ᠤᠢᠢᠷ᠎ᠠ ᠶᠢᠨ ᠵᠢᠯ ᠳᠤ᠂ ᠬᠦᠷᠢᠶ᠎ᠠ ᠬᠤᠰᠢᠭᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠪᠠ | ᠤᠯᠠᠮᠵᠢᠯᠠᠬᠤ ᠠᠵᠢᠯ ᠢ ᠴᠢᠩᠭᠠᠤᠡᠬᠠᠵᠤ᠂ ᠤᠳᠤᠬᠠᠨ ᠪᠦᠬᠦ ᠬᠤᠰᠢᠭᠤᠨ ᠳᠤ ᠪᠤᠳᠠᠰ ᠤᠨ ᠪᠤᠰᠤ ᠰᠤᠶᠤᠯ ᠤᠨ | ᠦᠪ ᠤᠨ ᠤᠯᠠᠮᠵᠢᠯᠠᠬᠴᠢ 130 ᠬᠦᠮᠤᠨ ᠪᠤᠯᠤᠬᠰᠠᠨ ᠪᠠᠶᠢᠨ᠎ᠠ᠃ | ᠬᠦᠷᠢᠶ᠎ᠡ ᠬᠤᠰᠢᠭᠤᠨ ᠤ 195 ᠭᠠᠴᠠᠭ᠎ᠠ ᠪᠤᠯᠤᠨ ᠨᠡᠶᠢᠭᠡᠮ ᠲᠤᠭᠤᠷᠢᠭ ᠤᠨ ᠠᠷᠠᠳ ᠤᠨ ᠲᠤᠮᠳᠠᠬᠢ | ᠤᠷᠠᠯᠢᠭᠴᠢᠨ᠂ ᠲᠦᠯᠦᠭᠡᠯᠡᠭᠴᠢ ᠴᠢᠨᠡᠷᠲᠠᠢ ᠤᠯᠠᠮᠵᠢᠯᠠᠭᠴᠢ ᠶᠢ ᠤᠷᠢᠳ ᠬᠤᠵᠢᠳ 350 ᠭᠠᠷᠤᠢ ᠬᠦᠮᠦᠨ ᠢ | ᠰᠤᠷᠪᠤᠯᠵᠢᠯᠠᠵᠤ᠂ ᠠᠨᠳᠠᠢ᠂ ᠪᠢᠯᠠᠭᠤ᠂ ᠮᠤᠩᠭᠤᠯ ᠵᠦᠴᠦᠭᠡ᠂ ᠢᠵᠡᠭᠤᠷ ᠤᠷᠠᠯᠢᠭ ᠵᠡᠷᠭᠡ 260 ᠭᠠᠷᠤᠢ | ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠭᠴᠢ ᠴᠢᠨᠠᠷᠲᠠᠢ ᠲᠦᠷᠦᠯ ᠵᠦᠢᠯ ᠢ ᠢᠯᠡᠷᠡᠬᠦᠯᠦᠨ ᠭᠠᠷᠭᠠᠵᠤ᠂ | ᠬᠤᠰᠢᠭᠤ᠂ ᠬᠤᠳᠠ᠂ ᠤᠷᠤᠨ ᠪᠠ ᠤᠯᠤᠰ ᠤᠨ ᠲᠦᠷᠪᠡᠨ ᠲᠡᠰ ᠤᠨ ᠲᠦᠷᠦᠯ ᠵᠦᠢᠯ ᠢ ᠰᠢᠰᠲ᠋ᠧᠮ ᠲᠠᠢ ᠵᠢᠭᠰᠠᠭᠠᠨ | ᠭᠠᠷᠭᠠᠵᠠᠢ᠃ | ᠤᠳᠤ᠂ ᠪᠦᠬᠦ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠲᠤ ᠭᠤᠤᠯᠳᠠᠭᠤ 10 ᠶᠡᠭᠡ | ᠲᠦᠷᠦᠯ ᠤᠨ 147 ᠵᠦᠢᠯ ᠪᠤᠢ᠃ ᠡᠬᠦᠨ ᠳᠤ᠂ ᠤᠯᠤᠰ ᠤᠨ ᠲᠡᠰ ᠤᠨ ᠲᠦᠯᠦᠭᠡᠯᠡᠭᠴᠢ ᠴᠢᠨᠠᠷᠲᠠᠢ 2 ᠲᠦᠷᠦᠯ | ᠵᠦᠢᠯ ᠪᠠᠶᠢᠵᠤ᠂ ᠮᠤᠩᠭᠤᠯ ᠦᠨᠳᠦᠰᠦᠳᠡᠨ ᠤ ᠠᠨᠳᠠᠢ ᠪᠦᠵᠢᠭ ᠪᠠ ᠪᠢᠯᠠᠭᠤ ᠪᠠᠭᠳᠠᠨ᠎ᠠ︔ ᠦᠪᠡᠷᠳᠡᠭᠡᠨ ᠵᠠᠰᠠᠬᠤ | ᠤᠷᠤᠨ ᠤ ᠲᠡᠰ ᠤᠨ ᠲᠦᠯᠦᠭᠡᠯᠡᠭᠴᠢ ᠴᠢᠨᠡᠷᠲᠠᠢ 4 ᠲᠦᠷᠦᠯ ᠵᠦᠢᠯ ᠪᠤᠢ᠂ ᠡᠭᠦᠨ ᠳᠤ ᠬᠦᠷᠢᠶ᠎ᠠ ᠠᠷᠠᠳ ᠤᠨ ᠲᠠᠭᠤᠤ | ᠂ ᠮᠤᠩᠭᠤᠯ ᠦᠨᠳᠦᠰᠦᠳᠡᠨ ᠤ ᠭᠠᠯ ᠲᠠᠬᠢᠬᠤ ᠶᠤᠰᠤᠨ᠂ ᠮᠤᠩᠭᠤᠯ ᠦᠨᠳᠦᠰᠦᠳᠡᠨ ᠤ ᠢᠷᠦᠭᠡᠯ ᠮᠠᠭᠳᠠᠭᠠᠯ᠂ | ᠤᠯᠠᠮᠵᠢᠯᠠᠯᠳᠤ ᠮᠤᠩᠭᠤᠯ ᠡᠮᠨᠡᠯᠭᠡ ᠶᠢᠨ ᠵᠡᠭᠦᠤ ᠲᠦᠭᠡᠨᠡᠯᠭᠡ ᠵᠡᠷᠭᠡ ᠪᠠᠭᠳᠠᠨ᠎ᠠ︔ ᠬᠤᠳᠠ ᠶᠢᠨ ᠲᠡᠰ ᠤᠨ | ᠲᠦᠯᠦᠭᠡᠯᠡᠭᠴᠢ ᠴᠢᠨᠠᠷᠲᠠᠢ ᠲᠦᠷᠦᠯ ᠵᠦᠢᠯ 7 ᠪᠤᠢ᠂ ᠰᠠᠭᠠᠭ ᠤᠨ ᠤᠮᠳᠠᠭᠠᠨ ᠢ ᠵᠤᠬᠢᠶᠠᠬᠤ᠂ ᠬᠤᠷᠴᠢᠨ ᠤ ᠮᠤᠩᠭᠤᠯ | ᠵᠦᠴᠦᠭᠡ᠂ ᠬᠦᠷᠢᠶ᠎ᠠ ᠶᠢᠨ ᠠᠭᠤᠯᠠ ᠤᠰᠤᠨ ᠤ ᠲᠤᠮᠤᠭ ᠦᠯᠢᠭᠡᠷ᠂ ᠢᠵᠡᠭᠤᠷ ᠤᠷᠠᠯᠢᠬ᠂ ᠬᠦᠷᠢᠶ᠎ᠠ ᠶᠢᠨ | ᠭᠠᠵᠠᠷ ᠤᠨ ᠨᠡᠷ᠎ᠠ ᠶᠢᠨ ᠲᠤᠮᠤᠭ ᠦᠯᠢᠭᠡᠷ᠂ ᠮᠤᠩᠭᠤᠯ ᠦᠨᠳᠦᠰᠦᠳᠡᠨ ᠤ ᠶᠠᠪᠠᠭᠠᠨ ᠦᠯᠢᠭᠡᠷ ᠲᠠᠢ ᠠᠷᠠᠳ ᠤᠨ | ᠲᠠᠭᠤᠤ ︽ᠨᠠᠮᠰᠠᠷᠠᠢ︾ ᠪᠠ ᠰᠦᠮ᠎ᠠ ᠭᠡᠶᠢᠳ ᠤᠨ ᠬᠠᠨ᠎ᠠ ᠶᠢᠨ ᠵᠢᠷᠤᠭ ᠢ ᠪᠤᠳᠤᠵᠤ ᠵᠢᠷᠤᠬᠤ ᠭᠠᠷ ᠤᠷᠠᠯᠠᠯ ᠵᠡᠷᠭᠡ | ᠪᠠᠭᠳᠠᠨ᠎ᠠ᠃ | ᠤᠳᠤ ᠬᠦᠷᠢᠶ᠎ᠠ ᠬᠤᠰᠢᠭᠤᠨ ᠳᠤ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠲᠦᠯᠦᠭᠡᠯᠡᠭᠴᠢ ᠴᠢᠨᠠᠷᠲᠠᠢ ᠤᠯᠠᠮᠵᠢᠯᠠᠭᠴᠢ 1 ᠪᠠᠶᠢᠵᠤ᠂ ᠤᠷᠤᠨ ᠤ ᠲᠡᠰ ᠤᠨ ᠲᠦᠯᠦᠭᠡᠯᠡᠭᠴᠢ ᠴᠢᠨᠠᠷᠲᠠᠢ | ᠤᠯᠠᠮᠵᠢᠯᠠᠭᠴᠢ 5᠂ ᠬᠤᠳᠠ ᠶᠢᠨ ᠲᠡᠰ ᠤᠨᠲ᠋ᠦ᠋ᠯᠦᠭᠡᠯᠡᠭᠴᠢ ᠴᠢᠨᠠᠷᠲᠠᠢ ᠤᠯᠠᠮᠵᠢᠯᠠᠭᠴᠢ 24᠂ ᠬᠤᠰᠢᠭᠤᠨ ᠲᠡᠰ ᠤᠨ | ᠲᠦᠯᠦᠭᠡᠯᠡᠬᠦ ᠴᠢᠨᠠᠷᠲᠠᠢ ᠤᠯᠠᠮᠵᠢᠯᠠᠭᠴᠢ100 ᠬᠦᠮᠦᠨ ᠪᠠᠶᠢᠨ᠎ᠠ᠃ | ᠪᠦᠬᠦ ᠬᠤᠰᠢᠭᠤᠨ ᠳᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠨ ᠰᠤᠷᠤᠯᠴᠠᠬᠤ ᠰᠤᠷᠭᠠᠭᠤᠯᠢ 5 | ᠪᠤᠢ᠂ ᠡᠭᠦᠨ ᠳᠤ ︽ᠠᠨᠳᠠᠢ︾ ᠶᠢᠨ ᠤᠯᠠᠮᠵᠢᠯᠠᠨ ᠵᠠᠯᠭᠠᠮᠵᠢᠯᠠᠬᠤ ᠵᠢᠱᠢᠶᠡᠴᠢ ᠰᠤᠷᠭᠠᠭᠤᠯᠢ 5᠂ ︽ᠪᠢᠯᠠᠭᠤ︾ | ᠶᠢᠨ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ 2᠂ ᠬᠦᠷᠢᠶ᠎ᠠ ᠠᠷᠠᠳ ᠤᠨ ᠲᠠᠭᠤᠤ ᠶᠢᠨ ᠤᠯᠠᠮᠵᠢᠯᠠᠨ | ᠵᠠᠯᠭᠠᠮᠵᠢᠯᠠᠬᠤ ᠰᠤᠷᠭᠠᠭᠤᠯᠢ 4᠂ ᠮᠤᠷᠢᠨ ᠬᠤᠭᠤᠷ ᠤᠨ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ 2᠂ ᠠᠭᠤᠯᠠ | ᠤᠰᠤᠨ ᠤ ᠲᠤᠮᠤᠭ ᠦᠯᠢᠭᠡᠷ ᠤᠨ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ 1 ᠪᠠᠶᠢᠨ᠎ᠠ᠃ |