ᠬᠦᠷᠢᠶ᠎ᠡ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠰᠡᠷᠭᠦᠭᠡᠬᠦ ᠠᠵᠢᠯ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2020/10/15
    2020 ᠣᠨ ᠤ 11 ᠰᠠᠷ᠎ᠠ ᠶᠢᠨ 15 ᠤ ᠡᠳᠦᠷ ᠠᠴᠠ ᠡᠬᠢᠯᠡᠨ᠂ ᠪᠦᠬᠦ ᠬᠤᠰᠢᠭᠤᠨ ᠤ ᠬᠡᠪᠴᠢᠶᠡᠨ ᠳᠤ ᠪᠦᠬᠦ ᠴᠠᠭ ᠪᠦᠬᠦ ᠮᠠᠯ ᠤᠨ ᠲᠦᠷᠦᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ ᠬᠡᠭᠡᠷ᠎ᠡ ᠭᠠᠳᠠᠨ᠎ᠠ ᠪᠡᠯᠴᠢᠭᠡᠷᠯᠡᠭᠦᠯᠬᠦ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃   ᠬᠦᠷᠢᠶ᠎ᠡ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠰᠡᠷᠭᠦᠭᠡᠬᠦ ᠠᠵᠢᠯ ᠤᠨ ᠬᠠᠮᠢᠶᠠᠷᠤᠯᠲᠠ ᠶᠢᠨ ᠠᠷᠭ᠎ᠠ    ᠨᠢᠭᠡᠳᠦᠭᠡᠷ ᠪᠦᠯᠦᠭ ᠶᠡᠷᠦᠩᠬᠡᠶ ᠲᠦᠷᠢᠮ    ᠨᠢᠭᠡᠳᠦᠭᠡᠷ ᠵᠦᠢᠯ   ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠤᠲᠤᠭ ᠪᠡᠯᠴᠢᠭᠡᠷ᠂ ᠣᠢ ᠰᠢᠭᠤᠶ ᠶᠢᠨ ᠡᠬᠢ ᠪᠠᠶᠠᠯᠢᠭ ᠢ ᠦᠨᠡᠨᠬᠦ ᠬᠠᠮᠠᠭᠠᠯᠠᠬᠤ ᠪᠠ ᠵᠦᠶ ᠵᠣᠬᠢᠰᠲᠠᠶ ᠠᠰᠢᠭᠯᠠ᠂ ᠣᠢ ᠰᠢᠭᠤᠶ ᠡᠪᠡᠰᠦᠨ ᠤ ᠤᠷᠭᠤᠮᠠᠯ ᠬᠤᠴᠢᠯᠭ᠎ᠠ ᠶᠢ ᠰᠡᠷᠭᠦᠭᠡᠵᠦ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠶᠢ ᠲᠦᠷᠭᠡᠳᠭᠡᠵᠦ᠂ ᠣᠳᠣ ᠦᠶ᠎ᠡ ᠶᠢᠨ ᠮᠠᠯ ᠠᠵᠤ ᠠᠬᠤᠶ ᠶᠢ ᠬᠥᠭᠵᠢᠭᠦᠯᠵᠦ᠂ ᠠᠵᠤ ᠠᠬᠤᠶ ᠪᠠ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾᠂ ︽ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠦᠷᠢᠶ᠎ᠡ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠤᠭᠲᠠᠭᠠᠪᠠ᠃    ᠬᠤᠶᠠᠳᠤᠭᠠᠷ ᠵᠦᠢᠯ   ᠮᠠᠨ ᠤ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠮᠠᠯ ᠠᠷᠠᠴᠢᠯᠠᠨ ᠲᠡᠵᠢᠭᠡᠵᠦ ᠪᠠᠶᠢᠭ᠎ᠠ ᠨᠢᠭᠡᠴᠡ ᠪᠣᠯᠤᠨ ᠬᠤᠪᠢ ᠬᠥᠮᠦᠨ ᠵᠢᠴᠢ ᠡᠯ᠎ᠡ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯᠳᠠᠨ᠂ ᠲᠤᠰ ᠬᠠᠮᠢᠶᠠᠷᠤᠯᠲᠠ ᠶᠢᠨ ᠠᠷᠭ᠎ᠠ ᠶᠢ ᠡᠷᠬᠡᠪᠰᠢ ᠵᠢᠷᠤᠮᠯᠠᠬᠤ ᠬᠡᠷᠡᠭᠲᠡᠶ᠃    ᠭᠤᠷᠪᠠᠳᠤᠭᠠᠷ ᠵᠦᠢᠯ   ᠪᠥᠬᠦ ᠬᠤᠰᠢᠭᠤᠨ ᠤ ᠬᠡᠪᠴᠢᠶᠡᠨ ᠳᠣᠲᠣᠷ᠎ᠠ ᠪᠥᠬᠦ ᠬᠡᠪᠴᠢᠶ᠎ᠡ ᠪᠥᠬᠦ ᠴᠠᠭ ᠪᠥᠬᠦ ᠮᠠᠯ  ᠤᠨ ᠲᠦᠷᠦᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠦᠨ᠎ᠡ᠃ ᠬᠡᠭᠡᠷ᠎ᠡ ᠭᠠᠳᠠᠨ᠎ᠠ ᠮᠠᠯ ᠬᠠᠷᠢᠭᠤᠯᠬᠤ ᠠᠯᠢᠪᠠ ᠠᠵᠢᠯᠯᠠᠭ᠎ᠠ ᠶᠢ ᠴᠠᠭᠠᠵᠠᠯᠠᠵᠤ᠂ ᠪᠣᠢ ᠪᠦᠬᠦᠢ ᠮᠠᠯ ᠢ ᠬᠠᠰᠢᠶᠠᠯᠠᠨ ᠲᠡᠵᠢᠭᠡᠬᠦ ᠶᠢ ᠬᠡᠷᠡᠭᠵᠢᠭᠦᠯᠦᠨ᠎ᠡ᠃    ᠳᠥᠷᠪᠡᠳᠦᠭᠡᠷ ᠵᠦᠢᠯ   ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠠᠮᠢ ᠠᠬᠤᠢ ᠶᠢᠨ ᠪᠥᠳᠥᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠪᠣᠯ ᠪᠥᠬᠦ ᠠᠷᠠᠳ ᠢᠷᠭᠡᠳ ᠤᠨ ᠭᠦᠢᠴᠡᠳᠬᠡᠪᠡᠰᠦ ᠵᠤᠬᠢᠬᠤ ᠡᠭᠦᠷᠭᠡ ᠮᠦᠨ᠃ ᠲᠤᠰ ᠬᠠᠮᠢᠶᠠᠷᠤᠯᠲᠠ ᠶᠢᠨ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠬᠢᠨᠠᠯᠲᠠ ᠲᠠᠯᠪᠢᠬᠤ᠂ ᠬᠤᠷᠢᠭᠯᠠᠨ ᠵᠣᠭᠰᠣᠭᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃    ᠬᠤᠶᠠᠳᠤᠭᠠᠷ ᠪᠦᠯᠦᠭ  ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠬᠠᠮᠢᠶᠠᠷᠤᠯᠲᠠ ᠶᠢᠨ ᠵᠠᠷᠴᠢᠮ    ᠲᠠᠪᠤᠳᠤᠭᠠᠷ ᠵᠦᠢᠯ   ᠬᠤᠰᠢᠭᠤ ᠰᠢᠶᠠᠩ ᠬᠤᠶᠠᠷ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠬᠦ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠨᠢ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠬᠤ ᠬᠡᠷᠡᠭᠲᠡᠶ᠃    ᠵᠢᠷᠭᠤᠳᠤᠭᠠᠷ ᠵᠦᠢᠯ   ᠱᠠᠳᠤ ᠬᠤᠪᠢᠶᠠᠨ ᠬᠠᠮᠢᠶᠠᠷᠬᠤ᠂ ᠬᠠᠮᠲᠤ ᠪᠠᠷ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠤᠯᠢ ᠬᠡᠷᠡᠭᠵᠢᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ︔ ᠡᠯ᠎ᠡ ᠭᠠᠴᠠᠭ᠎ᠠ ᠲᠣᠰᠬᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠲᠤᠭᠤᠷᠢᠨ ᠪᠠᠶᠢᠴᠠᠭᠠᠬᠤ ᠡᠩᠨᠡᠭᠡ ᠪᠠᠶᠢᠭᠤᠯᠵᠤ᠂ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠦᠯᠢᠶᠡᠬᠦ ᠬᠡᠷᠡᠭᠲᠡᠶ    ᠭᠤᠷᠪᠠᠳᠤᠭᠠᠷ ᠪᠦᠯᠦᠭ  ᠬᠠᠮᠢᠶᠠᠷᠤᠯᠲᠠ ᠶᠢᠨ ᠱᠠᠭᠠᠷᠳᠠᠯᠭ᠎ᠠ ᠵᠢᠴᠢ ᠬᠡᠪᠴᠢᠶ᠎ᠡ    ᠳᠣᠯᠣᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠪᠣᠯ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠲᠤᠯᠠ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠢ ᠪᠥᠬᠦ ᠲᠠᠯ᠎ᠠ ᠪᠠᠷ ᠬᠠᠷᠢᠭᠤᠴᠠᠬᠤ ᠬᠡᠷᠡᠭᠲᠡᠢ᠃    ᠨᠠᠢᠮᠠᠳᠤᠭᠠᠷ ᠵᠦᠢᠯ   ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠢ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠪᠣᠯᠤᠨ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠢ ᠰᠠᠯᠠᠭ᠎ᠠ ᠮᠦᠴᠢᠷ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠬᠠᠷᠠᠯᠲᠠᠲᠤ ᠬᠠᠮᠢᠶᠠᠷᠤᠯᠲᠠ ᠳᠤ ᠤᠷᠤᠭᠤᠯᠵᠤ᠂ ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠪᠣᠯᠭᠠᠨ ᠬᠢᠨᠠᠨ ᠰᠢᠯᠭᠠᠨ᠎ᠠ︔ ᠬᠠᠭᠠᠰ ᠵᠢᠯ ᠳᠤ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠢ ᠭᠠᠴᠠᠭ᠎ᠠ ᠲᠣᠰᠬᠤᠨ ᠤ ᠺᠠᠳ᠋ᠷ ᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠢ ᠭᠠᠴᠠᠭ᠎ᠠ ᠲᠣᠰᠬᠤᠨ ᠤ ᠺᠠᠳ᠋ᠷ ᠤᠨ ᠬᠢᠷᠢ ᠪᠦᠲᠦᠮᠵᠢ ᠶᠢᠨ ᠴᠠᠯᠢᠩ ᠯᠤᠭ᠎ᠠ ᠰᠢᠭᠤᠳ ᠬᠤᠯᠪᠣᠭᠳᠠᠭᠤᠯᠬᠤ ᠬᠡᠷᠡᠭᠲᠡᠶ᠃    ᠶᠢᠰᠦᠳᠦᠭᠡᠷ ᠵᠦᠢᠯ   ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠮᠡᠳᠡᠭᠡ ᠵᠠᠩᠭᠢ ᠮᠡᠳᠡᠭᠦᠯᠬᠦ ᠲᠥᠷᠢᠮ ᠢ ᠪᠠᠶᠢᠭᠤᠯᠬᠤ ᠬᠡᠷᠡᠭᠲᠡᠢ᠃ ᠭᠠᠴᠠᠭ᠎ᠠ ᠲᠣᠰᠬᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠲᠣᠭᠤᠷᠢᠨ ᠪᠠᠶᠢᠴᠠᠭᠠᠬᠤ ᠡᠩᠨᠡᠭᠡ ᠨᠢ ᠲᠤᠰ ᠭᠠᠴᠠᠭ᠎ᠠ ᠲᠣᠰᠬᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠬᠠᠮᠢᠶᠠᠷᠴᠤ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠪᠠᠶᠢᠳᠠᠯ ᠢᠶᠠᠨ ᠴᠠᠭ ᠲᠤᠬᠠᠶ ᠳᠤᠨᠢ ᠳᠡᠭᠡᠳᠦ ᠱᠠᠲᠤᠨ ᠳᠤ ᠮᠡᠳᠡᠭᠦᠯᠬᠦ ᠬᠡᠷᠡᠭᠲᠡᠶ᠃    ᠠᠷᠪᠠᠳᠤᠭᠠᠷ ᠵᠦᠢᠯ   ᠥᠷᠭᠡᠨ ᠣᠯᠠᠨ ᠮᠠᠯᠵᠢᠬᠤ ᠡᠷᠦᠬᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠢᠳᠡᠪᠬᠢᠲᠡᠶ ᠬᠠᠮᠠᠭᠠᠯᠠᠵᠤ᠂ ᠳᠡᠭᠡᠳᠦ ᠱᠠᠲᠤᠨ ᠤ ᠬᠠᠮᠢᠶᠠᠷᠴᠤ ᠬᠠᠮᠠᠭᠠᠯᠠᠬᠤ ᠵᠣᠬᠢᠶᠠᠨ ᠪᠠᠶᠢᠭᠤᠯᠤᠯᠲᠠ ᠳᠤ ᠬᠠᠮᠢᠶᠠᠷᠴᠤ ᠬᠠᠮᠠᠭᠠᠯᠠᠬᠤ ᠰᠠᠨᠠᠯ ᠪᠠ ᠰᠠᠨᠠᠭᠤᠯᠭ᠎ᠠ ᠪᠠᠨ ᠴᠠᠭ ᠲᠤᠬᠠᠶ ᠳᠤᠨᠢ ᠣᠨᠣᠪᠴᠢᠲᠠᠶ ᠬᠠᠷᠢᠭᠤ ᠲᠤᠰᠬᠠᠬᠤ ᠬᠡᠷᠡᠭᠲᠡᠶ᠃    ᠠᠷᠪᠠᠨ ᠨᠢᠭᠡᠳᠦᠭᠡᠷ ᠵᠦᠢᠯ   ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠲᠥᠷᠥᠯ ᠵᠦᠢᠯ ᠪᠣᠯᠤᠨ ᠪᠡᠯᠡ ᠮᠥᠩᠭᠦ ᠶᠢ ᠢᠳᠡᠪᠬᠢᠲᠡᠢ ᠪᠠᠷ ᠡᠮᠬᠢᠯᠡᠨ ᠨᠡᠶᠢᠯᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠤ ᠮᠠᠯ ᠮᠠᠯᠵᠢᠭᠰᠠᠨ  ᠡᠷᠦᠬᠡ  ᠶᠢᠨ ᠬᠠᠰᠢᠶ᠎ᠠ ᠰᠠᠷᠠᠪᠴᠢ᠂ ᠵᠣᠭᠤᠷᠢ ᠶᠢᠨ ᠪᠥᠳᠥᠭᠡᠨ ᠪᠠᠶᠢᠭᠤᠯᠤᠯᠲᠠ ᠬᠢᠬᠦ ᠶᠢ ᠡᠩ ᠲᠡᠷᠢᠭᠦᠨ ᠳᠤ ᠳᠡᠳᠭᠦᠬᠦ ᠬᠡᠷᠡᠭᠲᠡᠢ᠃    ᠠᠷᠪᠠᠨ ᠬᠤᠶᠠᠳᠤᠭᠠᠷ ᠵᠦᠢᠯ   ᠬᠤᠰᠢᠭᠤᠨ ᠤ ᠵᠠᠰᠠᠭ ᠤᠨ ᠣᠷᠳᠣᠨ ᠠᠴᠠ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠤᠬᠠᠭᠠᠨᠴᠢ ᠪᠠᠷ ᠮᠠᠯ ᠲᠡᠵᠢᠭᠡᠬᠦ ᠣᠶᠢᠯᠠᠭᠠᠭᠳᠠᠬᠤᠨ ᠢᠶᠠᠷ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠵᠣᠷᠢᠭᠵᠢᠭᠤᠯᠤᠨ ᠳᠡᠮᠵᠢᠵᠦ᠂ ᠬᠠᠰᠢᠶᠠᠯᠠᠨ ᠲᠡᠵᠢᠭᠡᠵᠦ᠂ ᠮᠠᠯ ᠠᠵᠤ ᠠᠬᠤᠶ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠬᠡᠪᠴᠢᠶ᠎ᠡ ᠪᠠ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠎ᠡ᠃    ᠳᠥᠷᠪᠡᠳᠦᠭᠡᠷ ᠪᠦᠯᠦᠭ  ᠬᠢᠨᠠᠯᠲᠠ ᠬᠠᠮᠢᠶᠠᠷᠤᠯᠲᠠ    ᠠᠷᠪᠠᠨ ᠭᠤᠷᠪᠠᠳᠤᠭᠠᠷ ᠵᠦᠢᠯ   ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠢ ᠤᠷᠤᠭᠰᠢᠲᠠᠢ ᠡᠬᠢᠯᠡᠭᠦᠯᠬᠦ ᠪᠠ ᠬᠡᠪ ᠤᠨ ᠬᠠᠮᠢᠶᠠᠷᠤᠯᠲᠠ ᠬᠠᠮᠠᠭᠠᠯᠠᠯᠲᠠ ᠶᠢ ᠪᠠᠲᠤᠯᠠᠬᠤ ᠶᠢᠨ ᠲᠦᠯᠦᠭᠡ᠂ ᠬᠤᠰᠢᠭᠤᠨ ᠤ ᠵᠠᠰᠠᠭ ᠤᠨ ᠣᠷᠳᠣᠨ ᠵᠢᠯ ᠪᠦᠷᠢ ᠵᠣᠬᠢᠬᠤ ᠬᠡᠮᠵᠢᠶᠡᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ  ᠤᠨ ᠲᠤᠰᠬᠠᠢ ᠵᠠᠷᠤᠳᠠᠯ ᠢ ᠲᠣᠬᠢᠷᠠᠭᠤᠯᠵᠤ᠂ ᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠲᠤᠰᠬᠠᠶ ᠪᠡᠯᠡ ᠮᠥᠩᠭᠦ ᠶᠢ ᠲᠤᠰᠬᠠᠶ ᠬᠡᠷᠡᠭᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃    ᠠᠷᠪᠠᠨ ᠳᠥᠷᠪᠡᠳᠦᠭᠡᠷ ᠵᠦᠢᠯ   ᠨᠡᠶᠢᠭᠡᠮ ᠤᠨ ᠡᠯ᠎ᠡ ᠡᠲᠡᠭᠡᠳ ᠤᠨ ᠬᠢᠨ ᠲᠠᠷᠢᠶᠠᠯᠠᠬᠤ ᠮᠠᠯᠵᠢᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯᠳᠠᠨ ᠤ ᠬᠢᠨᠠᠯᠲᠠ ᠬᠠᠮᠢᠶᠠᠷᠤᠯᠲᠠ ᠶᠢᠨ ᠠᠵᠢᠯ  ᠳᠤ ᠳᠡᠮᠵᠢᠯᠭᠡ ᠬᠠᠮᠵᠢᠯᠴᠠᠭ᠎ᠠ ᠦᠵᠡᠭᠦᠯᠵᠦ᠂ ᠲᠡᠪᠴᠢᠬᠦ ᠪᠠ ᠬᠠᠷᠰᠢᠯᠠᠵᠤ ᠪᠣᠯᠬᠤ ᠦᠭᠡᠢ᠃    ᠠᠷᠪᠠᠨ ᠲᠠᠪᠤᠳᠤᠭᠠᠷ ᠵᠦᠢᠯ   ᠬᠠᠮᠢᠠᠶᠠᠷᠤᠨ ᠬᠠᠮᠠᠭᠠᠯᠠᠬᠤ ᠠᠵᠢᠯᠲᠠᠳ ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠤᠨ ᠶᠣᠰᠣᠭᠠᠷ ᠠᠯᠪᠠᠨ ᠶᠠᠪᠤᠳᠠᠯ ᠭᠦᠢᠴᠡᠳᠬᠡᠵᠦ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ  ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠤᠨ ᠬᠠᠤᠯᠢ ᠶᠣᠰᠣᠨ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠢ᠃    ᠠᠷᠪᠠᠨ ᠵᠢᠷᠭᠤᠳᠤᠭᠠᠷ ᠵᠦᠢᠯ   ᠪᠡᠯᠴᠢᠭᠡᠷᠯᠡᠭᠦᠯᠬᠦ ᠶᠢ ᠴᠠᠭᠠᠵᠠᠯᠠᠬᠤ ᠳᠤ ᠲᠣᠷᠭᠠᠵᠤ ᠬᠤᠷᠢᠶᠠᠭᠰᠠᠨ ᠵᠣᠭᠤᠰ ᠤᠨ ᠣᠷᠣᠯᠭ᠎ᠠ ᠳᠤ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠵᠦ᠂ ᠲᠣᠷᠭᠠᠵᠤ ᠬᠤᠷᠢᠶᠠᠭᠰᠠᠨ ᠪᠡᠯᠡ ᠮᠥᠩᠭᠦ ᠶᠢ ᠠᠵᠢᠯ ᠤᠨ ᠵᠠᠷᠤᠳᠠᠯ ᠨᠥᠬᠦᠪᠥᠷᠢᠯᠡᠬᠦ ᠠᠷᠭ᠎ᠠ ᠮᠠᠶ᠋ᠢᠭ ᠢᠶᠠᠷ ᠡᠯ᠎ᠡ ᠱᠠᠲᠤᠨ  ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠡᠩᠨᠡᠭᠡᠨ ᠳᠤ ᠦᠭᠭᠦᠨ᠎ᠡ᠃    ᠠᠷᠪᠠᠨ ᠳᠣᠯᠣᠳᠤᠭᠠᠷ ᠵᠦᠢᠯ   ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ ᠠᠯᠪᠠᠨ ᠭᠡᠷ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠴᠥᠮ ᠢᠯᠡᠴᠢᠯᠡᠨ  ᠮᠡᠳᠡᠭᠦᠯᠬᠦ ᠤᠲᠠᠰᠤ ᠭᠠᠷᠭᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠨᠢᠭᠡᠴᠡ ᠪᠣᠯᠤᠨ ᠬᠤᠪᠢ ᠬᠥᠮᠦᠨ ᠳᠤ ᠨᠢᠭᠤᠴᠠ ᠶᠢ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠬᠢᠨᠠᠨ ᠬᠠᠷᠭᠤᠭᠤᠯᠤᠭᠰᠠᠨ ᠤ ᠳᠠᠷᠠᠭ᠎ᠠ ᠢᠯᠡᠴᠢᠯᠡᠨ ᠮᠡᠳᠡᠭᠦᠯᠦᠭᠴᠢ ᠳᠤ ᠵᠣᠬᠢᠬᠤ ᠬᠡᠮᠵᠢᠶᠡᠨ ᠤ ᠱᠠᠩᠨᠠᠯ ᠣᠯᠭᠤᠬᠤ ᠬᠡᠷᠡᠭᠲᠡᠶ᠃    ᠠᠷᠪᠠᠨ ᠨᠠᠢᠮᠠᠳᠤᠭᠠᠷ ᠵᠦᠢᠯ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ ᠳᠤᠮᠳᠠ ᠲᠤᠪᠤᠶᠢᠮ᠎ᠠ ᠠᠮᠵᠢᠯᠲᠠ ᠣᠯᠤᠭᠰᠠᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠲᠠᠷᠢᠶᠠᠯᠠᠬᠤ ᠮᠠᠯᠵᠢᠬᠤ ᠡᠷᠦᠬᠡ ᠬᠢᠭᠡᠳ ᠬᠠᠮᠢᠶᠠᠷᠤᠯᠲᠠ ᠶᠢᠨ ᠨᠢᠭᠡᠴᠡ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠨ᠎ᠠ᠃    ᠠᠷᠪᠠ ᠶᠢᠰᠦᠳᠦᠭᠡᠷ ᠵᠦᠢᠯ   ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯᠳᠠᠨ ᠠᠯᠪᠠᠨ ᠶᠠᠪᠤᠳᠠᠯ ᠭᠦᠢᠴᠡᠳᠬᠡᠬᠦ ᠳᠡᠭᠡᠨ ᠬᠦᠴᠦᠨ ᠪᠦᠬᠦᠢ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠶᠢᠨ ᠬᠠᠮᠲᠤ ᠬᠤᠶᠠᠷ ᠠᠴᠠ ᠳᠡᠭᠡᠭᠰᠢ ᠬᠥᠮᠦᠨ ᠬᠠᠮᠲᠤ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠢ ᠦᠷᠨᠢᠭᠦᠯᠬᠦ ᠬᠡᠷᠡᠭᠲᠡᠶ᠃    ᠲᠠᠪᠤᠳᠤᠭᠠᠷ ᠪᠦᠯᠦᠭ  ᠬᠠᠷᠢᠭᠤᠴᠠᠯᠭ᠎ᠠ ᠨᠡᠬᠡᠮᠵᠢᠯᠡᠬᠦ    ᠬᠤᠷᠢᠳᠤᠭᠠᠷ ᠵᠦᠢᠯ   ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠮᠠᠯ ᠮᠠᠯᠵᠢᠭᠰᠠᠨ ᠪᠤᠶᠤ ᠬᠤᠯᠠᠭᠠᠶᠢᠯᠠᠨ ᠮᠠᠯᠵᠢᠭᠰᠠᠨ ᠪᠠᠶᠢᠪᠠᠯ᠂ ᠠᠩᠬ᠎ᠠ ᠤᠳᠠᠭ᠎ᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ  ᠳᠤ ᠰᠤᠷᠭᠠᠨ ᠬᠥᠮᠦᠵᠢᠭᠦᠯᠵᠦ ᠢᠳᠬᠠᠬᠤ ᠪᠠᠷ ᠭᠤᠤᠯ ᠪᠣᠯᠭᠠᠨ᠎ᠠ︔ ᠢᠳᠬᠠᠭᠠᠳ ᠲᠤᠰᠠ ᠪᠣᠯᠤᠭᠰᠠᠨ ᠦᠭᠡᠢ ᠪᠤᠶᠤ ᠳᠠᠬᠢᠨ ᠮᠠᠯ ᠮᠠᠯᠵᠢᠭᠰᠠᠨ ᠪᠠᠶᠢᠳᠠᠯ ᠭᠠᠷᠤᠭᠰᠠᠨ ᠪᠠᠶᠢᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠨᠤᠲᠤᠭ ᠪᠡᠯᠴᠢᠭᠡᠷ ᠤᠨ ᠬᠠᠤᠯᠢ︾ ᠶᠢᠨ ᠳᠥᠴᠢᠨ ᠲᠤᠯᠤᠳᠤᠭᠠᠷ ᠵᠦᠢᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ᠤᠨ ᠭᠤᠴᠢᠨ ᠬᠤᠶᠠᠳᠤᠭᠠᠷ ᠵᠦᠢᠯ᠂ ᠳᠥᠴᠢᠨ ᠳᠣᠯᠣᠳᠤᠭᠠᠷ ᠵᠦᠢᠯ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠤᠨ ᠭᠤᠴᠢᠨ ᠨᠠᠢᠮᠠᠳᠤᠭᠠᠷ ᠵᠦᠢᠯ ᠤᠨ ᠲᠣᠭᠲᠠᠭᠠᠯ ᠢᠶᠠᠷ ᠰᠢᠳᠬᠡᠨ ᠲᠣᠷᠭᠠᠨ᠎ᠠ᠃    ᠬᠤᠷᠢᠨ ᠨᠢᠭᠡᠳᠦᠭᠡᠷ ᠵᠦᠢᠯ   ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠲᠣᠭᠲᠠᠭᠠᠯ ᠢ ᠵᠦᠷᠢᠴᠡᠵᠦ᠂ ᠬᠦᠷᠢᠶ᠎ᠡ ᠬᠠᠰᠢᠶ᠎ᠠ᠂ ᠬᠥᠮᠦᠨ ᠮᠠᠯ ᠤᠨ ᠤᠤᠭᠤᠬᠤ ᠤᠰᠤᠨ ᠤ ᠲᠦᠭᠦᠭᠡᠷᠦᠮᠵᠢ ᠵᠡᠷᠭᠡ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠦᠭᠦᠭᠡᠷᠦᠮᠵᠢ ᠶᠢ ᠡᠪᠳᠡᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠤᠨ ᠭᠤᠴᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠰᠠᠨ ᠰᠡᠷᠭᠦᠭᠡᠨ᠎ᠡ᠃ ᠪᠣᠳᠠᠲᠠᠶ ᠬᠤᠬᠢᠷᠠᠯ ᠤᠨ ᠬᠢᠨᠢ ᠭᠤᠷᠪᠠᠨ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃    ᠬᠤᠷᠢᠨ ᠬᠤᠶᠠᠳᠤᠭᠠᠷ ᠵᠦᠢᠯ   ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠲᠣᠭᠲᠠᠭᠠᠯ  ᠢ ᠵᠦᠷᠢᠴᠡᠵᠦ᠂ ᠤᠢ ᠰᠢᠭᠤᠶ᠂ ᠤᠢ ᠮᠣᠳᠣ ᠶᠢ ᠡᠪᠳᠡᠯᠡᠭᠡ ᠳᠤ ᠤᠴᠠᠷᠠᠭᠤᠯᠤᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ ᠳᠥᠷᠪᠡᠳᠦᠭᠡᠷ ᠵᠦᠢᠯ ᠤᠨ ᠶᠣᠰᠣᠭᠠᠷ ᠬᠠᠤᠯᠢ ᠶᠣᠰᠣᠭᠠᠷ ᠬᠤᠬᠢᠷᠠᠯ ᠢ ᠨᠢ ᠳᠦᠯᠦᠬᠦ ᠬᠡᠷᠡᠭᠲᠡᠶ᠃ ᠡᠪᠳᠡᠨ ᠰᠦᠢᠳᠬᠡᠭᠰᠡᠨ ᠮᠣᠳᠣᠨ ᠤ ᠲᠣᠭᠠᠨ ᠤ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠭᠤᠭᠰᠢ ᠮᠣᠳᠣ ᠶᠢ ᠨᠥᠬᠦᠵᠦ ᠳᠠᠷᠢᠵᠤ᠂ ᠮᠣᠳᠣ ᠨᠥᠬᠦᠵᠦ ᠲᠠᠷᠢᠬᠤ ᠦᠭᠡᠢ ᠪᠤᠶᠤ ᠨᠥᠬᠦᠵᠦ ᠲᠠᠷᠢᠬᠤ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠠᠶᠢᠪᠠᠯ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠷᠣᠯᠠᠨ ᠨᠦᠬᠦᠨ ᠳᠠᠷᠢᠵᠤ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠭᠠᠷᠭᠠᠨ᠎ᠠ᠃    ᠬᠤᠷᠢᠨ ᠭᠤᠷᠪᠠᠳᠤᠭᠠᠷ ᠵᠦᠢᠯ   ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯᠲᠠᠳ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠲᠡᠪᠴᠢᠭᠰᠡᠨ᠂ ᠬᠠᠷᠰᠢᠯᠠᠭᠰᠠᠨ ᠪᠠᠶᠢᠪᠠᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠳᠦᠷᠢᠮ︾ ᠶᠣᠰᠣᠭᠠᠷ ᠰᠢᠳᠬᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠷᠢᠨ ᠳᠥᠷᠪᠡᠳᠦᠭᠡᠷ ᠵᠦᠢᠯ   ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯᠲᠠᠨ  ᠤ ᠠᠵᠢᠯ ᠤᠨ ᠳᠤᠮᠳᠠ ᠡᠭᠦᠷᠭᠡ ᠲᠤᠰᠢᠶᠠᠯ ᠳᠠᠭᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠵᠦ᠂ ᠮᠠᠭᠤ ᠨᠥᠯᠥᠭᠡ ᠭᠠᠷᠭᠠᠭᠰᠠᠨ ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠵᠢᠷᠭᠤᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ    ᠬᠤᠷᠢᠨ ᠲᠠᠪᠤᠳᠤᠭᠠᠷ ᠵᠦᠢᠯ   ︽ᠬᠤᠨᠢᠨ ᠨᠢᠭᠡᠴᠢ︾ ᠭᠡᠳᠡᠭ ᠨᠢ ᠮᠠᠯ ᠤᠨ ᠲᠤᠭ᠎ᠠ ᠶᠢ ᠪᠤᠳᠤᠬᠤ ᠨᠢᠭᠡᠴᠢ ᠶᠢ ᠵᠢᠭᠠᠵᠤ᠂ ᠨᠢᠭᠡ ᠬᠤᠨᠢ ᠨᠢ ᠨᠢᠭᠡ ᠬᠤᠨᠢᠨ ᠨᠢᠭᠡᠴᠢ᠂ ᠨᠢᠭᠡ ᠦᠬᠡᠷ ᠨᠢ ᠲᠠᠪᠤᠨ ᠬᠤᠨᠢᠨ ᠨᠢᠭᠡᠴᠢ᠂ ᠨᠢᠭᠡ ᠮᠣᠷᠢ ᠨᠢ ᠵᠢᠷᠭᠤᠭᠠᠨ ᠬᠤᠨᠢᠨ ᠨᠢᠭᠡᠴᠢ᠂ ᠨᠢᠭᠡ ᠡᠯᠵᠢᠭᠡ ᠨᠢ ᠭᠤᠷᠪᠠᠨ ᠬᠤᠨᠢᠨ ᠨᠢᠭᠡᠴᠢ᠂ ᠨᠢᠭᠡ ᠯᠠᠭᠤᠰᠠ ᠨᠢ ᠲᠠᠪᠤᠨ ᠬᠤᠨᠢᠨ ᠨᠢᠭᠡᠴᠢ᠂ ᠨᠢᠭᠡ ᠲᠡᠮᠡᠭᠡ ᠨᠢ ᠲᠤᠯᠤᠭᠠᠨ ᠬᠤᠨᠢᠨ ᠨᠢᠭᠡᠴᠢ ᠲᠠᠢ ᠲᠡᠩᠴᠡᠨ᠎ᠡ᠃    ᠬᠤᠷᠢᠨ ᠵᠢᠷᠭᠤᠳᠤᠭᠠᠷ ᠵᠦᠢᠯ    ᠲᠤᠰ ᠬᠠᠮᠢᠶᠠᠷᠤᠯᠲᠠ ᠶᠢᠨ ᠠᠷᠭ᠎ᠠ ᠶᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃    ᠬᠤᠷᠢᠨ ᠳᠣᠯᠣᠳᠤᠭᠠᠷ ᠵᠦᠢᠯ  ᠲᠤᠰ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠤ ᠥᠩᠭᠡᠷᠡᠭᠡᠭᠰᠡᠨ ᠤ ᠬᠤᠯᠪᠣᠭᠳᠠᠯ ᠪᠦᠬᠦᠢ ᠲᠣᠭᠲᠠᠭᠠᠯ ᠨᠢ ᠲᠣᠰ ᠠᠷᠭ᠎ᠠ ᠲᠠᠢ ᠬᠠᠷᠰᠢᠯᠳᠤᠭᠰᠠᠨ ᠪᠠᠶᠢᠪᠠᠯ ᠴᠥᠮ ᠬᠦᠴᠦᠨ ᠦᠭᠡᠢ ᠪᠣᠯᠭᠠᠨ᠎ᠠ᠃    ᠬᠤᠷᠢᠨ ᠨᠠᠢᠮᠠᠳᠤᠭᠠᠷ ᠵᠦᠢᠯ   ᠲᠤᠰ ᠬᠠᠮᠢᠶᠠᠷᠤᠯᠲᠠ ᠶᠢᠨ ᠠᠷᠭ᠎ᠠ ᠳᠤ ᠬᠡᠷᠪᠡ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠲᠠᠢ ᠬᠠᠷᠰᠢᠯᠳᠤᠵᠤ ᠪᠠᠶᠢᠪᠠᠯ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠬᠢᠲᠠᠳ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号