10 ᠰᠠᠷ᠎ᠠ ᠶᠢᠨ 16 ᠤ ᠡᠳᠦᠷ᠂ ᠲᠦᠩᠯᠢᠶᠤᠤ ᠬᠤᠲᠠ ᠶᠢᠨ ᠯᠢᠶᠤᠤ ᠾᠧ ᠴᠡᠴᠡᠷᠯᠢᠭ ᠤᠨ ᠮᠤᠷᠢᠨ ᠬᠤᠭᠤᠷ | ᠠᠭᠤᠳᠠᠮ ᠲᠠᠯᠠᠪᠠᠢ ᠳᠤ᠂ ᠠᠨᠳᠠᠢ ᠬᠦᠭᠵᠢᠮ ᠴᠡᠴᠡᠷᠯᠢᠭ ᠲᠦᠭᠦᠷᠡᠩ ᠤᠶᠠᠩᠭᠠᠷᠠᠵᠤ᠂ ᠤᠯᠠᠭᠠᠨ ᠠᠯᠴᠢᠭᠤᠷ ᠲᠠᠯᠠᠪᠠᠢ | ᠲᠦᠭᠦᠷᠡᠩ ᠰᠠᠵᠢᠯᠠᠭᠳᠠᠨ᠂ ᠬᠦᠷ ᠨᠠᠷᠭᠢᠶᠠᠨ ᠢᠶᠠᠷ ᠪᠢᠯᠬᠠᠵᠤ ᠪᠠᠶᠢᠯ᠎ᠠ᠃ ᠡᠨᠡ ᠨᠢ ᠭᠤᠷᠪᠠᠳᠤᠭᠠᠷ ᠬᠤᠭᠤᠴᠠᠭᠠᠨ ᠤ | ᠲᠦᠩᠯᠢᠶᠤᠤ ᠬᠤᠲᠠ ᠶᠢᠨ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠬᠠᠮ ᠲᠤᠭᠯᠠᠯᠲᠠ ᠵᠢᠴᠢ ᠠᠩᠬᠠᠳᠤᠭᠠᠷ | ᠬᠤᠭᠤᠴᠠᠭᠠᠨ ᠤ ᠠᠨᠳᠠᠢ ᠪᠦᠵᠢᠭ ᠤᠨ ᠤᠷᠤᠯᠳᠤᠭᠠᠨ ᠤ ᠡᠬᠢᠯᠡᠯᠲᠡ ᠶᠢᠨ ᠶᠤᠰᠤᠯᠠᠯ ᠳᠡᠭᠡᠷᠡᠬᠢ ︽ᠤᠯᠠᠭᠠᠨ | ᠠᠯᠴᠢᠭᠤᠷ ᠢᠶᠠᠨ ᠰᠠᠵᠢᠯᠠᠵᠤ ᠡᠯᠪᠡᠭ ᠬᠤᠷᠢᠶᠠᠯᠲᠠ ᠪᠠᠨ ᠪᠡᠯᠭᠡᠯᠡᠶ᠎ᠡ︾ ᠭᠡᠬᠦ ᠮᠢᠩᠭᠠᠨ ᠬᠦᠮᠦᠨ ᠤ ᠠᠨᠳᠠᠢ ᠪᠦᠵᠢᠭ | ᠤᠨ ᠠᠬᠤᠢ ᠲᠠᠯᠠᠪᠠᠢ ᠪᠤᠯᠤᠨ᠎ᠠ᠃ | | | | | ᠡᠨᠡ ᠤᠳᠠᠭᠠᠨ ᠤ ᠠᠵᠢᠯᠯᠠᠭ᠎ᠠ ᠨᠢ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠨᠠᠶᠢᠷ ᠢ ᠪᠡᠯᠭᠡᠯᠡᠨ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠰᠢᠢᠳᠪᠦᠷᠢᠲᠦ ᠢᠯᠠᠯᠲᠠ ᠶᠢ ᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠳᠠᠶᠢᠯᠠᠯᠳᠤᠭᠠᠨ ᠤ | ᠢᠯᠠᠯᠲᠠ ᠶᠢ ᠤᠯᠬᠤ︾ ᠠᠭᠤᠷ ᠠᠮᠢᠰᠬᠤᠯ ᠢ ᠤᠯᠠᠮ ᠨᠢᠭᠡ ᠠᠯᠬᠤᠮ ᠦᠳᠭᠡᠷᠡᠭᠦᠯᠵᠦ᠂ ᠮᠠᠯᠴᠢᠨ ᠲᠠᠷᠢᠶᠠᠴᠢᠨ ᠤ | ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠰᠢᠯᠢᠳᠡᠭ ᠦᠨᠳᠦᠰᠦᠲᠡᠨ ᠤ ᠰᠤᠶᠤᠯ ᠢ ᠤᠯᠠᠮᠵᠢᠯᠠᠵᠤ᠂ ᠠᠨᠳᠠᠢ | ᠰᠤᠶᠤᠯ ᠤᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠬᠦ ᠪᠠᠷ ᠵᠤᠷᠢᠯᠭ᠎ᠠ ᠪᠠᠨ ᠪᠤᠯᠭᠠᠵᠠᠢ᠃ ᠮᠠᠯᠴᠢᠨ ᠲᠠᠷᠢᠶᠠᠴᠢᠨ ᠤ | ᠤᠷᠠᠨ ᠰᠠᠶᠢᠬᠠᠨ ᠤ ᠬᠠᠮ ᠲᠤᠭᠯᠠᠯᠲᠠ ᠪᠠ ᠠᠨᠳᠠᠢ ᠪᠦᠵᠢᠭ ᠤᠨ ᠤᠷᠤᠯᠳᠤᠭᠠᠨ ᠢ ᠬᠠᠮᠳᠤ ᠨᠢ ᠡᠷᠬᠢᠯᠡᠬᠦ ᠪᠠᠷ | ᠳᠠᠮᠵᠢᠨ᠂ ᠠᠨᠳᠠᠢ ᠪᠦᠵᠢᠭ ᠤᠨ ᠤᠷᠤᠯᠳᠤᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ ᠪᠦᠬᠦ ᠬᠤᠲᠠ ᠶᠢᠨ ᠠᠷᠠᠳ | ᠲᠦᠮᠡᠨ ᠳᠤ ᠦᠪᠡᠳᠡᠭᠰᠢ ᠶᠡᠭᠡ ᠤᠶᠤᠨ ᠤ ᠳᠠᠶᠢᠯᠠᠯᠭ᠎ᠠ ᠬᠠᠩᠭᠠᠨ᠂ ᠠᠨᠳᠠᠢ ᠪᠦᠵᠢᠭ ᠤᠨ ᠳᠡᠯᠭᠡᠷᠡᠭᠦᠯᠦᠯᠲᠠ ᠶᠢ | ᠠᠬᠢᠭᠤᠯᠬᠤ ᠪᠤᠯᠤᠨ᠎ᠠ᠃ | | | | | | | | ᠠᠩᠬᠠᠳᠤᠭᠠᠷ ᠬᠤᠭᠤᠴᠠᠭᠠᠨ ᠤ ᠠᠨᠳᠠᠢ ᠪᠦᠵᠢᠭ ᠤᠨ ᠤᠷᠤᠯᠳᠤᠭᠠᠨ ᠨᠢ 16 ᠤ ᠡᠳᠦᠷ ᠠᠴᠠ 17 ᠤ ᠡᠳᠦᠷ | ᠪᠤᠯᠳᠠᠯ᠎ᠠ ᠶᠠᠪᠤᠭᠳᠠᠵᠠᠢ᠃ ᠤᠷᠤᠯᠳᠤᠭᠠᠨ ᠨᠢ ᠶᠡᠭᠡ ᠳᠡᠭᠡᠲᠦ ᠰᠤᠷᠭᠠᠭᠤᠯᠢ ᠪᠠ ᠠᠵᠢᠯ ᠮᠡᠷᠭᠡᠵᠢᠯ ᠤᠨ ᠰᠤᠷᠭᠠᠭᠤᠯᠢ | ᠶᠢᠨ ᠳᠤᠭᠤᠶᠢᠯᠠᠩ᠂ ᠲᠦᠩᠯᠢᠶᠤᠤ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠳᠤᠭᠤᠶᠢᠯᠠᠩ᠂ ᠲᠦᠩᠯᠢᠶᠤᠤ | ᠬᠤᠲᠠ ᠶᠢᠨ ᠨᠠᠰᠤᠳᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠳᠤᠭᠤᠶᠢᠯᠠᠩ᠂ ᠲᠦᠩᠯᠢᠶᠤᠤ ᠬᠤᠲᠠ ᠶᠢᠨ | ᠰᠤᠷᠭᠠᠨ ᠬᠦᠮᠦᠵᠢᠯ ᠤᠨ ᠰᠢᠰᠲ᠋ᠧᠮ ᠤᠨ ᠳᠤᠭᠤᠶᠢᠯᠠᠩ᠂ ᠬᠤᠰᠢᠭᠤ ᠰᠢᠶᠠᠨ ᠬᠤᠲᠠ ᠲᠤᠭᠤᠷᠢᠭ ᠤᠨ ᠳᠤᠭᠤᠶᠢᠯᠠᠩ | ᠭᠡᠬᠦ ᠲᠠᠪᠤᠨ ᠳᠤᠭᠤᠶᠢᠯᠠᠩ ᠬᠤᠪᠢᠶᠠᠵᠤ᠂ ᠨᠡᠶᠢᠳᠡ 48 ᠪᠦᠵᠢᠭ ᠤᠨ ᠠᠩᠬᠢ᠂ 1000 ᠰᠢᠬᠠᠮ ᠬᠦᠮᠦᠨ ᠨᠡᠷ᠎ᠡ | ᠮᠡᠳᠡᠭᠦᠯᠦᠨ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃ | | | | | | | | | ᠰᠤᠷᠪᠤᠯᠵᠢᠯᠠᠭᠴᠢ᠄ ᠪᠤᠤ ᠴᠢᠩ ᠱᠧᠩ | |