11 ᠰᠠᠷ᠎ᠠ ᠶᠢᠨ 16 ᠤ ᠡᠳᠦᠷ᠂ ᠰᠣᠷᠪᠤᠯᠵᠢᠯᠠᠭᠴᠢ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ | ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠨᠠᠮ ᠤᠨ ᠲᠥᠪ ᠬᠤᠷᠢᠶ᠎ᠠ᠂ ᠲᠥᠷᠦ ᠶᠢᠨ | ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ︽ | ᠵᠢᠷᠭᠤᠭ᠎ᠠ ᠶᠢ ᠲᠤᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠰᠢᠢᠳᠪᠦᠷᠢᠲᠦ ᠪᠣᠳᠤᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠪᠣᠯᠤᠨ ᠲᠥᠷ ᠴᠠᠭ ᠠᠪᠤᠷᠠᠨ ᠲᠤᠰᠠᠯᠠᠬᠤ ᠪᠦᠷᠬᠦᠴᠡ ᠶᠢᠨ ᠬᠡᠪᠴᠢᠶ᠎ᠡ ᠶᠢ ᠵᠣᠬᠢᠰᠲᠠᠢ ᠦᠷᠭᠡᠳᠭᠡᠬᠦ ᠶᠢᠨ | ᠲᠥᠯᠦᠭᠡ᠂ ᠮᠠᠨ ᠤ ᠣᠷᠤᠨ ᠱᠠᠩᠨᠠᠵᠤ ᠨᠦᠬᠦᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯᠲᠡᠢ ᠣᠯᠠᠨ | ᠲᠦᠮᠡᠨ ᠤ ᠱᠠᠩᠨᠠᠯ ᠢᠶᠠᠷ ᠨᠦᠬᠦᠪᠦᠷᠢ ᠶᠢ ᠣᠷᠤᠯᠠᠭᠤᠯᠬᠤ ᠪᠡᠯᠡ ᠮᠦᠩᠭᠦ ᠶᠢ 8000 ᠲᠦᠮᠡᠨ ᠲᠦᠭᠦᠷᠢᠭ | ᠪᠠᠭᠤᠯᠭᠠᠵᠤ᠂ ᠣᠷᠤᠨ ᠨᠤᠲᠤᠭ ᠤᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ | ᠪᠠᠲᠤᠯᠠᠬᠤ ᠶᠢ ᠳᠡᠮᠵᠢᠬᠦ ᠪᠠᠷ ᠪᠣᠢ᠃ | ᠮᠡᠳᠡᠭᠳᠡᠯ ᠳᠤ᠂ ᠡᠯ᠎ᠡ ᠭᠠᠵᠠᠷ ᠤᠨ ᠬᠢᠨ ᠬᠢᠵᠢᠭ ᠤᠨ ᠨᠥᠯᠦᠭᠡ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ | ᠬᠦᠮᠦᠰ ᠢ ᠴᠠᠭ ᠲᠤᠬᠠᠢ ᠳᠤᠨᠢ ᠬᠠᠮᠢᠶ᠎ᠠ ᠪᠦᠬᠦᠢ ᠠᠪᠤᠷᠠᠨ ᠲᠤᠰᠠᠯᠠᠬᠤ ᠬᠡᠪᠴᠢᠶᠡᠨ ᠳᠤ ᠣᠷᠤᠭᠤᠯᠬᠤ ᠬᠡᠷᠡᠭᠲᠡᠢ ᠭᠡᠵᠦ | ᠱᠠᠭᠠᠷᠳᠠᠪᠠ᠃ ᠳᠣᠣᠷ᠎ᠠ ᠣᠷᠤᠯᠭ᠎ᠠ ᠲᠠᠢ ᠭᠡᠷ ᠪᠦᠯᠢ ᠶᠢᠨ ᠬᠦᠨᠳᠦ ᠵᠢᠮᠳᠡᠭᠴᠦᠳ ᠪᠠ ᠬᠦᠨᠳᠦ ᠡᠪᠡᠳᠴᠢᠨ ᠢ ︽ | ᠭᠠᠭᠴᠠ ᠬᠦᠮᠦᠨ ᠲᠠᠢ ᠡᠷᠦᠬᠡ︾ ᠪᠠᠷ ᠯᠠᠪᠯᠠᠯᠲᠠ ᠪᠣᠯᠭᠠᠵᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ | ᠣᠷᠤᠭᠤᠯᠤᠨ᠎ᠠ︔ ᠬᠢᠵᠢᠭ ᠤᠨ ᠪᠠᠶᠢᠳᠠᠯ ᠳᠤ ᠨᠦᠯᠦᠭᠡᠯᠡᠭᠳᠡᠵᠦ ᠠᠵᠢᠯ ᠤᠨ ᠪᠠᠶᠢᠷᠢ ᠳᠠᠭᠠᠨ ᠪᠤᠴᠠᠵᠤ ᠠᠵᠢᠯ | ᠰᠡᠷᠭᠦᠭᠡᠬᠦ ᠶᠢᠨ ᠠᠷᠭ᠎ᠠ ᠦᠭᠡᠢ᠂ ᠭᠤᠷᠪᠠᠨ ᠰᠠᠷ᠎ᠠ ᠳᠠᠷᠠᠭᠠᠯᠠᠨ ᠣᠷᠤᠯᠭ᠎ᠠ ᠦᠭᠡᠢ᠂ ᠠᠮᠢᠳᠤᠷᠠᠯ ᠨᠢ ᠬᠦᠴᠢᠷᠲᠡᠢ | ᠮᠦᠷᠲᠡᠭᠡᠨ ᠠᠵᠢᠯ ᠠᠯᠳᠠᠭᠰᠠᠨ ᠳᠠᠭᠠᠳᠬᠠᠯ ᠤᠨ ᠲᠥᠷᠦ ᠶᠢᠨ ᠪᠣᠳᠤᠯᠭ᠎ᠠ ᠶᠢ ᠪᠦᠷᠬᠦᠭᠦᠯᠬᠦ ᠶᠢᠨ ᠠᠷᠭ᠎ᠠ ᠦᠭᠡᠢ | ᠬᠦᠯᠦᠰᠦᠨ ᠮᠠᠯᠴᠢᠨ ᠲᠠᠷᠢᠶᠠᠴᠢᠨ ᠵᠡᠷᠭᠡ ᠳᠠᠭᠠᠳᠬᠠᠯ ᠳᠤ ᠣᠷᠤᠯᠴᠠᠭᠰᠠᠨ ᠦᠭᠡᠢ᠂ ᠨᠠᠭᠠᠲᠤ ᠵᠠᠬ᠎ᠠ ᠶᠢᠨ ᠠᠮᠢᠳᠤᠷᠠᠯ | ᠤᠨ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠤᠭᠰᠠᠨ ᠦᠭᠡᠢ ᠬᠦᠮᠦᠰ ᠲᠤ ᠨᠢᠭᠡ ᠤᠳᠠᠭ᠎ᠠ ᠶᠢᠨ ᠴᠢᠨᠠᠷᠲᠠᠢ ᠲᠥᠷ | ᠴᠠᠭ ᠤᠨ ᠠᠪᠤᠷᠠᠨ ᠲᠤᠰᠠᠯᠠᠬᠤ ᠮᠦᠩᠭᠦ ᠲᠠᠷᠬᠠᠭᠠᠨ᠎ᠠ︔ ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ | ᠨᠦᠯᠦᠭᠡᠯᠡᠭᠳᠡᠭᠰᠡᠨ ᠭᠠᠵᠠᠷ ᠣᠷᠤᠨ ᠤ ᠬᠠᠮᠢᠶ᠎ᠠ ᠪᠦᠬᠦᠢ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠲᠤ ᠦᠨ᠎ᠡ | ᠬᠠᠩᠰᠢ ᠶᠢᠨ ᠲᠠᠯ᠎ᠠ ᠪᠠᠷ ᠲᠦᠷ ᠴᠠᠭ ᠤᠨ ᠨᠦᠬᠦᠪᠦᠷᠢ ᠣᠯᠭᠤᠨ᠎ᠠ᠃ |