ᠲᠠᠯᠳᠠ ᠬᠦᠴᠦᠨ ᠢ ᠠᠭᠤᠳᠠᠯᠤᠨ ᠠᠮᠢᠵᠢᠷᠠᠯ ᠤᠨ ᠬᠦᠴᠦᠨ ᠢ ᠬᠦᠭᠵᠢᠭᠡᠵᠤ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠵᠠᠮᠨᠠᠨᠠᠮ ----  ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠭᠤᠦ ᠴᠠᠩ ᠯᠢᠶᠠᠩ  ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2019-03-28
     2019 ᠤᠨ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠵᠤ᠂ ᠲᠦᠷᠦᠭᠦᠤ ᠨᠢᠭᠡ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠤᠯᠤᠨ᠎ᠡ᠂ ᠮᠦᠨ ᠴᠦ ᠬᠦᠷᠢᠶ᠎ᠡ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠵᠤ ᠰᠢᠪᠳᠣᠯᠣᠯᠳᠠ ᠶᠢᠨ ᠰᠢᠢᠳᠪᠦᠷᠢᠳᠤ ᠲᠠᠶᠢᠯᠠᠯᠳᠤᠭᠠᠨ ᠤ ᠵᠢᠯ ᠪᠠᠶᠢᠵᠤ  ᠂ ᠠᠵᠤ ᠠᠬᠤᠢ ᠶᠢᠨ ᠶᠡᠭᠡ ᠰᠢᠯᠭᠠᠯᠳᠠ ᠦᠡᠭᠭᠡᠷᠡᠭᠡᠬᠦ ᠵᠢᠯ ᠪᠤᠯᠤᠨ᠎ᠡ᠃ ᠪᠢᠳᠡ ᠡᠷᠬᠡᠪᠰᠢ ᠪᠠᠶᠢᠯᠳᠤᠬᠤ ᠪᠤᠳᠤᠯᠭ᠎ᠠ ᠶᠢᠨ  ᠬᠦᠴᠦᠨ ᠲᠤᠭᠳᠠᠭᠠᠯᠳᠠ ᠶᠢ ᠪᠠᠷᠢᠮᠳᠠᠯᠠᠨ᠂ ᠵᠠᠪᠠᠯ ᠢᠯᠠᠬᠤ ᠢᠳᠡᠭᠡᠯ ᠵᠤᠷᠢᠭ ᠢᠶᠠᠨ ᠪᠠᠳᠤᠳᠬᠠᠵᠤ᠂ ᠰᠢᠨ᠎ᠡ ᠲᠦᠷᠰᠦ ᠪᠠᠶᠢᠳᠠᠯ ᠢ ᠢᠯᠡᠷᠡᠭᠦᠯᠦᠨ᠂ ᠰᠢᠨ᠎ᠡ ᠵᠢᠳᠭᠦᠯ ᠴᠢᠷᠮᠠᠶᠢᠯᠭ᠎ᠠ ᠦᠵᠡᠭᠦᠯᠦᠨ᠎ᠡ ᠭᠡᠵᠤ ᠬᠦᠷᠢᠶ᠎ᠡ ᠬᠤᠰᠢᠭᠤᠨ ᠤ ᠨᠠᠮ ᠤᠨ  ᠬᠤᠷᠢᠶ᠎ᠡ ᠶᠢᠨ ᠱᠦᠵᠢ ᠭᠤᠤ ᠴᠠᠩ ᠯᠢᠶᠠᠩ ᠢᠡᠭᠭᠢᠵᠤ ᠶᠠᠷᠢᠨ᠎ᠡ᠃         ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠳᠠᠢ  ᠬᠦᠭᠵᠢᠯᠳᠡ ᠶᠢᠨ ᠰᠠᠭᠤᠷᠢ ᠶᠢ ᠪᠠᠳᠤᠳᠬᠠᠨ᠎ᠡ᠃ ᠭᠤᠤ ᠴᠠᠩ ᠯᠢᠶᠠᠩ ᠠᠴᠠ᠄ ᠤᠳᠤᠬᠠᠨ ᠳᠤ᠂ ᠮᠠᠨ ᠤ  ᠬᠤᠰᠢᠭᠤᠨ ᠤ ᠡᠬᠢ ᠪᠠᠶᠠᠯᠢᠭ᠂ ᠤᠷᠤᠨ ᠪᠠᠶᠢᠷᠢᠰᠢᠯ᠂ ᠵᠠᠬ᠎ᠠ ᠲᠡᠯᠭᠡᠭᠦᠷ ᠪᠠ ᠰᠤᠶᠤᠯ ᠤᠨ ᠲᠠᠪᠠᠭᠤᠯᠢᠭ ᠲᠠᠢ ᠨᠢᠭᠳᠠ  ᠤᠶᠠᠯᠳᠤᠵᠤ ᠪᠠᠶᠢᠭᠠᠳ ᠤᠯᠤᠰ ᠪᠠ ᠦᠪᠡᠷᠳᠡᠭᠡᠨ ᠵᠠᠰᠠᠬᠤ ᠤᠷᠤᠨ ᠤ ᠪᠡᠯᠡ ᠤᠷᠤᠭᠤᠯᠬᠤ ᠲᠦᠷᠦ ᠶᠢᠨ  ᠪᠤᠳᠤᠯᠭ᠎ᠠ ᠶᠢ ᠭᠦᠨᠵᠡᠭᠡᠢ ᠰᠤᠳᠤᠯᠤᠨ᠂ ᠠᠵᠤ ᠦᠢᠯᠡᠰ ᠤᠨ ᠴᠢᠭᠯᠡᠯ ᠪᠠ ᠪᠡᠯᠡ ᠮᠦᠡᠭᠭᠦ ᠶᠢ ᠤᠷᠤᠭᠤᠯᠬᠤ ᠵᠠᠯᠭᠠᠬᠤ  ᠴᠡᠭ ᠢ ᠵᠦᠪ ᠡᠷᠢᠨ ᠤᠯᠵᠤ᠂ ᠬᠦᠳᠡᠭᠡ ᠲᠤᠰᠬᠤᠨ ᠢ ᠰᠡᠷᠭᠦᠭᠡᠨ ᠮᠠᠨᠳᠤᠭᠤᠯᠬᠤ᠂ ᠰᠠᠭᠤᠷᠢ ᠲᠦᠭᠦᠭᠡᠷᠦᠮᠵᠢ᠂ ᠠᠮᠢ ᠠᠬᠤᠢ ᠶᠢᠨ ᠤᠷᠴᠢᠨ ᠲᠤᠭᠤᠷᠢᠨ᠂ ᠰᠤᠷᠭᠠᠨ ᠬᠦᠮᠦᠵᠢᠯ ᠡᠮ ᠡᠮᠨᠡᠯᠭᠡ᠂ ᠠᠷᠠᠳ ᠤᠨ ᠠᠮᠢᠳᠤᠷᠠᠯ ᠤᠨ ᠪᠠᠳᠤᠯᠠᠭ᠎ᠠ ᠵᠡᠷᠭᠡ ᠲᠠᠯ᠎ᠡ ᠳᠤ ᠲᠦᠷᠦᠯ ᠵᠦᠢᠯ ᠤᠨ ᠲᠦᠰᠦᠪᠯᠡᠯᠳᠡ ᠬᠢᠵᠤ᠂ ᠲᠤᠳᠠᠭᠳᠠᠯ ᠢ ᠨᠦᠬᠦᠪᠦᠷᠢᠯᠡᠨ ᠲᠡᠰ ᠲᠡᠪᠰᠢᠬᠦ ᠶᠢ ᠠᠬᠢᠭᠤᠯᠬᠤ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠲᠦᠰᠦᠪᠯᠡᠵᠤ ᠭᠠᠷᠭᠠᠨ᠂ ᠵᠢᠯ ᠳᠤ ᠲᠦᠪ᠂ ᠦᠪᠡᠷᠳᠡᠭᠡᠨ ᠵᠠᠰᠠᠬᠤ ᠤᠷᠤᠨ ᠤ ᠲᠤᠰᠬᠠᠢ ᠵᠦᠢᠯ ᠤᠨ ᠪᠡᠯᠡ ᠮᠦᠡᠭᠭᠦ ᠶᠢ 12 ᠳ᠋ᠦᠡᠭᠰᠢᠭᠤᠷ  ᠲᠦᠭᠦᠷᠢᠭ ᠠᠴᠠ ᠲᠡᠭᠡᠭᠰᠢ ᠤᠯᠬᠤ ᠪᠠᠷ ᠴᠢᠷᠮᠠᠶᠢᠨ᠎ᠡ ᠭᠡᠵᠤ ᠶᠠᠷᠢᠨ᠎ᠡ᠃            ᠠᠵᠤ ᠦᠢᠯᠡᠰ ᠤᠨ ᠪᠦᠳᠦᠴᠡ ᠶᠢ ᠪᠦᠬᠦ ᠬᠦᠴᠦᠨ ᠢᠶᠠᠷ ᠰᠢᠯᠢᠳᠡᠭᠵᠢᠭᠦᠯᠵᠤ᠂ ᠴᠢᠨᠠᠷ ᠰᠠᠶᠢᠳᠠᠢ  ᠬᠦᠭᠵᠢᠯᠳᠡ ᠶᠢᠨ ᠨᠦᠬᠡᠴᠡ ᠬᠦᠴᠦᠨ ᠢ ᠨᠡᠮᠡᠭᠳᠡᠭᠦᠯᠦᠨ᠎ᠡ᠃ ᠭᠤᠤ ᠴᠠᠩ ᠯᠢᠶᠠᠩ ᠠᠴᠠ᠄ ᠲᠠᠷᠢᠶᠠᠯᠠᠩ ᠤᠨ ᠶᠡᠷᠦᠩᠭᠡᠶᠢᠯᠡᠭᠰᠡᠨ ᠦᠢᠯᠡᠳᠪᠦᠷᠢᠯᠡᠯ ᠤᠨ ᠴᠢᠳᠠᠪᠬᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠲᠠᠷᠢᠶᠠᠯᠠᠩ ᠤᠨ  ᠤᠰᠤᠨ ᠠᠰᠢᠭᠯᠠᠯᠳᠠ ᠶᠢᠨ ᠰᠠᠭᠤᠷᠢ ᠲᠦᠭᠦᠭᠡᠷᠦᠮᠵᠢ ᠶᠢ ᠪᠦᠷᠢᠨᠰᠢᠭᠦᠯᠦᠨ᠂ ᠵᠢᠯ ᠲᠤᠳᠤᠷ᠎ᠡ ᠦᠨᠳᠦᠷ ᠦᠷ᠎ᠡ ᠠᠰᠢᠭᠳᠤ ᠲᠠᠷᠢᠶᠠᠯᠠᠩ ᠤᠨ ᠤᠰᠤ ᠠᠷᠪᠢᠯᠠᠬᠤ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ 10 ᠲᠦᠮᠡᠨ ᠮᠦ ᠰᠢᠨ᠎ᠡ ᠪᠠᠷ ᠨᠡᠮᠡᠭᠳᠡᠭᠦᠯᠵᠤ᠂ ᠪᠦᠬᠦ ᠬᠤᠰᠢᠭᠤᠨ ᠤ ᠠᠮᠤ ᠪᠤᠳᠠᠭᠠᠨ ᠤ ᠤᠨᠠᠯᠳᠠ ᠶᠢ 10 ᠳ᠋ᠦᠡᠭᠰᠢᠭᠤᠷ ᠵᠢᠩ ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠂ ᠤᠯᠠᠨ ᠵᠦᠢᠯ ᠤᠨ ᠬᠡᠯᠪᠡᠷᠢ ᠶᠢᠨ ᠲᠤᠬᠢᠷᠠᠮᠵᠢᠳᠠᠢ ᠬᠡᠪᠴᠢᠶᠡᠵᠢᠭᠰᠡᠨ ᠡᠵᠡᠩᠨᠡᠯᠳᠡ ᠶᠢ ᠬᠦᠭᠵᠢᠭᠦᠯᠵᠤ᠂ ᠵᠢᠯ ᠲᠤᠳᠤᠷ᠎ᠡ ᠭᠠᠵᠠᠷ ᠰᠢᠷᠤᠢ ᠶᠢᠨ ᠡᠷᠬᠢᠯᠳᠡ ᠶᠢ 10 ᠲᠦᠮᠡᠨ ᠮᠦ ᠪᠡᠶᠡᠯᠡᠭᠦᠯᠦᠨ᠎ᠡ᠃ ᠡᠭᠦᠨ ᠤ ᠬᠠᠮᠳᠤ᠂ ᠪᠡᠯᠡ ᠮᠦᠡᠭᠭᠦᠨ ᠤ ᠤᠷᠤᠭᠤᠯᠤᠯᠳᠠ ᠪᠠᠨ ᠲᠠᠰᠤᠷᠠᠯᠳᠠ ᠦᠭᠡᠢ ᠶᠡᠬᠡᠰᠭᠡᠵᠤ᠂  ᠬᠦᠷᠢᠶᠡᠯᠡᠩ ᠲᠤᠭᠤᠷᠢᠭ ᠤᠨ ᠭᠠᠵᠠᠷ ᠰᠢᠷᠤᠢ ᠶᠢ ᠮᠡᠳᠡᠭᠦᠯᠦᠨ ᠵᠦᠪᠰᠢᠶᠡᠷᠡᠭᠦᠯᠬᠦ ᠶᠢ ᠲᠦᠷᠭᠡᠳᠭᠡᠨ᠂ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠪᠦᠷᠢᠨᠰᠢᠭᠦᠯᠵᠤ᠂ ᠦᠪᠡᠷᠳᠡᠭᠡᠨ ᠵᠠᠰᠠᠬᠤ ᠤᠷᠤᠨ ᠤ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠡᠭᠦᠳᠦᠨ ᠪᠠᠶᠢᠭᠤᠯᠤᠨ᠎ᠡ᠃ ᠵᠢᠯ ᠳᠤ ᠠᠵᠤ ᠦᠢᠯᠡᠳᠪᠦᠷᠢ ᠶᠢᠨ ᠲᠦᠷᠦᠯ ᠵᠦᠢᠯ ᠢ 12 ᠬᠡᠷᠡᠭᠵᠢᠭᠦᠯᠵᠤ᠂ ᠶᠡᠷᠦᠩᠭᠡᠢ ᠪᠡᠯᠡ ᠤᠷᠤᠭᠤᠯᠤᠯᠳᠠ ᠶᠢ 37 ᠳ᠋ᠦᠡᠭᠰᠢᠭᠤᠷ ᠲᠦᠭᠦᠷᠢᠭ ᠤᠨ ᠬᠡᠯᠡᠯᠴᠡᠭᠡᠷ ᠬᠢᠵᠤ᠂ ᠬᠡᠪᠴᠢᠶᠡᠵᠢᠯ ᠠᠴᠠ ᠲᠡᠭᠡᠭᠰᠢ ᠠᠵᠤ ᠦᠢᠯᠡᠳᠪᠦᠷᠢ ᠶᠢᠨ ᠠᠵᠤ ᠠᠬᠤᠢᠢᠯᠠᠯ ᠢ ᠰᠢᠨ᠎ᠡ ᠪᠠᠷ 4 ᠨᠡᠮᠡᠭᠳᠡᠭᠦᠯᠦᠨ᠎ᠡ ᠭᠡᠵᠤ ᠶᠠᠷᠢᠨ᠎ᠡ᠃            ᠬᠤᠳᠠ ᠬᠦᠳᠡᠭᠡ ᠶᠢᠨ ᠨᠢᠭᠡᠳᠦᠯᠳᠠᠢ ᠲᠦᠯᠦᠪᠵᠢᠭᠦᠯᠦᠨ ᠬᠦᠭᠵᠢᠬᠦ ᠶᠢ ᠪᠦᠬᠦ ᠬᠦᠴᠦᠨ ᠢᠶᠠᠷ ᠠᠬᠢᠭᠤᠯᠵᠤ᠂  ᠵᠠᠮ ᠬᠠᠷᠢᠯᠴᠠᠭᠠᠨ ᠤ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠭᠤᠤ ᠴᠠᠩ ᠯᠢᠶᠠᠩ ᠠᠴᠠ᠄ ᠵᠢᠯ ᠲᠤᠳᠤᠷ᠎ᠡ 36 ᠺᠢᠯᠤᠮᠧᠲᠷ ᠤᠨ ᠶᠠᠳᠠᠭᠤ ᠶᠢ ᠲᠡᠳᠭᠦᠬᠦ ᠵᠠᠮ᠂ 17 ᠺᠢᠯᠤᠮᠧᠲᠷ ᠤᠨ ᠮᠦᠡᠭᠭᠦᠨ  ᠲᠤᠬᠤᠢ ᠶᠢᠨ ᠵᠤᠭᠠᠴᠠᠯ ᠤᠨ ᠵᠠᠮ ᠢ ᠪᠠᠷᠢᠯᠭ᠎ᠠ ᠲᠠᠭᠤᠰᠬᠠᠵᠤ ᠲᠡᠷᠭᠡ ᠨᠡᠪᠳᠡᠷᠡᠭᠦᠯᠵᠤ᠂ ᠤᠯᠤᠰ ᠤᠨ ᠵᠠᠮ ᠤᠨ  505 ᠶᠢᠨ ᠬᠤᠶᠠᠳᠤᠭᠠᠷ ᠲᠡᠰ ᠤᠨ ᠵᠠᠰᠠᠮᠠᠯ ᠵᠠᠮ ᠤᠨ ᠬᠦᠷᠢᠶ᠎ᠡ ᠶᠢᠨ ᠬᠡᠰᠡᠭ ᠲᠠᠬᠢ ᠲᠦᠷᠦᠯ ᠵᠦᠢᠯ ᠢ ᠪᠠᠷᠢᠯᠭ᠎ᠠ ᠡᠬᠢᠯᠡᠭᠦᠯᠵᠤ ᠪᠦᠳᠦᠭᠡᠨ ᠪᠠᠶᠢᠭᠤᠯᠬᠤ ᠪᠠᠷ ᠲᠦᠯᠦᠪᠯᠡᠨ᠂ ᠳ᠋ᠦᠡᠭ ᠯᠠᠢ ᠊᠊᠊᠊᠊ ᠬᠦᠷᠢᠶ᠎ᠡ ᠊᠊᠊᠊᠊ ᠹᠦᠰᠢᠨ ᠤ ᠲᠦᠷᠭᠡᠨ ᠤ ᠵᠠᠮ ᠢ ᠢᠳᠡᠪᠬᠢᠳᠠᠢ ᠰᠦᠪᠡᠭᠴᠢᠯᠠᠵᠤ᠂ ᠴᠠᠬᠢᠯᠭᠠᠨ ᠬᠦᠴᠦᠨ ᠤ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ︽ᠲᠤᠤᠷ᠎ᠡ ᠬᠦᠴᠦᠳᠡᠯᠳᠦ︾ ᠵᠡᠷᠭᠡ ᠲᠤᠪᠤᠶᠢᠮ᠎ᠡ ᠠᠰᠠᠭᠤᠳᠠᠯ ᠢ ᠴᠢᠷᠮᠠᠶᠢᠨ ᠰᠢᠢᠳᠪᠦᠷᠢᠯᠡᠵᠤ᠂ ᠲᠤᠤᠷ᠎ᠡ ᠴᠠᠬᠢᠯᠭᠠᠨ ᠲᠤᠤᠷ ᠢ 242 ᠺᠢᠯᠤᠮᠧᠲᠷ ᠵᠠᠰᠠᠨ ᠰᠢᠨᠡᠳᠭᠡᠵᠤ᠂ 5G ᠰᠠᠭᠤᠷᠢ ᠦᠷᠳᠡᠭᠡ ᠶᠢᠨ ᠪᠠᠶᠢᠷᠢᠯᠠᠭᠤᠯᠤᠳᠠ ᠶᠢ ᠰᠦᠪᠡᠭᠴᠢᠯᠡᠨ᠂ ᠭᠡᠷᠡᠯᠯᠢᠭ ᠦᠷᠭᠡᠨ ᠪᠦᠰᠡ ᠶᠢᠨ ᠰᠦᠯᠵᠢᠶ᠎ᠡ ᠶᠢᠨ ᠵᠠᠰᠠᠭ ᠵᠠᠬᠢᠷᠭᠠᠨ ᠤ  ᠭᠠᠴᠠᠭ᠎ᠠ ᠲᠤᠰᠬᠤᠨ ᠳᠤ ᠨᠡᠪᠳᠡᠷᠡᠬᠦ ᠶᠢ ᠪᠡᠶᠡᠯᠡᠭᠦᠯᠵᠤ᠂ ᠴᠢᠨᠠᠷ ᠰᠠᠶᠢᠳᠠᠢ ᠬᠦᠭᠵᠢᠯᠳᠡ ᠶᠢᠨ ᠲᠤᠭᠳᠠᠴᠠ ᠶᠢ  ᠪᠠᠶᠢᠭᠤᠯᠤᠨ᠎ᠡ ᠭᠡᠵᠤ ᠶᠠᠷᠢᠨ᠎ᠡ᠃         ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠳᠠᠢ ᠬᠦᠭᠵᠢᠯᠳᠡ ᠶᠢᠨ ᠲᠤᠳᠠᠭᠳᠠᠯ ᠢ ᠨᠦᠬᠦᠪᠦᠷᠢᠯᠡᠨ᠎ᠡ᠃ ᠭᠤᠤ ᠴᠠᠩ ᠯᠢᠶᠠᠩ ᠠᠴᠠ᠄ ᠪᠡᠯᠡ ᠮᠦᠡᠭᠭᠦᠨ ᠤ  ᠲᠦᠷᠦᠯ ᠵᠦᠢᠯ ᠢᠶᠠᠷ ᠲᠡᠮᠵᠢᠬᠦ ᠪᠠᠨ ᠶᠡᠬᠡᠰᠭᠡᠵᠤ᠂ ᠠᠵᠤ ᠦᠢᠯᠡᠰ ᠢ ᠨᠡᠩ ᠬᠦᠭᠵᠢᠭᠦᠯᠵᠤ᠂ ᠵᠢᠯ ᠲᠤᠳᠤᠷ᠎ᠡ ᠬᠠᠮᠳᠤ ᠶᠢᠨ ᠠᠵᠤ ᠠᠬᠤᠢ ᠶᠢᠨ ᠤᠷᠤᠯᠭ᠎ᠠ 3 ᠲᠦᠮᠡᠨ ᠲᠦᠭᠦᠷᠢᠭ ᠠᠴᠠ ᠲᠡᠭᠡᠭᠰᠢᠬᠢ ᠭᠠᠴᠠᠭ᠎ᠠ ᠲᠤᠰᠬᠤᠨ ᠤ ᠬᠠᠷᠢᠴᠠᠯ ᠢ 65% ᠳᠤ ᠬᠦᠷᠭᠡᠨ᠂ 5 ᠲᠦᠮᠡᠨ ᠲᠦᠭᠦᠷᠢᠭ ᠠᠴᠠ ᠲᠡᠭᠡᠭᠰᠢ ᠤᠷᠤᠯᠭ᠎ᠠ ᠲᠠᠢ ᠭᠠᠴᠠᠭ᠎ᠠ ᠲᠤᠰᠬᠤᠨ ᠤ ᠬᠠᠷᠢᠴᠠᠯ ᠢ 40% ᠳᠤ ᠬᠦᠷᠭᠡᠬᠦ ᠶᠢ ᠪᠠᠳᠤᠯᠠᠵᠤ᠂ ᠤᠷᠤᠰᠢᠨ ᠠᠮᠢᠳᠤᠷᠠᠬᠤ ᠳᠤ ᠭᠤᠶᠤ ᠰᠠᠶᠢᠬᠠᠨ ᠬᠦᠳᠡᠭᠡ  ᠲᠤᠰᠬᠤᠨ ᠢ ᠪᠠᠶᠢᠭᠤᠯᠤᠨ᠂ ᠵᠢᠯ ᠲᠤᠳᠤᠷ᠎ᠡ ᠠᠶᠤᠯᠭᠦᠢ ᠤᠤᠭᠤᠬᠤ ᠤᠰᠤᠨ ᠤ ᠢᠨᠵᠧᠨᠧᠷᠢᠩ ᠢ 13 ᠲᠠᠭᠤᠰᠬᠠᠵᠤ᠂  2500 ᠬᠦᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠂ ᠬᠦᠳᠡᠭᠡ ᠶᠢᠨ ᠪᠤᠯᠪᠠᠰᠤᠨ ᠰᠤᠷᠳᠠᠯ ᠢ ᠲᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠵᠤ᠂ ᠵᠢᠯ ᠳᠤ ᠬᠤᠰᠢᠭᠤᠨ ᠲᠡᠰ ᠠᠴᠠ ᠲᠡᠭᠡᠭᠰᠢᠬᠢ ᠪᠤᠯᠪᠠᠰᠤᠨ ᠭᠠᠴᠠᠭ᠎ᠠ ᠲᠤᠰᠬᠤᠨ ᠪᠠᠯᠭᠠᠰᠤᠨ ᠤ ᠬᠠᠷᠢᠴᠠᠯ ᠢ  90% ᠠᠴᠠ ᠲᠡᠭᠡᠭᠰᠢ  ᠬᠦᠷᠭᠡᠬᠦ ᠶᠢ ᠪᠠᠳᠤᠯᠠᠨ᠎ᠡ ᠭᠡᠵᠤ ᠶᠠᠷᠢᠨ᠎ᠡ᠃            ᠪᠦᠬᠦ ᠬᠦᠴᠦᠨ ᠢᠶᠠᠷ ᠦᠭᠡᠷᠡᠴᠢᠯᠡᠯᠳᠡ ᠨᠡᠭᠡᠭᠡᠯᠳᠡ ᠬᠢᠵᠤ ᠰᠢᠨ᠎ᠡ ᠶᠢ ᠡᠭᠦᠳᠦᠨ᠂ ᠴᠢᠨᠠᠷ ᠰᠠᠶᠢᠳᠠᠢ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠭᠤᠤ ᠴᠠᠩ ᠯᠢᠶᠠᠩ ᠠᠴᠠ᠄ ᠮᠠᠨ ᠤ ᠬᠤᠰᠢᠭᠤᠨ ᠤ ᠡᠬᠢ ᠪᠠᠶᠠᠯᠢᠭ ᠤᠨ ᠲᠠᠪᠠᠭᠤᠯᠢᠭ ᠠᠴᠠ ᠵᠤᠭᠰᠤᠯᠳᠠ ᠠᠪᠴᠤ᠂ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠳᠡ᠂ ᠪᠤᠬᠢᠷᠳᠤᠯ ᠦᠭᠡᠢ ᠢᠳᠡᠭᠡᠨ ᠡᠳ᠋ᠰᠢᠭᠦᠯᠬᠦ ᠵᠡᠷᠭᠡ ᠠᠵᠤ ᠦᠢᠯᠡᠰ ᠤᠨ ᠬᠡᠯᠬᠢᠶ᠎ᠡ ᠲᠡᠭᠡᠷ᠎ᠡ ᠲᠤᠮᠤ ᠶᠢ ᠤᠷᠢᠵᠤ ᠬᠦᠴᠦᠷᠭᠡᠭ ᠢ ᠤᠷᠤᠭᠤᠯᠤᠨ᠂ ᠤᠷᠤᠨ ᠪᠠᠶᠢᠷᠢ ᠶᠢᠨ ᠲᠠᠪᠠᠭᠤᠯᠢᠭ ᠪᠠ ᠭᠠᠵᠠᠷ ᠰᠢᠷᠤᠢ ᠶᠢᠨ ᠡᠬᠢ ᠪᠠᠶᠠᠯᠢᠭ ᠤᠨ ᠲᠠᠪᠠᠭᠤᠯᠢᠭ ᠲᠠᠭᠠᠨ ᠲᠦᠰᠢᠭᠯᠡᠵᠤ ᠪᠠᠶᠢᠭᠠᠳ ᠤᠡᠭᠭᠤᠴᠠ ᠵᠢᠭᠡᠯᠡᠨ ᠲᠠᠯᠠᠢ ᠶᠢ ᠭᠠᠳᠤᠯᠵᠤ᠂ ᠱᠠᠳᠤ ᠵᠢᠭᠡᠯᠡᠨ ᠦᠨᠳᠦᠷ ᠲᠤ ᠠᠪᠠᠷᠢᠬᠤ ᠶᠢ ᠪᠡᠶᠡᠯᠡᠭᠦᠯᠦᠨ᠎ᠡ᠃ ᠲᠦᠷᠪᠡᠨ ᠪᠠᠭ ᠤᠨ ᠤᠳᠤᠷᠢᠳᠬᠤ ᠺᠠᠳ᠋ᠷ ᠲᠦᠷᠦᠭᠦᠯᠡᠨ  ᠬᠤᠳᠠᠯᠳᠤᠭᠠᠴᠢᠨ ᠤᠷᠢᠬᠤ ᠪᠠᠨ ᠴᠢᠩᠭᠠᠷᠠᠭᠤᠯᠵᠤ᠂ ᠪᠦᠬᠦ ᠠᠷᠠᠳ ᠢᠶᠠᠷ ᠬᠤᠳᠠᠯᠳᠤᠭᠠᠴᠢᠨ ᠤᠷᠢᠬᠤ ᠶᠢ ᠵᠤᠷᠢᠬᠵᠢᠭᠤᠯᠤᠨ᠂ ᠵᠢᠯ ᠳᠤ ᠳ᠋ᠦᠡᠭᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠦᠢᠯ ᠢ 5 ᠤᠷᠤᠭᠤᠯᠵᠤ᠂ 5 ᠳ᠋ᠦᠡᠭᠰᠢᠭᠤᠷ ᠲᠦᠭᠦᠷᠢᠭ ᠤᠨ ᠪᠡᠯᠡ ᠮᠦᠡᠭᠭᠦ ᠶᠢ ᠤᠷᠤᠨ ᠪᠠᠶᠢᠷᠢ ᠳᠤᠨᠢ ᠬᠦᠷᠬᠡᠭᠦ ᠪᠠᠷ ᠴᠢᠷᠮᠠᠶᠢᠨ᠎ᠡ ᠭᠡᠵᠤ  ᠶᠠᠷᠢᠨ᠎ᠡ᠃          ᠨᠡᠶᠢᠭᠡᠮ ᠤᠨ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠰᠠᠶᠢᠵᠢᠷᠠᠭᠤᠯᠵᠤ᠂ ᠴᠢᠨᠠᠷ ᠰᠠᠶᠢᠳᠠᠢ  ᠬᠦᠭᠵᠢᠯᠳᠡ ᠶᠢᠨ ᠦᠷ᠎ᠡ ᠪᠦᠳᠦᠭᠡᠯ ᠢ ᠴᠤᠭᠭᠠᠷ ᠡᠳ᠋ᠯᠡᠨ᠎ᠡ᠃ ᠭᠤᠤ ᠴᠠᠩ ᠯᠢᠶᠠᠩ ᠠᠴᠠ᠄ ᠠᠵᠢᠯ ᠤᠯᠭᠤᠯᠳᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠵᠤ᠂ ᠲᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠲᠠᠷᠢᠶᠠᠴᠢᠨ ᠬᠦᠯᠦᠰᠦᠨ ᠠᠵᠢᠯᠴᠢᠨ᠂ ᠬᠠᠯᠠᠭᠳᠠᠭᠰᠠᠨ ᠴᠡᠷᠢᠭ ᠤᠨ ᠠᠵᠢᠯ ᠤᠯᠵᠤ ᠦᠢᠯᠡᠰ ᠪᠦᠳᠦᠭᠡᠬᠦ ᠠᠵᠢᠯ ᠢ ᠲᠤᠪᠤᠶᠢᠮ᠎ᠡ ᠰᠠᠶᠢᠳᠤᠷ ᠬᠢᠵᠤ᠂ ᠬᠦᠳᠡᠭᠡ ᠪᠤᠴᠠᠵᠤ ᠦᠢᠯᠡᠰ  ᠪᠦᠳᠦᠭᠡᠬᠦ ᠶᠢ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠪᠦᠬᠦ ᠤᠨ ᠳᠤ ᠬᠤᠳᠠ  ᠪᠠᠯᠭᠠᠰᠤᠨ ᠤ ᠰᠢᠨ᠎ᠡ ᠨᠡᠮᠡᠭᠳᠡᠬᠦ ᠠᠵᠢᠯ ᠤᠯᠭᠤᠯᠳᠠ ᠶᠢ 1300 ᠬᠦᠮᠦᠨ ᠳᠤ ᠪᠠᠳᠤᠯᠠᠵᠤ᠂ ᠲᠠᠩᠰᠠᠯᠠᠭᠰᠠᠨ ᠠᠵᠢᠯ  ᠠᠯᠳᠠᠭᠰᠠᠨ ᠨᠤᠷᠮ᠎ᠡ ᠶᠢ 3.9% ᠲᠤᠳᠤᠷ᠎ᠡ ᠡᠵᠡᠮᠰᠢᠨ᠎ᠡ᠃ ᠬᠦᠳᠡᠭᠡ ᠲᠤᠰᠬᠤᠨ ᠤ ᠬᠦᠳᠡᠯᠮᠦᠷᠢ ᠬᠦᠴᠦᠨ ᠤ 3.6 ᠲᠦᠮᠡᠨ ᠬᠦᠮᠦᠨ ᠤᠳᠠᠭ᠎ᠠ ᠶᠢ ᠰᠢᠯᠵᠢᠭᠦᠯᠦᠨ ᠠᠵᠢᠯ ᠤᠯᠭᠤᠵᠤ᠂ ᠪᠠᠭ᠎ᠠ ᠲᠤᠭᠠᠨ ᠤ ᠪᠠᠳᠤᠯᠠᠭᠠᠳᠤ ᠵᠢᠭᠡᠯᠡᠯᠭᠡ ᠶᠢ 1500 ᠲᠦᠮᠡᠨ ᠲᠦᠭᠦᠷᠢᠭ ᠲᠠᠯᠪᠢᠵᠤ᠂ 300 ᠬᠦᠮᠦᠨ ᠢ ᠲᠡᠳᠭᠦᠨ ᠠᠵᠢᠯ ᠤᠯᠭᠤᠵᠤ᠂ 500 ᠬᠦᠮᠦᠨ ᠢ  ᠲᠠᠶᠢᠴᠢᠯᠠᠨ ᠠᠵᠢᠯ ᠤᠯᠭᠤᠨ᠎ᠡ ᠭᠡᠵᠤ ᠶᠠᠷᠢᠨ᠎ᠡ᠃      
 
ᠢᠷᠡᠯᠲᠡ᠄ ︽ᠲᠦᠩᠯᠢᠶᠦᠥ ᠶᠢᠨ ᠡᠳᠦᠷ ᠤᠨ ᠰᠣᠨᠢᠨ︾ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号