︵2020 ᠣᠨ ᠤ 12 ᠳ᠋ᠤᠭᠠᠷ ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢᠶᠠᠷ | ᠬᠢᠨᠡᠨ ᠵᠦᠪᠰᠢᠶᠡᠷᠡᠵᠦ 2020 ᠤᠨ ᠤ 12 ᠰᠠᠷ᠎ᠠ ᠶᠢᠨ 14 ᠤ ᠡᠳᠦᠷ ᠳᠤᠮᠳᠠᠳᠤ ᠤᠯᠤᠰ ᠤᠨ ᠡᠪ ᠬᠠᠮᠲᠤ | ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠢᠶᠠᠨ ᠤ ᠠᠯᠪᠠᠨ ᠲᠢᠩᠬᠢᠮ᠂ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠨᠡᠶᠢᠳᠡᠯᠡᠪᠡ︶ | | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ | ᠲᠤᠰᠠᠳᠠ᠂ ︽ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ | ᠠᠵᠢᠯ ᠤᠨ ᠲᠣᠭᠲᠠᠭᠠᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠲᠠᠢ ᠤᠶᠠᠯᠳᠤᠭᠤᠯᠵᠤ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠠᠮᠢ | ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠤᠯᠳᠠᠯᠭ᠎ᠠ ᠪᠣᠯᠭᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤᠳᠬᠠᠵᠤ᠂ | ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠲᠤᠯᠭᠠᠬᠤ᠂ ᠰᠡᠷᠡᠮᠵᠢᠯᠡᠭᠦᠯᠦᠨ ᠵᠢᠷᠦᠭᠡᠰᠢᠶᠡᠯᠭᠡᠬᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠦᠩᠬᠡᠨ ᠲᠠᠯ᠎ᠠ ᠪᠠ ᠦᠨᠳᠦᠰᠦᠨ ᠠᠰᠠᠭᠤᠳᠠᠯ ᠢ ᠨᠢ ᠵᠡᠷᠭᠡ ᠪᠠᠷ | ᠵᠠᠰᠠᠬᠤ ᠶᠢ ᠴᠢᠩᠭᠠᠳᠬᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠪᠣᠯ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠭᠦᠨᠵᠡᠭᠡᠶᠢᠷᠡᠯ ᠪᠠ ᠦᠷᠭᠡᠳᠭᠡᠯ ᠪᠤᠯᠤᠨ᠎ᠠ᠂ ᠲᠥᠪ ᠤᠨ | ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠯᠤᠭ᠎ᠠ ᠣᠷᠭᠠᠨᠢᠭ ᠢᠶᠠᠷ | ᠵᠣᠯᠭᠠᠯᠴᠠᠨ᠂ ᠬᠠᠮᠳᠤᠷᠠᠯ ᠬᠦᠴᠦᠨ ᠢ ᠪᠦᠷᠢᠯᠳᠦᠭᠦᠯᠬᠦ ᠪᠤᠯᠤᠨ᠎ᠠ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠠ︔ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠵᠤᠷᠢᠭᠳᠠᠢ ᠪᠠᠷ ᠬᠠᠳᠠᠭᠤ ᠲᠠᠢ ᠨᠢ ᠬᠠᠯᠳᠠᠵᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠭᠡᠳᠡᠷᠭᠦ ᠰᠢᠬᠠᠮᠳᠠᠭᠤᠯᠤᠨ᠎ᠠ︔ ᠬᠠᠤᠯᠢ ᠴᠠᠭᠠᠵᠠ ᠳᠦᠷᠢᠮ ᠲᠤᠭᠳᠠᠭᠠᠯ ᠢ ᠵᠢᠷᠤᠮᠯᠠᠬᠤ ᠶᠢ | ᠪᠠᠷᠢᠮᠲᠠᠯᠠᠵᠤ᠂ ᠠᠵᠢᠯ ᠢᠶᠠᠨ ᠴᠢᠩᠭ᠎ᠠ ᠨᠢᠮᠪᠠᠶ ᠳᠦᠷᠢᠮᠵᠢᠭᠦᠨ ᠦᠷᠨᠢᠭᠦᠯᠵᠦ᠂ ᠪᠤᠰᠤᠳᠴᠢ ᠲᠥᠪ ᠭᠤᠤᠯᠴᠢ | ᠪᠠᠶᠢᠬᠤ ᠶᠢ ᠪᠡᠶᠡᠯᠡᠭᠦᠯᠦᠨ᠎ᠡ︔ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠮᠡᠳᠡᠭᠡ ᠵᠠᠩᠭᠢ ᠶᠢ ᠢᠯᠡ ᠪᠣᠯᠭᠠᠨ᠂ | ᠶᠡᠷᠦᠩᠬᠡᠶᠢᠯᠡᠭᠰᠡᠨ ᠦᠢᠯᠡᠳᠦᠯ ᠴᠢᠳᠠᠪᠤᠷᠢ ᠶᠢ ᠴᠢᠬᠤᠯᠠᠴᠢᠯᠠᠨ᠎ᠠ︔ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠶᠢ | ᠪᠠᠷᠢᠮᠲᠠᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠡᠰᠡᠷᠭᠦᠴᠡᠨ᠎ᠡ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠠᠵᠢᠯ ᠳᠤ ᠵᠤᠷᠰᠢᠯ ᠶᠤᠰᠤᠭᠠᠷ ᠱᠠᠯᠠᠪᠳᠠᠭᠤᠯᠤᠨ ᠪᠠᠶᠢᠴᠠᠭᠠᠯᠲᠠ ᠬᠢᠬᠦ᠂ ᠲᠤᠰᠬᠠᠶ | ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠬᠢᠬᠦ ᠪᠠ ᠲᠣᠮᠢᠯᠠᠨ ᠰᠠᠭᠤᠯᠭᠠᠵᠤ ᠬᠢᠨᠠᠨ ᠪᠠᠶᠢᠴᠠᠭᠠᠬᠤ ᠶᠢ ᠪᠠᠭᠲᠠᠨ᠎ᠠ᠃ | | ᠵᠠᠷᠴᠢᠮ ᠳᠡᠭᠡᠷ᠎ᠡ ᠪᠠᠨ ᠬᠤᠭᠤᠴᠠᠭ᠎ᠠ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠲᠤᠰᠢᠶᠠᠯ ᠤᠨ ᠬᠤᠭᠤᠴᠠᠭᠠᠨ ᠳᠠᠭᠠᠨ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ︵ | ᠵᠠᠰᠠᠭ ᠵᠠᠬᠢᠷᠭ᠎ᠠ︶᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠵᠢᠴᠢ ᠬᠤᠯᠪᠣᠭᠳᠠᠯ ᠪᠦᠬᠦᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠤᠰ ᠤᠨ | ᠦᠮᠴᠢᠯᠡᠯ ᠤᠨ ᠠᠵᠤ ᠠᠬᠤᠶᠢᠯᠠᠯ ᠳᠤ ᠨᠢᠭᠡ ᠤᠳᠠᠭᠠᠨ ᠤ ᠵᠤᠷᠰᠢᠯᠲᠦ ᠱᠠᠯᠠᠪᠳᠠᠭᠤᠯᠤᠨ ᠪᠠᠶᠢᠴᠠᠭᠠᠯᠲᠠ ᠦᠷᠨᠢᠭᠦᠯᠦᠨ᠎ᠡ | ︔ ᠠᠮᠢ ᠠᠬᠤᠢ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ ᠪᠠᠶᠢᠳᠠᠯ ᠢ ᠦᠵᠡᠵᠦ ᠲᠤᠰᠬᠠᠢ | ᠲᠦᠷᠦᠯ ᠤᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠲᠣᠮᠢᠯᠠᠨ | ᠰᠠᠭᠤᠯᠭᠠᠭᠰᠠᠨ ᠣᠷᠣᠨ ᠪᠦᠰᠡ ᠶᠢᠨ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠨᠢ ᠲᠣᠮᠢᠯᠠᠨ ᠰᠠᠭᠤᠯᠭᠠᠵᠤ ᠬᠢᠨᠠᠨ | ᠪᠠᠶᠢᠴᠠᠭᠠᠬᠤ ᠠᠵᠢᠯ ᠥᠷᠨᠢᠭᠦᠯᠦᠨ᠎ᠡ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠠᠵᠢᠯᠲᠠᠨ | ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ | ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠪᠠᠶᠢᠭᠤᠯᠵᠤ᠂ ᠲᠥᠪ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠠᠢ ᠠᠳᠠᠯᠢ ᠪᠠᠶᠢᠯᠭᠠᠨ᠂ | ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠪᠠ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠠᠬᠢᠭᠤᠯᠬᠤ ᠶᠢ ᠬᠠᠷᠢᠭᠤᠴᠠᠨ᠎ᠠ᠃ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠲᠢᠩᠬᠢᠮ ᠳᠤ ᠳᠤᠬᠢᠷᠠᠭᠤᠯᠵᠤ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠵᠦ᠂ | ᠡᠳᠦᠷ ᠲᠤᠲᠤᠮ ᠤᠨ ᠠᠵᠢᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠠᠯᠪᠠᠨ ᠭᠡᠷ ᠠᠴᠠ ᠡᠭᠦᠷᠭᠡᠯᠡᠨ᠎ᠡ᠃ | ᠳᠣᠯᠣᠳᠤᠭᠠᠷ ᠵᠦᠢᠯ ᠤᠳᠤᠷᠢᠳᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠤᠮᠳᠠᠬᠢ ᠪᠣᠳᠠᠲᠠᠶ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠶᠢ ᠰᠤᠳᠤᠯᠤᠨ᠎ᠠ︔ | ︵ᠬᠤᠶᠠᠷ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠲᠤᠬᠠᠶ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠲᠣᠬᠢᠷᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ | ︵ᠭᠤᠷᠪᠠ︶ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠦᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠲᠥᠰᠦᠯ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ | ᠮᠡᠳᠡᠭᠦᠯᠦᠯᠲᠡ ᠵᠡᠷᠭᠡ ᠶᠢ ᠬᠢᠨᠠᠨ ᠵᠥᠪᠯᠡᠨ᠎ᠡ︔ | ︵ᠳᠥᠷᠪᠡ︶ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠬᠤ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ | ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠬᠤ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠮᠡᠳᠡᠭᠦᠯᠦᠨ᠎ᠡ︔ | ︵ᠲᠠᠪᠤ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠲᠦᠷᠢᠮ ᠤᠨ ᠵᠢᠷᠤᠮᠵᠢᠯ᠂ ᠲᠥᠯᠥᠪᠯᠡᠭᠡ ᠶᠢᠨ ᠲᠣᠬᠢᠷᠠᠭᠤᠯᠤᠯᠲᠠ᠂ ᠠᠵᠢᠯ ᠤᠨ | ᠲᠥᠰᠦᠯ᠂ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠵᠥᠪᠯᠡᠨ᠎ᠡ︔ | ︵ᠵᠢᠷᠭᠤᠭ᠎ᠠ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ | ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ︔ | ︵ᠨᠠᠢᠮᠠ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠶᠢᠨ ᠪᠤᠰᠤᠳ ᠴᠢᠬᠤᠯᠠ ᠵᠦᠢᠯᠡᠰ ᠢ ᠬᠢᠨᠠᠨ ᠵᠥᠪᠯᠡᠨ᠎ᠡ᠃ | ᠨᠠᠢᠮᠠᠳᠤᠭᠠᠷ ᠵᠦᠢᠯ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠳᠤᠷᠢᠳᠬᠤ ᠳᠤᠭᠤᠶᠢᠯᠠᠩ ᠳᠤ ᠠᠵᠢᠯ ᠤᠨ ᠪᠠᠶᠢᠳᠠᠯ ᠢᠶᠠᠨ ᠮᠡᠳᠡᠭᠦᠯᠵᠦ᠂ ᠤᠳᠤᠷᠢᠳᠬᠤ | ᠳᠤᠭᠤᠶᠢᠯᠠᠩ ᠤᠨ ᠲᠣᠭᠲᠠᠭᠠᠭᠰᠠᠨ ᠠᠵᠢᠯ ᠡᠭᠦᠷᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ︔ | ︵ᠬᠤᠶᠠᠷ︶ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠲᠠᠭᠤᠯᠤᠨ ᠪᠠᠶᠢᠴᠠᠭᠠᠵᠣ | ᠴᠡᠭᠴᠡᠯᠡᠨ ᠰᠠᠶᠢᠵᠢᠷᠠᠭᠤᠯᠬᠤ ᠲᠦᠰᠦᠯ ᠢ ᠲᠤᠭᠤᠷᠪᠢᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ | ᠬᠠᠷᠢᠭᠤᠴᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ | ᠲᠤᠭᠤᠷᠪᠢᠨ᠎ᠠ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠲᠠᠭᠤᠯᠤᠨ ᠪᠠᠶᠢᠴᠠᠭᠠᠬᠤ ᠲᠦᠷᠢᠮ ᠤᠨ ᠵᠢᠷᠤᠮᠵᠢᠯ᠂ ᠲᠥᠯᠥᠪᠯᠡᠭᠡ ᠶᠢᠨ ᠲᠣᠬᠢᠷᠠᠭᠤᠯᠤᠯᠲᠠ᠂ ᠠᠵᠢᠯ ᠤᠨ | ᠲᠥᠰᠦᠯ ᠢ ᠲᠤᠭᠤᠷᠪᠢᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠡᠭᠦᠷᠭᠡᠯᠡᠨ᠎ᠡ︔ | ︵ᠲᠠᠪᠤ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠲᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠬᠤ᠂ ᠳᠡᠭᠡᠭᠰᠢ | ᠮᠡᠳᠡᠭᠦᠯᠬᠦ ᠵᠢᠴᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ᠂ ᠰᠢᠯᠵᠢᠭᠦᠯᠦᠨ ᠲᠤᠰᠢᠶᠠᠵᠤ ᠰᠢᠯᠵᠢᠭᠦᠯᠦᠨ | ᠬᠦᠷᠭᠡᠬᠦ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠲᠤᠬᠢᠷᠠᠭᠤᠯᠤᠨ ᠱᠠᠯᠠᠪᠳᠠᠭᠤᠯᠬᠤ ᠵᠡᠷᠭᠡ ᠠᠵᠢᠯ ᠢ ᠡᠭᠦᠷᠭᠡᠯᠡᠨ᠎ᠡ︔ | ︵ᠵᠢᠷᠭᠤᠭ᠎ᠠ︶ ᠤᠳᠤᠷᠢᠳᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠪᠤᠰᠤᠳ ᠵᠦᠢᠯᠡᠰ ᠢ | ᠡᠭᠦᠷᠭᠡᠯᠡᠨ᠎ᠡ᠃ | ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠲᠠᠭᠤᠯᠤᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ︵ᠲᠤᠷᠤᠬᠰᠢ | ᠱᠠᠯᠠᠪᠲᠠᠭᠤᠯᠤᠨ ᠪᠠᠶᠢᠴᠠᠭᠠᠬᠤ ᠲᠤᠭᠤᠢᠢᠯᠠᠩ ᠭᠡᠵᠦ ᠳᠦᠭᠦᠮᠴᠢᠯᠡᠨ᠎ᠡ︶ ᠪᠠᠶᠢᠭᠤᠯᠵᠦ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢ ᠪᠣᠳᠠᠲᠠᠶ ᠱᠠᠯᠠᠪᠲᠠᠭᠤᠯᠤᠨ ᠪᠠᠶᠢᠴᠠᠭᠠᠬᠤ ᠡᠭᠦᠷᠭᠡ ᠶᠢ ᠡᠭᠦᠷᠭᠡᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠲᠠᠭᠤᠯᠤᠨ | ᠪᠠᠶᠢᠴᠠᠭᠠᠬᠤ ᠳᠤᠭᠤᠶᠢᠯᠠᠩ ᠳᠤ ᠳᠤᠭᠤᠶᠢᠯᠠᠩ ᠤᠨ ᠳᠠᠷᠤᠭ᠎ᠠ ᠶᠢᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠎ᠡ᠃ | ᠵᠤᠷᠰᠢᠯ ᠶᠤᠰᠤᠭᠠᠷ ᠱᠠᠯᠠᠪᠲᠠᠭᠤᠯᠤᠨ ᠪᠠᠶᠢᠴᠠᠭᠠᠬᠤ ᠳᠤ ᠲᠤᠰᠢᠶᠠᠯ ᠳᠤ ᠪᠠᠶᠢᠭ᠎ᠠ ᠪᠤᠶᠤ ᠦᠢᠷ᠎ᠡ ᠶᠢᠨ | ᠬᠤᠭᠤᠴᠠᠭᠠᠨ ᠳᠤ ᠤᠳᠤᠷᠢᠳᠣᠯᠭ᠎ᠠ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠳᠡᠳ᠋ ᠮᠤᠵᠢ ᠶᠢᠨ ᠲᠡᠰ ᠤᠨ | ᠪᠤᠶᠤ ᠵᠢᠩᠬᠢᠨᠢ ᠲᠢᠩᠬᠢᠮ ᠤᠨ ᠲᠡᠰ ᠤᠨ ᠤᠳᠤᠷᠢᠳᠬᠤ ᠺᠠᠳ᠋ᠷ ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠲᠢᠩᠬᠢᠮ ᠤᠨ ᠲᠤᠰᠢᠶᠠᠯ ᠳᠤ ᠪᠠᠶᠢᠭ᠎ᠠ ᠳᠡᠳ᠋ ᠲᠢᠩᠬᠢᠮ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ | ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ | ᠪᠦᠷᠢᠯᠳᠦᠬᠦᠨ ᠢ ᠨᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ | ᠪᠠᠶᠢᠭᠤᠯᠭ᠎ᠠ ᠶᠢᠨ ᠠᠵᠢᠯᠲᠠᠨ ᠢᠶᠠᠷ ᠭᠤᠤᠯ ᠴᠣᠭᠴᠠ ᠪᠣᠯᠭᠠᠵᠤ᠂ ᠡᠭᠦᠷᠭᠡ ᠶᠢᠨ ᠬᠡᠷᠡᠭᠴᠡᠭᠡ ᠪᠠᠨ ᠦᠨᠳᠦᠰᠦᠯᠡᠨ | ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠪᠠ ᠪᠤᠰᠤᠳ ᠠᠵᠢᠯᠲᠠᠨ ᠢ ᠰᠣᠩᠭᠤᠨ ᠣᠷᠣᠯᠴᠠᠭᠤᠯᠤᠨ᠎ᠠ᠃ ᠲᠤᠰᠬᠠᠶ | ᠱᠠᠯᠠᠪᠲᠠᠭᠤᠯᠤᠨ ᠪᠠᠶᠢᠴᠠᠭᠠᠬᠤ ᠳᠤ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠲᠢᠩᠬᠢᠮ ᠤᠨ ᠲᠤᠰᠢᠶᠠᠯ ᠳᠤ ᠪᠠᠶᠢᠭ᠎ᠠ ᠳᠡᠳ᠋ ᠲᠢᠩᠬᠢᠮ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ | ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠪᠦᠷᠢᠯᠳᠦᠬᠦᠨ ᠢ ᠨᠢ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠪᠠᠶᠢᠭᠤᠯᠭ᠎ᠠ ᠪᠠ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠲᠤᠰᠬᠠᠢ ᠲᠤᠰᠢᠶᠠᠯᠲᠠᠨ ᠤ ᠠᠯᠪᠠᠨ ᠭᠡᠷ ᠤᠨ ᠠᠵᠢᠯᠲᠠᠨ ᠢᠶᠠᠷ | ᠭᠤᠣᠯ ᠴᠣᠭᠴᠠ ᠪᠣᠯᠭᠠᠵᠤ᠂ ᠡᠭᠦᠷᠭᠡ ᠶᠢᠨ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠲᠤᠰᠬᠠᠶ | ᠮᠡᠷᠭᠡᠵᠢᠯᠲᠡᠨ ᠪᠣᠯᠤᠨ ᠪᠤᠰᠤᠳ ᠬᠥᠮᠦᠰ ᠢ ᠣᠷᠣᠯᠴᠠᠭᠤᠯᠤᠨ᠎ᠠ᠃ ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠶᠢᠨ ᠵᠢᠱᠢᠭᠳᠡᠭᠴᠢ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠠᠴᠠ ᠬᠢᠨᠠᠨ ᠬᠠᠷᠭᠤᠭᠤᠯᠬᠤ ᠡᠮᠬᠢ ᠳᠠᠷᠠᠭᠠᠯᠠᠯ ᠢ ᠭᠦᠢᠴᠡᠳᠬᠡᠵᠦ᠂ ᠤᠳᠠᠭ᠎ᠠ ᠪᠦᠷᠢ ᠶᠢᠨ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠲᠠᠭᠤᠯᠤᠨ ᠪᠠᠶᠢᠴᠠᠭᠠᠬᠤ | ᠡᠭᠦᠷᠭᠡ ᠶᠢ ᠦᠨᠳᠦᠰᠦᠯᠡᠨ ᠲᠣᠭᠲᠠᠭᠠᠬᠤ ᠶᠢᠨ ᠬᠠᠮᠲᠤ ᠡᠷᠬᠡ ᠣᠯᠭᠤᠨ᠎ᠠ᠃ | ᠲᠣᠮᠢᠯᠠᠨ ᠰᠠᠭᠤᠯᠭᠠᠵᠤ ᠬᠢᠨᠠᠨ ᠪᠠᠶᠢᠴᠠᠭᠠᠬᠤ ᠶᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠲᠢᠩᠬᠢᠮ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠲᠠᠭᠤᠯᠤᠨ ᠪᠠᠶᠢᠴᠠᠭᠠᠬᠤ | ᠲᠤᠰᠬᠠᠶ ᠲᠤᠰᠢᠶᠠᠯᠲᠠᠨ ᠤ ᠠᠯᠪᠠᠨ ᠬᠡᠷ ᠠᠴᠠ ᠡᠭᠦᠷᠭᠡᠯᠡᠨ᠎ᠡ᠃ | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠲᠠᠭᠤᠯᠤᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠤᠨ | ᠪᠦᠷᠢᠯᠳᠦᠬᠦᠨ ᠢ ᠰᠣᠩᠭᠤᠨ ᠲᠣᠬᠢᠷᠠᠭᠤᠯᠬᠤ ᠳᠤ ᠪᠠᠷᠢᠮᠵᠢᠶ᠎ᠠ ᠨᠥ᠋ᠬᠦᠴᠡᠯ ᠢ ᠴᠢᠩᠳᠠᠯᠠᠵᠤ᠂ ᠱᠠᠯᠠᠪᠲᠠᠭᠤᠯᠤᠨ | ᠪᠠᠶᠢᠴᠠᠭᠠᠬᠤ ᠠᠵᠢᠯ ᠬᠢᠬᠦ ᠳᠤ ᠳᠣᠭᠢᠷᠠᠬᠤ ᠥᠬᠡᠶ ᠬᠥᠮᠦᠰ ᠢ ᠴᠠᠭ ᠲᠤᠬᠠᠶ ᠳᠤᠨᠢ ᠲᠣᠬᠢᠷᠠᠭᠤᠯᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠲᠤᠰᠢᠶᠠᠯ ᠡᠭᠦᠷᠭᠡᠯᠡᠬᠦ ᠳᠡᠭᠡᠨ | ᠵᠠᠶᠢᠯᠠᠬᠤ᠂ ᠣᠷᠣᠨ ᠨᠣᠳᠤᠭ ᠠᠴᠠ ᠪᠤᠯᠵᠦ ᠵᠠᠶᠢᠯᠠᠬᠤ᠂ ᠠᠯᠪᠠᠨ ᠶᠠᠪᠤᠳᠠᠯ ᠠᠴᠠ ᠪᠤᠯᠵᠦ ᠵᠠᠶᠢᠯᠠᠬᠤ ᠶᠢ | ᠬᠡᠷᠡᠭᠵᠢᠬᠦᠯᠬᠦ ᠶᠢᠨ ᠬᠠᠮᠳᠦ ᠡᠭᠦᠷᠭᠡ ᠶᠢᠨ ᠬᠡᠷᠡᠭᠴᠡᠭᠡ ᠶᠢ ᠦᠨᠳᠦᠰᠦᠯᠡᠨ ᠠᠵᠢᠯ ᠤᠨ ᠪᠠᠶᠢᠷᠢ ᠶᠢ ᠡᠭᠡᠯᠵᠢᠯᠡᠨ ᠰᠣᠯᠢᠬᠤ | ᠬᠡᠷᠡᠭᠲᠡᠶ᠃ | ᠭᠤᠷᠪᠠᠳᠤᠭᠠᠷ ᠪᠦᠯᠦᠭ ᠵᠤᠷᠰᠢᠯ ᠶᠣᠰᠣᠭᠠᠷ ᠱᠠᠯᠠᠪᠳᠠᠭᠤᠯᠤᠨ ᠪᠠᠶᠢᠴᠠᠭᠠᠬᠤ | ᠠᠷᠪᠠᠨ ᠬᠤᠶᠠᠳᠤᠭᠠᠷ ᠵᠦᠢᠯ ᠵᠤᠷᠰᠢᠯ ᠶᠤᠰᠤᠭᠠᠷ ᠱᠠᠯᠠᠪᠳᠠᠭᠤᠯᠤᠨ ᠪᠠᠶᠢᠴᠠᠭᠠᠬᠤ ᠳᠤ ᠲᠥᠯᠥᠪᠯᠡᠭᠡᠲᠦ | ᠬᠠᠮᠢᠶᠠᠷᠤᠯᠲᠠ ᠶᠢ ᠬᠡᠷᠡᠭᠵᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠥᠯᠥᠪᠯᠡᠭᠡ ᠵᠢᠴᠢ ᠣᠨ ᠤ | ᠠᠵᠢᠯ ᠤᠨ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠣᠨ ᠤ ᠠᠵᠢᠯ ᠤᠨ ᠲᠣᠬᠢᠷᠠᠭᠤᠯᠤᠯᠲᠠ ᠳᠤ ᠱᠠᠯᠠᠪᠳᠠᠭᠤᠯᠤᠨ | ᠪᠠᠶᠢᠴᠠᠭᠠᠬᠤ ᠡᠲᠡᠭᠡᠳ᠂ ᠱᠠᠯᠠᠪᠳᠠᠭᠤᠯᠤᠨ ᠪᠠᠶᠢᠴᠠᠭᠠᠬᠤ ᠭᠤᠤᠯᠳᠠᠯᠭ᠎ᠠ᠂ ᠴᠠᠭ ᠤᠨ ᠲᠣᠬᠢᠷᠠᠭᠤᠯᠤᠯᠲᠠ᠂ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠵᠡᠷᠭᠡ ᠠᠭᠤᠯᠭ᠎ᠠ ᠶᠢ ᠪᠠᠭᠲᠠᠭᠠᠬᠤ ᠶᠤᠰᠤᠲᠠᠢ᠃ | ᠠᠷᠪᠠᠨ ᠭᠤᠷᠪᠠᠳᠤᠭᠠᠷ ᠵᠦᠢᠯ ᠵᠤᠷᠰᠢᠯ ᠶᠤᠰᠤᠭᠠᠷ ᠱᠠᠯᠠᠪᠳᠠᠭᠤᠯᠤᠨ ᠪᠠᠶᠢᠴᠠᠭᠠᠬᠤ ᠡᠲᠡᠭᠡᠳ ᠪᠣᠯ᠄ | ︵ᠨᠢᠭᠡ︶ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ︵ᠠᠶᠢᠮᠠᠭ ᠤᠨ ᠵᠠᠬᠢᠷᠭ᠎ᠠ︶ | ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠡᠷᠡᠴᠢᠯᠡᠨ ᠬᠤᠯᠪᠣᠭᠳᠠᠯ ᠪᠥᠬᠦᠶ ᠬᠤᠰᠢᠭᠤ ᠰᠢᠶᠠᠨ ᠤ | ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ | ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠳᠤ ᠬᠦᠷᠲᠡᠯ᠎ᠡ ᠭᠦᠨᠵᠡᠭᠡᠶᠢᠷᠡᠭᠦᠯᠵᠦ | ᠪᠣᠯᠤᠨ᠎ᠠ︔ | ︵ᠬᠤᠶᠠᠷ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ︔ | ︵ᠭᠤᠷᠪᠠ︶ ᠡᠷᠭᠢᠯᠡᠵᠦ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠨᠢ ᠠᠮᠢ ᠠᠬᠤᠶ ᠶᠢᠨ | ᠣᠷᠴᠢᠨ ᠲᠣᠭᠤᠷᠢᠨ ᠳᠤ ᠨᠡᠯᠢᠶᠡᠳ ᠶᠡᠭᠡ ᠨᠥᠯᠥᠭᠡ ᠲᠠᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠤᠯᠤᠰ ᠤᠨ ᠥᠮᠴᠢᠯᠡᠯ ᠤᠨ ᠠᠵᠤ ᠠᠬᠤᠶᠢᠯᠠᠯ︔ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠱᠠᠯᠠᠪᠳᠠᠭᠤᠯᠤᠨ ᠪᠠᠶᠢᠴᠠᠭᠠᠯᠭᠠᠬᠤ ᠪᠠᠷ ᠱᠠᠭᠠᠷᠳᠠᠭᠰᠠᠨ ᠪᠤᠰᠤᠳ ᠨᠢᠭᠡᠴᠢ᠃ | ᠠᠷᠪᠠᠨ ᠳᠥᠷᠪᠡᠳᠦᠭᠡᠷ ᠵᠦᠢᠯ ᠵᠤᠷᠰᠢᠯ ᠶᠤᠰᠤᠭᠠᠷ ᠱᠠᠯᠠᠪᠳᠠᠭᠤᠯᠤᠨ ᠪᠠᠶᠢᠴᠠᠭᠠᠬᠤ ᠠᠭᠤᠯᠭ᠎ᠠ ᠨᠢ᠄ | ︵ᠨᠢᠭᠡ︶ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ | ᠪᠣᠯᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠣᠭᠰᠠᠨ ᠵᠢᠴᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠣ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠠᠶᠢᠳᠠᠯ︔ | ︵ᠬᠤᠶᠠᠷ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠲᠣᠬᠢᠷᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠭᠤᠷᠪᠠ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ | ᠲᠥᠷᠥ ᠶᠢᠨ ᠪᠣᠳᠣᠯᠭ᠎ᠠ ᠲᠦᠷᠢᠮ ᠪᠠᠷᠢᠮᠵᠢᠶ᠎ᠠ ᠵᠢᠷᠤᠮᠵᠢᠯ ᠲᠥᠯᠥᠪᠵᠢᠭᠦᠯᠭᠡ ᠲᠥᠯᠥᠪᠯᠡᠭᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ︔ | ︵ᠳᠥᠷᠪᠡ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠨᠠᠮ ᠵᠠᠰᠠᠭ ᠠᠳᠠᠯᠢ ᠬᠠᠷᠢᠭᠤᠴᠠᠯᠭ᠎ᠠ᠂ | ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ | ᠪᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠭᠰᠠᠨ ᠪᠠᠶᠢᠳᠠᠯ︔ | ︵ᠲᠠᠪᠤ︶ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠵᠢᠴᠢ ᠰᠢᠢᠳᠪᠦᠷᠢᠯᠡᠭᠰᠡᠨ ᠪᠠᠶᠢᠳᠠᠯ︔ | ︵ᠵᠢᠷᠭᠤᠭ᠎ᠠ︶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠳᠣᠯᠤᠭ᠎ᠠ︶ ᠠᠷᠠᠳ ᠣᠯᠠᠨ ᠲᠦᠮᠡᠨ ᠤ ᠲᠤᠰᠬᠠᠭᠰᠠᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ | ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠣᠭᠰᠠᠨ ᠪᠠᠶᠢᠳᠠᠯ︔ | ︵ᠨᠠᠢᠮᠠ︶ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠬᠡᠷᠡᠭ ᠪᠤᠯᠭᠠᠨ ᠲᠠᠩᠰᠠᠯᠠᠬᠤ᠂ ᠪᠠᠶᠢᠴᠠᠭᠠᠨ | ᠰᠢᠢᠳᠪᠦᠷᠢᠯᠡᠬᠦ᠂ ᠰᠢᠯᠵᠢᠬᠦᠯᠦᠨ ᠲᠤᠰᠢᠶᠠᠬᠤ᠂ ᠰᠢᠬᠦᠨ ᠲᠠᠰᠤᠯᠬᠤ᠂ ᠭᠦᠢᠴᠡᠳᠭᠡᠬᠦ ᠵᠡᠷᠭᠡ ᠭᠤᠬᠴᠤᠭ᠎ᠠ ᠳᠤ ᠬᠠᠥᠯᠢ | ᠪᠤᠰᠤ ᠪᠠᠷ ᠭᠠᠷ ᠲᠦᠷᠦᠭᠰᠡᠨ᠂ ᠵᠢᠴᠢ ᠦᠯᠦ ᠬᠠᠮᠵᠢᠯᠴᠠᠬᠰᠠᠨ ᠵᠡᠷᠭᠡ ᠪᠠᠶᠢᠳᠠᠯ︔ | ︵ᠶᠢᠰᠦ︶ ᠱᠠᠯᠠᠪᠳᠠᠭᠤᠯᠤᠨ ᠪᠠᠶᠢᠴᠠᠭᠠᠬᠤ ᠴᠢᠬᠤᠯᠠᠲᠠᠢ ᠪᠤᠰᠤᠳ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠵᠦᠢᠯᠡᠰ᠃ | ᠠᠷᠪᠠᠨ ᠲᠠᠪᠤᠳᠤᠭᠠᠷ ᠵᠦᠢᠯ ᠵᠤᠷᠰᠢᠯ ᠶᠤᠰᠤᠭᠠᠷ ᠱᠠᠯᠠᠪᠳᠠᠭᠤᠯᠤᠨ ᠪᠠᠶᠢᠴᠠᠭᠠᠯᠲᠠ ᠬᠢᠬᠦ ᠳᠤ ᠡᠩ ᠤᠨ | ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠬᠤ ᠪᠡᠯᠡᠳᠬᠡᠯ᠂ ᠱᠠᠯᠠᠪᠳᠠᠭᠤᠯᠤᠨ ᠪᠠᠶᠢᠴᠠᠭᠠᠬᠤ ᠪᠠᠷ ᠣᠷᠣᠵᠤ ᠰᠠᠭᠤᠬᠤ᠂ | ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ᠂ ᠱᠠᠯᠠᠪᠳᠠᠭᠤᠯᠤᠨ ᠪᠠᠶᠢᠴᠠᠭᠠᠬᠰᠠᠨ ᠢᠶᠠᠨ ᠬᠠᠷᠢᠭᠤ ᠲᠤᠰᠬᠠᠬᠤ᠂ | ᠰᠢᠯᠵᠢᠭᠦᠯᠦᠨ ᠲᠤᠰᠢᠶᠠᠵᠤ ᠰᠢᠯᠵᠢᠭᠦᠯᠦᠨ ᠦᠭᠬᠦ᠂ ᠬᠠᠯᠠᠨ ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠬᠤ ᠪᠠ | ᠲᠠᠩᠰᠠ ᠡᠪᠬᠡᠮᠡᠯ ᠵᠤᠬᠢᠶᠠᠵᠦ ᠲᠠᠩᠰᠠᠯᠠᠬᠤ ᠵᠡᠷᠭᠡ ᠲᠠᠰ ᠳᠠᠷᠠᠭᠠᠯᠠᠯ ᠤᠨ ᠭᠤᠭᠴᠤᠭ᠎ᠠ ᠶᠢ ᠪᠠᠭᠲᠠᠭᠠᠨ᠎ᠠ᠃ | ᠠᠷᠪᠠᠨ ᠵᠢᠷᠭᠤᠳᠤᠭᠠᠷ ᠵᠦᠢᠯ ᠱᠠᠯᠠᠪᠳᠠᠭᠤᠯᠤᠨ ᠪᠠᠶᠢᠴᠠᠭᠠᠬᠤ ᠪᠡᠯᠡᠳᠬᠡᠯ ᠠᠵᠢᠯ ᠳᠤ ᠭᠤᠤᠯᠳᠠᠭᠤ ᠳᠣᠤᠷᠠᠬᠢ | ᠵᠦᠢᠯᠡᠰ ᠢ ᠪᠠᠭᠲᠠᠭᠠᠨ᠎ᠠ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠢ ᠠᠴᠠ | ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠤᠨ ᠬᠠᠮᠢᠶ᠎ᠠ ᠪᠥᠬᠦᠶ ᠪᠠᠶᠢᠳᠠᠯ ᠵᠢᠴᠢ ᠠᠰᠠᠭᠤᠳᠠᠯ ᠤᠨ ᠰᠦᠪᠡᠭᠴᠢ ᠶᠢ | ᠣᠶᠢᠯᠠᠭᠠᠨ᠎ᠠ︔ | ︵ᠬᠤᠶᠠᠷ︶ ᠴᠢᠬᠤᠯᠠᠳᠠᠢ ᠪᠠᠶᠢᠳᠠᠯ ᠢ ᠣᠶᠢᠯᠠᠭᠠᠵᠤ ᠨᠢᠬᠡᠳ ᠨᠢᠬᠡ ᠪᠠᠷ ᠬᠢᠨᠠᠨ ᠪᠠᠶᠢᠴᠠᠭᠠᠬᠤ ᠶᠢ ᠵᠣᠬᠢᠶᠠᠨ | ᠪᠠᠶᠢᠭᠤᠯᠵᠦ ᠥᠷᠨᠢᠭᠦᠯᠦᠨ᠎ᠡ︔ | ︵ᠭᠤᠷᠪᠠ︶ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠵᠢᠱᠢᠭᠳᠡᠭᠴᠢ ᠶᠢ | ᠲᠣᠭᠲᠠᠭᠠᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠳᠠᠶᠢᠴᠢᠯᠠᠯᠳᠠ ᠶᠢᠨ ᠪᠣᠯᠪᠠᠰᠤᠷᠠᠯ ᠢ | ᠥᠷᠨᠢᠭᠦᠯᠦᠨ᠎ᠡ︔ | ︵ᠳᠥᠷᠪᠡ︶ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠥᠰᠦᠯ ᠢ ᠲᠣᠭᠲᠠᠭᠠᠨ᠎ᠠ︔ | ︵ᠲᠠᠪᠤ︶ ᠱᠠᠯᠠᠪᠳᠠᠭᠤᠯᠤᠨ ᠪᠠᠶᠢᠴᠠᠭᠠᠬᠤ ᠪᠠᠷ ᠣᠷᠣᠵᠤ ᠰᠠᠭᠤᠬᠤ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ | ᠱᠠᠯᠠᠪᠳᠠᠭᠤᠯᠤᠨ ᠪᠠᠶᠢᠴᠠᠭᠠᠬᠤ ᠪᠠᠷ ᠣᠷᠣᠵᠤ ᠰᠠᠭᠤᠬᠤ ᠡᠯ᠎ᠡ ᠵᠦᠶ᠋ᠯ ᠤᠨ ᠪᠡᠯᠡᠳᠬᠡᠯ ᠠᠵᠢᠯ ᠢ ᠨᠠᠶᠢᠳᠠᠪᠤᠷᠢᠵᠢᠭᠤᠯᠤᠨ᠎ᠠ | ᠃ | ᠠᠷᠪᠠᠨ ᠳᠣᠯᠣᠳᠤᠭᠠᠷ ᠵᠦᠢᠯ ᠵᠤᠷᠰᠢᠯ ᠶᠤᠰᠤᠭᠠᠷ ᠱᠠᠯᠠᠪᠳᠠᠭᠤᠯᠤᠨ ᠪᠠᠶᠢᠴᠠᠭᠠᠯᠳᠠ ᠬᠢᠬᠦ ᠶᠢᠨ ᠣᠷᠣᠵᠤ | ᠰᠠᠭᠤᠬᠤ ᠴᠠᠭ ᠢ ᠪᠣᠳᠠᠲᠠᠶ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠪᠠ ᠱᠠᠯᠠᠪᠳᠠᠭᠤᠯᠤᠨ ᠪᠠᠶᠢᠴᠠᠭᠠᠬᠤ | ᠡᠭᠦᠷᠭᠡ ᠶᠢ ᠦᠨᠳᠦᠰᠦᠯᠡᠨ ᠲᠣᠭᠲᠠᠭᠠᠨ᠎ᠠ᠃ ᠡᠩ ᠤᠨ ᠪᠠᠶᠢᠳᠠᠯ ᠳᠤ 25 ᠡᠳᠦᠷ ᠢ ᠬᠡᠲᠦᠷᠡᠬᠦᠯᠬᠦ ᠥᠬᠡᠶ᠃ | ᠱᠠᠯᠠᠪᠳᠠᠭᠤᠯᠤᠨ ᠪᠠᠶᠢᠴᠠᠭᠠᠬᠤ ᠪᠠᠷ ᠤᠷᠤᠵᠦ ᠰᠠᠭᠤᠬᠤ ᠳᠤ ᠭᠤᠣᠯᠳᠠᠭᠤ ᠳᠣᠣᠷᠠᠬᠢ ᠠᠷᠭ᠎ᠠ ᠬᠡᠯᠪᠡᠷᠢ ᠪᠠᠷ | ᠠᠵᠢᠯ ᠢᠶᠠᠨ ᠥᠷᠨᠢᠭᠦᠯᠦᠨ᠎ᠠ᠄ | ︵ᠨᠢᠭᠡ︶ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠤᠨ ᠠᠵᠢᠯ ᠤᠨ ᠬᠠᠷᠢᠭᠤ ᠮᠡᠳᠡᠭᠦᠯᠦᠯᠲᠡ ᠪᠣᠯᠤᠨ | ᠬᠠᠮᠢᠶ᠎ᠠ ᠪᠥᠬᠦᠶ ᠲᠤᠰᠬᠠᠶ ᠰᠡᠳᠦᠪᠲᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ | ︵ᠬᠤᠶᠠᠷ︶ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ | ᠪᠣᠯᠤᠨ ᠪᠤᠰᠤᠳ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠲᠤᠰᠠᠭᠠᠷ ᠶᠠᠷᠢᠯᠴᠠᠨ᠎ᠠ︔ | ︵ᠭᠤᠷᠪᠠ︶ ᠢᠯᠡᠴᠢᠯᠡᠨ ᠮᠡᠳᠡᠭᠦᠯᠬᠦ ᠤᠳᠠᠰᠤ ᠪᠠ ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ ᠲᠤᠬᠢᠷᠠᠭᠤᠯᠤᠨ | ᠂ ᠠᠷᠠᠳ ᠤᠯᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠵᠠᠬᠢᠳᠠᠯ | ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠨ᠎ᠡ︔ | ︵ᠳᠦᠷᠪᠡ︶ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠳᠠᠩᠰᠠ ᠡᠪᠬᠡᠮᠡᠯ᠂ ᠬᠤᠷᠠᠯ ᠤᠨ ᠲᠡᠮᠳᠡᠭᠯᠡᠯ ᠵᠡᠷᠭᠡ | ᠮᠠᠲ᠋ᠧᠷᠢᠶᠠᠯ ᠢ ᠭᠠᠷᠭᠠᠨ ᠠᠪᠴᠤ ᠦᠵᠡᠵᠤ᠂ ᠬᠠᠭᠤᠯᠪᠤᠷᠢᠯᠠᠨ ᠠᠪᠤᠨ᠎ᠠ︔ | ︵ᠲᠠᠪᠤ︶ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠵᠢᠴᠢ ᠬᠤᠪᠢ ᠬᠥᠮᠦᠨ ᠢ | ᠰᠤᠷᠪᠤᠯᠵᠢᠯᠠᠬᠤ᠂ ᠠᠰᠠᠭᠤᠵᠦ ᠯᠠᠪᠯᠠᠬᠤ ᠠᠵᠢᠯ ᠢ ᠦᠷᠨᠢᠬᠦᠯᠦᠨ᠎ᠠ︔ | ︵ᠵᠢᠷᠭᠤᠭ᠎ᠠ︶ ᠠᠰᠠᠭᠤᠳᠠᠯ ᠤᠨ ᠰᠦᠪᠡᠭᠴᠢ ᠳᠤ ᠴᠢᠭᠯᠡᠭᠦᠯᠦᠨ᠂ ᠪᠠᠶᠢᠴᠠᠭᠠᠵᠦ ᠭᠡᠷᠡᠴᠢ ᠠᠪᠬᠤ ᠠᠵᠢᠯ ᠢ | ᠥᠷᠨᠢᠭᠦᠯᠬᠦ ᠪᠦ᠋ᠬᠡᠳ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠵᠢᠴᠢ ᠬᠤᠪᠢ ᠬᠥᠮᠦᠨ ᠢᠶᠠᠷ | ᠬᠠᠷᠢᠭᠤᠴᠠᠭᠤᠯᠤᠨ ᠬᠠᠮᠢᠶ᠎ᠠ ᠪᠥ᠋ᠬᠦᠶ ᠠᠰᠠᠭᠤᠳᠠᠯ ᠤᠨ ᠲᠤᠬᠠᠶ ᠪᠢᠴᠢᠭ ᠢᠶᠠᠷ ᠲᠣᠳᠣᠷᠬᠠᠶᠢᠯᠠᠯᠲᠠ ᠬᠢᠯᠭᠡᠵᠦ ᠪᠣᠯᠤᠨ᠎ᠠ︔ | ︵ᠳᠣᠯᠤᠭ᠎ᠠ︶ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠤᠨ ᠬᠠᠷᠢᠶᠠᠨ ᠳᠠᠬᠢ ᠭᠠᠵᠠᠷ ᠣᠷᠣᠨ᠂ ᠰᠠᠯᠠᠭ᠎ᠠ | ᠮᠥᠴᠢᠷ ᠪᠤᠶᠤ ᠨᠢᠭᠡᠴᠢ ᠳᠤ ᠬᠦᠷᠴᠦ ᠳᠣᠷᠣᠭᠰᠢ ᠪᠠᠭᠤᠵᠦ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠂ | ᠬᠠᠮᠢᠶ᠎ᠠ ᠪᠦᠬᠦᠢ ᠠᠰᠠᠭᠤᠳᠠᠯ ᠳᠤ ᠴᠢᠭᠯᠡᠭᠦᠯᠵᠤ ᠪᠠᠶᠢᠴᠠᠭᠠᠨ ᠬᠠᠷᠭᠤᠭᠤᠯᠬᠤ ᠪᠦ᠋ᠬᠡᠳ ᠲᠤᠬᠠᠶ ᠶᠢᠨ ᠲᠠᠯᠠᠪᠤᠷ ᠲᠤ | ᠭᠡᠷᠡᠴᠢ ᠠᠪᠤᠨ᠎ᠠ︔ | ︵ᠨᠠᠢᠮᠠ︶ ᠱᠠᠯᠠᠪᠳᠠᠭᠤᠯᠤᠨ ᠪᠠᠶᠢᠴᠠᠭᠠᠵᠦ ᠢᠯᠡᠷᠡᠭᠦᠯᠦᠭᠰᠡᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ | ᠪᠠᠶᠢᠳᠠᠯ ᠢ ᠦᠵᠡᠵᠦ ᠬᠠᠮᠢᠶ᠎ᠠ ᠪᠥᠬᠦᠶ ᠨᠠᠮ ᠵᠠᠰᠠᠭ ᠤᠨ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠣᠯᠵᠣᠨ ᠠᠭᠤᠯᠵᠠᠬᠤ ᠪᠤᠶᠤ ᠪᠣᠯᠵᠣᠨ ᠶᠠᠷᠢᠯᠴᠠᠵᠤ ᠪᠣᠯᠤᠨ᠎ᠠ︔ | ︵ᠶᠢᠰᠦ︶ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠵᠢᠴᠢ ᠬᠤᠪᠢ ᠬᠥᠮᠦᠨ ᠳᠤ | ᠬᠠᠮᠵᠢᠯᠴᠠᠬᠤ ᠶᠢ ᠰᠠᠨᠠᠭᠤᠯᠤᠨ᠎ᠠ᠃ | ︵ᠠᠷᠪᠠ︶ ᠪᠤᠰᠤᠳ ᠴᠢᠬᠤᠯᠠᠳᠠᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠠᠷᠭ᠎ᠠ ᠬᠡᠯᠪᠡᠷᠢ᠃ | ᠠᠷᠪᠠᠨ ᠨᠠᠢᠮᠠᠳᠤᠭᠠᠷ ᠵᠦᠢᠯ ᠱᠠᠯᠠᠪᠳᠠᠭᠤᠯᠤᠨ ᠪᠠᠶᠢᠴᠠᠭᠠᠬᠤ ᠪᠠᠷ ᠣᠷᠣᠵᠤ ᠰᠠᠭᠤᠭᠰᠠᠨ ᠤ ᠲᠠᠷᠠᠭ᠎ᠠ᠂ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠡᠩ ᠤᠨ ᠪᠠᠶᠢᠳᠠᠯ ᠳᠤ 10 ᠠᠵᠢᠯᠯᠠᠬᠤ ᠡᠳᠦᠷ ᠤᠨ ᠳᠣᠲᠣᠷ᠎ᠠ | ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠪᠢᠴᠢᠵᠦ᠂ ᠱᠠᠯᠠᠪᠳᠠᠭᠤᠯᠤᠨ ᠪᠠᠶᠢᠴᠠᠭᠠᠵᠤ ᠢᠯᠡᠷᠡᠬᠦᠯᠦᠭᠰᠡᠨ | ᠴᠢᠬᠤᠯᠠ ᠪᠠᠶᠢᠳᠠᠯ ᠪᠠ ᠠᠰᠠᠭᠤᠳᠠᠯ ᠢ ᠦᠨᠡᠨ ᠪᠤᠳᠠᠳᠠᠢ ᠪᠠᠷ ᠮᠡᠳᠡᠭᠦᠯᠬᠦ ᠪᠦᠬᠡᠳ ᠰᠠᠨᠠᠯ ᠪᠠ ᠰᠠᠨᠠᠭᠤᠯᠭ᠎ᠠ ᠳᠤᠷᠠᠳᠪᠠᠯ | ᠵᠤᠬᠢᠨ᠎ᠠ᠃ | ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢᠨ ᠳᠤᠬᠠᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ | ᠵᠣᠬᠢᠰᠲᠠᠢ ᠠᠷᠭ᠎ᠠ ᠬᠡᠯᠪᠡᠷᠢ ᠪᠠᠷ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠲᠠᠢ ᠰᠠᠨᠠᠯ ᠢᠶᠠᠨ ᠰᠣᠯᠢᠯᠴᠠᠵᠤ᠂ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠬᠢᠨᠠᠨ ᠬᠠᠷᠭᠤᠭᠤᠯᠵᠤ᠂ ᠤᠳᠤᠷᠢᠳᠬᠤ ᠳᠤᠭᠤᠶᠢᠯᠠᠩ ᠢᠶᠠᠷ | ᠬᠢᠨᠠᠨ ᠵᠥᠪᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠤ ᠮᠡᠳᠡᠭᠦᠯᠦᠨ᠎ᠡ᠃ | ᠠᠷᠪᠠ ᠶᠢᠰᠦᠳᠦᠭᠡᠷ ᠵᠦᠢᠯ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠡᠩ ᠤᠨ | ᠪᠠᠶᠢᠳᠠᠯ ᠳᠤ 10 ᠠᠵᠢᠯᠯᠠᠬᠤ ᠡᠳᠦᠷ ᠤᠨ ᠳᠣᠲᠣᠷ᠎ᠠ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ | ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠲᠤ ᠬᠠᠷᠢᠭᠤ ᠲᠤᠰᠬᠠᠪᠠᠯ ᠵᠤᠬᠢᠨ᠎ᠠ᠃ ᠱᠠᠯᠠᠪᠳᠠᠭᠤᠯᠤᠨ | ᠪᠠᠶᠢᠴᠠᠭᠠᠯᠲᠠ ᠳᠤ ᠢᠯᠡᠷᠡᠭᠦᠯᠦᠭᠰᠡᠨ ᠠᠮᠢ ᠠᠬᠤᠶ ᠣᠷᠴᠢᠨ ᠲᠣᠭᠤᠷᠢᠨ ᠤ ᠴᠢᠬᠤᠯᠠ ᠠᠰᠠᠭᠤᠳᠠᠯ ᠵᠢᠴᠢ | ᠲᠤᠰᠢᠶᠠᠯ ᠳᠠᠭᠠᠨ ᠤᠰᠤᠯᠳᠠᠵᠦ ᠬᠠᠷᠢᠭᠤᠴᠠᠯᠭ᠎ᠠ ᠳᠠᠭᠠᠨ ᠤᠰᠤᠯᠳᠠᠬᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ | ᠳᠤᠭᠤᠶᠢᠯᠠᠩ ᠠᠴᠠ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ | ᠠᠰᠠᠭᠤᠳᠠᠯ ᠤᠨ ᠰᠦᠪᠡᠭᠴᠢ ᠶᠢᠨ ᠨᠠᠷᠢᠨ ᠲᠠᠩᠰᠠ ᠪᠠ ᠬᠡᠷᠡᠭ ᠤᠨ ᠡᠪᠬᠡᠮᠡᠯ ᠪᠤᠯᠭᠠᠵᠦ᠂ ᠬᠠᠮᠢᠶ᠎ᠠ ᠪᠦᠬᠦᠢ ᠡᠷᠬᠡ ᠶᠢᠨ | ᠬᠡᠪᠴᠢᠶ᠎ᠡ᠂ ᠲᠡᠰ ᠳᠠᠷᠠᠭᠠᠯᠠᠯ ᠪᠣᠯᠤᠨ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ | ᠪᠤᠶᠤ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠲᠤ ᠰᠢᠯᠵᠢᠭᠦᠯᠦᠨ ᠲᠤᠰᠢᠶᠠᠪᠠᠯ ᠵᠤᠬᠢᠨ᠎ᠠ᠃ | ᠳᠥᠷᠪᠡᠳᠦᠭᠡᠷ ᠪᠦᠯᠦᠭ ᠲᠤᠰᠬᠠᠶ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠬᠤ | ᠬᠤᠷᠢᠳᠤᠭᠠᠷ ᠵᠦᠢᠯ ᠲᠤᠰᠬᠠᠢ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠶᠢᠨ | ᠬᠡᠯᠪᠡᠷᠢ᠂ ᠱᠠᠯᠠᠪᠳᠠᠭᠤᠯᠤᠨ ᠪᠠᠶᠢᠴᠠᠭᠠᠬᠤ ᠡᠲᠡᠭᠡᠳ ᠪᠣᠯᠤᠨ ᠠᠵᠢᠯ ᠤᠨ ᠠᠷᠭ᠎ᠠ ᠬᠡᠯᠪᠡᠷᠢ ᠶᠢ ᠵᠤᠷᠰᠢᠯᠳᠤ | ᠱᠠᠯᠠᠪᠳᠠᠭᠤᠯᠤᠨ ᠪᠠᠶᠢᠴᠠᠭᠠᠯᠳᠠ ᠪᠠᠷ ᠯᠠᠪᠯᠠᠯᠲᠠ ᠪᠣᠯᠭᠠᠵᠤ᠂ ᠪᠣᠳᠠᠲᠠᠶ ᠱᠠᠯᠠᠪᠳᠠᠭᠤᠯᠤᠨ ᠪᠠᠶᠢᠴᠠᠭᠠᠬᠤ ᠵᠦᠢᠯᠡᠰ ᠪᠠ | ᠱᠠᠭᠠᠷᠳᠠᠯᠭ᠎ᠠ ᠶᠢ ᠦᠨᠳᠦᠰᠦᠯᠡᠨ ᠲᠣᠭᠲᠠᠭᠠᠨ᠎ᠠ᠃ ᠴᠢᠬᠤᠯᠠ ᠲᠤᠰᠬᠠᠶ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠬᠤ | ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠳᠤ ᠮᠡᠳᠡᠭᠦᠯᠦᠨ ᠵᠥᠪᠰᠢᠶᠡᠷᠡᠭᠦᠯᠪᠡᠯ ᠵᠤᠬᠢᠨ᠎ᠠ᠃ | ᠬᠤᠷᠢᠨ ᠨᠢᠭᠡᠳᠦᠭᠡᠷ ᠵᠦᠢᠯ ᠲᠤᠰᠬᠠᠶ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠬᠤ ᠠᠭᠤᠯᠭ᠎ᠠ ᠳᠤ | ᠭᠤᠤᠯᠳᠠᠭᠤ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠱᠠᠯᠠᠪᠳᠠᠭᠤᠯᠤᠨ ᠪᠠᠶᠢᠴᠠᠭᠠᠬᠤ ᠶᠢ ᠲᠣᠳᠣᠷᠬᠠᠶ ᠱᠠᠭᠠᠷᠳᠠᠭᠰᠠᠨ ᠵᠦᠢᠯᠡᠰ︔ | ︵ᠬᠤᠶᠠᠷ︶ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ | ᠭᠤᠤᠯᠳᠠᠯᠭ᠎ᠠ ᠲᠠᠢ ᠠᠵᠢᠯ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ︔ | ︵ᠭᠤᠷᠪᠠ︶ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢ ᠬᠠᠯᠡᠨ ᠰᠠᠶᠢᠵᠢᠷᠠᠭᠤᠯᠤᠭᠰᠠᠨ ᠨᠢ ᠰᠤᠯᠠ ᠨᠡᠶᠢᠲᠡᠯᠢᠭ ᠬᠡᠷᠡᠭ︔ | | ︵ᠳᠥᠷᠪᠡ︶ ᠠᠷᠠᠳ ᠣᠯᠠᠨ ᠤ ᠲᠤᠰᠬᠠᠯ ᠴᠢᠩᠭ᠎ᠠ ᠣᠷᠳᠣ ᠬᠤᠭᠤᠴᠠᠭ᠎ᠠ ᠰᠢᠢᠳᠪᠦᠷᠢᠯᠡᠵᠦ ᠳᠡᠶᠢᠯᠦᠭᠡᠳᠦᠶ | ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ︔ | ︵ᠲᠠᠪᠤ︶ ᠲᠤᠰᠬᠠᠶ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠬᠦ ᠴᠢᠬᠤᠯᠠᠲᠠᠶ ᠪᠤᠰᠤᠳ | ᠵᠦᠢᠯᠡᠰ᠃ | ᠬᠤᠷᠢᠨ ᠬᠤᠶᠠᠳᠤᠭᠠᠷ ᠵᠦᠢᠯ ᠲᠤᠰᠬᠠᠶ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠳᠠᠭᠤᠰᠤᠭᠰᠠᠨ ᠤ | ᠳᠠᠷᠠᠭ᠎ᠠ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠡᠩ ᠤᠨ ᠪᠠᠶᠢᠳᠠᠯ ᠳᠤ 7 ᠠᠵᠢᠯᠯᠠᠬᠤ ᠡᠳᠦᠷ ᠤᠨ ᠳᠣᠲᠣᠷ᠎ᠠ | ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠪᠢᠴᠢᠵᠦ᠂ ᠱᠠᠯᠠᠪᠳᠠᠭᠤᠯᠤᠨ | ᠪᠠᠶᠢᠴᠠᠭᠠᠯᠲᠠ ᠳᠤ ᠢᠯᠡᠷᠡᠭᠦᠯᠦᠭᠰᠡᠨ ᠴᠢᠬᠤᠯᠠ ᠪᠠᠶᠢᠳᠠᠯ ᠪᠠ ᠠᠰᠠᠭᠤᠳᠠᠯ ᠢ ᠦᠨᠡᠨ ᠪᠤᠳᠠᠳᠠᠢ ᠪᠠᠷ ᠮᠡᠳᠡᠭᠦᠯᠬᠦ ᠪᠦᠬᠡᠳ | ᠰᠠᠨᠠᠯ ᠪᠠ ᠰᠠᠨᠠᠭᠤᠯᠭ᠎ᠠ ᠳᠤᠷᠠᠳᠴᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠳᠡᠰ ᠳᠠᠷᠠᠭᠠᠯᠠᠯ | ᠶᠣᠰᠣᠭᠠᠷ ᠮᠡᠳᠡᠭᠦᠯᠦᠨ ᠵᠥᠪᠰᠢᠶᠡᠷᠡᠭᠦᠯᠪᠡᠯ ᠵᠤᠬᠢᠨ᠎ᠠ᠃ ᠲᠤᠰᠬᠠᠶ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠭᠰᠠᠨ | ᠴᠢᠬᠤᠯᠠ ᠮᠡᠳᠡᠭᠦᠯᠦᠯᠲᠡ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ | ᠮᠡᠳᠡᠭᠦᠯᠪᠡᠯ ᠵᠤᠬᠢᠨ᠎ᠠ᠃ | ᠬᠤᠷᠢᠨ ᠭᠤᠷᠪᠠᠳᠤᠭᠠᠷ ᠵᠦᠢᠯ ᠲᠤᠰᠬᠠᠶ ᠲᠦᠷᠦᠯ ᠤᠨ ᠱᠠᠯᠠᠪᠳᠠᠭᠤᠯᠤᠨ ᠪᠠᠶᠢᠴᠠᠭᠠᠬᠤ ᠮᠡᠳᠡᠭᠦᠯᠦᠯᠲᠡ ᠶᠢ | ᠵᠥᠪᠰᠢᠶᠡᠷᠡᠭᠦᠯᠦᠭᠰᠡᠨ ᠤ ᠳᠠᠷᠠᠭ᠎ᠠ᠂ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠲᠤ ᠴᠠᠭ ᠲᠤᠬᠠᠶ ᠳᠤᠨᠢ ᠬᠠᠷᠢᠭᠤ | ᠳᠤᠰᠬᠠᠯ ᠦᠭᠬᠦ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠮᠢ ᠠᠬᠤᠶ ᠣᠷᠴᠢᠨ | ᠲᠣᠭᠤᠷᠢᠨ ᠤ ᠴᠢᠬᠤᠯᠠ ᠠᠰᠠᠭᠤᠳᠠᠯ ᠵᠢᠴᠢ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠠᠯᠳᠠᠭᠰᠠᠨ ᠪᠠᠶᠢᠳᠠᠯ ᠳᠤ᠂ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠨᠢ ᠡᠷᠬᠡᠪᠰᠢ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ | ᠬᠠᠷᠢᠭᠤᠴᠠᠯᠭ᠎ᠠ ᠨᠡᠬᠡᠮᠵᠢᠯᠡᠬᠦ ᠠᠰᠠᠭᠤᠳᠠᠯ ᠤᠨ ᠰᠦᠪᠡᠭᠴᠢ ᠶᠢᠨ ᠨᠠᠷᠢᠨ ᠳᠠᠩᠰᠠ ᠪᠣᠯᠤᠨ ᠬᠡᠷᠡᠭ ᠤᠨ ᠡᠪᠬᠡᠮᠡᠯ ᠢ | ᠪᠦᠷᠢᠯᠳᠦᠭᠦᠯᠵᠦ᠂ ᠬᠤᠯᠪᠣᠭᠳᠠᠯ ᠪᠦᠬᠦᠢ ᠡᠷᠬᠡ ᠮᠡᠳᠡᠯ ᠤᠨ ᠬᠡᠮᠵᠢᠶ᠎ᠡ᠂ ᠲᠡᠰ ᠳᠠᠷᠠᠭᠠᠯᠠᠯ ᠪᠣᠯᠤᠨ ᠱᠠᠭᠠᠷᠳᠠᠯᠭ᠎ᠠ | ᠶᠣᠰᠣᠭᠠᠷ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠡᠰᠡᠭᠦᠯ᠎ᠡ | ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠲᠤ ᠰᠢᠯᠵᠢᠭᠦᠯᠦᠨ ᠲᠤᠰᠢᠶᠠᠬᠤ ᠬᠡᠷᠡᠭᠲᠡᠢ᠃ | ᠲᠠᠪᠤᠳᠤᠭᠠᠷ ᠪᠦᠯᠦᠭ ᠲᠣᠮᠢᠯᠠᠨ ᠰᠠᠭᠤᠯᠭᠠᠵᠤ ᠬᠢᠨᠠᠨ ᠪᠠᠶᠢᠴᠠᠭᠠᠬᠤ | ᠬᠤᠷᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠰᠬᠠᠢ | ᠲᠤᠰᠢᠶᠠᠯᠲᠠᠨ ᠤ ᠠᠯᠪᠠᠨ ᠭᠡᠷ ᠤᠨ ᠬᠢᠨ ᠣᠨ ᠤ ᠲᠣᠮᠢᠯᠠᠨ ᠰᠠᠭᠤᠯᠭᠠᠵᠤ ᠬᠢᠨᠠᠨ ᠪᠠᠶᠢᠴᠠᠭᠠᠬᠤ ᠲᠥᠯᠥᠪᠯᠡᠭᠡ | ᠲᠣᠭᠲᠠᠭᠠᠬᠤ ᠶᠢ ᠬᠠᠷᠢᠭᠤᠴᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠢᠨ ᠢᠶᠠᠷ ᠬᠢᠨᠠᠨ | ᠲᠣᠭᠲᠠᠭᠠᠯᠭᠠᠭᠰᠠᠨ ᠤ ᠳᠠᠷᠠᠭ᠎ᠠ ᠬᠡᠷᠡᠭᠵᠢᠭᠦᠯᠦᠨ᠎ᠡ᠃ | ᠬᠤᠷᠢᠨ ᠲᠠᠪᠤᠳᠤᠭᠠᠷ ᠵᠦᠢᠯ ᠲᠣᠮᠢᠯᠠᠨ ᠰᠠᠭᠤᠯᠭᠠᠵᠤ ᠬᠢᠨᠠᠨ ᠪᠠᠶᠢᠴᠠᠭᠠᠯᠭᠠᠬᠤ ᠳᠤ ᠭᠤᠤᠯᠳᠠᠭᠤ ᠡᠳᠡᠬᠡᠷ | ᠠᠭᠤᠯᠭ᠎ᠠ ᠶᠢ ᠪᠠᠭᠳᠠᠭᠠᠨ᠎ᠠ᠄ | ︵ᠨᠢᠭᠡ︶ ᠲᠣᠮᠢᠯᠠᠨ ᠰᠠᠭᠤᠯᠭᠠᠭᠰᠠᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠠᠬᠢ | ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠲᠠᠢ ᠪᠠᠶᠢᠬᠤ ᠶᠢ | ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢᠨ | ᠪᠠᠶᠢᠭᠤᠯᠤᠯᠲᠠ ᠶᠢᠨ ᠪᠠᠶᠢᠳᠠᠯ︔ | ︵ᠬᠤᠶᠠᠷ︶ ᠲᠣᠮᠢᠯᠠᠨ ᠰᠠᠭᠤᠯᠭᠠᠭᠰᠠᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠲᠦᠷᠢᠮ᠂ ᠪᠠᠷᠢᠮᠵᠢᠶ᠎ᠠ ᠵᠢᠷᠤᠮᠵᠢᠯ᠂ | ᠲᠥᠯᠥᠪᠵᠢᠭᠦᠯᠭᠡ ᠲᠥᠯᠥᠪᠯᠡᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠭᠤᠷᠪᠠ︶ ᠲᠣᠮᠢᠯᠠᠨ ᠰᠠᠭᠤᠯᠭᠠᠭᠰᠠᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠤᠭᠰᠠᠨ ᠪᠠᠶᠢᠳᠠᠯ︔ | ︵ᠳᠥᠷᠪᠡ︶ ᠲᠣᠮᠢᠯᠠᠨ ᠰᠠᠭᠤᠯᠭᠠᠭᠰᠠᠨ ᠣᠷᠣᠨ ᠤ ᠠᠮᠢ ᠠᠬᠤᠶ ᠣᠷᠴᠢᠨ ᠲᠤᠭᠤᠷᠢᠨ ᠤ ᠲᠣᠪᠤᠶᠢᠮ᠎ᠠ | ᠠᠰᠠᠭᠤᠳᠠᠯ ᠵᠢᠴᠢ ᠰᠢᠢᠳᠪᠦᠷᠢᠯᠡᠭᠰᠡᠨ ᠪᠠᠶᠢᠳᠠᠯ︔ | ︵ᠲᠠᠪᠤ︶ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ︔ | ︵ᠵᠢᠷᠭᠤᠭ᠎ᠠ︶ ᠠᠷᠠᠳ ᠤᠯᠠᠨ ᠤ ᠲᠤᠰᠬᠠᠭᠰᠠᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠪᠠᠷᠢᠨ | ᠬᠡᠷᠡᠭᠵᠢᠭᠦᠯᠵᠦ ᠪᠠᠷᠢᠨ ᠰᠠᠶᠢᠵᠢᠷᠠᠭᠤᠯᠤᠭᠰᠠᠨ ᠪᠠᠶᠢᠳᠠᠯ︔ | ︵ᠳᠣᠯᠤᠭ᠎ᠠ︶ ᠲᠣᠮᠢᠯᠠᠨ ᠰᠠᠭᠤᠯᠭᠠᠵᠤ ᠬᠢᠨᠠᠨ ᠪᠠᠶᠢᠴᠠᠭᠠᠬᠤ ᠴᠢᠬᠤᠯᠠᠲᠠᠶ ᠪᠤᠰᠤᠳ ᠵᠦᠢᠯᠡᠰ᠃ | ᠬᠤᠷᠢᠨ ᠵᠢᠷᠭᠤᠳᠤᠭᠠᠷ ᠵᠦᠢᠯ ᠲᠣᠮᠢᠯᠠᠨ ᠰᠠᠭᠤᠯᠭᠠᠵᠤ ᠬᠢᠨᠠᠨ ᠪᠠᠶᠢᠴᠠᠭᠠᠬᠤ ᠳᠤ ᠳᠣᠤᠷᠠᠬᠢ ᠠᠷᠭ᠎ᠠ | ᠬᠡᠯᠪᠡᠷᠢ ᠪᠠᠷ ᠠᠵᠢᠯ ᠢᠶᠠᠨ ᠥᠷᠨᠢᠭᠦᠯᠵᠦ ᠪᠣᠯᠤᠨ᠎ᠠ᠄ | ︵ᠨᠢᠭᠡ︶ ᠲᠣᠮᠢᠯᠠᠨ ᠰᠠᠭᠤᠯᠭᠠᠭᠰᠠᠨ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠥᠪᠯᠡᠬᠦ ᠰᠡᠳᠦᠪ ᠲᠠᠢ ᠬᠤᠯᠪᠣᠭᠳᠠᠭᠰᠠᠨ ᠬᠤᠷᠠᠯ ᠳᠤ ᠰᠤᠯᠠ ᠣᠷᠣᠯᠴᠠᠨ᠎ᠠ︔ | ︵ᠬᠤᠶᠠᠷ︶ ᠲᠣᠮᠢᠯᠠᠨ ᠰᠠᠭᠤᠯᠭᠠᠭᠰᠠᠨ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠵᠤ᠂ | ᠴᠢᠬᠤᠯᠠ ᠲᠠᠢ ᠣᠢᠶ᠎ᠠ ᠳᠤ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ | ︵ᠭᠤᠷᠪᠠ︶ ᠲᠣᠮᠢᠯᠠᠨ ᠰᠠᠭᠤᠯᠭᠠᠭᠰᠠᠨ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠲᠠᠩᠰᠠ ᠡᠪᠬᠡᠮᠡᠯ᠂ ᠬᠤᠷᠠᠯ ᠤᠨ ᠲᠡᠮᠳᠡᠭᠯᠡᠯ ᠵᠡᠷᠭᠡ ᠮᠠᠲ᠋ᠧᠷᠢᠶᠠᠯ ᠢ ᠭᠠᠷᠭᠠᠨ | ᠠᠪᠴᠤ ᠤᠩᠰᠢᠨ᠎ᠠ︔ | ︵ᠳᠥᠷᠪᠡ︶ ᠲᠣᠮᠢᠯᠠᠨ ᠰᠠᠭᠤᠯᠭᠠᠭᠰᠠᠨ ᠣᠷᠣᠨ ᠤ ᠳᠣᠲᠣᠷᠠᠬᠢ ᠠᠮᠢ ᠠᠬᠤᠶ ᠣᠷᠴᠢᠨ ᠲᠣᠭᠤᠷᠢᠨ ᠤ | ᠬᠤᠯᠪᠣᠭᠳᠠᠯ ᠪᠥᠬᠦᠶ ᠠᠰᠠᠭᠤᠳᠠᠯ ᠳᠤ ᠲᠤᠬᠠᠶ ᠶᠢᠨ ᠭᠠᠵᠠᠷ ᠤᠨ ᠪᠠᠶᠢᠴᠠᠭᠠᠯᠲᠠ ᠥᠷᠨᠢᠭᠦᠯᠦᠨ᠎ᠡ︔ | ︵ᠲᠠᠪᠤ︶ ᠪᠤᠰᠤᠳ ᠴᠢᠬᠤᠯᠠ ᠪᠦᠬᠦᠢ ᠠᠵᠢᠯ ᠤᠨ ᠠᠷᠭ᠎ᠠ ᠬᠡᠯᠪᠡᠷᠢ᠃ | ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠲᠢᠩᠬᠢᠮ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠰᠬᠠᠶ | ᠲᠤᠰᠢᠶᠠᠯᠲᠠᠨ ᠤ ᠠᠯᠪᠠᠨ ᠬᠡᠷ ᠨᠢ ᠤᠯᠠᠷᠢᠯ ᠪᠦᠷᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠲᠣᠮᠢᠯᠠᠨ | ᠰᠠᠭᠤᠯᠭᠠᠵᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠮᠡᠳᠡᠭᠦᠯᠵᠦ᠂ ᠲᠣᠮᠢᠯᠠᠨ ᠰᠠᠭᠤᠯᠭᠠᠵᠤ ᠬᠢᠨᠠᠨ ᠪᠠᠶᠢᠴᠠᠭᠠᠬᠤ | ᠳᠤᠮᠳᠠ ᠢᠯᠡᠷᠡᠭᠦᠯᠦᠭᠰᠡᠨ ᠴᠢᠬᠤᠯᠠ ᠪᠠᠶᠢᠳᠠᠯ ᠪᠠ ᠠᠰᠠᠭᠤᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠲᠣᠮᠢᠯᠠᠨ ᠰᠠᠭᠤᠯᠭᠠᠵᠤ ᠬᠢᠨᠠᠨ ᠪᠠᠶᠢᠴᠠᠭᠠᠭᠠᠳ ᠢᠯᠡᠷᠡᠭᠦᠯᠦᠭᠰᠡᠨ ᠡᠩ ᠤᠨ ᠠᠮᠢ | ᠠᠬᠤᠢ ᠣᠷᠴᠢᠨ ᠲᠣᠭᠤᠷᠢᠨ ᠤ ᠠᠰᠠᠭᠤᠳᠠᠯ ᠳᠤ᠂ ᠤᠳᠤᠷᠢᠳᠬᠤ ᠳᠤᠭᠤᠢᠢᠯᠠᠩ ᠤᠨ ᠠᠯᠪᠠᠨ ᠭᠡᠷ ᠠᠴᠠ ᠲᠤᠮᠢᠯᠠᠨ | ᠰᠠᠭᠤᠯᠭᠠᠭᠰᠠᠨ ᠬᠤᠯᠪᠤᠭᠳᠠᠯ ᠪᠦᠬᠦᠢ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ | ᠪᠤᠯᠤᠨ ᠵᠠᠰᠠᠭ ᠤᠨ ᠤᠷᠳᠤᠨ ᠳᠤ ᠠᠮᠢ ᠠᠬᠤᠶ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢᠨ ᠰᠠᠨᠠᠭᠤᠯᠭ᠎ᠠ | ᠭᠠᠷᠭᠠᠪᠠᠯ᠂ ᠬᠤᠯᠪᠣᠭᠳᠠᠯ ᠪᠥᠬᠦᠶ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠠᠮᠢ ᠠᠬᠤᠶ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢᠨ ᠰᠠᠨᠠᠭᠤᠯᠭ᠎ᠠ ᠶᠢᠨ | ᠲᠣᠭᠲᠠᠭᠠᠭᠰᠠᠨ ᠴᠠᠭ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠡᠷᠡᠭᠲᠡᠶ | ︔ ᠲᠤᠮᠢᠯᠠᠨ ᠰᠠᠭᠤᠯᠭᠠᠵᠤ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠮᠢ ᠠᠬᠤᠢ ᠣᠷᠴᠢᠨ ᠲᠣᠭᠤᠷᠢᠨ ᠤ | ᠴᠢᠬᠤᠯᠠ ᠶᠡᠭᠡ ᠠᠰᠠᠭᠤᠳᠠᠯ ᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠴᠠᠭ ᠲᠤᠬᠠᠶ ᠳᠤᠨᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠪᠠᠶᠢᠳᠠᠯ ᠢ ᠨᠢ ᠦᠵᠡᠵᠦ | ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ᠂ ᠲᠤᠰᠬᠠᠶ ᠵᠦᠢᠯ ᠢᠶᠠᠷ ᠱᠠᠯᠠᠪᠳᠠᠭᠤᠯᠤᠨ ᠰᠢᠢᠳᠪᠦᠷᠢᠯᠡᠭᠦᠯᠬᠦ᠂ ᠫᠠᠶᠢᠰᠠ | ᠡᠯᠭᠦᠨ ᠱᠠᠯᠠᠪᠳᠠᠭᠤᠯᠤᠨ ᠰᠢᠢᠳᠪᠦᠷᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠵᠢᠷᠭᠤᠳᠤᠭᠠᠷ ᠪᠦᠯᠦᠭ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠣᠷᠣᠵᠤ ᠰᠠᠭᠤᠬᠤ ᠶᠠᠪᠤᠴᠠ ᠳᠤ ᠠᠷᠠᠳ ᠣᠯᠠᠨ ᠤ | ᠢᠯᠡᠴᠢᠯᠡᠨ ᠮᠡᠳᠡᠭᠦᠯᠦᠭᠰᠡᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠵᠢᠴᠢ ᠱᠠᠯᠠᠪᠳᠠᠭᠤᠯᠤᠨ ᠪᠠᠶᠢᠴᠠᠭᠠᠬᠤ | ᠳᠤᠭᠤᠶᠢᠯᠠᠩ ᠤᠨ ᠲᠤᠰᠢᠶᠠᠭᠰᠠᠨ ᠪᠤᠰᠤᠳ ᠠᠰᠠᠭᠤᠳᠠᠯ ᠳᠤ᠂ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠨᠢ | ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ ᠰᠠᠶᠢᠵᠢᠷᠠᠭᠤᠯᠬᠤ᠂ ᠡᠷᠡᠰ ᠴᠡᠭᠴᠡᠯᠡᠨ ᠰᠠᠶᠢᠵᠢᠷᠠᠭᠤᠯᠬᠤ᠂ ᠬᠤᠯᠪᠣᠭᠳᠠᠯ | ᠪᠥᠬᠦᠶ ᠠᠰᠠᠭᠤᠳᠠᠯ ᠢ ᠲᠤᠭᠤᠰᠢᠲᠠᠶ ᠪᠠᠶᠢᠴᠠᠭᠠᠨ ᠰᠢᠢᠳᠪᠦᠷᠢᠯᠡᠬᠦ᠂ ᠲᠤᠭᠤᠰᠢᠲᠠᠶ ᠴᠡᠭᠴᠡᠯᠡᠨ ᠰᠠᠶᠢᠵᠢᠷᠠᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠶ᠃ | ᠭᠤᠴᠢᠳᠤᠭᠠᠷ ᠵᠦᠢᠯ ᠵᠤᠷᠰᠢᠯ ᠶᠤᠰᠤᠭᠠᠷ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠬᠠᠷᠢᠭᠤ | ᠮᠡᠳᠡᠭᠦᠯᠦᠭᠰᠡᠨ ᠤ ᠳᠠᠷᠠᠭ᠎ᠠ᠂ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠨᠢ ᠱᠠᠯᠠᠪᠳᠠᠭᠤᠯᠤᠨ ᠪᠠᠶᠢᠴᠠᠭᠠᠭᠰᠠᠨ | ᠮᠡᠳᠡᠭᠦᠯᠦᠯᠲᠡ ᠶᠣᠰᠣᠭᠠᠷ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ | 30 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠤᠷᠳᠤᠨ ᠳᠤ ᠮᠡᠳᠡᠭᠦᠯᠵᠦ᠂ ᠬᠢᠨᠠᠨ ᠲᠣᠭᠲᠠᠭᠠᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ︔ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ 6 | ᠰᠠᠷ᠎ᠠ ᠶᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠦᠨ | ᠬᠦᠷᠭᠡᠬᠦ ᠬᠡᠷᠡᠭᠲᠡᠶ᠃ | ᠲᠤᠰᠬᠠᠶ ᠲᠦᠷᠦᠯ ᠤᠨ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠬᠠᠷᠢᠭᠤ ᠮᠡᠳᠡᠭᠦᠯᠦᠭᠰᠡᠨ ᠤ | ᠳᠠᠷᠠᠭ᠎ᠠ᠂ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠨᠢ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ | ᠶᠣᠰᠣᠭᠠᠷ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ 20 ᠠᠵᠢᠯᠯᠠᠬᠤ | ᠡᠳᠦᠷ ᠤᠨ ᠳᠣᠲᠣᠷ᠎ᠠ ᠤᠳᠤᠷᠢᠳᠬᠤ ᠳᠤᠭᠤᠶᠢᠯᠠᠩ ᠳᠤ ᠮᠡᠳᠡᠭᠦᠯᠵᠦ᠂ ᠬᠢᠨᠠᠨ ᠲᠣᠭᠲᠠᠭᠠᠭᠰᠠᠨ ᠤ ᠳᠠᠷᠠᠭ᠎ᠠ | ᠳᠠᠷᠤᠮᠠᠯᠯᠠᠨ ᠨᠡᠶᠢᠲᠡᠯᠡᠵᠦ ᠬᠡᠷᠡᠭᠵᠢᠭᠦᠯᠦᠨ᠎ᠡ︔ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠥᠰᠦᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ 2 ᠰᠠᠷ᠎ᠠ ᠶᠢᠨ ᠳᠣᠲᠣᠷ᠎ᠠ ᠤᠳᠤᠷᠢᠳᠬᠤ ᠳᠤᠭᠤᠢᠢᠯᠠᠩ ᠳᠤ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ | ᠮᠡᠳᠡᠭᠦᠯᠦᠨ ᠬᠦᠷᠭᠡᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠦᠯ ᠳᠤ | ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ | ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠬᠤ ᠬᠡᠷᠡᠭᠲᠡᠶ᠃ | ᠭᠤᠴᠢᠨ ᠬᠤᠶᠠᠳᠤᠭᠠᠷ ᠵᠦᠢᠯ ᠤᠳᠤᠷᠢᠳᠬᠤ ᠳᠤᠭᠤᠶᠢᠯᠠᠩ ᠤᠨ ᠠᠯᠪᠠᠨ ᠬᠡᠷ ᠱᠠᠯᠠᠪᠳᠠᠭᠤᠯᠤᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ ᠱᠠᠯᠠᠪᠳᠠᠭᠤᠯᠤᠨ | ᠭᠦᠢᠴᠡᠳᠬᠡᠬᠦ ᠶᠢᠨ ᠬᠠᠮᠲᠤ ᠵᠣᠬᠢᠶᠠᠨ ᠪᠠᠶᠢᠭᠤᠯᠤᠨ ᠰᠤᠭᠤᠴᠢᠨ ᠪᠠᠶᠢᠴᠠᠭᠠᠵᠤ ᠬᠢᠨᠠᠨ ᠬᠠᠷᠭᠤᠭᠤᠯᠬᠤ ᠬᠡᠷᠡᠭᠲᠡᠶ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠨᠢ ᠬᠦᠷᠦᠯᠴᠡᠬᠦ ᠦᠭᠡᠢ ᠪᠣᠯ ᠪᠠᠶᠢᠳᠠᠯ ᠢ ᠨᠢ ᠦᠵᠡᠵᠦ ᠪᠠᠶᠢᠭᠠᠳ | ᠵᠠᠬᠢᠳᠠᠯ ᠢᠶᠠᠷ ᠮᠡᠳᠡᠭᠳᠡᠬᠦ᠂ ᠵᠠᠷᠯᠠᠨ ᠨᠡᠶᠢᠲᠡᠯᠡᠬᠦ᠂ ᠪᠣᠯᠵᠣᠨ ᠶᠠᠷᠢᠯᠴᠠᠬᠤ᠂ ᠲᠤᠰᠬᠠᠶ ᠲᠦᠷᠦᠯ ᠢᠶᠠᠷ ᠱᠠᠯᠠᠪᠳᠠᠭᠤᠯᠤᠨ | ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ | ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠳᠡᠢ᠃ | ᠳᠣᠯᠣᠳᠤᠭᠠᠷ ᠪᠦᠯᠦᠭ ᠦᠷ᠎ᠡ ᠳ᠋ᠦᠩ ᠢ ᠬᠡᠷᠡᠭᠯᠡᠬᠦ ᠪᠠ ᠮᠡᠳᠡᠭᠡ ᠵᠠᠩᠭᠢ ᠶᠢ ᠢᠯᠡ ᠪᠣᠯᠭᠠᠬᠤ | ᠭᠤᠴᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠲᠠᠭᠤᠯᠤᠨ ᠪᠠᠶᠢᠴᠠᠭᠠᠭᠰᠠᠨ ᠦᠷ᠎ᠡ ᠳ᠋ᠦᠩ ᠨᠢ ᠱᠠᠯᠠᠪᠲᠠᠭᠤᠯᠤᠨ ᠪᠠᠶᠢᠴᠠᠭᠠᠭᠳᠠᠭᠰᠠᠨ | ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ᠂ ᠱᠠᠩᠨᠠᠬᠤ | ᠲᠣᠷᠭᠠᠬᠤ ᠲᠣᠮᠢᠯᠠᠬᠤ ᠤᠭᠴᠠᠷᠠᠭᠤᠯᠬᠤ ᠴᠢᠬᠤᠯᠠ ᠦᠨᠳᠦᠰᠦᠯᠡᠯ ᠪᠤᠯᠤᠬᠰᠠᠨ ᠤ ᠬᠤᠪᠢ ᠳᠤ᠂ ᠱᠠᠯᠠᠪᠲᠠᠭᠤᠯᠤᠨ | ᠪᠠᠶᠢᠴᠠᠭᠠᠭᠰᠠᠨ ᠦᠷ᠎ᠡ ᠳ᠋ᠦᠩ ᠢ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠬᠤᠯᠪᠣᠭᠳᠠᠯ | ᠪᠦᠬᠦᠢ ᠵᠣᠬᠢᠶᠠᠨ ᠪᠠᠶᠢᠭᠤᠯᠤᠯᠲᠠ ︵ᠠᠵᠢᠯᠳᠡᠠ ᠤ ᠶᠠᠪᠤᠲᠠᠯ︶ ᠶᠢᠨ ᠰᠠᠯᠠᠭ᠎ᠠ ᠮᠥᠴᠢᠷ ᠲᠤ ᠬᠦᠷᠭᠡᠨ᠎ᠠ᠃ | ᠱᠠᠯᠠᠪᠲᠠᠭᠤᠯᠤᠨ ᠪᠠᠶᠢᠴᠠᠭᠠᠯᠲᠠ ᠬᠢᠬᠦ ᠳᠤ ᠢᠯᠡᠷᠡᠭᠦᠯᠦᠭᠰᠡᠨ ᠴᠢᠬᠤᠯᠠ ᠠᠮᠢ ᠠᠬᠤᠶ ᠣᠷᠴᠢᠨ ᠲᠣᠭᠤᠷᠢᠨ ᠤ | ᠠᠰᠠᠭᠤᠳᠠᠯ ᠵᠢᠴᠢ ᠬᠠᠷᠢᠭᠤᠴᠠᠯᠭ᠎ᠠ ᠠᠯᠳᠠᠵᠤ ᠲᠤᠰᠢᠶᠠᠯ ᠳᠠᠭᠠᠨ ᠤᠰᠤᠯᠲᠠᠬᠰᠠᠨ ᠪᠠᠶᠢᠳᠠᠯ ᠳᠤ᠂ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠤᠨ ᠬᠢᠨ ᠨᠢ ᠬᠤᠯᠪᠣᠭᠳᠠᠯ ᠪᠥᠬᠦᠶ ᠨᠠᠮ ᠵᠠᠰᠠᠭ ᠤᠨ ᠤᠳᠤᠷᠢᠳᠬᠤ ᠺᠠᠳ᠋ᠷ ᠪᠣᠯᠤᠨ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠪᠣᠯᠤᠨ᠎ᠠ᠃ | ᠴᠢᠬᠤᠯᠠᠲᠠᠶ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠯᠤᠰ ᠤᠨ ᠦᠮᠴᠢᠯᠡᠯ ᠤᠨ ᠡᠳ᠋ | ᠬᠦᠷᠦᠩᠬᠡ ᠶᠢᠨ ᠬᠢᠨᠠᠨ ᠬᠠᠮᠢᠶᠠᠷᠤᠯᠲᠠ ᠶᠢᠨ ᠵᠦᠪᠯᠡᠯ ᠤᠨ ᠨᠠᠮ ᠤᠨ ᠬᠤᠷᠢᠶ᠎ᠠ᠂ ᠡᠰᠠᠬᠦᠯᠡ ᠱᠠᠯᠠᠪᠲᠠᠭᠤᠯᠤᠨ | ᠪᠠᠶᠢᠴᠠᠭᠠᠭᠳᠠᠬᠤ ᠡᠲᠡᠭᠡᠳ ᠲᠤ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠴᠤ ᠪᠤᠯᠤᠨ᠎ᠠ᠃ | ᠱᠠᠯᠠᠪᠲᠠᠭᠤᠯᠤᠨ ᠪᠠᠶᠢᠴᠠᠭᠠᠯᠲᠠ ᠬᠢᠬᠦ ᠳᠤ ᠠᠮᠢ ᠠᠬᠤᠶ ᠣᠷᠴᠢᠨ ᠲᠣᠭᠤᠷᠢᠨ ᠤ ᠬᠤᠬᠢᠷᠠᠯ ᠤᠨ ᠲᠦᠯᠦᠪᠤᠷᠢ | ᠠᠪᠬᠤ ᠠᠵᠢᠯ ᠥᠷᠨᠢᠭᠦᠯᠬᠦ ᠴᠢᠬᠤᠯᠠᠲᠠᠶ ᠪᠠᠶᠢᠬᠤ ᠶᠢ ᠢᠯᠡᠷᠡᠬᠦᠯᠦᠭᠰᠡᠨ ᠪᠤᠯ᠂ ᠬᠤᠯᠪᠣᠭᠳᠠᠯ ᠪᠥᠬᠦᠶ ᠠᠶᠢᠮᠠᠭ | ᠬᠤᠲᠠ ᠶᠢᠨ ᠵᠠᠰᠠᠭ ᠤᠨ ᠣᠷᠳᠣᠨ ︵ᠵᠠᠬᠢᠷᠭ᠎ᠠ︶ ᠳᠤ ᠰᠢᠯᠵᠢᠭᠦᠯᠦᠨ ᠬᠦᠷᠭᠡᠵᠦ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠨᠡᠬᠡᠮᠵᠢᠯᠡᠨ ᠳᠥᠯᠥᠭᠦᠯᠦᠨᠡ︔ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠴᠢᠬᠤᠯᠠᠲᠠᠶ ᠪᠠᠶᠢᠪᠠᠯ᠂ | ᠪᠠᠶᠢᠴᠠᠭᠠᠬᠤ ᠪᠠᠶᠢᠭᠤᠯᠭ᠎ᠠ ᠵᠡᠷᠭᠡ ᠡᠷᠬᠡᠲᠦ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ | ᠰᠢᠢᠳᠪᠦᠷᠢᠯᠡᠭᠦᠯᠦᠨ᠎ᠡ᠃ | ᠱᠠᠯᠠᠪᠲᠠᠭᠤᠯᠤᠨ ᠪᠠᠶᠢᠴᠠᠭᠠᠯᠲᠠ ᠬᠢᠬᠦ ᠳᠤ ᠶᠠᠯ᠎ᠠ ᠶᠢᠨ ᠰᠡᠵᠢᠭᠳᠡᠨ ᠢ ᠢᠯᠡᠷᠡᠬᠦᠯᠦᠭᠰᠡᠨ ᠪᠤᠯᠪᠠᠯ᠂ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠭᠦᠯᠦᠨ᠎ᠡ᠃ | ᠭᠤᠴᠢᠨ ᠳᠥᠷᠪᠡᠳᠦᠭᠡᠷ ᠵᠦᠢᠯ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ ᠵᠥᠪ | ᠣᠨᠣᠪᠴᠢᠲᠠᠢ ᠭᠦᠢᠴᠡᠳᠬᠡᠭᠰᠡᠨ ᠦᠭᠡᠢ ᠠᠴᠠ ᠪᠣᠯᠵᠤ ᠠᠮᠢ ᠠᠬᠤᠢ ᠶᠢᠨ ᠣᠷᠴᠢᠨ ᠲᠣᠭᠤᠷᠢᠨ ᠢ ᠡᠪᠲᠡᠵᠦ | ᠬᠤᠬᠢᠷᠠᠭᠤᠯᠤᠭᠰᠠᠨ ᠣᠷᠣᠨ ᠨᠤᠲᠤᠭ ᠪᠠ ᠪᠠᠶᠢᠭᠤᠯᠭ᠎ᠠ ᠶᠢᠨ ᠨᠠᠮ ᠵᠠᠰᠠᠭ ᠤᠨ ᠤᠳᠤᠷᠢᠳᠬᠤ ᠺᠠᠳ᠋ᠷ ᠠᠴᠠ ᠰᠠᠬᠢᠯᠭ᠎ᠠ | ᠪᠠᠲᠤ ᠶᠣᠰᠣᠭᠠᠷ᠂ ᠬᠠᠤᠯᠢ ᠶᠣᠰᠣᠭᠠᠷ ᠲᠥᠪ ᠴᠢᠩᠭ᠎ᠠ᠂ ᠣᠨᠣᠴᠠᠳᠠᠢ᠂ ᠪᠦᠲᠦᠮᠵᠢᠲᠡᠶ ᠬᠠᠷᠢᠭᠤᠴᠠᠯᠭ᠎ᠠ ᠨᠡᠬᠡᠮᠵᠢᠯᠡᠨ᠎ᠡ | ᠃ | ᠭᠤᠴᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠲᠠᠭᠤᠯᠤᠨ ᠪᠠᠶᠢᠴᠠᠭᠠᠬᠤ ᠪᠣᠳᠠᠲᠠᠶ ᠠᠵᠢᠯ ᠤᠨ ᠲᠣᠬᠢᠷᠠᠭᠤᠯᠤᠯᠲᠠ᠂ ᠱᠠᠯᠠᠪᠲᠠᠭᠤᠯᠤᠨ | ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠬᠠᠮᠢᠶ᠎ᠠ ᠪᠥᠬᠦᠶ ᠲᠣᠪᠤᠶᠢᠮ᠎ᠠ ᠠᠰᠠᠭᠤᠳᠠᠯ ᠪᠠ | ᠬᠡᠷᠡᠭ ᠤᠨ ᠵᠢᠱᠢᠶ᠎ᠡ᠂ ᠱᠠᠯᠠᠪᠲᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢᠨ ᠭᠤᠤᠯ ᠠᠭᠤᠯᠭ᠎ᠠ᠂ ᠱᠠᠯᠠᠪᠲᠠᠭᠤᠯᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠦᠯ᠂ ᠱᠠᠯᠠᠪᠲᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠱᠠᠯᠠᠪᠲᠠᠭᠤᠯᠤᠨ ᠪᠠᠶᠢᠴᠠᠭᠠᠵᠤ ᠬᠠᠷᠢᠭᠤᠴᠠᠯᠭ᠎ᠠ | ᠨᠡᠬᠡᠮᠵᠢᠯᠡᠬᠦ ᠬᠤᠯᠪᠣᠭᠳᠠᠯ ᠪᠥᠬᠦᠶ ᠪᠠᠶᠢᠳᠠᠯ ᠵᠡᠷᠭᠡ ᠶᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠭᠠᠳᠠᠭᠰᠢ | ᠢᠯᠡ ᠪᠣᠯᠭᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠤᠯᠠᠨ | ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠃ | ᠨᠠᠢᠮᠠᠳᠤᠭᠠᠷ ᠪᠦᠯᠦᠭ ᠱᠠᠯᠠᠪᠲᠠᠭᠤᠯᠤᠨ ᠪᠠᠶᠢᠴᠠᠭᠠᠬᠤ ᠰᠠᠬᠢᠯᠭ᠎ᠠ ᠪᠠᠲᠤ ᠪᠠ ᠬᠠᠷᠢᠭᠤᠴᠠᠯᠭ᠎ᠠ | ᠭᠤᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠲᠠᠭᠤᠯᠤᠨ ᠪᠠᠶᠢᠴᠠᠭᠠᠯᠲᠠ ᠨᠢ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ | ᠲᠥᠷᠥ ᠶᠢᠨ ᠶᠣᠰᠣ ᠳᠦᠷᠢᠮ ᠢ ᠴᠢᠩᠳᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠴᠢᠩᠭ᠎ᠠ | ᠬᠡᠷᠡᠭᠵᠢᠭᠦᠯᠵᠦ᠂ ᠡᠯ᠎ᠡ ᠲᠦᠷᠦᠯ ᠤᠨ ᠴᠢᠬᠡᠴᠢ ᠵᠠᠰᠠᠭ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ | ᠲᠤᠰᠢᠶᠠᠯ ᠬᠠᠷᠢᠭᠤᠴᠠᠯᠭ᠎ᠠ ᠪᠠᠨ ᠵᠥᠪ ᠣᠨᠣᠪᠴᠢᠲᠠᠶ ᠭᠦᠢᠴᠡᠳᠬᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠲᠠᠭᠤᠯᠤᠨ | ᠪᠠᠶᠢᠴᠠᠭᠠᠬᠤ ᠳᠤᠭᠤᠶᠢᠯᠠᠩ ᠱᠠᠯᠠᠪᠲᠠᠭᠤᠯᠤᠨ ᠪᠠᠶᠢᠴᠠᠭᠠᠬᠤ ᠬᠤᠭᠤᠴᠠᠭᠠᠨ ᠳᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠲᠦᠷ ᠴᠠᠭ ᠤᠨ ᠨᠠᠮ ᠤᠨ ᠡᠭᠦᠷ ᠪᠠᠶᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠡᠰᠢᠬᠦᠨ ᠢ | ᠬᠥᠮᠦᠵᠢᠭᠦᠯᠬᠦ᠂ ᠬᠠᠮᠢᠶᠠᠷᠬᠤ ᠪᠠ ᠬᠢᠨᠠᠯᠲᠠ ᠲᠠᠯᠪᠢᠯᠳᠠ ᠶᠢ ᠴᠢᠩᠭᠠᠳᠬᠠᠬᠤ ᠬᠡᠷᠡᠭᠳᠡᠢ᠃ | ᠭᠤᠴᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯᠲᠠᠳ ᠵᠢᠭᠠᠪᠤᠷᠢ ᠠᠪᠬᠤ ᠮᠡᠳᠡᠭᠦᠯᠬᠦ ᠲᠦᠷᠢᠮ ᠢ ᠴᠢᠩᠭ᠎ᠠ | ᠬᠡᠷᠡᠭᠵᠢᠭᠦᠯᠬᠦ ᠬᠡᠷᠡᠭᠳᠡᠢ᠃ ᠱᠠᠯᠠᠪᠳᠠᠭᠤᠯᠤᠨ ᠪᠠᠶᠢᠴᠠᠭᠠᠯᠳᠡ ᠳᠤᠮᠳᠠ ᠣᠯᠵᠤ ᠮᠡᠳᠡᠭᠰᠡᠨ ᠴᠢᠬᠤᠯᠠ ᠪᠠᠶᠢᠳᠠᠯ ᠪᠠ | ᠴᠢᠬᠤᠯᠠ ᠶᠡᠭᠡ ᠠᠰᠠᠭᠤᠳᠠᠯ ᠢ ᠤᠳᠤᠷᠢᠳᠬᠤ ᠳᠤᠭᠤᠶᠢᠯᠠᠩ ᠪᠤᠶᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠮᠡᠳᠡᠬᠦᠯᠵᠦ ᠵᠢᠭᠠᠪᠤᠷᠢ ᠠᠪᠬᠤ ᠬᠡᠷᠡᠭᠳᠡᠢ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ | ᠳᠤᠷ᠎ᠠ ᠪᠠᠷ ᠢᠶᠠᠨ ᠣᠪᠣᠷ ᠢᠶᠠᠨ ᠢᠯᠡᠳᠬᠡᠬᠦ ᠪᠠ ᠰᠢᠢᠳᠪᠦᠷᠢᠯᠡᠵᠦ ᠪᠣᠯᠬᠤ ᠦᠭᠡᠢ᠃ | ᠭᠤᠴᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯᠲᠠᠳ ᠡᠯ᠎ᠡ ᠵᠦᠶ᠋ᠯ ᠤᠨ ᠨᠢᠭᠤᠴᠠ ᠶᠢ ᠬᠠᠮᠠᠭᠠᠯᠠᠬᠤ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠂ ᠵᠥᠪᠰᠢᠶᠡᠷᠡᠯ ᠦᠭᠡᠢ ᠪᠠᠷ ᠭᠠᠳᠠᠭᠰᠢ ᠨᠡᠶᠢᠲᠡᠯᠡᠬᠦ ᠪᠤᠶᠤ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠬᠠᠮᠢᠶ᠎ᠠ ᠪᠦᠬᠦᠢ | ᠪᠠᠶᠢᠳᠠᠯ ᠢ ᠵᠠᠳᠠᠷᠠᠭᠤᠯᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠨᠢ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠤᠨ ᠬᠡᠪ ᠤᠨ | ᠠᠵᠢᠯ ᠳᠤ ᠭᠠᠷ ᠲᠥᠷᠥᠵᠦ ᠪᠣᠯᠬᠤ ᠥᠬᠡᠶ᠂ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠲᠤ ᠱᠠᠯᠠᠪᠳᠠᠭᠤᠯᠤᠨ | ᠪᠠᠶᠢᠴᠠᠭᠠᠬᠤ ᠠᠵᠢᠯ ᠲᠠᠢ ᠬᠠᠮᠢᠶᠠᠳᠠᠬᠤ ᠦᠬᠡᠢ ᠱᠠᠭᠠᠷᠳᠠᠯᠭ᠎ᠠ ᠳᠤᠷᠠᠳᠴᠤ ᠪᠣᠯᠬᠤ ᠦᠭᠡᠢ᠂ ᠱᠠᠯᠠᠪᠳᠠᠭᠤᠯᠤᠨ | ᠪᠠᠶᠢᠴᠠᠭᠠᠭᠳᠠᠬᠤ ᠡᠲᠡᠭᠡᠳ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠪᠤᠯᠬᠤ ᠦᠭᠡᠢ᠃ | ᠳᠥᠴᠢᠳᠦᠭᠡᠷ ᠵᠦᠢᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠬᠢᠨᠠᠨ ᠪᠤᠳᠤᠬᠤ | ᠪᠠᠶᠢᠭᠤᠯᠭ᠎ᠠ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠠ ᠵᠣᠬᠢᠶᠠᠨ ᠪᠠᠶᠢᠭᠤᠯᠤᠯᠲᠠ᠂ ᠵᠠᠬᠢᠳᠠᠯ | ᠰᠤᠷᠪᠤᠯᠵᠢᠯᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠢ ᠠᠮᠢ ᠠᠬᠤᠶ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠲᠡᠮᠵᠢᠵᠤ ᠬᠠᠪᠰᠤᠷᠬᠤ ᠬᠡᠷᠡᠭᠳᠡᠢ᠃ | ᠲᠣᠭᠲᠠᠭᠠᠯ ᠠᠴᠠ ᠵᠥᠷᠢᠴᠡᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠳᠡ ᠳᠤ ᠲᠡᠮᠵᠢᠯᠭᠡ ᠦᠵᠡᠬᠦᠯᠬᠦ ᠶᠢ ᠲᠦᠯᠬᠢᠬᠦ᠂ ᠬᠤᠶᠢᠰᠢᠯᠠᠭᠤᠯᠬᠤ ᠪᠠ ᠲᠡᠪᠴᠢᠬᠦ ᠠᠴᠠ ᠪᠤᠯᠵᠤ ᠮᠠᠭᠤ | ᠦᠷ᠎ᠡ ᠨᠦᠯᠦᠭᠡ ᠭᠠᠷᠭᠠᠭᠰᠠᠨ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠦᠰ ᠤᠨ | ᠬᠠᠷᠢᠭᠤᠴᠠᠯᠭ᠎ᠠ ᠶᠢ ᠨᠡᠬᠡᠮᠵᠢᠯᠡᠨ᠎ᠠ᠃ | ᠳᠥᠴᠢᠨ ᠨᠢᠭᠡᠳᠦᠭᠡᠷ ᠵᠦᠢᠯ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠥᠪᠡᠷᠲᠡᠭᠡᠨ ᠵᠠᠰᠠᠬᠤ ᠣᠷᠣᠨ ᠤ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠢᠳᠡᠪᠬᠢᠲᠡᠢ | ᠬᠠᠮᠵᠢᠯᠴᠠᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠪᠠ ᠠᠰᠠᠭᠤᠳᠠᠯ ᠢᠶᠠᠨ ᠦᠨᠡᠨ | ᠮᠦᠨ ᠢᠶᠠᠷ ᠨᠢ ᠲᠤᠰᠬᠠᠬᠤ ᠬᠡᠷᠡᠭᠳᠡᠢ᠃ | ᠳᠥᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠲᠤᠮᠳᠡ ᠠᠯᠪᠠ ᠬᠠᠰᠢᠵᠤ ᠠᠮᠠ ᠪᠥᠭᠯᠡᠬᠦ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠬᠤ᠂ | ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠬᠠᠷᠰᠢᠯᠠᠨ ᠬᠤᠷᠢᠬᠯᠠᠬᠤ ᠵᠡᠷᠭᠡ ᠰᠠᠬᠢᠯᠭ᠎ᠠ ᠪᠠᠲᠤ ᠳᠦᠷᠢᠮ | ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ | ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ | ᠶᠢᠰᠦᠳᠦᠭᠡᠷ ᠪᠦᠯᠦᠭ ᠳᠠᠭᠠᠯᠳᠤᠭᠤᠯᠤᠯ | ᠳᠥᠴᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ ᠪᠠᠲᠤᠯᠠᠨ᠎ᠠ᠃ | ᠳᠥᠴᠢᠨ ᠳᠥᠷᠪᠡᠳᠦᠭᠡᠷ ᠵᠦᠢᠯ ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠣᠣᠷ᠎ᠠ ᠱᠠᠲᠤᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠮᠢ ᠠᠬᠤᠶ ᠤᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠳᠡᠢ᠃ | ᠳᠥᠴᠢᠨ ᠲᠠᠪᠤᠳᠤᠭᠠᠷ ᠵᠦᠢᠯ ᠲᠣᠰ ᠠᠷᠭ᠎ᠠ ᠶᠢᠨ ᠲᠠᠶᠢᠯᠪᠤᠷᠢᠯᠠᠯᠲᠠ ᠶᠢ ᠭᠦᠢᠴᠡᠳᠬᠡᠬᠦ ᠠᠵᠢᠯ ᠢ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ᠬᠠᠷᠢᠭᠤᠴᠠᠨ᠎ᠠ᠃ | ᠳᠥᠴᠢᠨ ᠵᠢᠷᠭᠤᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠡᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | ᠭᠦᠢᠴᠡᠳᠭᠡᠭᠰᠡᠨ ᠨᠠᠢᠷᠠᠭᠤᠯᠤᠭᠴᠢ᠄ | ᠶᠦᠩ ᠬᠤᠩ | ᠬᠢᠨᠠᠭᠴᠢ᠄ ᠪᠤᠶᠠᠨᠲᠦ |