︽ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠦ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠤᠳᠤᠯᠭ᠎ᠠ ᠶᠢᠨ ᠠᠯᠪᠠᠨ ᠵᠠᠷ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020-03-18
    ᠨᠢᠭᠡ᠂ ︽ᠠᠯᠪᠠᠨ ᠵᠠᠷ︾ ᠢ ᠨᠡᠶᠢᠲᠡᠯᠡᠭᠰᠡᠨ ᠠᠬᠤᠶ ᠪᠠᠶᠢᠳᠠᠯ     ᠳᠤᠮᠳᠠ ᠵᠢᠵᠢᠭ ᠠᠵᠤ ᠠᠬᠤᠶᠢᠯᠠᠯ ᠤᠨ ᠬᠦᠴᠢᠷᠳᠡᠯ ᠠᠴᠠ ᠮᠤᠯᠲᠤᠷᠠᠬᠤ ᠶᠢ ᠲᠡᠳᠬᠦᠬᠦ ᠶᠢᠨ ᠲᠥᠯᠥᠭᠡ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠳᠤᠯᠭᠠᠳᠦ ᠠᠵᠤ ᠠᠬᠤᠶᠢᠯᠠᠯ ᠪᠠ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ ᠦᠢᠯᠡᠳᠪᠦᠷᠢᠯᠡᠯ ᠡᠵᠡᠩᠨᠡᠯᠲᠡ ᠳᠤ ᠬᠦᠴᠢᠷᠳᠡᠯᠲᠡᠶ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠴᠠᠬᠢᠯᠭᠠᠨ ︹ 2020 ︺1 ᠳ᠋ᠤᠬᠡᠷ ᠲᠣᠭᠠᠲᠤ︶ ᠤᠨ ᠭᠤᠷᠪᠠᠳᠤᠭᠠᠷ ᠵᠤᠷᠪᠤᠰ ︵ᠨᠠᠢᠮᠠᠨ︶ ᠵᠦᠢᠯ ᠤᠨ ᠬᠤᠯᠪᠤᠭᠳᠠᠯ ᠪᠥᠬᠦᠶ ︽ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ ᠬᠦᠨᠳᠦ ᠶᠡᠭᠡ ᠬᠤᠬᠢᠷᠠᠯ ᠭᠠᠷᠤᠭᠰᠠᠨ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠨᠢ ᠬᠦᠨᠳᠦ ᠶᠡᠭᠡ ᠨᠥᠯᠥᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ ᠬᠡᠰᠡᠭ ᠪᠤᠶᠤ ᠪᠦᠬᠦᠨ ᠢᠶᠠᠷ ᠬᠠᠰᠤᠵᠤ ᠭᠡᠯᠳᠦᠷᠢᠭᠦᠯᠬᠦ︾ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 2020 ᠣᠨ ᠤ 3 ᠰᠠᠷ᠎ᠠ ᠶᠢᠨ 12 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠦᠪᠦᠷ ᠮᠤᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠭᠦ ᠭᠠᠶᠢᠯᠢ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢᠨ ᠠᠯᠪᠠᠨ ᠵᠠᠷ︾ ︵ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷ 2020 ᠣᠨ ᠤ 2 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃    ᠬᠤᠶᠠᠷ᠂ ︽ᠠᠯᠪᠠᠨ ᠵᠠᠷ︾ ᠤᠨ ᠭᠤᠤᠯ ᠠᠭᠤᠯᠭ᠎ᠠ    ᠨᠢᠭᠡᠳᠦᠭᠡᠷ ᠵᠤᠷᠪᠤᠰ᠄ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠮᠠᠨ ᠤ ᠣᠷᠣᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠦᠴᠦᠨ ᠥᠬᠡᠶ ᠪᠣᠯᠭᠠᠭᠰᠠᠨ ᠲᠣᠰ ᠰᠠᠷ᠎ᠠ ᠪᠣᠯᠲᠠᠯ᠎ᠠ᠂ ᠵᠠᠮ ᠬᠠᠷᠢᠯᠴᠠᠭ᠎ᠠ ᠲᠡᠭᠡᠭᠡᠪᠦᠷᠢ ᠪᠠ ᠰᠢᠤᠳᠠᠨ ᠤ ᠦᠢᠯᠡᠰ᠂ ᠬᠤᠨᠤᠭ ᠪᠠ ᠢᠳᠡᠭᠡᠨ ᠤᠮᠳᠠᠭᠠᠨ ᠤ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ ᠪᠤᠯᠤᠨ ᠪᠤᠰᠤᠳ ᠦᠢᠯᠡᠴᠢᠯᠡᠬᠡᠨ ᠤ ᠦᠢᠯᠡᠰ᠂ ᠰᠣᠶᠣᠯ ᠪᠡᠶ᠎ᠡ ᠶᠢᠨ ᠲᠠᠮᠢᠷ ᠪᠤᠯᠤᠨ ᠵᠤᠭ᠎ᠠ ᠴᠡᠩᠭᠡᠯ ᠤᠨ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠵᠢᠭᠤᠯᠴᠢᠯᠠᠯ ︵ᠵᠢᠭᠤᠯᠴᠢᠯᠠᠯ ᠤᠨ ᠬᠤᠷᠰᠢᠶ᠎ᠡ ᠵᠢᠴᠢ ᠬᠠᠮᠢᠶ᠎ᠠ ᠪᠥᠬᠦᠶ ᠦᠢᠯᠡᠴᠢᠯᠡᠭᠡ᠂ ᠦᠵᠡᠮᠵᠢ ᠶᠢᠨ ᠣᠷᠣᠨ ᠤ ᠬᠠᠮᠢᠶᠠᠷᠤᠯᠲᠠ ᠵᠡᠷᠭᠡ ᠬᠤᠶᠠᠷ ᠲᠥᠷᠥᠯ ᠪᠠᠭᠲᠠᠨ᠎ᠠ︶ ᠵᠡᠷᠭᠡ ᠠᠵᠢᠯ ᠲᠥᠷᠥᠯ ᠤᠨ ᠳᠤᠮᠳᠠ ᠵᠢᠵᠢᠭ ᠠᠵᠤ ᠠᠬᠤᠶᠢᠯᠠᠯ ᠠᠴᠠ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ ᠭᠡᠯᠳᠦᠷᠢᠭᠦᠯᠦᠨ᠎ᠡ᠃    ᠬᠤᠶᠠᠳᠤᠭᠠᠷ ᠵᠤᠷᠪᠤᠰ᠄ ᠳᠡᠭᠡᠷ᠎ᠡ ᠳᠤᠷᠠᠳᠤᠭᠰᠠᠨ ᠠᠵᠢᠯ ᠲᠥᠷᠥᠯ ᠠᠴᠠ ᠭᠠᠳᠠᠨ᠎ᠠ᠂ ᠪᠤᠰᠤᠳ ᠠᠵᠢᠯ ᠲᠥᠷᠥᠯ ᠤᠨ ᠲᠤᠮᠳᠠ ᠵᠢᠵᠢᠭ ᠠᠵᠤ ᠠᠬᠤᠶᠢᠯᠠᠯ ᠨᠢ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠦᠯᠦᠬᠡ ᠠᠴᠠ ᠬᠦᠨᠳᠦ ᠶᠡᠭᠡ ᠬᠤᠬᠢᠷᠠᠯ ᠭᠠᠷᠴᠤ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠨᠢ ᠭᠦᠨᠳᠦ ᠶᠡᠭᠡ ᠨᠥᠯᠥᠭᠡᠨ ᠳᠤ ᠤᠴᠠᠷᠠᠵᠤ᠂ ᠬᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠭᠦ ᠭᠠᠶᠢᠯᠢ ᠲᠤᠰᠢᠶᠠᠬᠤ ᠳᠤ ᠦᠨᠡᠨᠬᠦ ᠬᠦᠴᠢᠷᠳᠡᠯᠲᠡᠶ ᠪᠠᠶᠢᠪᠠᠯ᠂ ᠲᠣᠭᠲᠠᠭᠠᠭᠰᠠᠨ ᠲᠠᠰ ᠳᠠᠷᠠᠭᠠᠯᠠᠯ ᠢᠶᠠᠷ ᠬᠠᠰᠤᠵᠤ ᠭᠡᠯᠳᠦᠷᠢᠭᠦᠯᠬᠦ ᠪᠠᠷ ᠭᠤᠶᠤᠴᠢᠯᠠᠵᠤ ᠪᠣᠯᠤᠨ᠎ᠠ᠃ ᠪᠣᠳᠠᠲᠠᠶ ᠲᠠᠷᠠᠭᠠᠯᠠᠯ ᠢ ︽ᠲᠠᠶᠢᠯᠤᠮᠵᠢ︾ ᠶᠢᠨ ᠭᠤᠷᠪᠠᠳᠤᠭᠠᠷ ︵ᠬᠤᠶᠠᠷ︶ ᠵᠤᠷᠪᠤᠰ ᠲᠤ ᠨᠠᠷᠢᠨ ᠦᠵᠡᠭᠡᠷᠡᠶ᠃    ᠭᠤᠷᠪᠠ᠂ ᠭᠠᠶᠢᠯᠢ ᠭᠦᠢᠴᠡᠳᠬᠡᠭᠦ ᠳᠤ ᠠᠩᠬᠠᠷᠬᠤ ᠵᠦᠢᠯ    ︵ᠨᠢᠭᠡ︶ ᠭᠠᠶᠢᠯᠢ ᠲᠤᠰᠢᠶᠠᠭᠴᠢ ︽ᠠᠯᠪᠠᠨ ᠵᠠᠷ︾ ᠤᠨ ᠨᠢᠭᠡᠳᠦᠭᠡᠷ ᠵᠦᠢᠯ ᠤᠨ ᠭᠠᠶᠢᠯᠢ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠭᠥᠷᠳᠡᠪᠡᠯ ᠬᠡᠵᠢᠶ᠎ᠡ ᠭᠦᠢᠴᠡᠳᠬᠡᠭᠦ ᠪᠣᠶ︖ ᠬᠡᠷᠬᠢᠨ ᠰᠢᠢᠳᠪᠦᠷᠢᠯᠡᠬᠦ ᠪᠤᠢ︖    ⒈ ᠭᠠᠶᠢᠯᠢ ᠭᠦᠢᠴᠡᠳᠬᠡᠭᠦ ᠴᠠᠭ ᠤᠨ ᠲᠤᠬᠠᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢᠨ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠮᠠᠨ ᠤ ᠣᠷᠣᠨ ᠤ ᠭᠡᠷ ᠬᠥᠷᠥᠩᠭᠡ ᠶᠢᠨ ᠭᠠᠶᠢᠯᠢ ᠪᠣᠯᠤᠨ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ ᠵᠢᠯ ᠢᠶᠠᠷ ᠲᠠᠳᠠᠪᠤᠷᠢᠯᠠᠵᠦ᠂ ᠬᠠᠭᠠᠰ ᠵᠢᠯ ᠪᠦᠷᠢ ᠨᠢᠭᠡ ᠤᠳᠠᠭ᠎ᠠ ᠲᠤᠰᠢᠶᠠᠨ᠎ᠠ᠂ ᠪᠣᠳᠠᠲᠠᠶ ᠲᠤᠰᠢᠶᠠᠬᠤ ᠴᠠᠭ ᠬᠤᠭᠤᠴᠠᠭ᠎ᠠ ᠨᠢ 5 ᠰᠠᠷ᠎ᠠ ᠪᠠ 11 ᠰᠠᠷ᠎ᠠ ᠪᠣᠯᠤᠨ᠎ᠠ᠃ ᠭᠠᠶᠢᠯᠢ ᠲᠤᠰᠢᠶᠠᠭᠴᠢ ︽ᠠᠯᠪᠠᠨ ᠵᠠᠷ︾ ᠤᠨ ᠨᠢᠭᠡᠳᠦᠭᠡᠷ ᠵᠦᠢᠯ ᠤᠨ ᠭᠠᠶᠢᠯᠢ ᠭᠡᠯᠳᠦᠷᠢᠭᠦᠯᠬᠦ ᠲᠥᠷᠥ ᠶᠢᠨ ᠪᠤᠳᠤᠯᠭ᠎ᠠ ᠶᠢ ᠬᠦᠷᠲᠡᠬᠦ ᠳᠤ 2020 ᠣᠨ ᠤ 5 ᠰᠠᠷ᠎ᠠ ᠳᠤ ᠭᠠᠶᠢᠯᠢ ᠲᠤᠰᠢᠶᠠᠬᠤ ᠪᠠᠷ ᠮᠡᠳᠡᠭᠦᠯᠬᠦ ᠦᠶ᠎ᠡ ᠳᠤ ᠬᠢᠵᠢᠭ ᠤᠨ ᠪᠠᠶᠢᠳᠠᠯ ᠢ ᠬᠦᠴᠦᠨ ᠥᠬᠡᠶ ᠪᠣᠯᠭᠠᠬᠤ ᠴᠠᠭ ᠲᠠᠢ ᠤᠶᠠᠯᠳᠤᠭᠤᠯᠤᠨ ᠭᠦᠢᠴᠡᠳᠬᠡᠭᠦ ᠬᠡᠷᠡᠭᠲᠡᠶ᠃    ⒉ ᠭᠠᠶᠢᠯᠢ ᠭᠦᠢᠴᠡᠳᠬᠡᠭᠦ ᠠᠷᠭ᠎ᠠ ᠬᠡᠯᠪᠡᠷᠢ ᠶᠢᠨ ᠲᠤᠬᠠᠶ᠃ ︽ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠭᠦ ᠭᠠᠶᠢᠯᠢ ᠵᠡᠷᠭᠡ ︽ᠵᠢᠷᠭᠤᠭᠠᠨ ᠭᠠᠶᠢᠯᠢ ᠨᠢᠭᠡ ᠰᠦᠢᠳᠬᠡᠯ︾ ᠤᠨ ᠬᠠᠷᠠᠭᠠᠯᠵᠠᠯ ᠤᠨ ᠵᠦᠢᠯᠡᠰ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠲᠤᠬᠠᠶ ᠠᠯᠪᠠᠨ ᠵᠠᠷ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2019 ᠣᠨ ᠤ 21 ᠳ᠋ᠤᠬᠡᠷ ᠲᠣᠭᠠᠲᠤ︶ ᠢ ᠦᠨᠳᠦᠰᠦᠯᠡᠨ᠂ ︽ᠠᠯᠪᠠᠨ ᠵᠠᠷ︾ ᠤᠨ ᠨᠢᠭᠡᠳᠦᠭᠡᠷ ᠵᠦᠢᠯ ᠤᠨ ᠭᠠᠶᠢᠯᠢ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠭᠥᠷᠳᠡᠵᠦ᠂ ︽ᠥᠪᠡᠰᠦᠪᠡᠨ ᠢᠯᠭᠠᠨ ᠳᠣᠲᠣᠯᠠᠬᠤ᠂ ᠭᠤᠶᠤᠴᠢᠯᠠᠨ ᠮᠡᠳᠡᠭᠦᠯᠵᠦ ᠡᠳ᠋ᠯᠡᠬᠦ᠂ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ︾ ᠠᠷᠭ᠎ᠠ ᠬᠡᠯᠪᠡᠷᠢ ᠶᠢ ᠠᠪᠴᠤ᠂ ᠭᠠᠶᠢᠯᠢ ᠲᠤᠰᠢᠶᠠᠭᠴᠢ ᠠᠴᠠ ᠭᠠᠶᠢᠯᠢ ᠭᠡᠯᠳᠦᠷᠢᠭᠦᠯᠬᠦ ᠨᠥᠬᠦᠴᠡᠯ ᠳᠤ ᠨᠡᠶᠢᠴᠡᠬᠦ ᠡᠰᠡᠬᠦ  ᠶᠢ ᠥᠪᠡᠰᠦᠪᠡᠨ ᠮᠠᠭᠠᠳᠯᠠᠨ᠎ᠠ︔ ᠬᠤᠪᠢ ᠪᠡᠶ᠎ᠡ ᠨᠢ ᠨᠥᠬᠦᠴᠡᠯ ᠳᠤ ᠨᠡᠶᠢᠴᠡᠨ᠎ᠡ ᠭᠡᠵᠦ ᠦᠵᠡᠪᠡᠯ᠂ ᠳᠡᠭᠡᠷ᠎ᠡ ᠳᠤᠷᠠᠳᠤᠭᠰᠠᠨ ᠭᠠᠶᠢᠯᠢ ᠠᠴᠠ ᠬᠡᠯᠳᠦᠷᠢᠭᠦᠯᠭᠦ ᠲᠥᠷᠥ ᠶᠢᠨ ᠪᠣᠳᠣᠯᠭ᠎ᠠ ᠶᠢ ᠭᠤᠶᠤᠴᠢᠯᠠᠨ ᠮᠡᠳᠡᠭᠦᠯᠬᠦ ᠶᠢᠨ ᠬᠠᠮᠲᠤ ᠮᠠᠲ᠋ᠧᠷᠢᠶᠠᠯ ᠦᠯᠡᠳᠡᠭᠡᠨ ᠬᠠᠳᠠᠭᠠᠯᠠᠵᠦ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃    ︵ᠬᠤᠶᠠᠷ︶ ᠭᠠᠶᠢᠯᠢ ᠲᠤᠰᠢᠶᠠᠭᠴᠢ ︽ᠠᠯᠪᠠᠨ ᠵᠠᠷ︾ ᠤᠨ ᠬᠤᠶᠠᠳᠤᠭᠠᠷ ᠵᠤᠷᠪᠤᠰ ᠤᠨ ᠬᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ ᠬᠠᠰᠤᠵᠤ ᠭᠡᠯᠳᠦᠷᠢᠭᠦᠯᠬᠦ ᠳᠤ ᠬᠦᠴᠢᠷᠲᠡᠶ ᠪᠠᠶᠢᠪᠠᠯ᠂ ᠬᠡᠷᠬᠢᠨ ᠭᠦᠢᠴᠡᠳᠬᠡᠪᠡᠯ ᠵᠣᠬᠢᠬᠤ ᠪᠣᠶ︖    ⒈ᠭᠡᠷ ᠬᠥᠷᠥᠩᠭᠡ ᠶᠢᠨ ᠭᠠᠶᠢᠯᠢ ᠭᠦᠴᠢᠷᠳᠠᠢ ᠶᠢ ᠬᠠᠰᠤᠵᠤ ᠬᠡᠯᠲᠦᠷᠢᠭᠦᠯᠬᠦ ᠳᠡᠰ ᠳᠠᠷᠠᠭᠠᠯᠠᠯ᠃ ︽ᠠᠯᠪᠠᠨ ᠵᠠᠷ ︾ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠠᠵᠢᠯ ᠲᠥᠷᠥᠯ ᠠᠴᠠ ᠭᠠᠳᠠᠨ᠎ᠠ᠂ ᠪᠤᠰᠤᠳ ᠠᠵᠢᠯ ᠲᠦᠷᠦᠯ ᠤᠨ ᠳᠤᠮᠳᠠ ᠵᠢᠵᠢᠭ ᠠᠵᠤ ᠠᠬᠤᠶᠢᠯᠠᠯ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ ᠬᠦᠨᠳᠦ ᠶᠡᠭᠡ ᠬᠤᠬᠢᠷᠠᠯ ᠭᠠᠷᠴᠤ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠦᠨᠳᠦ ᠶᠡᠭᠡ ᠨᠥᠯᠥᠭᠡᠯᠡᠭᠳᠡᠵᠦ᠂ ᠬᠡᠷ ᠬᠥᠷᠥᠩᠭᠡ ᠶᠢᠨ ᠭᠠᠶᠢᠯᠢ ᠲᠤᠰᠢᠶᠠᠬᠤ ᠳᠤ ᠦᠨᠡᠠᠭᠦ ᠭᠦᠴᠢᠷᠳᠡᠢ ᠪᠠᠶᠢᠪᠠᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠭᠠᠶᠢᠯᠢ ᠠᠴᠠ ᠬᠠᠰᠤᠵᠦ ᠭᠡᠯᠳᠦᠷᠢᠭᠦᠯᠬᠦ ᠭᠤᠶᠤᠴᠢᠯᠠᠯ ᠳᠤᠷᠠᠳᠴᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠷᠢᠶᠠᠩᠭᠤᠶᠢᠯᠠᠭᠰᠠᠨ ᠤ ᠳᠠᠷᠠᠭ᠎ᠠ 2020 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠨᠢᠭᠡᠳᠦᠯᠲᠡᠶ ᠮᠡᠳᠡᠭᠦᠯᠵᠦ ᠵᠥᠪᠰᠢᠶᠡᠷᠡᠭᠦᠯᠦᠨ᠎ᠡ᠃    ⒉ᠬᠤᠲᠠ ᠪᠠᠯᠭᠠᠰᠤᠨ ᠤ ᠭᠠᠵᠠᠷ ᠰᠢᠷᠣᠶ ᠬᠡᠷᠡᠭᠯᠡᠬᠦ ᠭᠠᠶᠢᠯᠢ ᠭᠦᠴᠢᠷᠳᠡᠢ ᠶᠢ ᠬᠠᠰᠤᠵᠤ ᠬᠡᠯᠲᠦᠷᠢᠭᠦᠯᠬᠦ ᠳᠡᠰ ᠳᠠᠷᠠᠭᠠᠯᠠᠯ᠃ ︽ᠠᠯᠪᠠᠨ ᠵᠠᠷ︾ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠠᠵᠢᠯ ᠲᠥᠷᠥᠯ ᠠᠴᠠ ᠭᠠᠳᠠᠨ᠎ᠠ᠂ ᠪᠤᠰᠤᠳ ᠠᠵᠢᠯ ᠲᠦᠷᠦᠯ ᠤᠨ ᠳᠤᠮᠳᠠ ᠵᠢᠵᠢᠭ ᠠᠵᠤ ᠠᠬᠤᠶᠢᠯᠠᠯ ︵ᠬᠢᠵᠢᠭ ᠤᠨ ᠬᠤᠭᠤᠴᠠᠭᠠᠨ ᠳᠤ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠠᠳᠠᠯ ᠠᠬᠤᠶ ᠶᠢᠨ ᠲᠦᠷᠢᠶᠡᠰᠦᠨ ᠮᠥᠩᠭᠦ ᠶᠢ ᠬᠠᠰᠤᠵᠤ ᠭᠡᠯᠳᠦᠷᠢᠭᠦᠯᠬᠦ ᠳᠤᠮᠳᠠ ᠵᠢᠵᠢᠭ ᠠᠵᠤ ᠠᠬᠤᠶᠢᠯᠠᠯ ᠪᠠᠭᠲᠠᠨ᠎ᠠ︶ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ ᠬᠦᠨᠳᠦ ᠶᠡᠭᠡ ᠬᠤᠬᠢᠷᠠᠯ ᠭᠠᠷᠴᠤ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠨᠢ ᠭᠦᠨᠳᠦ ᠶᠡᠭᠡ ᠨᠦᠯᠦᠬᠡᠨ ᠳᠤ ᠤᠴᠠᠷᠠᠵᠤ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠲᠤᠰᠢᠶᠠᠬᠤ ᠳᠤ ᠦᠨᠡᠠᠭᠦ ᠬᠦᠴᠢᠷᠲᠡᠶ ᠪᠠᠶᠢᠪᠠᠯ᠂ ︽ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠭᠦᠴᠢᠷᠳᠡᠢ ᠶᠢ ᠬᠠᠰᠤᠵᠤ ᠭᠡᠯᠳᠦᠷᠢᠭᠦᠯᠬᠦ ᠬᠠᠮᠢᠶᠠᠷᠤᠯᠳᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷ ᠤᠨ 2016 ᠣᠨ ᠤ 15 ᠳ᠋ᠤᠭᠠᠷ ᠲᠣᠭᠠᠲᠤ ᠪᠠᠷ ᠨᠡᠶᠢᠲᠡᠯᠡᠵᠦ᠂ 2018 ᠣᠨ ᠤ 6 ᠰᠠᠷ᠎ᠠ ᠶᠢᠨ 15 ᠤ ᠡᠳᠦᠷ ᠤᠨ ︽ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶ᠎ᠡ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠡᠰᠡᠭ ᠭᠠᠶᠢᠯᠢ ᠲᠠᠲᠠᠪᠤᠷᠢ ᠶᠢᠨ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠲᠤᠬᠠᠶ ᠠᠯᠪᠠᠨ ᠵᠠᠷ︾ ᠢ ᠦᠨᠳᠦᠰᠦᠯᠡᠨ ᠵᠠᠰᠠᠪᠤᠷᠢ ᠣᠷᠣᠭᠤᠯᠤᠨ᠎ᠠ︶ ᠬᠤᠯᠪᠣᠭᠳᠠᠯ ᠪᠥᠬᠦᠶ ︽ᠪᠠᠶᠢᠭᠠᠯᠢ ᠶᠢᠨ ᠭᠠᠮᠰᠢᠭ ᠪᠤᠶᠤ ᠰᠠᠨᠠᠭᠠᠨ ᠳᠤ ᠥᠬᠡᠶ ᠠᠳᠡᠯ ᠵᠡᠷᠭᠡ ᠰᠢᠯᠲᠠᠭᠠᠨ ᠠᠴᠠ ᠪᠣᠯᠵᠣ ᠬᠦᠨᠳᠦ ᠶᠡᠭᠡ ᠠᠵᠤ ᠠᠬᠤᠶ ᠶᠢᠨ ᠬᠤᠬᠢᠷᠠᠯ ᠳᠤ ᠤᠴᠠᠷᠠᠭᠠᠳ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠭᠦ ᠭᠠᠶᠢᠯᠢ ᠲᠤᠰᠢᠶᠠᠬᠤ ᠳᠤ ᠦᠨᠡᠠᠭᠦ ᠬᠦᠴᠢᠷᠲᠡᠶ︾ ᠬᠡᠵᠦ ᠲᠣᠭᠲᠠᠭᠠᠭᠰᠠᠨ ᠪᠠᠶᠢᠳᠠᠯ ᠳᠤ᠂ 2020 ᠣᠨ ᠳᠤ ᠲᠤᠬᠠᠶ ᠶᠢᠨ ᠵᠢᠯ ᠳᠤ ᠬᠤᠰᠢᠭᠤ ᠰᠢᠶᠠᠨ ᠤ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠳᠤ ᠭᠠᠶᠢᠯᠢ ᠬᠠᠰᠤᠵᠤ ᠭᠡᠯᠳᠦᠷᠢᠭᠦᠯᠬᠦ ᠭᠤᠶᠤᠴᠢᠯᠠᠯ ᠭᠠᠷᠭᠠᠨ᠎ᠠ᠃ ᠬᠠᠮᠢᠶᠠᠷᠤᠯᠲᠠ ᠶᠢᠨ ᠡᠷᠬᠡ ᠮᠡᠳᠡᠯ ᠢ ᠦᠨᠳᠦᠰᠦᠯᠡᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠬᠠᠰᠤᠵᠤ ᠬᠡᠯᠲᠦᠷᠢᠭᠦᠯᠬᠦ ᠶᠢ ᠬᠢᠨᠠᠨ ᠵᠥᠪᠰᠢᠶᠡᠷᠡᠨ᠎ᠡ᠃    ᠭᠠᠶᠢᠯᠢ ᠲᠤᠰᠢᠶᠠᠭᠴᠢ ᠳᠡᠭᠡᠷ᠎ᠡ ᠳᠤᠷᠠᠳᠤᠭᠰᠠᠨ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠶᠢ ᠬᠠᠰᠤᠵᠦ ᠭᠡᠯᠳᠦᠷᠢᠭᠦᠯᠬᠦ ᠭᠤᠶᠤᠴᠢᠯᠠᠯ ᠢᠶᠠᠨ ᠳᠤᠷᠠᠳᠬᠤ ᠳᠠᠭᠠᠨ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠭᠦ ᠭᠠᠶᠢᠯᠢ ᠶᠢ ᠬᠠᠰᠤᠵᠤ ᠭᠡᠯᠳᠦᠷᠢᠭᠦᠯᠬᠦ ᠭᠤᠶᠤᠴᠢᠯᠠᠯ ᠤᠨ ᠮᠡᠳᠡᠭᠦᠯᠦᠯᠲᠡ᠂ ᠭᠠᠶᠢᠯᠢ ᠲᠤᠰᠢᠶᠠᠭᠴᠢ ᠶᠢᠨ ᠭᠠᠶᠢᠯᠢ ᠶᠢ ᠭᠡᠯᠳᠦᠷᠢᠭᠦᠯᠬᠦ ᠭᠤᠶᠤᠴᠢᠯᠠᠯ ᠢ ᠬᠢᠨᠠᠨ ᠵᠥᠪᠰᠢᠶᠡᠷᠡᠭᠦᠯᠬᠦ ᠬᠦᠰᠦᠨᠦᠭᠲᠦ᠂ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ ᠦᠨᠡᠮᠯᠡᠯ ᠪᠤᠶᠤ ᠭᠠᠵᠠᠷ ᠰᠢᠷᠣᠶ ᠶᠢ ᠬᠡᠷᠡᠭᠯᠡᠬᠦ ᠶᠢ ᠭᠡᠷᠡᠴᠢᠯᠡᠬᠦ ᠪᠤᠰᠤᠳ ᠪᠢᠴᠢᠭ ᠮᠠᠲ᠋ᠧᠷᠢᠶᠠᠯ ᠤᠨ ᠬᠠᠭᠤᠯᠪᠤᠷᠢ ᠬᠠᠭᠤᠳᠠᠰᠦ ᠵᠡᠷᠭᠡ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃    ︵ᠭᠤᠷᠪᠠ︶ ︽ᠠᠯᠪᠠᠨ ᠵᠠᠷ︾ ᠳᠤ ᠣᠲᠣ ᠶᠢᠨ ᠬᠡᠷᠡᠭᠵᠢᠭᠦᠯᠵᠦ ᠪᠠᠶᠢᠭ᠎ᠠ ︽ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠠᠩᠭᠢᠯᠠᠯ︾᠂ ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠣᠶ︖    ︽ᠠᠯᠪᠠᠨ ᠵᠠᠷ︾ ᠲᠤ ᠣᠲᠣ ᠶᠢᠨ ᠬᠡᠷᠡᠭᠵᠢᠭᠦᠯᠵᠦ ᠪᠠᠶᠢᠭ᠎ᠠ ︽ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠠᠩᠬᠢᠯᠠᠯ︾ ᠭᠡᠳᠡᠭ ᠪᠣᠯ ︽ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠠᠩᠭᠢᠯᠠᠯ︾ ︵GB/T4754 — 2017︶ ᠪᠣᠯᠤᠨ ︽ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠠᠩᠭᠢᠯᠠᠯ ᠤᠨ 1 ᠳ᠋ᠤᠬᠡᠷ ᠲᠣᠭᠠᠲᠤ ᠵᠠᠰᠠᠪᠤᠷᠢ ᠣᠷᠣᠭᠤᠯᠬᠤ ᠬᠠᠭᠤᠳᠠᠰᠤ ᠶᠢ ᠬᠡᠷᠡᠭᠵᠢᠭᠦᠯᠬᠦ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠳᠡᠯ︾ ︵ᠤᠯᠤᠰ ᠪᠦᠷᠢᠳᠬᠡᠯ ᠥᠰᠥᠭ ︹ 2019 ︺ 66 ᠳ᠋ᠤᠭᠠᠷ ᠲᠣᠭᠠᠲᠤ︶ ᠢ ᠵᠢᠭᠠᠵᠤ ᠪᠣᠶ᠃ ᠣᠳᠣ ᠶᠢᠨ ᠬᠡᠷᠡᠭᠵᠢᠭᠦᠯᠵᠦ ᠪᠠᠶᠢᠭ᠎ᠠ ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ᠭᠡᠳᠡᠭ ᠪᠣᠯ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠳ᠋ ᠤᠨ ᠵᠠᠰᠠᠭ ᠤᠨ ᠶᠠᠮᠤᠨ ᠤ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠤᠯᠪᠣᠭᠠᠲᠤ ᠠᠵᠤ ᠠᠬᠤᠶᠢᠯᠠᠯ ﹇2011﹈ 300 ᠳ᠋ᠤᠭᠠᠷ ᠲᠣᠭᠠᠲᠤ︶ ᠶᠢ ᠵᠢᠭᠠᠵᠤ ᠪᠤᠶ᠃    ︵ᠳᠥᠷᠪᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠬᠤᠭᠤᠴᠠᠭᠠᠨ ᠳᠤ᠂ ᠭᠠᠶᠢᠯᠢ ᠲᠤᠰᠢᠶᠠᠭᠴᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠭᠦ ᠳᠤ ᠶᠠᠮᠠᠷ ᠶᠠᠮᠠᠷ ᠵᠦᠢᠯᠡᠰ ᠢ ᠠᠩᠬᠠᠷᠬᠤ ᠬᠡᠷᠡᠭᠲᠡᠶ ᠪᠣᠶ︖    ᠭᠠᠶᠢᠯᠢ ᠲᠤᠰᠢᠶᠠᠭᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠭᠦ ᠦᠶᠡᠰ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠰᠦᠯᠵᠢᠶ᠎ᠡ ᠶᠢᠨ ᠨᠡᠶᠢᠳᠠᠯᠡᠭᠰᠡᠨ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠭᠦ ᠵᠦᠢᠯ ᠤᠨ ᠨᠠᠷᠢᠨ ᠬᠠᠭᠤᠳᠠᠰᠤ ᠶᠢ ᠦᠨᠳᠦᠰᠦᠯᠡᠨ᠂ ᠠᠯᠢ ᠴᠢᠳᠠᠬᠤ ᠪᠠᠷ ︽ᠬᠦᠷᠦᠯᠴᠡᠬᠦ ᠥᠬᠡᠶ ᠮᠠᠶ᠋ᠢᠭ︾ ᠤᠨ ᠦᠢᠯᠡᠴᠢᠯᠡᠬᠡᠨ ᠤ ᠠᠷᠭ᠎ᠠ ᠵᠠᠮ ᠢ ᠰᠤᠩᠭᠤᠨ ᠭᠦᠢᠴᠡᠳᠬᠡᠵᠦ᠂ ᠲᠤᠬᠠᠶ ᠶᠢᠨ ᠲᠠᠯᠠᠪᠤᠷ ᠲᠤ ᠬᠥᠮᠦᠨ ᠤ ᠬᠦᠴᠦ ᠪᠠᠷ ᠭᠦᠢᠴᠡᠳᠬᠡᠭᠦ ᠤᠳᠠᠭ᠎ᠠ ᠶᠢ ᠪᠠᠭᠠᠰᠬᠠᠵᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃        2020 ᠣᠨ ᠤ 3 ᠰᠠᠷ᠎ᠠ ᠶᠢᠨ 12 ᠤᠨ ᠡᠳᠦᠷ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠦ ᠶᠢᠨ ᠭᠠᠵᠠᠷ ᠰᠢᠷᠣᠶ ᠬᠡᠷᠡᠭᠯᠡᠭᠦ ᠭᠠᠶᠢᠯᠢ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠤᠳᠤᠯᠭ᠎ᠠ ᠶᠢᠨ ᠲᠤᠬᠠᠶ ᠠᠯᠪᠠᠨ ᠵᠠᠷ 2020 ᠣᠨ ᠤ 2 ᠳ᠋ᠤᠭᠠᠷ ᠲᠣᠭᠠᠲᠤ
 
ᠢᠷᠡᠯᠲᠡ᠄ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号