯᠭᠡᠭᠡᠨ ᠤ ᠠᠵᠤ ᠠᠬᠤᠶᠢᠯᠠᠯ ᠨᠠᠶᠢᠳᠠᠪᠤᠷᠢ ᠥᠭᠡᠢ ᠠᠪᠴᠠᠭ᠎ᠠ ᠶᠢ ᠨᠣᠲᠠᠯᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠨᠠᠶᠢᠳᠠᠪᠤᠷᠢ ᠦᠭᠡᠢ ᠠᠪᠴᠠᠭ᠎ᠠ ᠶᠢ ᠨᠣᠲᠠᠯᠠᠨ ᠬᠢᠨᠠᠨ᠎ᠠ᠃       ᠲᠠᠪᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠱᠠᠩᠨᠠᠵᠤ ᠲᠣᠷᠭᠠᠬᠤ ᠳᠦᠷᠢᠮ ᠢ ᠪᠠᠶᠢᠭᠤᠯᠠᠨ᠎ᠠ     ︵ᠨᠢᠭᠡ︶ ᠢᠲᠡᠭᠡᠮᠵᠢ ᠶᠢᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠪᠠᠶᠢᠭᠤᠯᠠᠨ᠎ᠠ᠃ ᠨᠢᠭᠡ ᠳᠤ ᠵᠢᠭᠡᠯᠡᠯᠭᠡ ᠶᠢᠨ ᠡᠬᠡ ᠮᠦᠩᠭᠦ ᠶᠢ ᠲᠣᠭᠲᠠᠭᠰᠠᠨ ᠬᠤᠭᠤᠴᠠᠭᠠᠨ ᠳᠤᠨᠢ ᠪᠤᠴᠠᠭᠠᠬᠤ ᠶᠠᠳᠠᠭᠤ ᠬᠦᠴᠢᠷᠲᠡᠶ ᠡᠷᠦᠬᠡ ᠳᠤ ᠲᠣᠭᠲᠠᠭᠠᠯ ᠶᠣᠰᠣᠭᠠᠷ ᠴᠠᠭ ᠲᠤᠬᠠᠶ ᠳᠤᠨᠢ ᠬᠦᠦ ᠮᠦᠩᠭᠦ ᠶᠢ ᠨᠢ ᠣᠷᠣᠯᠠᠨ ᠦᠭᠭᠦᠨ᠎ᠡ᠂ ᠱᠠᠳᠤ ᠱᠠᠳᠤ ᠪᠠᠷ ᠢᠲᠡᠭᠡᠮᠵᠢ ᠶᠢᠨ ᠦᠨᠡᠯᠡᠨ ᠲᠣᠭᠲᠠᠭᠠᠯᠲᠠ ᠪᠠ ᠢᠲᠡᠭᠡᠮᠵᠢ ᠣᠯᠭᠤᠬᠤ ᠲᠤᠭ᠎ᠠ ᠨᠤᠷᠮ᠎ᠠ ᠶᠢ ᠨᠢ ᠳᠡᠭᠡᠭᠰᠢᠯᠡᠭᠦᠯᠦᠨ᠎ᠡ᠃ ᠬᠤᠶᠠᠷ ᠲᠤ ᠵᠣᠭᠤᠰ ᠵᠢᠭᠡᠯᠡᠭᠴᠢ ᠬᠤᠭᠤᠴᠠᠭ᠎ᠠ ᠨᠢ ᠲᠣᠯᠵᠦ ᠵᠢᠭᠡᠯᠡᠯᠭᠡ ᠶᠢᠨ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠥᠯᠥ ᠪᠤᠴᠠᠭᠠᠬᠤ ᠦᠶ᠎ᠡ ᠳᠤ᠂ ᠡᠯ᠎ᠡ ᠵᠢᠭᠡᠯᠡᠯᠭᠡ ᠶᠢᠨ ᠪᠠᠩᠬᠢ ᠲᠤᠰ ᠪᠡᠶ᠎ᠡ ᠵᠢᠴᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠳᠬᠡᠨ ᠲᠣᠷᠭᠠᠬᠤ ᠬᠡᠷᠡᠭᠲᠡᠶ᠃     ︵ᠬᠤᠶᠠᠷ︶ ᠦᠨᠡᠨᠴᠢ ᠢᠲᠡᠭᠡᠮᠵᠢ ᠶᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠦᠷᠨᠢᠭᠦᠯᠦᠨ᠎ᠡ᠃ ᠶᠠᠳᠠᠭᠤ ᠬᠦᠴᠢᠷᠳᠡᠯᠲᠡᠶ ᠡᠷᠦᠬᠡ ᠶᠢᠨ ᠵᠢᠭᠡᠯᠡᠯᠭᠡ ᠶᠢᠨ ᠵᠣᠭᠤᠰ ᠢᠶᠠᠨ ᠪᠣᠴᠠᠭᠠᠭᠰᠠᠨ ᠪᠠᠶᠢᠳᠠᠯ ᠢ ᠠᠷᠠᠳ ᠤᠨ ᠪᠠᠩᠬᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠤᠨ᠎ᠠ᠃ ᠡᠯ᠎ᠡ ᠰᠤᠮᠤ ᠪᠠᠯᠭᠠᠰᠣᠨ ᠤ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠦᠷᠨᠢᠭᠦᠯᠭᠦ ᠶᠢ ᠵᠣᠷᠢᠭᠵᠢᠭᠤᠯᠵᠦ᠂ ᠠᠳᠠᠯᠢᠳᠬᠠᠨ ᠰᠢᠯᠭᠠᠷᠠᠭᠤᠯᠣᠭᠰᠠᠨ ᠦᠷ᠎ᠡ ᠳ᠋ᠦᠩ ᠢ ᠶᠠᠳᠠᠭᠤ ᠬᠦᠴᠢᠷᠳᠡᠯᠲᠡᠶ ᠡᠷᠦᠬᠡ ᠶᠢᠨ ᠢᠲᠡᠭᠡᠮᠵᠢ ᠶᠢᠨ ᠲᠠᠰ ᠲᠣᠭᠲᠠᠭᠠᠬᠤ ᠪᠠ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢᠨ ᠦᠨᠳᠦᠰᠦ ᠪᠠᠷᠢᠮᠲᠠ ᠶᠢᠨ ᠨᠢᠭᠡ ᠪᠣᠯᠭᠠᠬᠤ ᠬᠡᠷᠡᠭᠲᠡᠶ᠃      ︵ᠭᠤᠷᠪᠠ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠶᠢ ᠴᠢᠩᠭᠠᠳᠬᠠᠨ᠎ᠠ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠡᠯ᠎ᠡ ᠰᠤᠮᠤ ᠪᠠᠯᠭᠠᠰᠤ ᠪᠣᠯᠤᠨ ᠬᠤᠰᠢᠭᠤ ᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠪᠰᠤᠷᠤᠨ ᠲᠡᠳᠬᠦᠬᠦ ᠨᠢᠭᠡᠴᠡ ᠶᠢᠨ ᠵᠢᠯ ᠤᠨ ᠠᠵᠢᠯ ᠤᠨ ᠬᠠᠷᠠᠯᠲᠠᠲᠣ ᠰᠢᠯᠭᠠᠨ ᠦᠨᠡᠯᠡᠯᠲᠡ ᠳᠤ ᠣᠷᠣᠭᠤᠯᠣᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠠᠶᠢᠴᠠᠭᠠᠬᠤ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠠᠯᠪᠠᠨ ᠬᠡᠷ ᠂ ᠡᠳ᠋ ᠤᠨ ᠵᠠᠰᠠᠭ ᠤᠨ ᠲᠣᠪᠴᠢᠶ᠎ᠠ᠂ ᠶᠠᠳᠠᠭᠤ ᠶᠢ ᠲᠡᠳᠭᠦᠨ ᠨᠡᠬᠡᠬᠡᠨ ᠬᠦᠭᠵᠢᠭᠦᠯᠭᠦ ᠠᠯᠪᠠᠨ ᠭᠡᠷ᠂ ᠮᠥᠩᠭᠦᠨ ᠭᠦᠶ᠋ᠯᠭᠡᠭᠡᠨ ᠤ ᠠᠯᠪᠠᠨ ᠬᠡᠷ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠨᠢᠭᠡᠴᠡ ᠠᠴᠠ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠤᠨ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠠᠵᠢᠯ ᠤᠨ ᠠᠬᠢᠴᠠ ᠪᠠᠨ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠵᠦ᠂ ᠵᠢᠭᠡᠯᠡᠯᠭᠡ ᠭᠤᠶᠣᠴᠢᠯᠠᠬᠤ ᠲᠡᠰ ᠳᠠᠷᠠᠭᠠᠯᠠᠯ ᠢ ᠵᠦᠷᠢᠴᠢᠭᠰᠡᠨ᠂ ᠬᠤᠳᠠᠯ ᠬᠠᠭᠤᠷᠮᠠᠭ ᠵᠣᠬᠢᠶᠠᠭᠰᠠᠨ ᠵᠢᠴᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠶᠢᠨ ᠮᠦᠩᠭᠦ ᠶᠢ ᠬᠡᠷᠡᠭᠯᠡᠭᠰᠡᠨ ᠵᠡᠷᠭᠡ ᠪᠠᠶᠢᠳᠠᠯ ᠳᠤ ᠲᠥᠪ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号