ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2019-03-07
   2 ᠰᠠᠷ᠎ᠠ ᠶᠢᠨ 27 ᠤ ᠡᠳᠦᠷ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠪᠡ᠃ ᠬᠤᠰᠢᠭᠤᠨ ᠤ ᠣᠳᠣᠷᠢᠳᠣᠯᠭ᠎ᠠ ᠦ᠋ ᠴᠢᠩ ᠬᠠᠢ᠂ ᠭᠤᠣ ᠮᠢᠩ᠂ ᠶᠤᠸᠠᠨ ᠮᠠᠨ ᠴᠤᠸᠠᠨ᠂  ᠪᠣᠦ ᠸᠧᠨ ᠯᠠᠨ᠂ ᠸᠠᠩ ᠶᠥᠩ᠂ ᠸᠠᠩ ᠰᠢᠤᠸᠠᠢ ᠵᠢᠶᠠᠨ ᠬᠤᠷᠠᠯ ᠳᠤ ᠰᠠᠭᠠᠲᠠᠪᠠ᠃  

   

    ᠬᠤᠷᠠᠯ ᠳᠤ᠂ ᠦ᠋ ᠴᠢᠩ ᠬᠠᠢ ᠴᠢᠩᠭᠠᠳᠬᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ

ᠲᠠᠬᠡᠭᠰᠢᠯᠡᠭᠦᠯᠵᠦ᠂ ᠲᠣᠰᠬᠤᠨ ᠳᠤ ᠣᠴᠢᠵᠦ ᠡᠷᠦᠬᠡ ᠪᠠᠷ ᠲᠣᠭᠤᠷᠢᠵᠦ᠂ ᠮᠠᠨ ᠤ ᠬᠤᠰᠢᠭᠤᠨ ᠤ ᠶᠠᠳᠠᠭᠤ

ᠬᠦᠴᠢᠷᠲᠠᠢ ᠡᠷᠦᠬᠡ ᠪᠦᠷᠢ ᠶᠢ ᠪᠦᠭᠦ ᠲᠠᠯ᠎ᠠ ᠪᠠᠷ᠂ ᠨᠠᠷᠢᠨ ᠬᠢᠨᠠᠮᠠᠭᠠᠢ ︽ᠡᠷᠭᠢᠨ ᠬᠠᠷᠠᠵᠤ︾ ᠦᠵᠡᠵᠦ᠂ ᠶᠠᠳᠠᠭᠤ

ᠬᠦᠴᠢᠷᠲᠠᠢ ᠡᠷᠦᠬᠡ ᠶᠢ ᠠᠵᠦ ᠦᠢᠯᠡᠰ ᠪᠠᠷ ᠶᠠᠳᠠᠭᠤ ᠶᠢ ᠲᠡᠳᠭᠦᠭᠦ᠂ ᠰᠤᠷᠭᠠᠨ ᠬᠦᠮᠦᠵᠢᠯ ᠢᠶᠠᠷ ᠶᠠᠳᠠᠭᠤ ᠶᠢ

ᠲᠡᠳᠭᠦᠭᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠭᠦᠭᠦ ᠵᠡᠷᠬᠡ ᠶᠠᠳᠠᠭᠤ ᠶᠢ ᠲᠡᠳᠭᠦᠭᠦ ᠲᠦᠷᠦ ᠶᠢᠨ ᠪᠣᠳᠣᠯᠭ᠎ᠠ ᠶᠢ

ᠨᠠᠶᠢᠳᠠᠪᠣᠷᠢᠵᠢᠭᠤᠯᠣᠭᠰᠠᠨ ᠪᠠᠶᠢᠳᠠᠯ ᠢ ᠨᠠᠷᠢᠨ ᠣᠶᠢᠯᠠᠭᠠᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠣᠬᠠᠢ ᠳᠤᠨᠢ

ᠰᠢᠢᠳᠪᠦᠷᠢᠯᠡᠵᠦ᠂ ᠡᠯ᠎ᠡ ᠲᠦᠷᠦᠯ ᠵᠦᠢᠯ ᠤᠨ ᠲᠤᠭ᠎ᠠ ᠪᠠᠷᠢᠮᠲᠠ ᠶᠢ ᠲᠡᠭᠦᠯᠳᠡᠷᠵᠢᠭᠦᠯᠦᠨ᠂ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠢᠯ ᠢᠶᠠᠨ ᠰᠠᠶᠢᠲᠣᠷ ᠬᠢᠵᠦ

ᠲᠣᠣᠰᠯᠠᠭᠤᠯᠬᠤ ᠬᠡᠷᠡᠭᠲᠡᠢ᠃ ᠠᠷᠠᠳ ᠣᠯᠠᠨ ᠳᠤ ᠣᠨᠣᠪᠴᠢᠲᠠᠢ ᠪᠠᠷ ᠶᠠᠳᠠᠭᠤ ᠶᠢ ᠲᠡᠳᠭᠦᠵᠦ ᠶᠠᠳᠠᠭᠤ ᠠᠴᠠ

ᠠᠩᠭᠢᠵᠢᠷᠠᠭᠤᠯᠬᠤ ᠬᠠᠮᠤᠭ ᠰᠢᠨ᠎ᠡ ᠲᠦᠷᠦ ᠶᠢᠨ ᠪᠣᠳᠣᠯᠭ᠎ᠠ ᠶᠢ ᠣᠬᠠᠭᠤᠯᠣᠨ᠂ ᠶᠠᠳᠠᠭᠤ ᠬᠦᠴᠢᠷᠲᠡᠢ ᠠᠷᠠᠳ

ᠣᠯᠠᠨ ᠤ ᠶᠠᠳᠠᠭᠤ ᠶᠢ ᠲᠡᠳᠭᠦᠭᠦ ᠠᠵᠢᠯ ᠳᠠᠬᠢ ᠬᠠᠨᠣᠮᠵᠢᠲᠦ ᠪᠠᠶᠢᠳᠠᠯ ᠢ ᠲᠡᠭᠡᠭᠰᠢᠯᠡᠭᠦᠯᠦᠨ᠂ ᠠᠵᠢᠯ ᠤᠨ ᠦᠷ᠎ᠡ

ᠪᠦᠲᠦᠮᠵᠢ ᠶᠢ ᠪᠠᠲᠣᠯᠠᠵᠦ᠂ ᠶᠠᠳᠠᠭᠤ ᠬᠦᠴᠢᠷᠲᠠᠢ ᠡᠲᠡᠬᠡᠳ ᠤᠨ ᠶᠠᠳᠠᠭᠤ ᠠᠴᠠ ᠠᠩᠬᠢᠵᠢᠷᠠᠨ ᠲᠠᠬᠢᠵᠦ ᠶᠠᠳᠠᠭᠤᠷᠠᠬᠤ

ᠦᠬᠡᠢ ᠶᠢ ᠪᠠᠲᠣᠯᠠᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠠᠷᠠᠳ ᠣᠯᠠᠨ ᠤ ᠰᠡᠳᠬᠢᠯ ᠤᠨ ᠭᠦᠨ ᠳᠤ

ᠬᠦᠷᠬᠡᠨ᠎ᠡ᠃ ᠣᠨᠣᠪᠴᠢᠲᠠᠢ ᠪᠠᠷ ᠶᠠᠳᠠᠭᠤ ᠶᠢ ᠲᠡᠳᠭᠦᠭᠦ ᠳᠠᠩᠰᠠ ᠡᠪᠬᠡᠮᠡᠯ ᠤᠨ ᠠᠵᠢᠯ ᠤᠨ ᠲᠦᠷᠢᠮᠵᠢᠭᠰᠡᠨ ᠪᠣᠯᠣᠨ

ᠰᠣᠷᠠᠭ ᠵᠠᠩᠬᠢᠴᠢᠯᠠᠭᠰᠠᠨ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠳᠠᠩᠰᠠ ᠡᠪᠬᠡᠮᠡᠯ ᠤᠨ

ᠠᠵᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠭᠦ ᠠᠵᠢᠯ ᠤᠨ ᠲᠣᠮᠲᠠᠬᠢ ᠦᠢᠯᠡᠳᠦᠯ ᠢ ᠨᠡᠩ ᠶᠡᠭᠡ ᠪᠠᠷ

ᠪᠠᠳᠠᠷᠠᠭᠤᠯᠣᠨ᠎ᠠ᠃ ᠣᠯᠠᠨ ᠵᠦᠢᠯ ᠤᠨ ᠠᠷᠭ᠎ᠠ ᠠᠪᠴᠢᠯ ᠢ ᠬᠡᠷᠡᠭᠯᠡᠨ ᠵᠠᠬᠢᠳᠠᠯ ᠰᠣᠷᠪᠣᠯᠵᠢᠯᠠᠭ᠎ᠠ ᠶᠢᠨ ᠲᠣᠭᠲᠠᠭᠤᠨ ᠢ

ᠬᠠᠮᠠᠭᠠᠯᠠᠬᠤ ᠠᠵᠢᠯ ᠢ ᠰᠠᠶᠢᠲᠣᠷ ᠬᠢᠵᠦ᠂ ᠠᠮᠦᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠠᠵᠢᠯ ᠤᠨ

ᠬᠦᠴᠦᠯᠡᠴᠡ ᠪᠠᠨ ᠪᠦᠬᠦ ᠲᠠᠯ᠎ᠠ ᠪᠠᠷ ᠴᠢᠩᠭᠠᠳᠬᠠᠵᠦ᠂ ᠣᠷᠣᠰᠢᠵᠦ ᠪᠠᠶᠢᠭ᠎ᠠ ᠠᠰᠠᠭᠤᠳᠠᠯ ᠢ ᠴᠠᠭ ᠲᠣᠬᠠᠢ ᠳᠤᠨᠢ

ᠰᠢᠢᠳᠪᠦᠷᠢᠯᠡᠵᠦ᠂ ᠬᠡᠮ ᠰᠣᠭᠤᠭ ᠢ ᠴᠡᠭᠴᠡᠯᠡᠨ ᠵᠠᠰᠠᠬᠤ ᠠᠵᠢᠯ ᠢ ᠲᠤᠶᠢᠯᠪᠣᠷᠢᠲᠠᠢ ᠬᠢᠵᠦ᠂ ᠪᠦᠭᠦ ᠬᠦᠴᠦᠨ ᠢᠶᠠᠷ

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ  ᠲᠠᠶᠢᠯᠠᠯᠳᠣᠭᠠᠨ ᠤ ᠢᠯᠠᠯᠲᠠ ᠶᠢ ᠣᠯᠬᠤ ᠪᠠᠷ ᠴᠢᠷᠮᠠᠶᠢᠬᠤ

ᠬᠡᠷᠡᠭᠲᠡᠢ ᠭᠡᠵᠡᠢ᠃

     ᠬᠤᠷᠠᠯ ᠳᠤ᠂ ᠭᠤᠣ ᠮᠢᠩ ᠠᠴᠠ ︽ᠦᠪᠦᠷ ᠮᠣᠩᠭᠤᠯ ᠤᠨ ᠦᠪᠡᠷᠲᠡᠬᠡᠨ ᠵᠠᠰᠠᠬᠤ ᠣᠷᠣᠨ ᠤ ᠶᠠᠳᠠᠭᠤ

ᠬᠦᠴᠢᠷᠲᠡᠢ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠢ ᠬᠠᠮᠢᠶᠠᠷᠬᠤ ᠮᠡᠳᠡᠭᠳᠡᠯ︾ ᠢ ᠣᠩᠰᠢᠨ ᠲᠠᠶᠢᠯᠪᠣᠷᠢᠯᠠᠭᠰᠠᠨ

ᠮᠦᠷᠲᠡᠬᠡᠨ ᠣᠯᠣᠰ ᠲᠦᠷᠦ ᠶᠢᠨ ᠵᠣᠭᠰᠣᠯᠲᠠ ᠪᠠᠨ ᠦᠨᠳᠣᠷᠵᠢᠭᠦᠯᠵᠦ᠂ ᠦᠵᠡᠯ ᠰᠠᠨᠠᠭ᠎ᠠ ᠲᠠᠨᠢᠯᠲᠠ ᠪᠠᠨ

ᠬᠦᠨᠵᠡᠭᠡᠶᠢᠷᠡᠭᠦᠯᠵᠦ᠂ ᠪᠦᠭᠦ ᠰᠡᠳᠬᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠳᠤ

ᠣᠷᠣᠯᠴᠠᠬᠤ ᠬᠡᠷᠡᠭᠲᠡᠢ᠃ ᠬᠠᠷᠢᠭᠤᠴᠠᠯᠭᠠᠲᠣ ᠰᠡᠳᠭᠢᠯᠬᠡ ᠪᠠᠨ ᠴᠢᠩᠭᠠᠳᠬᠠᠵᠦ᠂ ᠠᠵᠢᠯ ᠤᠨ ᠪᠣᠳᠠᠲᠣ ᠦᠷ᠎ᠡ

ᠪᠦᠲᠦᠮᠵᠢ ᠪᠠᠨ ᠲᠡᠬᠡᠭᠰᠢᠯᠡᠭᠦᠯᠵᠦ᠂ ᠡᠯ᠎ᠡ ᠰᠣᠮᠦ ᠪᠠᠯᠭᠠᠰᠦ ᠣᠢ ᠰᠢᠭᠤᠢ ᠶᠢᠨ ᠲᠠᠯᠠᠪᠠᠢ ᠶᠢᠨ ᠨᠠᠮ ᠤᠨ ᠬᠤᠷᠢᠶ᠎ᠠ

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠤᠨ ᠪᠣᠲᠠᠲᠠᠢ ᠬᠠᠷᠢᠭᠤᠴᠠᠯᠭ᠎ᠠ ᠶᠢ ᠡᠭᠦᠷᠬᠡᠯᠡᠵᠦ᠂

ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠦᠪᠡᠷ ᠤᠨ ᠪᠡᠶ᠎ᠡ ᠪᠠᠷ ᠢᠶᠠᠨ ᠵᠢᠯᠣᠭᠤᠳᠣᠨ ᠳᠠᠶᠢᠴᠢᠯᠠᠵᠦ᠂

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠤᠨ ᠬᠠᠷᠢᠭᠤᠴᠠᠯᠭ᠎ᠠ ᠶᠢ ᠦᠨᠡᠨᠬᠦ ᠡᠭᠦᠷᠬᠡᠯᠡᠨ᠎ᠡ᠃

ᠦᠢᠯᠡᠴᠢᠯᠡᠬᠡᠨ ᠤ ᠴᠢᠳᠠᠪᠬᠢ ᠪᠠᠨ ᠲᠡᠬᠡᠭᠰᠢᠯᠡᠭᠦᠯᠦᠨ᠂ ᠦᠢᠯᠡᠴᠢᠯᠡᠭᠡ ᠶᠢ ᠲᠠᠷᠢᠶᠠᠯᠠᠬᠤ ᠮᠠᠯᠵᠢᠬᠤ ᠣᠷᠣᠨ ᠤ

ᠦᠨᠳᠣᠰᠣᠨ ᠱᠠᠲᠣᠨ ᠳᠤ ᠬᠦᠷᠬᠡᠵᠦ᠂ ᠵᠣᠬᠢᠶᠠᠨ ᠪᠠᠶᠢᠭᠤᠯᠬᠤ ᠬᠦᠴᠦᠨ ᠢᠶᠠᠨ ᠦᠢᠯᠡᠴᠢᠯᠡᠬᠡᠨ ᠤ ᠬᠦᠴᠦᠨ ᠪᠣᠯᠭᠠᠨ

ᠳᠡᠬᠡᠭᠰᠢᠯᠡᠭᠦᠯᠭᠦ ᠶᠢ ᠱᠠᠭᠠᠷᠳᠠᠵᠠᠢ᠃

    ᠬᠤᠷᠠᠯ ᠳᠤ᠂ ᠶᠤᠸᠠᠨ ᠮᠠᠨ ᠴᠤᠸᠠᠨ᠂ ᠸᠠᠩ ᠶᠥᠩ᠂ ᠸᠠᠩ ᠰᠢᠤᠸᠠᠢ ᠵᠢᠶᠠᠨ ᠠᠴᠠ ᠮᠠᠨ ᠤ ᠬᠤᠰᠢᠭᠤᠨ ᠤ

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠤᠨ ᠳᠠᠷᠠᠭᠠᠴᠢ ᠶᠢᠨ ᠠᠯᠬᠤᠮ ᠳᠤ

ᠪᠠᠶᠢᠷᠢᠰᠢᠭᠤᠯᠣᠯᠲᠠ ᠬᠢᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号