ᠣᠯᠣᠰ ᠤᠨ ᠡᠮ ᠡᠮᠨᠡᠯᠭᠡ ᠶᠢᠨ ᠲᠠᠭᠠᠳᠬᠠᠯ ᠤᠨ ᠲᠣᠪᠴᠢᠶ᠎ᠠ ᠡᠳ᠋ ᠤᠨ ᠵᠠᠰᠠᠭ ᠤᠨ ᠶᠠᠮᠣᠨ ᠲᠠᠢ ᠬᠠᠮᠲᠣᠷᠠᠨ | ᠲᠦᠷᠦᠭᠦᠬᠡᠨ《2019 ᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠪᠠᠲᠣᠯᠠᠭ᠎ᠠ ᠶᠢᠨ ᠠᠵᠢᠯ ᠢ ᠰᠠᠶᠢᠳᠣᠷ ᠬᠢᠭᠦ ᠲᠣᠬᠠᠢ ᠮᠡᠳᠡᠭᠳᠡᠯ》 ᠢ ᠲᠠᠷᠣᠮᠠᠯᠯᠠᠨ ᠲᠠᠷᠬᠠᠭᠠᠵᠦ᠂ ᠬᠠᠷᠠᠭᠠᠯᠵᠠᠯ ᠤᠨ | ᠪᠠᠲᠣᠯᠠᠭ᠎ᠠ ᠶᠢᠨ ᠬᠢᠷᠢ ᠲᠦᠪᠰᠢᠨ ᠢ ᠯᠠᠪᠳᠠᠭᠤᠨ ᠢᠶᠠᠷ ᠲᠡᠭᠡᠭᠰᠢᠯᠡᠭᠦᠯᠵᠦ᠂ ᠬᠦᠨᠲᠣ ᠡᠪᠡᠳᠴᠢᠨ ᠤ ᠲᠠᠭᠠᠳᠬᠠᠯ ᠤᠨ | ᠲᠦᠷᠦ ᠶᠢᠨ ᠪᠣᠳᠣᠯᠭ᠎ᠠ ᠶᠢᠨ ᠬᠡᠪᠴᠢᠶᠡᠨ ᠳᠠᠬᠢ ᠲᠠᠩᠰᠠ ᠲᠠᠶᠢᠯᠬᠤ ᠬᠠᠷᠢᠴᠠᠯ ᠢ 50% ᠪᠠᠶᠢᠭᠰᠠᠨ ᠠᠴᠠ 60% | ᠪᠣᠯᠭᠠᠨ ᠲᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃ | ᠮᠡᠳᠡᠭᠳᠡᠯ ᠳᠤ ᠂ 2019 ᠣᠨ ᠳᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠲᠠᠭᠠᠳᠬᠠᠯ ᠤᠨ ᠬᠦᠮᠦᠨ ᠳᠣᠮᠳᠠᠴᠢ ᠶᠢᠨ ᠪᠠᠯᠡ ᠴᠤᠭᠯᠠᠭᠤᠯᠬᠤ ᠪᠠᠷᠢᠮᠵᠢᠶ᠎ᠠ ᠶᠢ ᠨᠡᠶᠢᠳᠡᠮ ᠳᠤᠨᠢ 60 ᠲᠦᠭᠦᠷᠢᠭ | ᠲᠡᠭᠡᠭᠰᠢᠯᠡᠭᠦᠯᠦᠨ᠎ᠡ᠃ ᠡᠭᠦᠨ ᠳᠤ ᠡᠳ᠋ ᠤᠨ ᠵᠠᠰᠠᠭ ᠤᠨ ᠨᠦᠭᠦᠪᠦᠷᠢ ᠶᠢᠨ ᠪᠠᠷᠢᠮᠵᠢᠶ᠎ᠠ ᠶᠢ 30 ᠲᠦᠭᠦᠷᠢᠭ | ᠨᠡᠮᠡᠭᠳᠡᠭᠦᠯᠵᠦ᠂ ᠬᠦᠮᠦᠨ ᠪᠦᠷᠢ ᠶᠢᠨ ᠬᠢ ᠵᠢᠯ ᠳᠤ 520 ᠲᠦᠭᠦᠷᠢᠭ ᠠᠴᠠ ᠲᠣᠣᠷ᠎ᠠ ᠪᠠᠶᠢᠯᠭᠠᠵᠦ ᠪᠣᠯᠬᠤ ᠦᠭᠡᠢ᠂ | ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠨᠦᠭᠦᠪᠦᠷᠢ ᠶᠢᠨ ᠬᠠᠭᠠᠰ ᠢ ᠨᠢ ᠬᠦᠨᠲᠣ ᠡᠪᠡᠳᠴᠢᠨ ᠤ | ᠳᠠᠭᠠᠳᠬᠠᠯ ᠤᠨ ᠪᠠᠲᠣᠯᠠᠭ᠎ᠠ ᠶᠢᠨ ᠴᠢᠳᠠᠪᠣᠷᠢ ᠶᠢ ᠲᠡᠭᠡᠭᠰᠢᠯᠡᠭᠦᠯᠭᠦ ᠳᠤ ᠬᠡᠷᠡᠭᠯᠡᠨ᠎ᠡ᠂ ᠲᠣᠬᠠᠶᠢᠯᠠᠪᠠᠯ 2018 ᠣᠨ ᠤ | ᠬᠦᠮᠦᠨ ᠳᠣᠮᠳᠠᠴᠢ ᠶᠢᠨ ᠪᠠᠯᠡ ᠴᠣᠭᠯᠠᠭᠤᠯᠣᠭᠰᠠᠨ ᠪᠠᠷᠢᠮᠵᠢᠶ᠎ᠡ ᠳᠡᠭᠡᠷ᠎ᠡ 15 ᠲᠦᠭᠦᠷᠢᠭ ᠨᠡᠮᠡᠭᠳᠡᠭᠦᠯᠦᠨ᠎ᠡ᠂ ᠬᠤᠪᠢ | ᠬᠦᠮᠦᠨ ᠤ ᠲᠣᠰᠢᠶᠠᠬᠤ ᠰᠦᠢᠳᠭᠡᠯ ᠢ ᠢᠵᠢᠯ ᠠᠯᠬᠤᠮ ᠢᠶᠠᠷ 30 ᠲᠦᠭᠦᠷᠢᠭ ᠨᠡᠮᠡᠭᠳᠡᠭᠦᠯᠦᠨ᠎ᠡ ᠭᠡᠵᠦ ᠲᠣᠳᠣᠷᠬᠠᠢ | ᠲᠣᠭᠲᠠᠭᠠᠪᠠ᠃ | ᠮᠡᠳᠡᠭᠳᠡᠯ ᠳᠤ᠂ ᠪᠠᠯᠡ ᠴᠤᠭᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠭᠦ ᠳᠤ ᠨᠢᠭᠡ ᠲᠠᠯ᠎ᠠ ᠪᠠᠷ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠦᠨᠡᠨᠬᠦ ᠪᠠᠲᠣᠯᠠᠵᠦ᠂ ᠲᠦᠷᠦ ᠶᠢᠨ ᠪᠣᠳᠣᠯᠭ᠎ᠠ ᠶᠢᠨ ᠬᠡᠪᠴᠢᠶᠡᠨ | ᠳᠠᠬᠢ ᠡᠮᠨᠡᠯᠭᠡ ᠳᠤ ᠰᠠᠭᠤᠬᠤ ᠰᠦᠢᠳᠭᠡᠯ ᠤᠨ ᠳᠠᠩᠰᠠ ᠲᠠᠶᠢᠯᠬᠤ ᠬᠠᠷᠢᠴᠠᠯ ᠢ ᠲᠡᠭᠡᠭᠰᠢᠯᠡᠭᠦᠯᠭᠦ ᠶᠢ ᠪᠠᠲᠣᠳᠬᠠᠵᠦ᠂ | ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠢᠶᠠᠷ ᠡᠭᠦᠳᠡᠨ ᠡᠮᠨᠡᠯᠭᠡ ᠳᠤ ᠡᠪᠡᠳᠴᠢᠨ ᠦᠵᠡᠭᠦᠯᠭᠦ | ᠰᠦᠢᠳᠭᠡᠯ ᠢ ᠨᠢᠭᠡᠲᠣᠯᠲᠠᠢ ᠲᠦᠯᠦᠪᠯᠡᠭᠦ ᠵᠢᠴᠢ ᠰᠦᠢᠳᠭᠡᠯ ᠲᠣᠰᠢᠶᠠᠬᠤ ᠲᠣᠭᠲᠠᠴᠠ ᠶᠢ ᠪᠠᠶᠢᠭᠤᠯᠣᠨ ᠪᠦᠷᠢᠨᠰᠢᠭᠦᠯᠵᠦ | ᠂ ᠴᠢᠰᠣᠨ ᠲᠠᠷᠣᠯᠲᠠ ᠦᠨᠳᠦᠷ ᠡᠪᠡᠳᠴᠢᠨ᠂ ᠰᠢᠬᠢᠷ ᠰᠢᠵᠢᠭ ᠡᠪᠡᠳᠴᠢᠨ ᠵᠡᠷᠭᠡ ᠶᠢ ᠡᠭᠦᠳᠡᠨ ᠡᠮᠨᠡᠯᠭᠡ ᠳᠤ | ᠦᠵᠡᠭᠦᠯᠭᠦ ᠳᠤ ᠬᠡᠷᠡᠭᠯᠡᠭᠦ ᠡᠮ ᠢ ᠡᠮ ᠡᠮᠨᠡᠯᠭᠡ ᠶᠢᠨ ᠲᠠᠭᠠᠳᠬᠠᠯ ᠤᠨ ᠳᠠᠩᠰᠠ ᠲᠠᠶᠢᠯᠬᠤ ᠬᠡᠪᠴᠢᠶᠡᠨ ᠳᠤ | ᠣᠷᠣᠭᠤᠯᠬᠤ ᠬᠡᠷᠡᠭᠲᠡᠢ ᠭᠡᠵᠦ ᠱᠠᠭᠠᠷᠳᠠᠵᠠᠢ᠃ | ᠨᠦᠭᠦᠭᠡ ᠲᠠᠯ᠎ᠠ ᠪᠠᠷ᠂ ᠬᠦᠨᠲᠣ ᠡᠪᠡᠳᠴᠢᠨ ᠤ ᠲᠠᠭᠠᠳᠬᠠᠯ ᠤᠨ ᠪᠠᠲᠣᠯᠠᠭ᠎ᠠ ᠶᠢᠨ ᠴᠢᠳᠠᠮᠵᠢ ᠶᠢ | ᠲᠡᠭᠡᠭᠰᠢᠯᠡᠭᠦᠯᠭᠦ ᠬᠡᠷᠡᠭᠲᠡᠢ᠃ ᠡᠬᠢᠯᠡᠵᠦ ᠮᠦᠩᠭᠦ ᠲᠣᠰᠢᠶᠠᠬᠤ ᠪᠠᠷᠢᠮᠵᠢᠶ᠎ᠠ ᠶᠢ ᠪᠠᠭᠤᠷᠠᠭᠤᠯᠬᠤ ᠶᠢᠨ ᠬᠠᠮᠲᠣ | ᠨᠢᠭᠡᠲᠦᠯᠲᠡᠢ ᠪᠣᠯᠭᠠᠵᠦ᠂ ᠵᠠᠷᠴᠢᠮ ᠲᠡᠭᠡᠷ᠎ᠡ ᠪᠠᠨ ᠨᠢᠳᠦᠨᠦᠨ ᠵᠢᠯ ᠤᠨ ᠰᠠᠭᠤᠭᠠᠯᠢ ᠠᠷᠠᠳ ᠤᠨ ᠬᠦᠮᠦᠨ | ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50% ᠪᠠᠷ ᠲᠣᠭᠲᠠᠭᠠᠬᠤ ᠬᠡᠷᠡᠭᠲᠡᠢ᠂ ᠲᠦᠷᠦ ᠶᠢᠨ | ᠪᠣᠳᠣᠯᠭ᠎ᠠ ᠶᠢᠨ ᠬᠡᠪᠴᠢᠶᠡᠨ ᠳᠠᠬᠢ ᠳᠠᠩᠰᠠ ᠲᠠᠶᠢᠯᠬᠤ ᠬᠠᠷᠢᠴᠠᠯ ᠢ 50 %ᠪᠠᠶᠢᠭᠰᠠᠨ ᠠᠴᠠ 60 %ᠪᠣᠯᠭᠠᠨ | ᠲᠡᠭᠡᠭᠰᠢᠯᠡᠭᠦᠯᠭᠦ ᠬᠡᠷᠡᠭᠲᠡᠢ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠮᠦᠩᠭᠦ ᠲᠣᠰᠢᠶᠠᠬᠤ ᠳᠤ ᠬᠠᠷᠠᠭᠠᠯᠵᠠᠯ | ᠦᠵᠡᠭᠦᠯᠭᠦ ᠡᠷᠴᠢᠮ ᠢᠶᠠᠨ ᠴᠢᠩᠭᠠᠷᠠᠭᠤᠯᠵᠦ᠂ ᠡᠬᠢᠯᠡᠵᠦ ᠮᠦᠩᠭᠦ ᠲᠣᠰᠢᠶᠠᠬᠤ ᠪᠠᠷᠢᠮᠵᠢᠶ᠎ᠠ ᠶᠢ 50% ᠪᠠᠷ | ᠪᠠᠭᠤᠷᠠᠭᠤᠯᠵᠦ᠂ ᠮᠦᠩᠭᠦ ᠲᠣᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠲᠡᠭᠡᠭᠰᠢᠯᠡᠭᠦᠯᠭᠦ ᠶᠢᠨ | ᠰᠠᠭᠤᠷᠢᠨ ᠳᠡᠭᠡᠷ᠎ᠡ ᠲᠡᠭᠡᠲᠦ ᠬᠢᠵᠠᠭᠠᠷᠯᠠᠯ ᠤᠨ ᠪᠠᠷᠢᠮᠵᠢᠶ᠎ᠠ ᠶᠢ ᠪᠦᠭᠦ ᠲᠠᠯ᠎ᠠ ᠪᠠᠷ ᠬᠦᠴᠦᠨ ᠦᠭᠡᠢ ᠪᠣᠯᠭᠠᠬᠤ ᠬᠡᠷᠡᠭᠲᠡᠢ | ᠭᠡᠵᠦ ᠱᠠᠭᠠᠷᠳᠠᠵᠠᠢ᠃ | |