ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠨᠢᠭᠤᠴᠠ ᠶᠢ ᠬᠠᠮᠠᠭᠠᠯᠠᠬᠤ | ᠲᠣᠪᠴᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ᠂ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ ᠲᠠᠢ ᠵᠦᠪᠳᠡᠯᠴᠡᠬᠦ ᠪᠠᠷ ᠳᠠᠮᠵᠢᠨ᠂ ᠤᠶᠢᠷ᠎ᠠ ᠳᠤ ︽ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ 3226 ᠳ᠋ᠤᠭᠠᠷ ᠰᠠᠨᠠᠭᠤᠯᠭ᠎ᠠ︾ ᠳᠤ ᠳᠤᠷᠠᠳᠤᠭᠰᠠᠨ ︽ᠬᠦᠳᠡᠭᠡ ᠲᠤᠰᠬᠤᠨ ᠤ ᠤᠷᠤᠨ | ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠳᠠᠩᠰᠠᠯᠠᠬᠤ ᠠᠰᠠᠭᠤᠳᠠᠯ︾ ᠤᠨ ᠲᠤᠬᠠᠢ ᠬᠠᠷᠢᠭᠤᠯᠲᠠ ᠦᠭᠬᠦ ᠳᠤ | ᠪᠠᠨ᠄ ᠲᠠᠷᠢᠶᠠᠴᠢᠳ ᠤᠨ ᠤᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠬᠤᠲᠠ ᠪᠠᠯᠭᠠᠰᠤᠨ ᠳᠤ ᠡᠷᠦᠬᠡ | ᠠᠮᠠ ᠶᠢᠨ ᠳᠠᠩᠰᠠ ᠲᠠᠢ ᠦᠷ᠎ᠡ ᠬᠡᠦᠬᠡᠳ ᠨᠢ ᠬᠠᠤᠯᠢ ᠶᠤᠰᠤᠭᠠᠷ ᠦᠪ ᠵᠠᠯᠭᠠᠮᠵᠢᠯᠠᠬᠤ ᠶᠢᠨ ᠬᠠᠮᠲᠤ ᠦᠯᠦ ᠬᠦᠳᠡᠯᠬᠦ | ᠬᠦᠷᠦᠩᠭᠡ ᠶᠢᠨ ᠳᠠᠩᠰᠠᠯᠠᠯᠲᠠ ᠬᠢᠵᠦ ᠪᠤᠯᠤᠨ᠎ᠠ ᠭᠡᠪᠡ᠃ | | | | | ᠬᠠᠷᠢᠭᠤᠯᠲᠠ ᠳᠤ ᠵᠢᠭᠠᠵᠤ ᠭᠠᠷᠭᠠᠭᠰᠠᠨ ᠨᠢ᠄ ︽ᠦᠪ ᠵᠠᠯᠭᠠᠮᠵᠢᠯᠠᠬᠤ ᠬᠠᠤᠯᠢ︾ ᠶᠢᠨ ᠲᠤᠭᠲᠠᠭᠠᠯ ᠢ | ᠦᠨᠳᠦᠰᠦᠯᠡᠪᠡᠯ᠂ ᠦᠪ ᠵᠠᠯᠭᠠᠮᠵᠢᠯᠠᠭᠤᠯᠤᠭᠴᠢ ᠶᠢᠨ ᠭᠡᠷ ᠪᠠᠶᠢᠰᠢᠩ ᠢ ᠦᠪ ᠬᠦᠷᠦᠩᠭᠡ ᠶᠢᠨ ᠬᠤᠪᠢ ᠪᠠᠷ ᠦᠪ | ᠵᠠᠯᠭᠠᠮᠵᠢᠯᠠᠭᠴᠢ ᠵᠠᠯᠭᠠᠮᠵᠢᠯᠠᠨ᠎ᠠ᠂ ᠭᠡᠷ ᠭᠠᠵᠠᠷ ᠰᠢᠷᠤᠢ ᠶᠢ ᠨᠢᠭᠡ ᠴᠤᠭᠴᠠ ᠪᠤᠯᠭᠠᠬᠤ ᠵᠠᠷᠴᠢᠮ ᠶᠤᠰᠤᠭᠠᠷ᠂ ᠦᠪ | ᠵᠠᠯᠭᠠᠮᠵᠢᠯᠠᠭᠴᠢ ᠨᠢ ᠭᠡᠷ ᠪᠠᠶᠢᠰᠢᠩ ᠢ ᠦᠮᠴᠢᠯᠡᠬᠦ ᠡᠷᠬᠡ ᠪᠠ ᠤᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ | ᠵᠠᠯᠭᠠᠮᠵᠢᠯᠠᠵᠤ᠂ ᠬᠦᠳᠡᠭᠡ ᠲᠤᠰᠬᠤᠨ ᠤ ᠤᠷᠤᠨ ᠰᠠᠭᠤᠴᠠ ᠪᠠ ᠤᠷᠤᠨ ᠰᠠᠭᠤᠴᠠ ᠶᠢᠨ ᠭᠠᠵᠠᠷ ᠢ ᠠᠰ ᠠᠰ ᠲᠤᠨᠢ | ᠵᠠᠯᠭᠠᠮᠵᠢᠯᠠᠵᠤ ᠪᠤᠯᠠᠬᠤ ᠦᠭᠡᠢ᠃ ︽ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠠᠵᠢᠯᠯᠠᠭᠠᠨ ᠤ ᠵᠢᠷᠤᠮᠵᠢᠯ ︵ | ᠲᠤᠷᠰᠢᠨ ᠬᠡᠷᠡᠭᠵᠢᠭᠦᠯᠬᠦ︶︾ ᠳᠤ ᠲᠤᠳᠤᠷᠬᠠᠢ ᠲᠤᠭᠲᠠᠭᠠᠭᠰᠠᠨ ᠨᠢ᠂ ᠬᠦᠳᠡᠭᠡ ᠲᠤᠰᠬᠤᠨ ᠤ ᠬᠠᠮᠲᠤ ᠶᠢᠨ ᠠᠵᠤ | ᠠᠬᠤᠢ ᠶᠢᠨ ᠲᠤᠰ ᠵᠤᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠪᠢᠰᠢ ᠭᠡᠰᠢᠭᠦᠨ ︵ᠬᠤᠲᠠ ᠪᠠᠯᠭᠠᠰᠤᠨ ᠤ | ᠰᠠᠭᠤᠭᠠᠯᠢ ᠠᠷᠠᠳ ᠪᠠᠭᠲᠠᠨ᠎ᠠ︶ ᠭᠡᠷ ᠪᠠᠶᠢᠰᠢᠩ ᠢ ᠵᠠᠯᠭᠠᠮᠵᠢᠯᠠᠭᠰᠠᠨ ᠠᠴᠠ ᠪᠤᠯᠵᠤ ᠤᠷᠤᠨ ᠰᠠᠭᠤᠴᠠ ᠶᠢᠨ ᠭᠠᠵᠠᠷ ᠢ | ᠡᠵᠡᠯᠡᠨ ᠬᠡᠷᠡᠭᠯᠡᠭᠰᠡᠨ ᠪᠤᠯ᠂ ᠬᠠᠮᠢᠶ᠎ᠠ ᠪᠦᠬᠦᠢ ᠲᠤᠭᠲᠠᠭᠠᠯ ᠶᠤᠰᠤᠭᠠᠷ ᠡᠷᠬᠡ ᠶᠢ ᠨᠤᠲᠠᠯᠠᠨ ᠳᠠᠩᠰᠠᠯᠠᠵᠤ᠂ ᠦᠯᠦ | ᠬᠦᠳᠡᠯᠬᠦ ᠬᠦᠷᠦᠩᠭᠡ ᠶᠢ ᠳᠠᠩᠰᠠᠯᠠᠭᠤᠯᠤᠭᠰᠠᠨ ᠳᠡᠪᠲᠡᠷ ᠵᠢᠴᠢ ᠦᠨᠡᠮᠯᠡᠯ ᠤᠨ ᠳᠠᠭᠠᠯᠳᠤᠭᠤᠯᠤᠯ ᠬᠦᠰᠦᠨᠦᠭ ᠲᠤ ︽ | ᠲᠤᠰ ᠡᠷᠬᠡᠲᠦ ᠬᠦᠮᠦᠨ ᠪᠤᠯ ᠲᠤᠰ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ ᠶᠢᠨ ᠤᠤᠯ ᠤᠨ ᠪᠦᠷᠢᠯᠳᠦᠭᠦᠨ ᠭᠡᠰᠢᠭᠦᠨ ᠤ ᠤᠷᠤᠨ ᠰᠠᠭᠤᠴᠠ ᠶᠢᠨ ᠬᠠᠤᠯᠢ ᠶᠤᠰᠤᠨ ᠤ ᠦᠪ | ᠵᠠᠯᠭᠠᠮᠵᠢᠯᠠᠭᠴᠢ︾ ᠭᠡᠵᠦ ᠲᠡᠮᠲᠡᠭᠯᠡᠨ᠎ᠡ᠃ | ᠡᠭᠦᠨ ᠠᠴᠠ ᠭᠠᠳᠠᠨ᠎ᠠ᠂ ︽ᠦᠯᠦ ᠬᠦᠳᠡᠯᠬᠦ ᠬᠦᠷᠦᠩᠭᠡ ᠶᠢ ᠬᠠᠮᠲᠤ ᠪᠠᠷ ᠦᠮᠴᠢᠯᠡᠬᠦ ᠳᠠᠩᠰᠠᠯᠠᠯᠲᠠ︾ ᠵᠡᠷᠭᠡ | ᠠᠰᠠᠭᠤᠳᠠᠯ ᠤᠨ ᠲᠤᠬᠠᠢ ᠴᠤ ᠲᠤᠳᠤᠷᠬᠠᠢ ᠬᠠᠷᠢᠭᠤᠯᠲᠠ ᠦᠭᠴᠡᠢ᠃ ᠳᠠᠷᠤᠢ᠄ ᠦᠯᠦ ᠬᠦᠳᠡᠯᠬᠦ ᠬᠦᠷᠦᠩᠭᠡ ᠶᠢᠨ | ᠳᠠᠩᠰᠠᠯᠠᠯᠲᠠ ᠶᠢᠨ ᠪᠠᠶᠢᠭᠤᠯᠤᠮᠵᠢ ᠴᠦᠬᠡᠨ ᠲᠤᠭᠠᠨ ᠤ ᠬᠠᠮᠲᠤᠪᠠᠷ ᠦᠮᠴᠢᠯᠡᠭᠴᠢ ᠬᠠᠮᠵᠢᠯᠴᠠᠭᠰᠠᠨ ᠦᠭᠡᠢ ᠠᠴᠠ | ᠪᠤᠯᠵᠤ ᠳᠠᠩᠰᠠᠯᠠᠯᠲᠠ ᠬᠢᠬᠦ ᠦᠭᠡᠢ ᠪᠠᠶᠢᠬᠤ ᠠᠰᠠᠭᠤᠳᠠᠯ ᠨᠢ ᠭᠦᠢᠴᠡᠳᠭᠡᠬᠦ ᠳᠠᠪᠬᠤᠷᠭ᠎ᠠ ᠶᠢᠨ ᠠᠰᠠᠭᠤᠳᠠᠯ ᠳᠤ | ᠲᠤᠭᠠᠴᠠᠭᠳᠠᠨ᠎ᠠ᠃ ᠬᠢᠨᠡᠯᠲᠠ ᠲᠠᠯᠪᠢᠵᠤ ᠵᠢᠯᠤᠭᠤᠳᠬᠤ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠲᠤᠭᠲᠠᠭᠠᠯ ᠢ | ᠴᠢᠩᠭ᠎ᠠ ᠨᠠᠶᠢᠳᠠᠪᠤᠷᠢᠵᠢᠭᠤᠯᠵᠤ᠂ ᠦᠯᠦ ᠬᠦᠳᠡᠯᠬᠦ ᠬᠦᠷᠦᠩᠭᠡ ᠶᠢᠨ ᠡᠷᠬᠡᠲᠦ ᠬᠦᠮᠦᠨ ᠤ ᠬᠠᠤᠯᠢ ᠶᠤᠰᠤᠨ ᠤ ᠡᠷᠬᠡ | ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃ |