4 ᠳ᠋ᠦ᠋ᠭᠡᠷ ᠰᠠᠷ᠎ᠠ ᠠᠴᠠ ᠡᠬᠢᠯᠡᠨ ᠡᠳᠡᠭᠡᠷ ᠰᠢᠨ᠎ᠡ ᠲᠣᠭᠲᠠᠭᠠᠯ ᠤᠳ ᠲᠠ ᠪᠢᠳᠡᠨ ᠤ ᠠᠮᠢᠳᠣᠷᠠᠯ ᠢ ᠨᠦᠯᠦᠭᠡᠯᠡᠨ᠎ᠡ
ᠨᠡᠶᠢᠲᠡᠯᠡᠭᠰᠡᠨ ᠴᠠᠭ᠄
2019-04-02
    ᠦᠢᠯᠡᠳᠭᠦ ᠦᠢᠯᠡᠰ ᠵᠡᠷᠭᠡ ᠠᠵᠢᠯ ᠲᠦᠷᠦᠯ ᠤᠨ  ᠨᠡᠮᠡᠭᠳᠡᠯ ᠦᠷᠳᠡᠭ ᠤᠨ ᠭᠠᠶᠢᠯᠢ ᠶᠢ 16% ᠪᠠᠶᠢᠭᠰᠠᠨ ᠠᠴᠠ ᠨᠢ 13% ᠪᠣᠯᠭᠠᠨ ᠪᠠᠭᠤᠷᠠᠭᠤᠯᠣᠨ᠎ᠠ︔ ᠳᠣᠮᠳᠠᠳᠣ ᠪᠠᠭ᠎ᠠ ᠰᠣᠷᠭᠠᠭᠤᠯᠢ᠂ ᠴᠡᠴᠡᠷᠯᠢᠭ ᠤᠨ ᠬᠠᠷᠢᠭᠤᠴᠠᠯᠭᠠᠲᠠᠳ᠂ ᠭᠡᠷ ᠤᠨ ᠠᠬᠠᠮᠠᠳ ᠬᠠᠮᠲᠣ ᠬᠤᠭᠤᠯᠠᠯᠬᠤ ᠳᠦᠷᠢᠮ ᠢ ᠭᠠᠷᠭᠠᠨ᠎ᠠ︔ ᠴᠠᠬᠢᠯᠭᠠᠨ ᠬᠦᠳᠡᠯᠬᠡᠭᠦᠷᠲᠦ ᠳᠣᠭᠤᠢ ᠶᠢᠨ ︽ᠣᠯᠣᠰ ᠤᠨ ᠰᠢᠨ᠎ᠡ ᠪᠠᠷᠢᠮᠵᠢᠶ᠎ᠠ︾ ᠶᠢ 4 ᠰᠠᠷ᠎ᠠ ᠶᠢᠨ 15 ᠠᠴᠠ ᠡᠬᠢᠯᠡᠨ ᠬᠡᠷᠡᠭᠵᠢᠭᠦᠯᠦᠨ᠎ᠡ  ︔  4 ᠰᠠᠷ᠎ᠠ ᠳᠤ ᠲᠠ ᠪᠢᠳᠡᠨ ᠤ ᠠᠵᠢᠯ ᠠᠮᠢᠳᠣᠷᠠᠯ ᠳᠤ ᠬᠤᠯᠪᠣᠭᠳᠠᠬᠤ ᠪᠠᠰᠠ ᠨᠢᠭᠡ ᠪᠦᠯᠦᠭ ᠰᠢᠨ᠎ᠡ ᠬᠠᠣᠯᠢ ᠳᠦᠷᠢᠮ ᠭᠠᠷᠴᠦ ᠢᠷᠡᠯ᠎ᠡ᠃                     ᠬᠢᠯᠢ ᠪᠠᠷ ᠣᠷᠣᠵᠦ ᠭᠠᠷᠬᠤ ᠦᠨᠡᠮᠯᠡᠯ ᠢ ᠪᠦᠭᠦ                   ᠣ᠊‍ᠯᠣᠰ ᠤᠨ ᠬᠡᠪᠴᠢᠶᠡᠨ  ᠳᠤ ᠨᠡᠶᠢᠳᠡᠮ  ᠬᠢᠨ᠎ᠡ       4 ᠰᠠᠷ᠎ᠠ ᠶᠢᠨ 1 ᠠᠴᠠ ᠡᠬᠢᠯᠡᠨ᠂ ᠡᠩ ᠤᠨ ᠫᠠᠰᠫᠣᠷᠲ᠂ ᠰᠢᠶᠠᠩᠭᠠᠩ ᠣᠣᠮᠧᠨ ᠳᠤ ᠨᠡᠪᠲᠡᠷᠡᠬᠦ ᠭᠡᠷᠡᠴᠢ᠂ ᠲᠠᠶᠢᠸᠠᠨ ᠳᠤ ᠨᠡᠪᠲᠡᠷᠡᠬᠦ ᠭᠡᠷᠡᠴᠢ ᠵᠡᠷᠭᠡ ᠪᠢᠴᠢᠭ ᠲᠡᠮᠳᠡᠭ ᠢ ︽ᠪᠦᠭᠦ ᠣᠯᠣᠰ ᠤᠨ ᠬᠡᠪᠴᠢᠶᠡᠨ ᠳᠤ ᠨᠡᠶᠢᠳᠡᠮ ᠬᠢᠭᠦ︾  ᠶᠢ ᠬᠡᠷᠡᠭᠵᠢᠭᠦᠯᠦᠨ᠎ᠡ᠃ ᠲᠠᠷᠣᠢ ᠲᠣᠮᠳᠠᠲᠣ ᠣᠯᠣᠰ ᠤᠨ ᠡᠬᠡ  ᠬᠠᠭᠤᠷᠠᠢ ᠶᠢᠨ ᠬᠦᠮᠦᠰ ᠣᠯᠣᠰ ᠤᠨ ᠳᠤᠷ᠎ᠠ ᠶᠢᠨ ᠨᠢᠭᠡᠨ ᠬᠢᠯᠢ ᠪᠠᠷ ᠣᠷᠣᠵᠦ ᠭᠠᠷᠬᠤ ᠶᠢ ᠬᠠᠮᠢᠶᠠᠷᠬᠤ ᠭᠠᠵᠠᠷ ᠲᠤ ᠳᠡᠭᠡᠷ᠎ᠡ ᠲᠣᠷᠠᠳᠣᠭᠰᠠᠨ ᠦᠨᠡᠮᠯᠡᠯ ᠢ ᠬᠢᠯᠭᠡᠵᠦ ᠪᠣᠯᠣᠨ᠎ᠠ᠃                      ᠳᠣᠮᠳᠠᠳᠣ   ᠪᠠᠭ᠎ᠠ   ᠰᠣᠷᠭᠠᠭᠤᠯᠢ᠂    ᠴᠡᠴᠡᠷᠯᠢᠭ  ᠤᠨ                    ᠬᠠᠷᠢᠭᠤᠴᠠᠯᠭᠠᠲᠠᠳ ᠰᠣᠷᠣᠭᠴᠢᠳ ᠲᠠᠢ ᠬᠠᠮᠲᠣ ᠬᠤᠭᠤᠯᠠᠯᠠᠨ᠎ᠠ      ︽ᠰᠣᠷᠭᠠᠭᠤᠯᠢ ᠶᠢᠨ ᠬᠤᠭᠤᠯᠠ ᠤ ᠠᠮᠦᠷ ᠲᠦᠪᠰᠢᠨ ᠬᠢᠭᠡᠳ ᠰᠢᠮ᠎ᠡ ᠲᠡᠵᠢᠭᠡᠯ ᠡᠷᠡᠭᠦᠯ ᠮᠡᠨᠲᠣ ᠶᠢ ᠬᠠᠮᠢᠶᠠᠷᠬᠤ ᠲᠣᠭᠲᠠᠭᠠᠯ︾ ᠢ 2019 ᠣᠨ ᠤ 4 ᠰᠠᠷ᠎ᠠ ᠶᠢᠨ 1 ᠠᠴᠠ ᠡᠬᠢᠯᠡᠨ ᠡᠯ᠎ᠡ ᠱᠠᠲᠣ᠂ ᠡᠯ᠎ᠡ ᠲᠦᠷᠦᠯ ᠤᠨ ᠰᠣᠷᠭᠠᠭᠤᠯᠢ᠂ ᠴᠡᠴᠡᠷᠯᠢᠭ ᠲᠤ ᠬᠡᠷᠡᠭᠵᠢᠭᠦᠯᠦᠨ᠎ᠡ᠃ ᠳᠣᠮᠳᠠᠳᠣ ᠪᠠᠭ᠎ᠠ ᠰᠣᠷᠭᠠᠭᠤᠯᠢ᠂ ᠴᠡᠴᠡᠷᠯᠢᠭ ᠤᠨ ᠬᠢᠨ ᠲᠦᠪᠯᠡᠷᠡᠩᠭᠦᠢ ᠬᠠᠮᠲᠣ ᠬᠤᠭᠤᠯᠠᠯᠠᠬᠤ ᠳᠦᠷᠢᠮ ᠢ ᠲᠣᠭᠲᠠᠭᠠᠵᠤ︔ ᠴᠠᠭ ᠪᠣᠯᠭᠠᠨ ᠰᠣᠷᠭᠠᠭᠤᠯᠢ  ᠶᠢᠨ ᠬᠠᠮᠢᠶ᠎ᠠ ᠪᠦᠭᠦᠢ ᠬᠠᠷᠢᠭᠤᠴᠠᠯᠭᠠᠲᠠᠨ ᠰᠣᠷᠣᠭᠴᠢᠳ ᠲᠠᠢ ᠬᠠᠮᠲᠣ ᠬᠤᠭᠤᠯᠠᠯᠠᠨ᠂ ᠲᠡᠮᠳᠡᠭᠯᠡᠯ ᠬᠢᠵᠦ᠂ ᠬᠤᠭᠤᠯᠠᠯᠠᠬᠤ ᠳᠣᠮᠳᠠ ᠭᠠᠷᠣᠭᠰᠠᠨ ᠠᠰᠠᠭᠤᠳᠠᠯ ᠢ ᠴᠠᠭ ᠲᠣᠬᠠᠢ ᠳᠤᠨᠢ ᠢᠯᠡᠷᠡᠭᠦᠯᠵᠦ ᠰᠢᠢᠳᠪᠦᠷᠢᠯᠡᠭᠰᠡᠨ ᠪᠠᠶᠢᠬᠤ ᠬᠡᠷᠡᠭᠲᠡᠢ᠃ ᠨᠦᠭᠦᠴᠡᠯ ᠪᠣᠯᠣᠮᠵᠢ ᠬᠦᠷᠦᠯᠴᠡᠬᠡᠲᠡᠢ ᠳᠣᠮᠳᠠᠳᠣ ᠪᠠᠭ᠎ᠠ ᠰᠣᠷᠭᠠᠭᠤᠯᠢ᠂ ᠴᠡᠴᠡᠷᠯᠢᠭ ᠭᠡᠷ ᠤᠨ ᠠᠬᠠᠮᠠᠳ ᠬᠠᠮᠲᠣ ᠬᠤᠭᠤᠯᠠᠯᠬᠤ ᠳᠦᠷᠢᠮ ᠲᠣᠭᠲᠠᠭᠠᠵᠤ᠂ ᠬᠠᠷᠠᠭᠠᠯᠵᠠᠭᠰᠠᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠭᠦ ᠬᠡᠷᠡᠭᠲᠡᠢ᠃                     ᠬᠦᠳᠡᠯᠮᠦᠷᠢ ᠶᠢᠨ ᠵᠢᠭᠤᠷᠠᠭᠠᠨ ᠤ ᠬᠦᠨᠳᠡᠯᠡᠨ ᠠᠴᠠ ᠲᠠᠰᠣᠯᠣᠭᠰᠠᠨ                   ᠪᠢᠴᠢᠭ ᠮᠠᠲ᠋ᠧᠷᠢᠶᠠᠯ ᠢ ᠰᠢᠣᠳᠠᠨ  ᠢᠶᠠᠷ  ᠭᠤᠪᠢᠭᠤᠯᠵᠦ  ᠪᠣᠯᠣᠨ᠎ᠠ        ᠬᠦᠳᠡᠯᠮᠦᠷᠢ ᠬᠦᠴᠦᠨ ᠤ ᠵᠢᠭᠤᠷᠠᠭᠠᠨ ᠢ ᠨᠡᠩ ᠪᠦᠲᠦᠮᠵᠢᠲᠠᠢ ᠰᠢᠢᠳᠪᠦᠷᠢᠯᠡᠵᠦ᠂ ᠬᠦᠳᠡᠯᠮᠦᠷᠢ ᠬᠦᠴᠦᠨ ᠤ ᠵᠢᠭᠤᠷᠠᠭᠠᠨ ᠤ ᠬᠦᠨᠳᠡᠯᠡᠨ ᠠᠴᠠ ᠲᠠᠰᠣᠯᠣᠭᠰᠠᠨ ᠪᠢᠴᠢᠭ ᠮᠠᠲ᠋ᠧᠷᠢᠶᠠᠯ ᠢ  ᠬᠦᠷᠬᠡᠭᠦ ᠠᠵᠢᠯ ᠢ ᠰᠠᠶᠢᠲᠣᠷ ᠬᠢᠵᠦ᠂ ᠬᠦᠳᠡᠯᠮᠦᠷᠢᠯᠡᠭᠴᠢᠳ ᠤᠨ ᠵᠠᠰᠠᠭ ᠵᠠᠬᠢᠷᠭᠠᠨ ᠤ ᠡᠷᠬᠡ ᠪᠠᠨ ᠬᠡᠷᠡᠭᠵᠢᠭᠦᠯᠭᠦ ᠳᠤ ᠪᠠᠲᠣᠯᠠᠭ᠎ᠠ ᠬᠠᠩᠭᠠᠬᠤ ᠪᠠ ᠳᠦᠭᠦᠮ ᠦᠵᠡᠭᠦᠯᠭᠦ ᠶᠢᠨ ᠲᠣᠰᠠᠳᠠ᠂ 4 ᠰᠠᠷ᠎ᠠ ᠶᠢᠨ 1 ᠠᠴᠠ ᠡᠬᠢᠯᠡᠨ ᠬᠦᠳᠡᠯᠮᠦᠷᠢ ᠶᠢᠨ ᠵᠢᠭᠤᠷᠠᠭᠠᠨ ᠤ ᠬᠦᠨᠳᠡᠯᠡᠨ ᠠᠴᠠ ᠲᠠᠰᠣᠯᠣᠭᠰᠠᠨ ᠪᠢᠴᠢᠭ ᠮᠠᠲ᠋ᠧᠷᠢᠶᠠᠯ ᠢ ᠰᠢᠣᠳᠠᠨ ᠢᠶᠠᠷ ᠭᠤᠪᠢᠭᠤᠯᠵᠦ ᠪᠣᠯᠣᠨ᠎ᠠ  ᠃ ᠬᠦᠨᠳᠡᠯᠡᠨ ᠠᠴᠠ ᠲᠠᠰᠣᠯᠣᠭᠰᠠᠨ ᠪᠢᠴᠢᠭ ᠲᠤ ᠭᠠᠷ ᠤᠨ ᠦᠰᠦᠭ ᠵᠢᠷᠣᠭᠰᠠᠨ ᠠᠴᠠ 2 ᠡᠳᠦᠷ ᠤᠨ ᠲᠣᠲᠣᠷ᠎ᠠ᠂ ᠬᠦᠨᠳᠡᠯᠡᠨ ᠠᠴᠠ ᠲᠠᠰᠣᠯᠬᠤ ᠵᠦᠪᠯᠡᠯ ᠤᠨ ᠬᠢᠨ ᠵᠠᠪᠠᠯ ᠭᠠᠷ ᠭᠦᠢᠴᠡᠳᠬᠡᠯ ᠪᠦᠷᠢᠨ ᠪᠣᠯᠣᠭᠰᠠᠨ ᠭᠤᠪᠢᠭᠤᠯᠭ᠎ᠠ ᠪᠠᠨ ᠲᠣᠬᠠᠢ ᠶᠢᠨ ᠭᠠᠵᠠᠷ ᠤᠨ ᠰᠢᠣᠳᠠᠨ ᠳᠤ ᠦᠭᠬᠦ ᠬᠡᠷᠡᠭᠲᠡᠢ︔ ᠰᠢᠣᠳᠠᠨ ᠲᠣᠪᠴᠢᠶ᠎ᠠ ᠭᠤᠪᠢᠭᠤᠯᠭ᠎ᠠ ᠶᠢ ᠲᠣᠰᠣᠭᠰᠠᠨ ᠲᠠᠷᠣᠢ ᠳᠤᠨᠢ ᠢᠯᠡᠭᠡᠬᠦ᠂ ᠬᠠᠮᠤᠭ ᠣᠳᠠᠭᠠᠨ ᠳᠠᠭᠠᠨ ᠭᠤᠪᠢᠭᠤᠯᠭ᠎ᠠ  ᠲᠣᠰᠣᠭᠰᠠᠨ ᠬᠤᠶᠠᠳᠣᠭᠠᠷ ᠡᠳᠦᠷ ᠨᠢ ᠢᠯᠡᠭᠡᠭᠦ ᠬᠡᠷᠡᠭᠲᠡᠢ᠃                      ᠦᠢᠯᠡᠳᠭᠦ ᠦᠢᠯᠡᠰ  ᠵᠡᠷᠭᠡ ᠠᠵᠢᠯ  ᠲᠦᠷᠦᠯ  ᠤᠨ                    ᠨᠡᠮᠡᠭᠳᠡᠯ ᠦᠷᠳᠡᠭ ᠤᠨ ᠭᠠᠶᠢᠯᠢ   ᠶᠢ ᠪᠠᠭᠤᠷᠠᠭᠤᠯᠣᠨ᠎ᠠ        4  ᠰᠠᠷ᠎ᠠ ᠶᠢᠨ 1 ᠠᠴᠠ ᠡᠬᠢᠯᠡᠨ᠂ ᠮᠠᠨ ᠤ  ᠣᠯᠣᠰ ᠤᠨ ᠦᠢᠯᠡᠳᠭᠦ ᠦᠢᠯᠡᠰ ᠵᠡᠷᠭᠡ ᠠᠵᠢᠯ ᠲᠦᠷᠦᠯ ᠤᠨ ᠨᠡᠮᠡᠭᠳᠡᠯ ᠦᠷᠳᠡᠭ ᠤᠨ ᠭᠠᠶᠢᠯᠢ ᠶᠢ 16% ᠪᠠᠶᠢᠭᠰᠠᠨ ᠠᠴᠠ ᠨᠢ 13% ᠪᠣᠯᠭᠠᠨ ᠪᠠᠭᠤᠷᠠᠭᠤᠯᠣᠨ᠎ᠠ  ᠂ ᠵᠠᠮ ᠲᠡᠭᠡᠭᠡᠪᠦᠷᠢ ᠪᠣᠯᠣᠨ ᠪᠠᠷᠢᠯᠠᠭ᠎ᠠ ᠵᠡᠷᠭᠡ ᠠᠵᠢᠯ ᠲᠦᠷᠦᠯ ᠤᠨ ᠨᠡᠮᠡᠭᠳᠡᠯ ᠦᠷᠳᠡᠭ ᠤᠨ ᠭᠠᠶᠢᠯᠢ ᠤᠨ ᠨᠣᠷᠮ᠎ᠠ ᠶᠢ 10% ᠪᠠᠶᠢᠭᠰᠠᠨ ᠠᠴᠠ ᠨᠢ 9% ᠪᠣᠯᠭᠠᠨ ᠪᠠᠭᠤᠷᠠᠭᠤᠯᠣᠨ᠎ᠠ᠃             ᠪᠦᠭᠦ ᠣᠯᠣᠰ ᠤᠨ ᠲᠡᠮᠦᠷ ᠵᠠᠮ ᠰᠢᠨ᠎ᠡ ᠠᠶᠠᠯᠠᠯ ᠤᠨ ᠱᠣᠭᠤᠮ ᠢ ᠬᠡᠷᠡᠭᠵᠢᠭᠦᠯᠦᠨ᠎ᠡ        4 ᠰᠠᠷ᠎ᠠ ᠶᠢᠨ 10 ᠠᠴᠠ ᠡᠬᠢᠯᠡᠨ᠂ ᠪᠦᠭᠦ ᠣᠯᠣᠰ ᠤᠨ ᠲᠡᠮᠦᠷ ᠵᠠᠮ ᠰᠢᠨ᠎ᠡ ᠠᠶᠠᠯᠠᠯ ᠤᠨ ᠱᠣᠭᠤᠮ ᠢ ᠬᠡᠷᠡᠭᠵᠢᠭᠦᠯᠦᠨ᠎ᠡ᠃ ᠴᠢᠩᠳᠣᠦ᠂ ᠪᠡᠬᠡᠵᠢᠩ ᠤᠨ ᠲᠣᠭᠤᠷᠢᠨ ᠤ 3 ᠴᠠᠭ ᠤᠨ ᠵᠠᠮ ᠬᠠᠷᠢᠯᠴᠠᠭᠠᠨ ᠤ ᠲᠣᠭᠤᠷᠢᠭ ᠲᠤ ᠣᠷᠣᠨ᠎ᠠ︔ ᠯᠠᠨᠵᠧᠦ ᠠᠴᠠ ᠴᠧᠩᠳᠦ᠋ ᠬᠦᠷᠬᠦ ᠬᠦᠳᠡᠯᠭᠡᠭᠦᠷᠲᠦ ᠭᠠᠯᠲᠣ ᠲᠡᠷᠭᠡ ᠨᠡᠪᠲᠡᠷᠡᠨ᠎ᠠ︔ ᠰᠢᠶᠥᠩ  ᠠᠨ ᠰᠢᠨ᠎ᠡ ᠲᠣᠭᠤᠷᠢᠭ ᠲᠤ ᠦᠢᠯᠡᠴᠢᠯᠡᠭᠦᠯᠭᠦ ᠪᠠᠷ ᠪᠠᠢ ᠶᠠᠩ ᠳ᠋ᠢᠶᠠᠨ ᠦᠷᠲᠡᠭᠡᠨ ᠳᠤ ᠵᠣᠭᠰᠣᠬᠤ 10 ᠭᠠᠯᠲᠣ ᠲᠡᠷᠭᠡ ᠨᠡᠮᠡᠨ᠎ᠡ᠃                      ᠲᠦᠪ  ᠤᠨ  ᠠᠵᠦ ᠠᠬᠤᠶᠢᠯᠠᠯ  ᠤᠨ  ᠬᠠᠷᠢᠭᠤᠴᠠᠯᠭᠠᠲᠠᠨ  ᠤ                       ᠡᠵᠡᠩᠨᠡᠯᠲᠡ ᠶᠢᠨ ᠪᠦᠲᠦᠮᠵᠢ ᠶᠢ ᠰᠢᠯᠭᠠᠨ ᠦᠨᠡᠯᠡᠭᠦ ᠰᠢᠨ᠎ᠡ ᠠᠷᠭ᠎ᠠ        ᠰᠢᠨ᠎ᠡ ᠪᠠᠷ ᠲᠣᠭᠲᠠᠭᠠᠭᠰᠠᠨ ︽ᠲᠦᠪ ᠤᠨ ᠠᠵᠦ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠪᠦᠲᠦᠮᠵᠢ ᠶᠢ ᠰᠢᠯᠭᠠᠨ ᠦᠨᠡᠯᠡᠭᠦ  ᠠᠷᠭ᠎ᠠ  ︾ ᠢ 4 ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠦᠨ᠎ᠡ᠃        ᠣᠯᠠᠨ ᠬᠠᠷᠠᠭᠠᠰᠦ ᠠᠴᠠ ᠰᠢᠯᠭᠠᠨ ᠦᠨᠡᠯᠡᠭᠦ  ᠪᠠᠷᠢᠮᠵᠢᠶ᠎ᠠ ᠰᠢᠰᠲ᠋ᠧᠮ ᠢ ᠲᠣᠭᠲᠠᠭᠠᠵᠤ᠂ ︽ᠠᠵᠢᠯ ᠤᠨ ᠪᠦᠲᠦᠮᠵᠢ ᠰᠠᠶᠢᠨ ᠪᠣᠯ ᠴᠠᠯᠢᠩ ᠬᠦᠯᠦᠰᠦ ᠠᠷᠪᠢᠨ᠂ ᠠᠵᠢᠯ ᠤᠨ ᠪᠦᠲᠦᠮᠵᠢ ᠠᠨᠠᠢ ᠪᠣᠯ ᠴᠠᠯᠢᠩ ᠬᠦᠯᠦᠰᠦ ᠪᠠᠭ᠎ᠠ  ︾ ᠪᠠᠶᠢᠬᠤ ᠶᠢ  ᠴᠢᠩᠭᠠᠳᠬᠠᠵᠦ᠂ A ᠲᠡᠰ ᠤᠨ ᠠᠵᠦ ᠠᠬᠤᠶᠢᠯᠠᠯ ᠤᠨ ᠬᠠᠷᠢᠭᠤᠴᠠᠯᠭᠠᠲᠠᠨ ᠤ ᠣᠨ ᠤ ᠴᠠᠯᠢᠩ᠂ ᠣᠨ ᠤ ᠦᠷ᠎ᠡ ᠪᠦᠲᠦᠮᠵᠢ ᠶᠢᠨ ᠴᠠᠯᠢᠩ ᠢ ᠬᠤᠯᠪᠣᠭᠳᠠᠭᠤᠯᠬᠤ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠦᠨ᠎ᠡ᠃             ᠴᠠᠬᠢᠯᠭᠠᠨ ᠬᠦᠳᠡᠯᠬᠡᠭᠦᠷᠲᠦ ᠳᠣᠭᠤᠢ ᠶᠢᠨ ︽ᠣᠯᠣᠰ ᠤᠨ ᠰᠢᠨ᠎ᠡ ᠪᠠᠷᠢᠮᠵᠢᠶ᠎ᠠ︾        ︽ᠴᠠᠬᠢᠯᠭᠠᠨ ᠬᠦᠳᠡᠯᠬᠡᠭᠦᠷᠲᠦ ᠳᠣᠭᠤᠢ ᠶᠢᠨ ᠠᠮᠦᠷ ᠲᠦᠪᠰᠢᠨ ᠤ ᠮᠡᠷᠭᠡᠵᠢᠯ ᠤᠨ ᠲᠦᠷᠢᠮᠵᠢᠭᠦᠯᠦᠯ︾  ᠢ 4 ᠰᠠᠷ᠎ᠠ ᠶᠢᠨ 15 ᠠᠴᠠ ᠡᠬᠢᠯᠡᠨ ᠬᠡᠷᠡᠭᠵᠢᠭᠦᠯᠦᠨ᠎ᠡ᠃ ᠣᠯᠣᠰ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠶᠡᠷᠦᠩᠬᠡᠢ ᠲᠣᠪᠴᠢᠶ᠎ᠠ᠂ ᠠᠵᠦ ᠦᠢᠯᠡᠳᠪᠦᠷᠢ ᠰᠣᠷᠠᠭ ᠵᠠᠩᠬᠢᠵᠢᠯᠲᠠ ᠶᠢᠨ ᠶᠠᠮᠣᠨ᠂ ᠲᠣᠲᠣᠭᠠᠲᠣ ᠶᠢ ᠬᠠᠮᠠᠭᠠᠯᠠᠬᠤ ᠶᠠᠮᠣᠨ ᠬᠠᠮᠳᠣᠷᠠᠨ ᠰᠠᠨᠠᠯ ᠨᠡᠶᠢᠲᠡᠯᠡᠵᠦ᠂ ᠬᠠᠣᠯᠢ ᠠᠴᠠ ᠵᠦᠷᠢᠴᠡᠨ ᠬᠤᠳᠠᠯᠳᠣᠵᠦ ᠪᠠᠶᠢᠭ᠎ᠠ ᠰᠢᠨ᠎ᠡ ᠲᠣᠭᠲᠠᠭᠠᠯ ᠳᠤ ᠦᠯᠦ ᠨᠡᠶᠢᠴᠡᠭᠦ᠂ CCC ᠪᠠᠲᠣᠯᠠᠭ᠎ᠠ ᠶᠢᠨ ᠪᠢᠴᠢᠭ ᠠᠪᠣᠭᠰᠠᠨ ᠦᠬᠡᠢ ᠴᠠᠬᠢᠯᠭᠠᠨ ᠬᠦᠳᠡᠯᠬᠡᠭᠦᠷᠲᠦ ᠳᠣᠭᠤᠢ ᠶᠢ ᠴᠢᠩᠭ᠎ᠠ ᠪᠠᠶᠢᠴᠠᠭᠠᠨ᠎ᠠ ᠭᠡᠪᠡ᠃                           ᠦᠢᠯᠡᠳᠪᠦᠷᠢᠯᠡᠯ ᠤᠨ ᠠᠳᠡᠯ ᠤᠨ ᠬᠡᠷᠡᠭ ᠢ ᠪᠠᠴᠢᠮ                       ᠠᠷᠭᠠᠴᠠᠭᠠᠬᠤ ᠲᠦᠷᠢᠮ  ᠢ    ᠬᠡᠷᠡᠭᠵᠢᠭᠦᠯᠦᠨ᠎ᠡ         4 ᠰᠠᠷ᠎ᠠ ᠶᠢᠨ 1 ᠠᠴᠠ ︽ᠦᠢᠯᠡᠳᠪᠦᠷᠢᠯᠡᠯ ᠤᠨ ᠠᠳᠡᠯ ᠤᠨ ᠬᠡᠷᠡᠭ ᠢ ᠪᠠᠴᠢᠮ ᠠᠷᠭᠠᠴᠠᠭᠠᠬᠤ ᠲᠦᠷᠢᠮ︾ ᠢ ᠬᠡᠷᠡᠭᠵᠢᠭᠦᠯᠦᠨ᠎ᠡ᠃ ᠳᠦᠷᠢᠮ ᠳᠤ ᠦᠢᠯᠡᠳᠪᠦᠷᠢᠯᠡᠯ ᠤᠨ ᠠᠳᠡᠯ ᠤᠨ ᠬᠡᠷᠡᠭ ᠡᠭᠦᠰᠦᠭᠰᠡᠨ ᠭᠠᠵᠠᠷ ᠤᠨ ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠭᠠᠬᠤ ᠠᠪᠣᠷᠠᠯᠲᠠ ᠬᠢᠭᠦ ᠬᠦᠮᠦᠨ ᠳᠤ ᠬᠡᠷᠡᠭᠴᠡᠲᠡᠢ ᠠᠷᠦ ᠲᠠᠯ᠎ᠠ ᠶᠢᠨ ᠪᠠᠲᠣᠯᠠᠭ᠎ᠠ ᠶᠢ ᠬᠠᠩᠭᠠᠵᠦ᠂ ᠮᠦᠨ ᠴᠢᠮᠡᠭᠡ ᠨᠡᠪᠲᠡᠷᠡᠯᠭᠡ᠂ ᠵᠠᠮ ᠲᠡᠭᠡᠭᠡᠪᠦᠷᠢ᠂ ᠡᠮᠴᠢᠯᠡᠭᠡ᠂ ᠴᠠᠭ ᠠᠭᠤᠷ᠂ ᠣᠰᠣᠨ ᠰᠢᠨᠵᠢᠯᠡᠭᠡ᠂ ᠭᠠᠵᠠᠷ ᠵᠦᠢ᠂ ᠴᠠᠬᠢᠯᠭᠠᠨ ᠬᠦᠴᠦ᠂ ᠣᠰᠣᠨ  ᠬᠠᠩᠭᠠᠯᠭ᠎ᠠ ᠵᠡᠷᠭᠡ ᠪᠠᠶᠢᠭᠤᠯᠭ᠎ᠠ ᠨᠢᠭᠡᠴᠡ ᠶᠢ ᠪᠠᠴᠢᠮ ᠠᠪᠣᠷᠠᠯᠲᠠ ᠳᠤ ᠬᠠᠮᠵᠢᠯᠴᠠᠭᠤᠯᠣᠨ᠎ᠠ᠃          
 
ᠢᠷᠡᠯᠲᠡ᠄ ︽ᠦᠪᠦᠷ ᠮᠣᠩᠭᠤᠯ ᠤᠨ ᠡᠳᠦᠷ ᠤᠨ ᠰᠣᠨᠢᠨ︾ ᠤ ᠮᠣᠩᠭᠤᠯ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号