ᠲᠥᠪ ᠤᠨ ᠠᠵᠤ ᠠᠬᠤᠢ ᠤᠨ ᠠᠵᠢᠯ ᠤᠨ ᠬᠤᠷᠠᠯ 12 ᠰᠠᠷ᠎ᠠ ᠶᠢᠨ 16 ᠠᠴᠠ 18 ᠤ ᠡᠳᠦᠷ ᠪᠣᠯᠲᠠᠯ᠎ᠠ | ᠪᠡᠭᠡᠵᠢᠩ ᠳᠤ ᠬᠤᠷᠠᠯᠳᠤᠪᠠ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠡᠷᠢᠶ᠎ᠠ ᠲᠠᠯᠪᠢᠵᠤ᠂ 2020 ᠣᠨ ᠤ | ᠠᠵᠤ ᠠᠬᠤᠢ ᠶᠢᠨ ᠠᠵᠢᠯ ᠢ ᠳ᠋ᠦᠩᠨᠡᠵᠦ᠂ ᠣᠳᠤᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠵᠤ᠂ 2021 ᠣᠨ | ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ ᠯᠢ ᠺᠧ ᠴᠢᠶᠠᠩ ᠶᠠᠷᠢᠶᠠᠨ ᠳᠠᠭᠠᠨ ᠳᠠᠷᠠᠭ᠎ᠠ ᠵᠢᠯ ᠤᠨ ᠠᠵᠤ | ᠠᠬᠤᠢ ᠶᠢᠨ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠦᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ | ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠳᠣᠣᠷᠠᠬᠢ 50 ᠵᠣᠷᠪᠤᠰ ᠠᠴᠠ | ᠬᠠᠷᠠᠶ᠎ᠠ᠃ | ᠤᠯᠤᠰ ᠤᠨ ᠪᠠᠶᠢᠯᠳᠤᠬᠤ ᠪᠣᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ | ᠴᠢᠩᠭᠠᠷᠠᠭᠤᠯᠤᠨ᠎ᠠ | 1. ᠤᠯᠤᠰ ᠪᠣᠯ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠤᠬᠢᠶᠠᠨ | ᠪᠠᠶᠢᠭᠤᠯᠤᠭᠴᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠯᠳᠤᠬᠤ ᠪᠣᠳᠤᠯᠭ᠎ᠠ ᠶᠢᠨ ᠴᠢᠨᠠᠷᠲᠠᠢ | ᠬᠡᠷᠡᠭᠴᠡᠭᠡ ᠪᠠᠷ ᠣᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠶᠢ ᠡᠭᠦᠳᠬᠦ ᠴᠢᠭᠯᠡᠯ ᠪᠠ ᠭᠤᠣᠯᠳᠠᠯᠭ᠎ᠠ ᠶᠢ ᠲᠤᠭᠲᠠᠭᠠᠵᠤ᠂ ᠤᠯᠤᠰ ᠤᠨ ᠬᠦᠭᠵᠢᠯᠲᠡ ᠪᠠ ᠠᠮᠤᠷ ᠲᠥᠪᠰᠢᠨ ᠢ | ᠬᠢᠵᠠᠭᠠᠷᠯᠠᠵᠤ ᠪᠠᠶᠢᠭ᠎ᠠ ᠴᠢᠬᠤᠯᠠ ᠶᠡᠭᠡ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ | | | | | 2. ᠰᠢᠨ᠎ᠡ ᠬᠡᠯᠪᠡᠷᠢ ᠶᠢᠨ ᠤᠯᠤᠰ ᠳᠠᠶᠠᠭᠠᠷᠴᠢᠯᠠᠭᠰᠠᠨ ᠪᠠᠶᠢᠭᠤᠯᠤᠮᠵᠢ ᠶᠢᠨ ᠳᠠᠪᠠᠭᠤᠯᠢᠭ ᠢ ᠪᠠᠳᠠᠷᠠᠭᠤᠯᠵᠤ᠂ | ᠴᠢᠬᠤᠯᠠ ᠬᠦᠷᠢᠶᠡᠯᠡᠩ ᠭᠠᠵᠠᠷ ᠶᠡᠭᠡ ᠳᠡᠭᠡᠲᠦ ᠰᠤᠷᠭᠠᠭᠤᠯᠢ ᠶᠢᠨ ᠤᠯᠤᠰ ᠤᠨ ᠠᠩᠭᠢ ᠪᠣᠯᠬᠤ ᠦᠢᠯᠡᠳᠦᠯ ᠢ | ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠠᠬᠠᠭᠠᠨ ᠤ ᠰᠣᠳᠤᠯᠭᠠᠨ ᠤ ᠬᠦᠴᠦᠨ ᠤ ᠲᠤᠬᠢᠷᠠᠭᠤᠯᠤᠯᠲᠠ ᠶᠢ | ᠰᠢᠯᠢᠳᠡᠭᠵᠢᠭᠦᠯᠬᠦ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ᠃ | 3. ᠰᠠᠭᠤᠷᠢ ᠰᠣᠳᠤᠯᠭᠠᠨ ᠤ ᠠᠷᠪᠠᠨ ᠵᠢᠯ ᠤᠨ ᠠᠵᠢᠯᠯᠠᠭ᠎ᠠ ᠶᠢᠨ ᠲᠥᠰᠦᠯ ᠢ ᠳᠠᠷᠤᠶᠢᠬᠠᠨ ᠲᠤᠭᠲᠠᠭᠠᠨ | ᠬᠡᠷᠡᠭᠵᠢᠭᠦᠯᠵᠦ᠂ ᠨᠦᠬᠦᠴᠡᠯ ᠲᠠᠢ ᠭᠠᠵᠠᠷ ᠣᠷᠤᠨ ᠳᠤ ᠣᠯᠠᠨ ᠣᠯᠣᠰ ᠪᠠ ᠣᠷᠤᠨ ᠪᠦᠰᠡ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠶᠢ ᠳᠡᠮᠵᠢᠬᠦ ᠬᠡᠷᠡᠭᠲᠡᠢ᠃ | 4. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠵᠤ ᠠᠬᠤᠶᠢᠯᠠᠯ ᠭᠤᠣᠯ ᠴᠤᠭᠴᠠ | ᠪᠣᠯᠬᠤ ᠦᠢᠯᠡᠳᠦᠯ ᠢ ᠪᠠᠳᠠᠷᠠᠭᠤᠯᠵᠤ᠂ ᠳᠠᠭᠠᠭᠤᠯᠤᠭᠴᠢ ᠠᠵᠤ ᠠᠬᠤᠶᠢᠯᠠᠯ ᠤᠨ ᠬᠢᠨ ᠰᠢᠨ᠎ᠡ ᠶᠢ ᠡᠭᠦᠳᠬᠦ | ᠬᠤᠯᠪᠤᠭᠠᠲᠤ ᠴᠤᠭᠴᠠ ᠪᠠᠶᠢᠭᠤᠯᠬᠤ ᠶᠢ ᠳᠡᠮᠵᠢᠵᠦ᠂ ᠳᠤᠮᠳᠠ ᠪᠠᠭ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠳᠠᠶᠢᠴᠢᠯᠠᠬᠤ ᠬᠡᠷᠡᠭᠲᠡᠢ᠃ | 5. ᠤᠯᠤᠰ ᠤᠨ ᠳᠣᠲᠣᠭᠠᠳᠤ ᠶᠢᠨ ᠴᠢᠳᠠᠪᠤᠷᠢᠲᠠᠨ ᠢ ᠬᠦᠮᠦᠵᠢᠭᠦᠯᠬᠦ ᠶᠢ ᠲᠥᠷᠭᠡᠳᠭᠡᠵᠦ᠂ ᠨᠡᠩ ᠣᠯᠠᠨ ᠵᠠᠯᠠᠭᠤ | ᠰᠢᠯᠢᠳᠡᠭ ᠴᠢᠳᠠᠪᠤᠷᠢᠲᠠᠨ ᠴᠣᠯᠭᠤᠷᠠᠨ ᠭᠠᠷᠬᠤ ᠶᠢ ᠠᠬᠢᠭᠤᠯᠬᠤ ᠬᠡᠷᠡᠭᠲᠡᠢ᠃ | 6. ᠤᠷᠮᠠᠰᠢᠭᠤᠯᠬᠤ ᠲᠤᠭᠲᠠᠴᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ | ᠲᠤᠭᠲᠠᠴᠠ ᠶᠢ ᠲᠡᠭᠦᠯᠳᠡᠷᠵᠢᠭᠦᠯᠵᠦ᠂ ᠪᠣᠭᠤᠮᠲᠠ ᠰᠢᠪᠲᠤᠯᠬᠤ ᠡᠭᠦᠷᠭᠡ ᠳᠤ ︽ᠲᠤᠩᠬᠠᠭ ᠨᠡᠶᠢᠲᠡᠯᠡᠨ ᠮᠠᠩᠯᠠᠶᠢᠯᠠᠭᠴᠢ | ᠡᠯᠰᠡᠬᠦ︾ ᠵᠡᠷᠭᠡ ᠲᠤᠭᠲᠠᠴᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | 7. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠤᠰᠤ ᠰᠤᠷᠲᠠᠬᠤᠨ ᠢ ᠵᠢᠷᠤᠮᠵᠢᠭᠤᠯᠵᠤ᠂ ᠰᠠᠶᠢᠨ ᠰᠠᠶᠢᠬᠠᠨ | ᠡᠷᠳᠡᠮ ᠰᠢᠨᠵᠢᠯᠡᠭᠡᠨ ᠤ ᠰᠤᠷᠲᠠᠯ ᠪᠠ ᠠᠵᠢᠯᠯᠠᠭ᠎ᠠ ᠶᠢᠨ ᠰᠤᠷᠲᠠᠯ ᠢ ᠪᠣᠢ ᠪᠣᠯᠭᠠᠵᠤ᠂ ᠰᠢᠨᠵᠢᠯᠡᠬᠦ ᠤᠬᠠᠭᠠᠨ ᠤ | ᠰᠣᠳᠤᠯᠭᠠᠲᠠᠳ ᠢ ᠬᠦᠲᠦᠯᠦᠨ ᠵᠢᠯᠤᠭᠤᠳᠴᠤ ᠪᠠᠶᠢᠭᠠᠳ ᠰᠡᠳᠭᠢᠯ ᠰᠢᠭᠤᠳᠤᠨ ᠰᠣᠳᠤᠯᠭᠠᠨ ᠬᠢᠵᠦ᠂ ᠯᠠᠪᠳᠠᠭᠤᠨ | ᠪᠠᠳᠤᠲᠠᠢ ᠤᠷᠤᠭᠰᠢᠯᠠᠨ ᠳᠠᠪᠰᠢᠬᠤ ᠪᠣᠯᠭᠠᠬᠤ ᠬᠡᠷᠡᠭᠲᠡᠢ᠃ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ | ᠴᠢᠩᠭᠠᠳᠬᠠᠨ᠎ᠠ | 8. ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠢᠨᠵᠧᠨᠧᠷᠢᠩ ᠢ ᠰᠠᠶᠢᠲᠤᠷ | ᠬᠡᠷᠡᠭᠵᠢᠭᠦᠯᠵᠦ᠂ ᠨᠢᠭᠡ ᠪᠦᠯᠦᠭ ︽ᠪᠣᠭᠤᠮᠢ︾ ᠪᠣᠯᠵᠤ ᠪᠠᠶᠢᠭ᠎ᠠ ᠠᠰᠠᠭᠤᠳᠠᠯ ᠢ ᠲᠥᠷᠭᠡᠨ ᠰᠢᠢᠳᠪᠦᠷᠢᠯᠡᠨ᠎ᠡ᠃ | | | | | 9. ᠠᠵᠤ ᠦᠢᠯᠡᠰ ᠤᠨ ᠳᠠᠪᠠᠭᠤᠯᠢᠭ ᠬᠦᠷᠢᠶᠡᠨ ᠳᠤ ᠨᠠᠷᠢᠯᠢᠭ ᠬᠢᠵᠦ᠂ ᠨᠡᠩ ᠣᠯᠠᠨ ᠭᠤᠴᠤ ᠮᠡᠷᠭᠡᠵᠢᠯ ᠢ | ᠡᠭᠦᠳᠬᠦ ᠬᠡᠷᠡᠭᠲᠡᠢ᠃ | 10. ᠠᠵᠤ ᠦᠢᠯᠡᠰ ᠤᠨ ᠰᠠᠭᠤᠷᠢ ᠶᠢ ᠳᠠᠬᠢᠨ ᠴᠤᠭᠴᠠᠯᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ | ᠰᠠᠭᠤᠷᠢ ᠰᠡᠯᠪᠢᠭ ᠲᠤᠨᠤᠭ᠂ ᠰᠠᠭᠤᠷᠢ ᠣᠷ᠎ᠠ ᠮᠡᠷᠭᠡᠵᠢᠯ᠂ ᠵᠠᠩᠭᠢᠯᠠᠭ᠎ᠠ ᠶᠢᠨ ᠰᠠᠭᠤᠷᠢ ᠮᠠᠲ᠋ᠧᠷᠢᠶᠠᠯ ᠵᠡᠷᠭᠡ ᠶᠢᠨ | ᠰᠠᠭᠤᠷᠢ ᠶᠢ ᠪᠠᠲᠤ ᠴᠤᠭᠴᠠᠯᠠᠬᠤ ᠬᠡᠷᠡᠭᠲᠡᠢ᠃ | 11. ᠦᠵᠦ ᠲᠥᠯᠦᠪᠯᠡᠭᠡ ᠬᠢᠬᠦ᠂ ᠬᠡᠷᠡᠭᠯᠡᠭᠡ ᠪᠠᠷ ᠬᠦᠲᠦᠯᠦᠨ ᠳᠠᠭᠠᠭᠤᠯᠬᠤ᠂ ᠪᠦᠬᠦᠯᠢ ᠴᠤᠭᠴᠠ ᠪᠠᠷ | ᠳᠠᠶᠢᠴᠢᠯᠠᠬᠤ ᠶᠢ ᠴᠢᠩᠭᠠᠳᠬᠠᠵᠤ᠂ ᠨᠡᠶᠢᠲᠡᠯᠢᠭ ᠴᠢᠨᠠᠷᠲᠠᠢ ᠮᠡᠷᠭᠡᠵᠢᠯ ᠤᠨ ᠬᠠᠩᠭᠠᠯᠭ᠎ᠠ ᠶᠢ ᠴᠢᠩᠭᠠᠳᠬᠠᠵᠤ᠂ ᠶᠠᠰᠤ | ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ | ᠳᠣᠲᠤᠭᠠᠳᠤ ᠬᠡᠷᠡᠭᠴᠡᠭᠡ ᠶᠢ ᠥᠷᠭᠡᠳᠭᠡᠬᠦ ᠡᠨᠡ ᠬᠦ ᠪᠠᠶᠢᠯᠳᠤᠬᠤ ᠪᠣᠳᠤᠯᠭ᠎ᠠ ᠶᠢᠨ ᠰᠠᠭᠤᠷᠢ ᠴᠡᠭ ᠢ | ᠪᠠᠷᠢᠮᠲᠠᠯᠠᠨ᠎ᠠ | 12. ᠡᠷᠬᠡᠪᠰᠢ ᠬᠡᠷᠡᠭᠯᠡᠭᠡ᠂ ᠬᠠᠳᠠᠭᠠᠯᠠᠮᠵᠢ᠂ ᠪᠡᠯᠡ ᠣᠷᠤᠭᠤᠯᠤᠯᠲᠠ ᠶᠢ ᠵᠦᠢ ᠵᠣᠬᠢᠰᠲᠠᠢ ᠬᠦᠲᠦᠯᠦᠨ | ᠳᠠᠭᠠᠭᠤᠯᠬᠤ ᠵᠡᠷᠭᠡ ᠲᠠᠯ᠎ᠠ ᠪᠠᠷ ᠪᠦᠲᠦᠮᠵᠢᠲᠡᠢ ᠲᠥᠷᠢᠮ ᠤᠨ ᠲᠤᠬᠢᠷᠠᠭᠤᠯᠤᠯᠲᠠ ᠬᠢᠬᠦ ᠬᠡᠷᠡᠭᠲᠡᠢ᠃ | 13. ᠬᠡᠷᠡᠭᠯᠡᠭᠡ ᠶᠢ ᠥᠷᠭᠡᠳᠭᠡᠬᠦ ᠶᠢᠨ ᠬᠠᠮᠤᠭ ᠤᠨ ᠦᠨᠳᠦᠰᠦᠨ ᠵᠦᠢᠯ ᠪᠣᠯ ᠠᠵᠢᠯ ᠣᠯᠭᠤᠯᠲᠠ ᠶᠢ | ᠠᠬᠢᠭᠤᠯᠵᠤ᠂ ᠨᠡᠶᠢᠭᠡᠮ ᠤᠨ ᠳᠠᠭᠠᠳᠬᠠᠯ ᠢ ᠲᠡᠭᠦᠯᠳᠡᠷᠵᠢᠭᠦᠯᠦᠨ᠂ ᠣᠷᠤᠯᠭ᠎ᠠ ᠶᠢᠨ ᠬᠤᠪᠢᠶᠠᠷᠢᠯᠠᠯᠲᠠ ᠶᠢᠨ ᠪᠦᠲᠦᠴᠡ | ᠶᠢ ᠰᠢᠯᠢᠳᠡᠭᠵᠢᠭᠦᠯᠵᠵᠦ᠂ ᠳᠤᠮᠳᠠ ᠵᠡᠷᠭᠡ ᠶᠢᠨ ᠣᠷᠤᠯᠭ᠎ᠠ ᠲᠠᠢ ᠬᠦᠮᠦᠰ ᠢ ᠣᠯᠠᠰᠢᠷᠠᠭᠤᠯᠵᠤ᠂ ᠬᠠᠮᠲᠤ ᠪᠠᠷ | ᠪᠠᠶᠠᠵᠢᠬᠤ ᠶᠢ ᠯᠠᠪᠳᠠᠭᠤᠨ ᠪᠠᠲᠤᠳᠠᠢ ᠠᠬᠢᠭᠤᠯᠬᠤ ᠶᠠᠪᠤᠳᠠᠯ ᠪᠣᠯᠤᠨ᠎ᠠ᠃ | | | | | 14. ᠬᠡᠷᠡᠭᠯᠡᠭᠡ ᠶᠢ ᠥᠷᠭᠡᠳᠭᠡᠬᠦ ᠶᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ | ᠤᠶᠠᠯᠳᠤᠭᠤᠯᠬᠤ ᠬᠡᠷᠡᠭᠲᠡᠢ᠃ ᠬᠡᠷᠡᠭᠯᠡᠭᠡ ᠬᠤᠳᠠᠯᠳᠤᠨ ᠠᠪᠬᠤ ᠶᠢ ᠬᠢᠵᠠᠭᠠᠷᠯᠠᠬᠤ ᠵᠠᠰᠠᠭ ᠵᠠᠬᠢᠷᠭᠠᠨ ᠤ ᠴᠢᠨᠠᠷᠲᠠᠢ | ᠲᠤᠭᠲᠠᠭᠠᠯ ᠢ ᠡᠮᠬᠢ ᠵᠢᠷᠤᠮ ᠲᠠᠢ ᠪᠠᠷ ᠬᠦᠴᠦᠨ ᠦᠭᠡᠢ ᠪᠣᠯᠭᠠᠵᠤ᠂ ᠰᠢᠶᠠᠨ ᠰᠢᠶᠠᠩ ᠤᠨ ᠬᠡᠷᠡᠭᠯᠡᠭᠡᠨ ᠤ ᠳᠠᠯᠳᠠ | ᠬᠦᠴᠦᠨ ᠢ ᠭᠦᠢᠴᠡᠳ ᠠᠭᠤᠳᠠᠯᠬᠤ ᠬᠡᠷᠡᠭᠲᠡᠢ᠃ | 15. ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠩ ᠭᠦᠢᠴᠡᠳ | ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠬᠡᠷᠡᠭᠲᠡᠢ᠃ | 16. ᠣᠯᠠᠨ ᠨᠡᠶᠢᠲᠡ ᠶᠢᠨ ᠬᠡᠷᠡᠭᠯᠡᠭᠡ ᠶᠢ ᠵᠦᠢ ᠵᠣᠬᠢᠰᠲᠠᠢ ᠨᠡᠮᠡᠭᠳᠡᠭᠦᠯᠵᠦ᠂ ᠰᠤᠷᠭᠠᠨ ᠬᠦᠮᠦᠵᠢᠯ᠂ ᠡᠮ | ᠡᠮᠨᠡᠯᠭᠡ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠪᠣᠶᠢᠵᠢᠭᠤᠯᠬᠤ ᠵᠡᠷᠭᠡ ᠣᠯᠠᠨ ᠨᠡᠶᠢᠲᠡ ᠶᠢᠨ ᠵᠠᠷᠤᠯᠭ᠎ᠠ | ᠶᠢᠨ ᠦᠷ᠎ᠡ ᠠᠰᠢᠭ ᠢ ᠳᠡᠭᠡᠭᠰᠢᠯᠡᠬᠦᠯᠬᠦ ᠬᠡᠷᠡᠭᠲᠡᠢ᠃ | 17. ᠨᠥᠯᠦᠭᠡᠯᠡᠬᠦ ᠴᠢᠨᠠᠷ ᠴᠢᠩᠭ᠎ᠠ᠂ ᠨᠡᠶᠢᠭᠡᠮ ᠤᠨ ᠥᠷ᠎ᠡ ᠠᠰᠢᠭ ᠦᠨᠳᠦᠷ ᠪᠠᠶᠢᠭ᠎ᠠ ᠬᠦᠷᠢᠶᠡᠨ ᠳᠤ ᠲᠥᠪ | ᠤᠨ ᠲᠥᠰᠦᠪ ᠤᠨ ᠳᠣᠲᠤᠷᠠᠬᠢ ᠪᠡᠯᠡ ᠣᠷᠤᠭᠤᠯᠤᠯᠲᠠ ᠶᠢᠨ ᠬᠦᠲᠦᠯᠦᠨ ᠳᠠᠭᠠᠭᠤᠯᠬᠤ ᠪᠠ ᠬᠦᠰᠢᠨ ᠬᠦᠳᠡᠯᠭᠡᠬᠦ | ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠨᠡᠶᠢᠭᠡᠮ ᠨᠡᠶᠢᠲᠡ ᠶᠢᠨ ᠪᠡᠯᠡ ᠣᠷᠤᠭᠤᠯᠤᠯᠲᠠ ᠶᠢᠨ ᠠᠮᠢᠵᠢᠷᠠᠯ ᠤᠨ | ᠬᠦᠴᠦᠨ ᠢ ᠬᠦᠭᠵᠢᠭᠡᠬᠦ ᠬᠡᠷᠡᠭᠲᠡᠢ᠃ | 18. ᠲᠣᠭᠠᠴᠢᠯᠠᠭᠰᠠᠨ ᠠᠵᠤ ᠠᠬᠤᠢ ᠶᠢ ᠶᠡᠭᠡ ᠪᠠᠷ ᠬᠦᠭᠵᠢᠭᠦᠯᠬᠦ ᠬᠡᠷᠡᠭᠲᠡᠢ᠃ | 19. ᠰᠢᠨ᠎ᠡ ᠬᠡᠯᠪᠡᠷᠢ ᠶᠢᠨ ᠰᠠᠭᠤᠷᠢ ᠲᠥᠭᠦᠭᠡᠷᠦᠮᠵᠢ ᠶᠢᠨ ᠪᠡᠯᠡ ᠣᠷᠤᠭᠤᠯᠤᠯᠲᠠ ᠶᠢᠨ ᠡᠷᠴᠢᠮ ᠢ | ᠴᠢᠩᠭᠠᠷᠠᠭᠤᠯᠬᠤ ᠬᠡᠷᠡᠭᠲᠡᠢ᠃ | 20. ᠦᠢᠯᠡᠳᠬᠦ ᠦᠢᠯᠡᠰ ᠤᠨ ᠲᠦᠭᠦᠭᠡᠷᠦᠮᠵᠢ ᠶᠢ ᠰᠢᠨᠡᠳᠭᠡᠬᠦ ᠪᠠ ᠮᠡᠷᠭᠡᠵᠢᠯ ᠢ ᠰᠠᠶᠢᠵᠢᠷᠠᠭᠤᠯᠬᠤ ᠪᠡᠯᠡ | ᠣᠷᠤᠭᠤᠯᠤᠯᠲᠠ ᠶᠢ ᠥᠷᠭᠡᠳᠭᠡᠬᠦ ᠬᠡᠷᠡᠭᠲᠡᠢ᠃ | 21. ᠬᠤᠲᠠ ᠶᠢ ᠰᠢᠨᠡᠴᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ | ᠲᠤᠭᠤᠷᠢᠭ ᠢ ᠥᠭᠡᠷᠡᠴᠢᠯᠡᠨ ᠰᠢᠨᠡᠳᠭᠡᠬᠦ ᠶᠢ ᠠᠬᠢᠭᠤᠯᠬᠤ ᠬᠡᠷᠡᠭᠲᠡᠢ᠃ | 22. ᠣᠳᠤ ᠥᠶ᠎ᠡ ᠶᠢᠨ ᠪᠠᠷᠠᠭᠠᠨ ᠤ ᠬᠦᠢᠯᠭᠡᠭᠡᠨ ᠤ ᠰᠢᠰᠲ᠋ᠧᠮ ᠢ ᠪᠠᠶᠢᠭᠤᠯᠬᠤ ᠬᠡᠷᠡᠭᠲᠡᠢ᠃ | 23. ᠨᠢᠭᠡᠳᠦᠯᠲᠡᠢ ᠲᠥᠯᠦᠪᠵᠢᠭᠦᠯᠬᠦ ᠪᠠ ᠬᠤᠷᠸ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠦᠪᠵᠢᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠳᠠᠪᠬᠤᠷᠳᠠᠭᠤᠯᠤᠨ ᠪᠠᠶᠢᠭᠤᠯᠬᠤ ᠠᠴᠠ ᠵᠠᠶᠢᠯᠠᠰᠬᠢᠬᠤ ᠬᠡᠷᠡᠭᠲᠡᠢ᠃ | ᠥᠭᠡᠷᠡᠴᠢᠯᠡᠯᠲᠡ ᠨᠡᠬᠡᠭᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ | 24. ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ | ᠶᠢ ᠭᠦᠨᠵᠡᠭᠡᠢ ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠦᠭᠵᠢᠯᠲᠡ ᠶᠢᠨ ᠭᠤᠭᠴᠤᠭ᠎ᠠ | ᠶᠢ ᠰᠢᠯᠢᠳᠡᠭᠵᠢᠭᠦᠯᠵᠦ᠂ ᠣᠳᠤ ᠥᠶ᠎ᠡ ᠶᠢᠨ ᠠᠵᠤ ᠠᠬᠤᠶᠢᠯᠠᠯ ᠤᠨ ᠲᠥᠷᠢᠮ ᠢ ᠪᠦᠷᠢᠨᠰᠢᠭᠦᠯᠵᠦ᠂ ᠺᠤᠮᠫᠠᠨᠢ ᠶᠢᠨ | ᠵᠠᠰᠠᠯᠲᠠ ᠶᠢ ᠲᠡᠭᠦᠯᠳᠡᠷᠵᠢᠭᠦᠯᠦᠨ᠂ ᠡᠯ᠎ᠡ ᠲᠥᠷᠦᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠠᠮᠢᠵᠢᠷᠠᠯ ᠤᠨ | ᠬᠦᠴᠦᠨ ᠢ ᠬᠦᠭᠵᠢᠭᠡᠬᠦ ᠬᠡᠷᠡᠭᠲᠡᠢ᠃ | 25. ᠵᠠᠬ᠎ᠠ ᠳᠡᠯᠭᠡᠭᠦᠷ ᠲᠤ ᠣᠷᠤᠬᠤ ᠵᠦᠪᠰᠢᠶᠡᠷᠡᠯ ᠢ ᠥᠷᠭᠡᠳᠭᠡᠵᠦ᠂ ᠲᠥᠪ ᠭᠤᠣᠯᠴᠢ ᠦᠷᠢᠰᠦᠯᠳᠦᠭᠡᠨ ᠢ | ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠨ᠂ ᠨᠢᠭᠡᠳᠦᠯᠲᠡᠢ ᠶᠡᠭᠡ ᠵᠠᠬ᠎ᠠ ᠳᠡᠯᠭᠡᠭᠦᠷ ᠢ | ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ | ᠨᠦᠬᠦᠴᠡᠯ ᠢ ᠪᠣᠢ ᠪᠣᠯᠭᠠᠬᠤ ᠬᠡᠷᠡᠭᠲᠡᠢ᠃ | | | | | 26. ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠰᠠᠯᠲᠠ ᠶᠢ ᠪᠦᠷᠢᠨᠰᠢᠭᠦᠯᠵᠦ᠂ ᠬᠦᠷᠦᠩᠭᠡ ᠶᠢᠨ ᠵᠠᠬ᠎ᠠ | ᠳᠡᠯᠭᠡᠭᠦᠷ ᠤᠨ ᠡᠷᠡᠭᠦᠯ ᠬᠦᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠡᠯ᠎ᠡ ᠵᠦᠢᠯ ᠤᠨ ᠥᠷᠢ ᠦᠭᠴᠡᠭᠡ ᠠᠴᠠ ᠵᠠᠶᠢᠯᠠᠬᠤ ᠠᠵᠢᠯᠯᠠᠭ᠎ᠠ ᠳᠤ ᠴᠤᠬᠢᠯᠲᠠ ᠦᠭᠬᠦ | ᠬᠡᠷᠡᠭᠲᠡᠢ᠃ | 27. ᠭᠤᠷᠪᠠᠳᠤᠭᠠᠷ ᠲᠤᠯᠭᠠᠭᠤᠷᠢᠲᠤ ᠨᠠᠰᠤᠵᠢᠯ ᠤᠨ ᠳᠠᠭᠠᠳᠬᠠᠯ ᠢ ᠵᠢᠷᠤᠮᠵᠢᠭᠤᠯᠤᠨ ᠬᠦᠭᠵᠢᠭᠦᠯᠬᠦ ᠬᠡᠷᠡᠭᠲᠡᠢ᠃ | 28. ᠪᠦᠬᠦ ᠲᠠᠯ᠎ᠠ ᠶᠢᠨ ᠪᠠ ᠳᠠᠪᠰᠢᠯᠲᠠ ᠪᠦᠬᠦᠢ ᠨᠣᠮᠤᠬᠠᠨ ᠳᠠᠯᠠᠢ ᠶᠢᠨ ᠬᠠᠨᠢᠲᠠᠨ ᠤ ᠬᠠᠷᠢᠯᠴᠠᠭ᠎ᠠ ᠶᠢᠨ | ᠬᠡᠯᠡᠯᠴᠡᠭᠡᠷ ᠲᠤ ᠣᠷᠤᠯᠴᠠᠬᠤ ᠶᠢ ᠢᠳᠡᠪᠬᠢᠲᠡᠢ ᠪᠣᠳᠤᠯᠬᠢᠯᠠᠬᠤ ᠬᠡᠷᠡᠭᠲᠡᠢ᠃ | 29. ᠤᠯᠤᠰ ᠤᠨ ᠳᠣᠲᠤᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠲᠥᠪᠰᠢᠨ ᠢ ᠶᠡᠭᠡ ᠪᠠᠷ | ᠳᠡᠭᠡᠭᠰᠢᠯᠡᠭᠦᠯᠵᠦ᠂ ᠠᠮᠤᠷ ᠲᠥᠪᠰᠢᠨ ᠤ ᠬᠢᠨᠠᠨ ᠪᠠᠶᠢᠴᠠᠭᠠᠯᠲᠠ ᠶᠢᠨ ᠲᠤᠭᠲᠠᠴᠠ ᠶᠢ ᠳᠡᠭᠦᠯᠳᠡᠷᠵᠢᠭᠦᠯᠬᠦ ᠬᠡᠷᠡᠭᠲᠡᠢ᠃ | 30. ᠣᠯᠠᠨ ᠤᠯᠣᠰ ᠤᠨ ᠨᠡᠶᠢᠳᠡᠮ ᠬᠡᠷᠡᠭᠯᠡᠬᠦ ᠲᠥᠷᠢᠮ ᠲᠤᠭᠲᠠᠭᠠᠯ ᠢᠶᠠᠷ ᠤᠯᠤᠰ ᠤᠨ ᠠᠮᠤᠷ ᠲᠥᠪᠰᠢᠨ ᠢ | ᠬᠠᠮᠠᠭᠠᠯᠠᠬᠤ ᠶᠢ ᠴᠢᠬᠤᠯᠠᠴᠢᠯᠠᠬᠤ ᠬᠡᠷᠡᠭᠲᠡᠢ᠃ | ᠥᠷ᠎ᠡ ᠪᠠ ᠲᠠᠷᠢᠶᠠᠨ ᠭᠠᠵᠠᠷ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ | 31. ᠥᠷ᠎ᠡ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢ ᠴᠢᠩᠭᠠᠳᠬᠠᠵᠤ᠂ ᠥᠷ᠎ᠡ ᠶᠢᠨ ᠬᠦᠮᠦᠷᠭᠡ | ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | 32. ᠰᠢᠨᠵᠢᠯᠡᠬᠦ ᠤᠬᠠᠭᠠᠨ ᠢ ᠬᠦᠨᠳᠦᠳᠭᠡᠵᠦ᠂ ᠴᠢᠩᠭ᠎ᠠ ᠬᠢᠨᠠᠨ ᠬᠠᠮᠢᠶᠠᠷᠴᠤ᠂ ᠠᠮᠢᠲᠤ ᠪᠣᠳᠠᠰ ᠤᠨ ᠥᠷ᠎ᠡ | ᠪᠣᠶᠢᠵᠢᠭᠤᠯᠤᠯᠲᠠ ᠶᠢᠨ ᠠᠵᠤ ᠦᠢᠯᠡᠰᠵᠢᠭᠰᠡᠨ ᠬᠡᠷᠡᠭᠯᠡᠭᠡᠨ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ | 33. ᠥᠷ᠎ᠡ ᠶᠢᠨ ᠡᠬᠢ ᠰᠤᠷᠪᠤᠯᠵᠢ ᠶᠢᠨ ︽ᠪᠣᠭᠤᠮᠢ︾ ᠪᠣᠯᠵᠤ ᠪᠠᠶᠢᠭ᠎ᠠ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠦᠷᠨᠢᠭᠦᠯᠵᠦ᠂ ᠥᠷ᠎ᠡ ᠶᠢᠨ ᠦᠢᠯᠡᠰ ᠤᠨ ᠰᠢᠢᠳᠪᠦᠷᠢᠲᠦ ᠳᠠᠶᠢᠯᠠᠯᠳᠤᠭᠠᠨ ᠢ ᠵᠣᠷᠢᠭᠲᠠᠢ ᠬᠢᠬᠦ | ᠬᠡᠷᠡᠭᠲᠡᠢ᠃ | | | | | 34. 18 ᠳ᠋ᠦᠩᠰᠢᠭᠤᠷ ᠮᠣ᠋ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ | ᠢ ︽ᠲᠠᠷᠢᠶᠠᠯᠠᠩ ᠤᠨ ᠪᠣᠰᠤ︾ ᠪᠣᠯᠭᠠᠨ ᠬᠡᠷᠡᠭᠯᠡᠬᠦ ᠶᠢ ᠡᠷᠡᠰ ᠬᠤᠷᠢᠭᠯᠠᠵᠤ᠂ ︽ᠠᠮᠤ ᠪᠣᠳᠠᠭᠠᠨ ᠤ ᠪᠣᠰᠤ︾ | ᠪᠣᠯᠭᠠᠬᠤ ᠶᠢ ᠡᠷᠡᠰ ᠰᠡᠷᠭᠡᠶᠢᠯᠡᠵᠦ᠂ ᠲᠠᠷᠢᠶᠠᠨ ᠭᠠᠵᠠᠷ ᠢ ᠡᠵᠡᠯᠡᠵᠦ ᠨᠦᠬᠦᠪᠦᠷᠢᠯᠡᠬᠦ ᠶᠢ ᠲᠡᠩᠴᠡᠭᠦᠷᠢᠲᠡᠢ ᠪᠣᠯᠭᠠᠬᠤ ᠶᠢ | ᠵᠢᠷᠤᠮᠵᠢᠭᠤᠯᠬᠤ ᠬᠡᠷᠡᠭᠲᠡᠢ᠃ | 35. ᠤᠯᠤᠰ ᠤᠨ ᠠᠮᠤ ᠪᠤᠳᠠᠭᠠᠨ ᠤ ᠠᠮᠤᠷ ᠲᠥᠪᠰᠢᠨ ᠤ ᠠᠵᠤ ᠦᠢᠯᠡᠰ ᠤᠨ ᠪᠦᠰᠡ ᠶᠢ ᠪᠦᠲᠦᠭᠡᠨ | ᠪᠠᠶᠢᠭᠤᠯᠵᠤ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠬᠠᠷ᠎ᠠ | ᠬᠦᠷᠦᠰᠦ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ | 36. ᠠᠮᠤ ᠪᠣᠳᠠᠭ᠎ᠠ ᠪᠠ ᠴᠢᠬᠤᠯᠠ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ᠬᠠᠩᠭᠠᠯᠭ᠎ᠠ ᠪᠠᠲᠤᠯᠠᠭ᠎ᠠ | ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | 37. ᠲᠠᠷᠢᠶᠠᠯᠠᠩ ᠤᠨ ᠣᠯᠠᠨ ᠡᠬᠢᠲᠦ ᠪᠤᠬᠢᠷᠲᠤᠯ ᠤᠨ ᠵᠠᠰᠠᠯᠲᠠ ᠶᠢ ᠴᠢᠩᠭᠠᠳᠬᠠᠬᠤ ᠬᠡᠷᠡᠭᠲᠡᠢ᠃ | ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠬᠦᠷᠦᠩᠭᠡ ᠶᠢᠨ ᠡᠮᠬᠢ ᠵᠠᠮᠪᠠᠷᠠᠭ᠎ᠠ ᠦᠭᠡᠢ ᠥᠷᠭᠡᠳᠬᠦ ᠶᠢ | ᠬᠤᠷᠢᠭᠯᠠᠨ ᠵᠣᠭᠰᠤᠭᠠᠬᠤ ᠶᠢ ᠴᠢᠩᠭᠠᠳᠬᠠᠨ᠎ᠠ | 38. ᠤᠯᠤᠰ ᠠᠴᠠ ᠲᠠᠪᠴᠠᠩᠲᠤ ᠠᠵᠤ ᠠᠬᠤᠶᠢᠯᠠᠯ ᠤᠨ ᠰᠢᠨ᠎ᠡ ᠶᠢ ᠡᠭᠦᠳᠴᠦ ᠬᠦᠭᠵᠢᠬᠦ᠂ ᠣᠯᠠᠨ ᠤᠯᠣᠰ | ᠤᠨ ᠦᠷᠢᠰᠦᠯᠳᠦᠬᠦ ᠬᠦᠴᠦᠨ ᠢᠶᠠᠨ ᠴᠢᠩᠭᠠᠳᠬᠠᠬᠤ ᠶᠢ ᠳᠡᠮᠵᠢᠬᠦ ᠶᠢᠨ ᠬᠠᠮᠲᠤ ᠬᠠᠤᠯᠢ ᠶᠤᠰᠤᠭᠠᠷ ᠬᠦᠭᠵᠢᠯᠲᠠ ᠶᠢ | ᠵᠢᠷᠤᠮᠵᠢᠭᠤᠯᠵᠤ᠂ ᠲᠤᠭᠠᠴᠢᠯᠠᠭᠰᠠᠨ ᠲᠥᠷᠢᠮ ᠲᠤᠭᠲᠠᠭᠠᠯ ᠢ ᠪᠦᠷᠢᠨᠰᠢᠭᠦᠯᠬᠦ ᠬᠡᠷᠡᠭᠲᠡᠢ᠃ | | | | | 39. ᠲᠠᠪᠴᠠᠩᠲᠤ ᠠᠵᠤ ᠠᠬᠤᠶᠢᠯᠠᠯ ᠤᠨ ᠭᠠᠭᠴᠠᠭᠠᠷ ᠡᠵᠡᠮᠰᠢᠯ ᠢ ᠨᠤᠲᠠᠯᠠᠨ ᠲᠤᠭᠲᠠᠭᠠᠬᠤ᠂ ᠲᠤᠭ᠎ᠠ ᠪᠠᠷᠢᠮᠲᠠ | ᠶᠢ ᠴᠤᠭᠯᠠᠭᠤᠯᠤᠨ ᠬᠡᠷᠡᠭᠯᠡᠬᠦ ᠶᠢ ᠬᠠᠮᠢᠶᠠᠷᠬᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ | ᠬᠢ ᠬᠠᠤᠯᠢ ᠴᠠᠭᠠᠵᠠ ᠶᠢᠨ ᠵᠢᠷᠤᠮᠵᠢᠯ ᠢ ᠲᠡᠭᠦᠯᠳᠡᠷᠵᠢᠭᠦᠯᠬᠦ ᠬᠡᠷᠡᠭᠲᠡᠢ᠃ | 40. ᠲᠥᠷᠢᠮ ᠲᠤᠭᠲᠠᠭᠠᠯ ᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠭᠠᠭᠴᠠᠭᠠᠷ ᠡᠵᠡᠮᠰᠢᠯ ᠪᠠ ᠲᠥᠪ ᠪᠣᠰᠤ ᠦᠷᠢᠰᠦᠯᠳᠦᠭᠡᠨ ᠤ ᠠᠵᠢᠯᠯᠠᠭ᠎ᠠ ᠶᠢ ᠡᠷᠡᠰ ᠡᠰᠡᠷᠭᠦᠴᠡᠬᠦ ᠬᠡᠷᠡᠭᠲᠡᠢ᠃ | 41. ᠮᠦᠩᠭᠦᠨ ᠭᠦᠢᠯᠭᠡᠭᠡᠨ ᠤ ᠰᠢᠨ᠎ᠡ ᠶᠢ ᠡᠭᠦᠳᠭᠦ ᠶᠢ ᠡᠷᠬᠡᠪᠰᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ | ᠤᠷᠢᠳᠠᠯ ᠳᠣᠣᠷ᠎ᠠ ᠦᠷᠨᠢᠭᠦᠯᠬᠦ ᠬᠡᠷᠡᠭᠲᠡᠢ᠃ | ᠶᠡᠭᠡ ᠬᠤᠲᠠ ᠶᠢᠨ ᠣᠷᠤᠨ ᠰᠠᠭᠤᠴᠠ ᠶᠢᠨ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ | 42. ᠭᠡᠷ ᠪᠠᠶᠢᠰᠢᠩ ᠪᠣᠯ ᠰᠠᠭᠤᠬᠤ ᠳᠤ ᠵᠣᠷᠢᠭᠤᠯᠤᠭᠰᠠᠨ ᠶᠤᠮ ᠰᠠᠷᠢᠭᠠᠯᠠᠬᠤ ᠳᠤ ᠵᠤᠷᠢᠭᠤᠯᠤᠭᠰᠠᠨ ᠪᠢᠰᠢ | ᠭᠡᠬᠦ ᠪᠠᠶᠢᠷᠢ ᠲᠤᠭᠲᠠᠭᠠᠯᠲᠠ ᠶᠢ ᠪᠠᠷᠢᠮᠲᠠᠯᠠᠬᠤ ᠬᠡᠷᠡᠭᠲᠡᠢ᠃ | 43. ᠪᠠᠲᠤᠯᠠᠭ᠎ᠠ ᠶᠢᠨ ᠴᠢᠨᠠᠷᠲᠠᠢ ᠲᠥᠷᠢᠶᠡᠰᠦᠨ ᠣᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ | ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠤᠷᠲᠤ ᠬᠤᠭᠤᠴᠠᠭ᠎ᠠ ᠪᠠᠷ ᠲᠥᠷᠢᠶᠡᠰᠦᠯᠡᠬᠦ ᠭᠡᠷ ᠪᠠᠶᠢᠰᠢᠩ ᠤᠨ ᠲᠥᠷᠦ | ᠶᠢᠨ ᠪᠣᠳᠤᠯᠭ᠎ᠠ ᠶᠢ ᠲᠥᠷᠭᠡᠨ ᠲᠡᠭᠦᠯᠳᠡᠷᠵᠢᠭᠦᠯᠵᠦ᠂ ᠲᠥᠷᠢᠶᠡᠰᠦᠯᠡᠬᠦ ᠬᠤᠳᠠᠯᠳᠤᠨ ᠠᠪᠬᠤ ᠣᠷᠤᠨ ᠰᠠᠭᠤᠴᠠ ᠶᠢ | ᠠᠯᠬᠤᠮ ᠠᠯᠬᠤᠮ ᠢᠶᠠᠷ ᠣᠯᠠᠨ ᠨᠡᠶᠢᠲᠡ ᠶᠢᠨ ᠦᠢᠯᠡᠴᠢᠯᠡᠭᠡ ᠶᠢ ᠡᠳ᠋ᠯᠡᠬᠦ ᠲᠠᠯ᠎ᠠ ᠪᠠᠷ ᠡᠷᠬᠡ ᠲᠡᠭᠰᠢ ᠡᠷᠬᠡ ᠲᠠᠢ | ᠪᠣᠯᠭᠠᠵᠤ᠂ ᠤᠷᠲᠤ ᠬᠤᠭᠤᠴᠠᠭ᠎ᠠ ᠪᠠᠷ ᠲᠥᠷᠢᠶᠡᠰᠦᠯᠡᠬᠦ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠦᠭᠵᠢᠯᠲᠡ ᠶᠢ | ᠵᠢᠷᠤᠮᠵᠢᠭᠤᠯᠬᠤ ᠬᠡᠷᠡᠭᠲᠡᠢ᠃ | | | | | 44. ᠭᠠᠵᠠᠷ ᠰᠢᠷᠤᠢ ᠶᠢᠨ ᠬᠠᠩᠭᠠᠯᠭ᠎ᠠ ᠲᠥᠷᠢᠶᠡᠰᠦᠨ ᠣᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ | ᠬᠠᠷᠠᠭᠠᠯᠵᠠᠵᠤ᠂ ᠲᠥᠷᠢᠶᠡᠰᠦᠨ ᠣᠷᠤᠨ ᠰᠠᠭᠤᠴᠠ ᠶᠢᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠯᠡᠭᠡ ᠶᠢ | ᠲᠤᠰᠠᠭᠠᠷ ᠵᠢᠭᠰᠠᠭᠠᠬᠤ ᠬᠡᠷᠡᠭᠲᠡᠢ᠃ | 45. ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠤᠨ ᠠᠵᠤ ᠠᠬᠤᠶᠢᠯᠠᠯ ᠠᠵᠢᠯ ᠦᠢᠯᠡᠰ | ᠤᠨ ᠨᠢᠭᠡᠴᠢ ᠶᠢᠨ ᠬᠢᠨ ᠤ ᠰᠤᠯᠠ ᠲᠠᠯᠪᠢᠵᠤ ᠪᠠᠶᠢᠭ᠎ᠠ ᠭᠠᠵᠠᠷ ᠢ ᠠᠰᠢᠭᠯᠠᠨ ᠲᠥᠷᠢᠶᠡᠰᠦᠨ ᠣᠷᠤᠨ ᠰᠠᠭᠤᠴᠠ | ᠪᠠᠶᠢᠭᠤᠯᠬᠤ ᠬᠠᠶᠢᠨ ᠰᠦᠪᠡᠭᠴᠢᠯᠡᠯᠲᠡ ᠬᠢᠵᠦ᠂ ᠤᠯᠤᠰ ᠤᠨ ᠥᠮᠴᠢᠯᠡᠯ ᠤᠨ ᠪᠠ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠪᠦᠷ ᠴᠢᠳᠠᠮᠵᠢ ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ | 46. ᠲᠥᠷᠢᠶᠡᠰᠦᠨ ᠣᠷᠤᠨ ᠰᠠᠭᠤᠴᠠ ᠶᠢᠨ ᠭᠠᠶᠢᠯᠢ ᠰᠦᠢᠳᠭᠡᠯ ᠤᠨ ᠳᠠᠷᠤᠭᠠᠰᠤ ᠶᠢ ᠬᠦᠩᠭᠡᠷᠡᠭᠦᠯᠵᠦ᠂ | ᠲᠥᠷᠢᠶᠡᠰᠦᠯᠡᠭᠦᠯᠬᠦ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠴᠡᠭᠴᠡᠯᠡᠨ ᠵᠠᠰᠠᠵᠤ᠂ ᠵᠠᠬ᠎ᠠ ᠳᠡᠯᠭᠡᠭᠦᠷ ᠤᠨ ᠠᠵᠢᠯᠯᠠᠭ᠎ᠠ | ᠶᠢ ᠵᠢᠷᠤᠮᠵᠢᠭᠤᠯᠤᠨ᠂ ᠲᠥᠷᠢᠶᠡᠰᠦᠨ ᠮᠦᠩᠭᠦ ᠶᠢᠨ ᠲᠥᠪᠰᠢᠨ ᠢ ᠵᠤᠬᠢᠰᠲᠠᠢ ᠲᠤᠬᠢᠷᠠᠭᠤᠯᠤᠨ ᠡᠵᠡᠮᠳᠡᠬᠦ ᠬᠡᠷᠡᠭᠲᠡᠢ᠃ | ᠨᠡᠭᠦᠷᠡᠰᠦᠳᠦ᠋ᠷᠦᠭᠴᠢ ᠶᠢ ᠣᠷᠬᠢᠯ ᠬᠡᠮᠵᠢᠶᠡᠨ ᠳᠤ ᠬᠦᠷᠭᠡᠬᠦ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ | ᠠᠵᠢᠯ ᠢ ᠰᠠᠶᠢᠲᠤᠷ ᠬᠢᠨ᠎ᠡ | 47. 2030 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠶᠡᠨ | ᠳᠤ ᠬᠦᠷᠭᠡᠬᠦ ᠠᠵᠢᠯᠯᠠᠭ᠎ᠠ ᠶᠢᠨ ᠲᠥᠰᠦᠯ ᠢ ᠱᠠᠯᠠᠪᠳᠠᠨ ᠲᠤᠭᠲᠠᠭᠠᠵᠤ᠂ ᠨᠦᠬᠦᠴᠡᠯ ᠲᠠᠢ ᠭᠠᠵᠠᠷ ᠣᠷᠤᠨ ᠤᠷᠢᠳ | ᠢᠶᠠᠷ ᠣᠷᠬᠢᠯ ᠬᠡᠮᠵᠢᠶᠡᠨ ᠳᠤ ᠬᠦᠷᠭᠡᠬᠦ ᠶᠢ ᠳᠡᠮᠵᠢᠬᠦ ᠬᠡᠷᠡᠭᠲᠡᠢ᠃ | 48. ᠠᠵᠤ ᠦᠢᠯᠡᠰ ᠤᠨ ᠪᠦᠲᠦᠴᠡ᠂ ᠡᠨᠧᠷᠬᠢ ᠶᠢᠨ ᠪᠦᠲᠦᠴᠡ ᠶᠢ ᠲᠥᠷᠭᠡᠨ ᠰᠢᠯᠢᠳᠡᠭᠵᠢᠭᠦᠯᠤᠨ | ᠲᠤᠬᠢᠷᠠᠭᠤᠯᠵᠤ᠂ ᠨᠡᠭᠦᠷᠡᠰᠦᠨ ᠤ ᠬᠡᠷᠡᠭᠯᠡᠭᠡ ᠶᠢ ᠴᠢᠳᠠᠬᠤ ᠶᠢᠨ ᠬᠢᠷᠢ ᠪᠠᠷ ᠡᠷᠲᠡᠬᠡᠨ ᠣᠷᠬᠢᠯ ᠬᠡᠮᠵᠢᠶᠡᠨ ᠳᠤ ᠬᠦᠷᠭᠡᠬᠦ | ᠬᠡᠷᠡᠭᠲᠡᠢ᠃ | 49. ᠰᠢᠨ᠎ᠡ ᠡᠨᠧᠷᠬᠢ ᠶᠢ ᠶᠡᠭᠡ ᠪᠠᠷ ᠬᠦᠭᠵᠢᠭᠦᠯᠵᠦ᠂ ᠪᠦᠬᠦ ᠤᠯᠤᠰ ᠤᠨ ᠡᠨᠧᠷᠬᠢ ᠬᠡᠷᠡᠭᠯᠡᠬᠦ ᠡᠷᠬᠡ᠂ | ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠲᠥᠷᠭᠡᠨ ᠪᠠᠶᠢᠭᠤᠯᠵᠤ᠂ | ᠡᠨᠧᠷᠬᠢ ᠶᠢᠨ ᠬᠡᠷᠡᠭᠯᠡᠭᠡ ᠶᠢᠨ ᠬᠤᠣᠰ ᠡᠵᠡᠮᠰᠢᠯᠲᠦ ᠲᠥᠷᠢᠮ ᠢ ᠲᠡᠭᠦᠯᠳᠡᠷᠵᠢᠭᠦᠯᠬᠦ ᠬᠡᠷᠡᠭᠲᠡᠢ᠃ | 50. ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ ᠶᠡᠭᠡ ᠬᠡᠪᠴᠢᠶᠡᠨ ᠤ ᠠᠵᠢᠯᠯᠠᠭ᠎ᠠ ᠦᠷᠨᠢᠭᠦᠯᠵᠦ᠂ | ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢ ᠬᠤᠷᠠᠮᠳᠤᠭᠤᠯᠬᠤ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ᠃ | |