ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠣᠯᠤᠨ ᠭᠠᠵᠠᠷ ᠢ ᠠᠷᠪᠢᠲᠠᠶ ᠡᠷᠴᠢᠮᠯᠢᠭ | ᠬᠡᠷᠡᠭᠯᠡᠭᠦ ᠳᠦᠷᠢᠮ ᠢ ᠪᠠᠷᠢᠮᠳᠠᠯᠠᠵᠦ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠪᠣᠯᠤᠨ ᠭᠠᠵᠠᠷ ᠰᠢᠷᠤᠢ | ᠠᠰᠢᠭᠯᠠᠬᠤ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ | ᠠᠰᠢᠭᠯᠠᠬᠤ ᠦᠷ᠎ᠡ ᠪᠦᠲᠦᠮᠵᠢ ᠪᠣᠯᠤᠨ ᠪᠠᠲᠤᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠮᠠᠨ ᠤ | ᠬᠤᠲᠠ ᠶᠢᠨ ᠭᠠᠵᠠᠷ ᠢ ᠠᠷᠪᠢᠲᠠᠶ ᠡᠷᠴᠢᠮᠯᠢᠭ ᠬᠡᠷᠡᠭᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠲᠡᠬᠡᠭᠰᠢᠯᠡᠭᠦᠯᠭᠦ ᠶᠢᠨ ᠲᠥᠯᠥᠭᠡ᠂ ︽ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ | ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2016 ︺ | 146 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠵᠠᠰᠠᠭ ᠤᠨ | ᠣᠷᠳᠣᠨ 2018 ᠣᠨ ᠤ 2 ᠰᠠᠷ᠎ᠠ ᠶᠢᠨ 28 ᠤ ᠡᠳᠦᠷ ︽ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ | ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠤᠬᠠᠶ ᠬᠡᠷᠡᠭᠵᠢᠭᠦᠯᠭᠦ ᠰᠠᠨᠠᠯ︾ ︵︽ᠬᠡᠷᠡᠭᠵᠢᠭᠦᠯᠬᠦ ᠰᠠᠨᠠᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠤᠶᠢᠷ᠎ᠠ ᠶᠢᠨ ᠵᠢᠯ ᠤᠨ ᠲᠤᠷᠰᠢ ᠬᠤᠲᠠ ᠶᠢᠨ ᠵᠠᠰᠠᠭ ᠤᠨ ᠣᠷᠳᠣᠨ ᠤ | ᠨᠡᠷ᠎ᠡ ᠪᠠᠷ ᠨᠡᠶᠢᠲᠡᠯᠡᠭᠰᠡᠨ ᠭᠠᠵᠠᠷ ᠰᠢᠷᠣᠢ ᠶᠢ ᠠᠷᠪᠢᠲᠠᠢ ᠡᠷᠴᠢᠮᠵᠢᠭᠦᠯᠦᠨ ᠠᠰᠢᠭᠯᠠᠬᠤ ᠴᠢᠬᠤᠯᠠ ᠪᠢᠴᠢᠭ ᠮᠠᠲ᠋ᠧᠷᠢᠶᠠᠯ | ᠪᠣᠯᠤᠭᠰᠠᠨ ᠤ ᠬᠤᠪᠢ ᠳᠤ᠂ ᠰᠢᠨ᠎ᠡ ᠪᠠᠶᠢᠳᠠᠯ ᠳᠣᠣᠷ᠎ᠠ ᠮᠠᠨ ᠤ ᠬᠤᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠢ | ᠠᠷᠪᠢᠲᠠᠢ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠬᠤ ᠪᠠ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ | ᠨᠢᠭᠡ᠂ ︽ᠬᠡᠷᠡᠭᠵᠢᠭᠦᠯᠬᠦ ᠰᠠᠨᠠᠯ︾ ᠢ ᠲᠤᠭᠤᠷᠪᠢᠭᠰᠠᠨ ᠠᠬᠤᠶ ᠪᠠᠶᠢᠳᠠᠯ | ︽ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠪᠥᠬᠦ ᠲᠠᠯ᠎ᠠ ᠪᠠᠷ | ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠢᠯᠣᠭᠤᠳᠬᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2016 ︺ 146 ᠳ᠋ᠤᠭᠠᠷ ᠲᠣᠭᠠᠲᠤ︶ ᠤᠨ | ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ | ᠰᠢᠷᠣᠶ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠵᠤ᠂ ᠡᠬᠢ ᠪᠠᠶᠠᠯᠢᠭ ᠢ ᠠᠰᠢᠭᠯᠠᠬᠤ ᠠᠷᠭ᠎ᠠ | ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠠᠬᠢᠭᠤᠯᠤᠨ᠂ ᠪᠥᠬᠦ ᠶᠠᠪᠤᠴᠠ ᠳᠤ ᠠᠷᠪᠢᠯᠠᠨ ᠭᠠᠮᠨᠠᠬᠤ ᠶᠢ | ᠴᠢᠩᠭᠠᠳᠬᠠᠬᠤ ᠶᠢᠨ ᠲᠤᠰᠠᠳᠠ᠂ ᠲᠣᠰ ︽ᠬᠡᠷᠡᠭᠵᠢᠭᠦᠯᠬᠦ ᠰᠠᠨᠠᠯ︾ ᠢ ᠲᠣᠭᠲᠠᠭᠠᠪᠠ᠃ | ᠬᠤᠶᠠᠷ᠂ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠨᠢ ᠭᠠᠵᠠᠷ ᠰᠢᠷᠣᠢ ᠶᠢ ᠠᠷᠪᠢᠯᠠᠨ ᠡᠷᠴᠢᠮᠵᠢᠭᠦᠯᠦᠨ ᠠᠰᠢᠭᠯᠠᠬᠤ ᠬᠠᠮᠢᠶᠠᠷᠤᠯᠲᠠ ᠶᠢᠨ | ᠭᠤᠤᠯᠳᠠᠯᠭ᠎ᠠ ᠲᠠᠢ ᠬᠦᠴᠢᠷᠳᠡᠯ ᠪᠠ ᠵᠠᠩᠭᠢᠯᠠᠭ᠎ᠠ ᠶᠢᠨ ᠭᠤᠭᠴᠤᠭ᠎ᠠ ᠠᠴᠠ ᠭᠠᠷᠳᠠᠵᠤ᠂ ᠮᠠᠨ ᠤ ᠬᠤᠲᠠ ᠶᠢᠨ ᠭᠠᠵᠠᠷ | ᠰᠢᠷᠤᠢ ᠶᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢᠯᠣᠭᠤᠳᠬᠤ ᠦᠵᠡᠯ ᠰᠠᠨᠠᠭ᠎ᠠ ᠪᠠ ᠶᠡᠷᠦᠩᠬᠡᠢ ᠬᠠᠷᠠᠯᠲᠠ ᠶᠢ | ᠲᠤᠳᠤᠷᠬᠠᠶᠢᠯᠠᠭᠰᠠᠨ ᠪᠥᠭᠡᠳ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ | ᠦᠨᠡᠠᠭᠦ ᠬᠠᠮᠠᠭᠠᠯᠠᠬᠤ ᠬᠡᠷᠡᠭᠲᠡᠢ︔ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠵᠤ᠂ | ᠪᠥᠲᠥᠭᠡᠨ ᠪᠠᠶᠢᠭᠤᠯᠤᠯᠲᠠ ᠳᠤ ᠬᠡᠷᠡᠭᠯᠡᠭᠦ ᠭᠠᠵᠠᠷ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠶ︔ | ᠲᠥᠯᠥᠪᠦᠷᠢ ᠲᠠᠢ ᠪᠠᠷ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ︔ ᠬᠠᠮᠲᠤ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠬᠢᠨᠠᠯᠲᠠ | ᠬᠠᠮᠢᠶᠠᠷᠤᠯᠲᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ | ᠭᠤᠷᠪᠠ᠂ ︽ᠬᠡᠷᠡᠭᠵᠢᠭᠦᠯᠬᠦ ᠰᠠᠨᠠᠯ︾ ᠤᠨ ᠭᠤᠤᠯ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠬᠢᠯᠠᠰ | ᠴᠡᠭ ᠤᠨ ᠲᠠᠶᠢᠯᠤᠮᠵᠢ | ︵ᠨᠢᠭᠡ︶ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠲᠤᠬᠠᠶ | ᠨᠢᠭᠡ ᠳᠤ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨ ᠭᠠᠵᠠᠷ ᠬᠡᠷᠡᠭᠯᠡᠬᠦ ᠪᠦᠲᠦᠴᠡ ᠪᠣᠯᠤᠨ | ᠪᠠᠶᠢᠷᠢᠯᠠᠭᠤᠯᠤᠯᠳᠠ ᠪᠠᠨ ᠰᠢᠯᠢᠳᠡᠭᠵᠢᠭᠦᠯᠵᠦ᠂ ᠴᠢᠨᠠᠷ ᠰᠠᠶᠢᠲᠠᠶ ᠲᠠᠷᠢᠶᠠᠨ ᠭᠠᠵᠠᠷ ᠢ ᠠᠯᠢ ᠴᠢᠳᠠᠬᠤ ᠪᠠᠷ ᠪᠠᠭ᠎ᠠ | ᠡᠵᠡᠯᠡᠭᠦ ᠪᠤᠶᠤ ᠡᠵᠡᠯᠡᠬᠦ ᠥᠬᠡᠶ ᠪᠠᠶᠢᠵᠤ᠂ ᠲᠠᠷᠢᠶᠠᠨ ᠭᠠᠵᠠᠷ ᠤᠨ ᠲᠠᠯᠠᠪᠠᠶ ᠦᠨᠳᠦᠰᠦᠨ ᠳᠡᠭᠡᠨ ᠲᠣᠭᠲᠠᠭᠤᠨ ᠪᠠᠶᠢᠵᠤ | ᠂ ᠲᠠᠷᠢᠶᠠᠨ ᠭᠠᠵᠠᠷ ᠤᠨ ᠶᠠᠰᠤ ᠴᠢᠨᠠᠷ ᠪᠠᠭᠤᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ | ᠡᠯ᠎ᠡ ᠭᠠᠵᠠᠷ ᠤᠨ ᠬᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠴᠢᠩᠭ᠎ᠠ ᠵᠠᠭᠠᠭᠯᠠᠨ ᠲᠤᠭᠳᠠᠭᠠᠬᠤ ᠶᠢᠨ | ᠬᠠᠮᠲᠤ ᠦᠨᠡᠠᠭᠦ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ ᠥᠨᠳᠥᠷ ᠪᠠᠷᠢᠮᠵᠢᠶᠠᠲᠤ ᠦᠨᠳᠦᠰᠦᠨ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠭᠦᠴᠦᠴᠡ ᠶᠢ ᠴᠢᠩᠭᠠᠷᠠᠭᠤᠯᠵᠤ᠂ ᠨᠢᠭᠡᠨᠲᠡ ᠪᠠᠶᠢᠭᠤᠯᠤᠭᠰᠠᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠠᠭ ᠲᠤᠬᠠᠶ ᠳᠤᠨᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ | ᠬᠤᠪᠢᠶᠠᠷᠢᠯᠠᠨ ᠣᠷᠣᠭᠤᠯᠤᠨ᠎ᠠ᠃ ᠳᠥᠷᠪᠡ ᠳᠤ ᠲᠠᠷᠢᠶᠠᠨ ᠭᠠᠵᠠᠷ ᠤᠨ ᠰᠠᠭᠤᠷᠢ ᠲᠦᠭᠦᠬᠡᠷᠦᠮᠵᠢ ᠶᠢᠨ ᠭᠠᠵᠠᠷ ᠡᠵᠡᠯᠡᠬᠦ | ᠬᠡᠪᠴᠢᠶ᠎ᠡ ᠶᠢ ᠴᠢᠩᠭ᠎ᠠ ᠬᠢᠵᠠᠭᠠᠷᠯᠠᠵᠦ᠂ ︽ᠬᠡᠷᠡᠭᠵᠢᠭᠦᠯᠬᠦ ᠰᠠᠨᠠᠯ︾ ᠳᠤ ᠰᠠᠭᠤᠷᠢ ᠲᠦᠭᠦᠬᠡᠷᠦᠮᠵᠢ ᠶᠢᠨ ᠭᠠᠵᠠᠷ | ᠡᠵᠡᠯᠡᠬᠦ ᠨᠣᠷᠮ᠎ᠠ ᠨᠢ ᠤᠤᠯ ᠤᠨ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠬᠠᠮᠢᠶ᠎ᠠ ᠪᠥᠬᠦᠶ ᠪᠠᠷᠢᠮᠵᠢᠶ᠎ᠠ ᠲᠦᠷᠢᠮᠵᠢᠯ ᠤᠨ ᠱᠠᠭᠠᠷᠳᠠᠯᠭ᠎ᠠ ᠠᠴᠠ ᠬᠡᠲᠦᠷᠡᠭᠰᠡᠨ ᠪᠠᠶᠢᠪᠠᠯ᠂ | ᠲᠥᠷᠥᠯ ᠵᠦᠢᠯ ᠢ ᠰᠢᠯᠭᠠᠨ ᠬᠤᠷᠢᠶᠠᠮᠵᠢᠯᠠᠬᠤ ᠪᠠᠷ ᠳᠠᠮᠵᠢᠭᠤᠯᠵᠤ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠪᠠ᠃ | | ︵ᠬᠤᠶᠠᠷ︶ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠵᠤ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠲᠤᠬᠠᠶ | ᠨᠢᠭᠡ ᠳᠤ ᠭᠠᠵᠠᠷ ᠰᠢᠷᠣᠶ ᠠᠰᠢᠭᠯᠠᠬᠤ ᠲᠥᠯᠥᠪᠯᠡᠭᠡ ᠶᠢᠨ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠬᠠᠮᠲᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠲᠦᠯᠦᠪᠯᠡᠭᠡ ᠶᠢᠨ ᠭᠦᠢᠴᠡᠳᠬᠡᠭᠦ ᠲᠤᠭ᠎ᠠ ᠶᠢᠨ ᠲᠣᠬᠢᠷᠠᠭᠤᠯᠤᠯᠲᠠ ᠶᠢ ᠭᠠᠵᠠᠷ ᠬᠠᠩᠭᠠᠬᠤ ᠨᠣᠷᠮ᠎ᠠ᠂ ᠰᠤᠯᠠ ᠪᠠᠶᠢᠭ᠎ᠠ | ᠭᠠᠵᠠᠷ ᠰᠢᠷᠣᠶ ᠶᠢᠨ ᠲᠤᠭ᠎ᠠ ᠬᠡᠮᠵᠢᠶ᠎ᠡ ᠵᠢᠴᠢ ᠰᠢᠢᠳᠪᠦᠷᠢᠯᠡᠭᠦ ᠨᠣᠷᠮ᠎ᠠ ᠵᠡᠷᠭᠡ ᠠᠷᠪᠢᠯᠠᠨ ᠡᠷᠴᠢᠮᠵᠢᠭᠦᠯᠦᠨ ᠠᠰᠢᠭᠯᠠᠬᠤ | ᠭᠦᠢᠴᠡᠳᠬᠡᠭᠦ ᠲᠤᠭ᠎ᠠ ᠯᠤᠭ᠎ᠠ ᠬᠤᠯᠪᠣᠭᠳᠠᠭᠤᠯᠬᠤ ᠬᠡᠷᠡᠭᠲᠡᠶ᠃ ᠬᠤᠶᠠᠷ ᠲᠤ ᠭᠠᠵᠠᠷ ᠰᠢᠷᠣᠶ ᠬᠡᠷᠡᠭᠯᠡᠬᠦ | ᠲᠥᠯᠥᠪᠯᠡᠭᠡ ᠶᠢᠨ ᠬᠡᠷᠡᠭᠯᠡᠬᠦ ᠦᠷ᠎ᠡ ᠪᠦᠲᠦᠮᠵᠢ ᠶᠢ ᠦᠨᠡᠨᠬᠦ ᠲᠡᠬᠡᠭᠰᠢᠯᠡᠭᠦᠯᠵᠦ᠂ ︽ᠬᠡᠷᠡᠭᠵᠢᠭᠦᠯᠬᠦ ᠰᠠᠨᠠᠯ︾ ᠳᠤ ᠵᠢᠯ | ᠪᠦᠷᠢ ᠶᠢᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠭᠠᠵᠠᠷ ᠰᠢᠷᠣᠶ ᠠᠰᠢᠭᠯᠠᠬᠤ ᠣᠨ ᠤ ᠲᠥᠯᠥᠪᠯᠡᠭᠡ ᠶᠢᠨ | ᠭᠦᠢᠴᠡᠳᠬᠡᠭᠦ ᠲᠤᠭ᠎ᠠ ᠶᠢ ᠬᠡᠷᠡᠭᠯᠡᠬᠦ ᠨᠣᠷᠮ᠎ᠠ ᠨᠢ 80% ᠬᠥᠷᠬᠦ ᠥᠬᠡᠶ ᠬᠤᠰᠢᠭᠤ ᠰᠢᠶᠠᠨ ᠬᠤᠲᠠ ᠲᠣᠭᠤᠷᠢᠭ ᠲᠤ | ᠵᠠᠷᠴᠢᠮ ᠳᠡᠭᠡᠷ᠎ᠡ ᠪᠠᠨ ᠭᠠᠵᠠᠷ ᠰᠢᠷᠣᠶ ᠬᠡᠷᠡᠭᠯᠡᠬᠦ ᠲᠦᠯᠦᠪᠯᠡᠭᠡ ᠶᠢᠨ ᠭᠦᠢᠴᠡᠳᠬᠡᠭᠦ ᠲᠤᠭ᠎ᠠ ᠶᠢ ᠠᠰᠳᠠᠭᠠᠨ ᠨᠡᠮᠡᠵᠦ | ᠣᠷᠣᠭᠤᠯᠬᠤ ᠥᠬᠡᠶ ᠭᠡᠵᠦ ᠲᠣᠳᠣᠷᠬᠠᠶ ᠲᠣᠭᠲᠠᠭᠠᠪᠠ᠃ ᠭᠤᠷᠪᠠ ᠳᠤ ︽ᠭᠠᠵᠠᠷ ᠬᠡᠷᠡᠭᠯᠡᠬᠦ ᠶᠢ ᠬᠢᠵᠠᠭᠠᠷᠯᠠᠬᠤ | ᠲᠥᠷᠥᠯ ᠵᠦᠢᠯ ᠤᠨ ᠭᠠᠷᠴᠠᠭ︾᠂ ︽ᠭᠠᠵᠠᠷ ᠬᠡᠷᠡᠭᠯᠡᠬᠦ ᠶᠢ ᠴᠠᠭᠠᠵᠠᠯᠠᠬᠤ ᠲᠥᠷᠥᠯ ᠵᠦᠢᠯ ᠤᠨ ᠭᠠᠷᠴᠠᠭ︾᠂ ︽ | ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠢᠵᠠᠭᠠᠷᠯᠠᠬᠤ | ᠭᠦᠢᠴᠡᠳᠬᠡᠯ ᠲᠤᠭ᠎ᠠ︾ ᠪᠠ ᠡᠯ᠎ᠡ ᠲᠥᠷᠥᠯ ᠤᠨ ᠭᠠᠵᠠᠷ ᠰᠢᠷᠤᠢ ᠬᠡᠷᠡᠭᠯᠡᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ | ᠭᠠᠵᠠᠷ ᠰᠢᠷᠣᠶ ᠶᠢ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠲᠥᠷᠥᠯ ᠵᠦᠢᠯ ᠤᠨ ᠭᠠᠵᠠᠷ | ᠬᠡᠷᠡᠭᠯᠡᠬᠦ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ ᠭᠡᠵᠦ ᠱᠠᠭᠠᠷᠳᠠᠪᠠ᠃ | ︵ᠭᠤᠷᠪᠠ︶ ᠲᠥᠯᠥᠪᠦᠷᠢ ᠲᠠᠢ ᠪᠠᠷ ᠬᠡᠷᠡᠭᠯᠡᠬᠦ ᠬᠡᠪᠴᠢᠶ᠎ᠡ ᠶᠢ ᠥᠷᠭᠡᠳᠬᠡᠬᠦ ᠲᠤᠬᠠᠶ | ᠨᠢᠭᠡ ᠳᠤ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ | ᠲᠣᠭᠤᠷᠢᠭ︶ ᠤᠨ ᠡᠷᠴᠢᠮᠵᠢᠭᠦᠯᠦᠭᠰᠡᠨ ᠭᠠᠵᠠᠷ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠠᠷᠪᠠᠨ | ᠭᠤᠷᠪᠠ ᠲᠠᠪᠤ︾ ᠶᠢᠨ ᠬᠤᠭᠤᠴᠠᠭᠠᠨ ᠳᠤ ᠮᠠᠨ ᠤ ᠬᠤᠲᠠ ᠶᠢᠨ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ | ᠡᠷᠴᠢᠮᠵᠢᠭᠦᠯᠦᠨ ᠠᠰᠢᠭᠯᠠᠬᠤ ᠬᠡᠮᠵᠢᠶ᠎ᠡ ᠶᠢ ᠤᠯᠤᠰ ᠤᠨ ᠪᠠᠷᠠᠭᠤᠨ ᠣᠷᠣᠨ ᠤ ᠳᠤᠮᠳᠠ ᠪᠤᠶᠤ ᠲᠤᠮᠳᠠ ᠪᠠᠶᠢᠷᠢ ᠠᠴᠠ | ᠳᠡᠭᠡᠭᠰᠢ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ ᠬᠤᠶᠠᠷ ᠲᠤ ᠬᠤᠲᠠ ᠪᠠᠯᠭᠠᠰᠤᠨ ᠤ ᠳᠣᠤᠷ᠎ᠠ ᠠᠰᠢᠭᠯᠠᠮᠵᠢ ᠲᠠᠢ | ᠭᠠᠵᠠᠷ ᠢ ᠳᠠᠬᠢᠨ ᠨᠡᠭᠡᠭᠡᠨ ᠬᠥᠭᠵᠢᠭᠦᠯᠬᠦ ᠶᠢ ᠭᠦᠨᠵᠡᠬᠡᠢ ᠠᠬᠢᠭᠤᠯᠵᠤ᠂ ᠲᠠᠷᠠᠬᠠᠶ ᠪᠤᠲᠠᠷᠬᠠᠶ᠂ ᠳᠣᠤᠷ᠎ᠠ ᠦᠷ᠎ᠡ | ᠠᠰᠢᠭᠳᠠᠢ᠂ ᠰᠤᠯᠠ ᠰᠡᠯᠡᠭᠦᠤ ᠭᠠᠵᠠᠷ ᠰᠢᠷᠣᠶ ᠶᠢ ᠠᠮᠢᠳᠤᠯᠢᠭ ᠢᠶᠠᠷ ᠠᠰᠢᠭᠯᠠᠬᠤ ᠶᠢ ᠠᠬᠢᠭᠤᠯᠵᠤ᠂ | ᠦᠢᠯᠡᠳᠪᠦᠷᠢᠯᠡᠯ ᠤᠨ ᠨᠥᠬᠦᠴᠡᠯ ᠪᠣᠯᠤᠨ ᠣᠷᠣᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠬᠤ ᠬᠡᠷᠡᠭᠲᠡᠶ᠃ | ᠭᠤᠷᠪᠠ ᠳᠤ ᠰᠤᠯᠠ ᠪᠠᠶᠢᠬᠤ ᠭᠠᠵᠠᠷ ᠰᠢᠷᠣᠶ ᠶᠢ ᠢᠳᠡᠪᠬᠢᠲᠡᠶ ᠰᠢᠩᠭᠡᠭᠡᠬᠦ ᠶᠢᠨ ᠬᠠᠮᠲᠤ᠂ ᠰᠤᠯᠠ ᠪᠠᠶᠢᠬᠤ ᠭᠠᠵᠠᠷ | ᠰᠢᠷᠣᠶ ᠶᠢ ᠴᠠᠭ ᠲᠤᠬᠠᠶ ᠳᠤᠨᠢ ᠢᠯᠡᠷᠡᠭᠦᠯᠵᠦ ᠰᠢᠢᠳᠪᠦᠷᠢᠯᠡᠭᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠵᠤ᠂ ᠰᠢᠨ᠎ᠡ ᠰᠤᠯᠠ ᠪᠠᠶᠢᠬᠤ ᠭᠠᠵᠠᠷ ᠰᠢᠷᠣᠶ ᠶᠢ ᠦᠨᠳᠦᠰᠦᠨ ᠠᠴᠠ ᠨᠢ ᠰᠡᠷᠭᠡᠶᠢᠯᠡᠬᠦ ᠬᠡᠷᠡᠭᠲᠡᠶ᠃ | ᠳᠥᠷᠪᠡ ᠳᠤ ︽ᠬᠡᠷᠡᠭᠵᠢᠭᠦᠯᠬᠦ ᠰᠠᠨᠠᠯ︾ ᠳᠤ ᠰᠤᠯᠠ ᠪᠠᠶᠢᠬᠤ ᠭᠠᠵᠠᠷ ᠰᠢᠷᠣᠶ ᠶᠢᠨ ᠲᠤᠭ᠎ᠠ ᠬᠡᠮᠵᠢᠶ᠎ᠡ ᠪᠠᠷ ᠨᠡᠯᠢᠶᠡᠳ | ᠶᠡᠭᠡ ᠭᠠᠵᠠᠷ ᠣᠷᠣᠨ ᠳᠤ ᠳᠠᠷᠠᠭ᠎ᠠ ᠨᠢᠭᠡ ᠵᠢᠯ ᠤᠨ ᠭᠠᠵᠠᠷ ᠰᠢᠷᠣᠶ ᠠᠰᠢᠭᠯᠠᠬᠤ ᠣᠨ ᠤ ᠲᠥᠯᠥᠪᠯᠡᠭᠡ ᠶᠢᠨ | ᠭᠦᠢᠴᠡᠳᠬᠡᠯ ᠲᠤᠭ᠎ᠠ ᠶᠢ ᠬᠢᠨᠠᠨ ᠬᠠᠰᠤᠵᠤ᠂ ᠴᠢᠨᠠᠭᠰᠢᠯᠠᠪᠠᠯ ᠰᠢᠨ᠎ᠡ ᠪᠠᠷ ᠨᠡᠮᠡᠭᠳᠡᠬᠦ ᠪᠥᠲᠥᠭᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠢ ᠲᠦᠷ ᠵᠣᠭᠰᠣᠭᠠᠨ᠎ᠠ ᠭᠡᠵᠦ ᠲᠣᠳᠣᠷᠬᠠᠶ ᠲᠣᠭᠲᠠᠭᠠᠪᠠ᠃ ᠲᠠᠪᠤ ᠳᠤ | ᠤᠯᠤᠰ ᠤᠨ ᠥᠮᠴᠢᠯᠡᠯ ᠤᠨ ᠭᠠᠵᠠᠷ ᠰᠢᠷᠣᠶ ᠶᠢ ᠲᠥᠯᠥᠪᠦᠷᠢ ᠲᠠᠢ ᠪᠠᠷ ᠬᠡᠷᠡᠭᠯᠡᠬᠦ ᠬᠡᠪᠴᠢᠶ᠎ᠡ ᠶᠢ ᠠᠯᠬᠤᠮ | ᠠᠯᠬᠤᠮ ᠢᠶᠠᠷ ᠥᠷᠭᠡᠳᠬᠡᠨ᠎ᠡ᠃ ︽ᠬᠡᠷᠡᠭᠵᠢᠭᠦᠯᠬᠦ ᠰᠠᠨᠠᠯ︾ ᠳᠤ ᠬᠤᠪᠢᠶᠠᠷᠢᠯᠠᠨ ᠰᠠᠯᠭᠠᠵᠤ ᠪᠣᠯᠬᠤ ᠭᠠᠵᠠᠷ | ᠰᠢᠷᠣᠶ ᠶᠢᠨ ᠡᠨᠧᠷᠭᠢ ᠶᠢᠨ ᠰᠤᠷᠪᠤᠯᠵᠢ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠲᠤᠯᠠᠭ᠎ᠠ ᠶᠢᠨ ᠴᠢᠨᠠᠷᠲᠠᠶ ᠬᠢᠮᠳᠠ | ᠣᠷᠣᠨ ᠰᠠᠭᠤᠴᠠ ᠶᠢᠨ ᠢᠨᠵᠧᠨᠧᠷᠢᠩ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ | ᠲᠠᠮᠢᠷ ᠵᠢᠴᠢ ᠤᠰᠤ ᠬᠠᠩᠭᠠᠬᠤ᠂ ᠰᠢᠲᠠᠮᠠᠬᠠᠶ ᠬᠡᠶ ᠶᠢᠨ ᠬᠠᠩᠭᠠᠯᠭ᠎ᠠ᠂ ᠢᠯᠴᠢ ᠬᠠᠩᠭᠠᠬᠤ ᠲᠦᠭᠦᠬᠡᠷᠦᠮᠵᠢ ᠵᠡᠷᠭᠡ | ᠲᠥᠷᠥᠯ ᠵᠦᠢᠯ ᠳᠤ ᠬᠤᠪᠢᠶᠠᠷᠢᠯᠠᠨ ᠰᠠᠯᠭᠠᠵᠤ ᠥᠭᠬᠦ ᠠᠷᠭ᠎ᠠ ᠮᠠᠶ᠋ᠢᠭ ᠢᠶᠠᠷ ᠭᠠᠵᠠᠷ ᠰᠢᠷᠣᠶ ᠬᠠᠩᠭᠠᠬᠤ ᠠᠴᠠ ᠭᠠᠳᠠᠨ᠎ᠠ | ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ ᠠᠷᠭ᠎ᠠ ᠮᠠᠶ᠋ᠢᠭ ᠢᠶᠠᠷ ᠭᠠᠵᠠᠷ ᠰᠢᠷᠣᠶ ᠬᠠᠩᠭᠠᠬᠤ ᠶᠢ | ᠵᠣᠷᠢᠭᠵᠢᠭᠤᠯᠤᠨ᠎ᠠ᠃ | ︵ᠲᠦᠷᠪᠡ︶ ᠬᠠᠮᠲᠤ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠲᠤᠬᠠᠶ | ᠨᠢᠭᠡ ᠳᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠩᠭᠠᠬᠤ ᠪᠠ ᠬᠠᠩᠭᠠᠭᠰᠠᠨ ᠤ ᠳᠠᠷᠠᠭᠠᠬᠢ | ᠨᠡᠬᠡᠬᠡᠨ ᠠᠰᠢᠭᠯᠠᠬᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ | ᠲᠦᠷᠦᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯᠡᠰ ᠤᠨ ᠬᠠᠤᠯᠢ ᠲᠣᠭᠲᠠᠭᠠᠯ ᠶᠣᠰᠣᠭᠠᠷ ᠭᠠᠵᠠᠷ | ᠬᠡᠷᠡᠭᠯᠡᠬᠦ ᠶᠢ ᠠᠬᠢᠭᠤᠯᠤᠨ᠎ᠠ᠃ ᠬᠤᠶᠠᠷ ᠲᠤ ︽ᠬᠡᠷᠡᠭᠵᠢᠭᠦᠯᠬᠦ ᠰᠠᠨᠠᠯ︾ ᠳᠤ ᠬᠠᠩᠭᠠᠬᠤ ᠭᠠᠵᠠᠷ ᠰᠢᠷᠣᠶ ᠶᠢᠨ | ᠨᠣᠷᠮ᠎ᠠ ᠶᠢ ᠵᠢᠯ ᠤᠨ ᠡᠴᠦᠰ ᠲᠤ ᠰᠢᠨ᠎ᠡ ᠪᠠᠷ ᠨᠡᠮᠡᠭᠳᠡᠭᠦᠯᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠲᠥᠯᠥᠪᠯᠡᠭᠡ ᠶᠢᠨ ᠭᠦᠢᠴᠡᠳᠬᠡᠭᠦ ᠲᠤᠭ᠎ᠠ ᠶᠢᠨ ᠲᠣᠬᠢᠷᠠᠭᠤᠯᠤᠯᠲᠠ ᠪᠠ ᠳᠠᠷᠠᠭ᠎ᠠ ᠨᠢᠭᠡ ᠵᠢᠯ ᠤᠨ ᠰᠢᠨ᠎ᠡ ᠪᠠᠷ | ᠨᠡᠮᠡᠭᠳᠡᠭᠦᠯᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢᠨ | ᠲᠣᠬᠢᠷᠠᠭᠤᠯᠤᠯᠲᠠ ᠶᠢᠨ ᠦᠨᠳᠦᠰᠦ ᠪᠠᠷᠢᠮᠲᠠ ᠪᠣᠯᠭᠠᠨ᠎ᠠ ᠭᠡᠵᠦ ᠲᠣᠳᠣᠷᠬᠠᠶ ᠲᠣᠭᠲᠠᠭᠠᠪᠠ︔ ᠤᠶᠢᠷ᠎ᠠ ᠶᠢᠨ 5 | ᠵᠢᠯ ᠤᠨ ᠭᠠᠵᠠᠷ ᠬᠠᠩᠭᠠᠬᠤ ᠳᠤᠮᠳᠠᠴᠢ ᠨᠣᠷᠮ᠎ᠠ ᠨᠢ 60% ᠠᠴᠠ ᠳᠣᠤᠷ᠎ᠠ ᠪᠠᠶᠢᠭ᠎ᠠ ᠬᠤᠰᠢᠭᠤ ᠰᠢᠶᠠᠨ ᠬᠤᠳᠠ | ᠲᠣᠭᠤᠷᠢᠭ ᠲᠤ ᠤᠯᠤᠰ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠪᠣᠯᠤᠨ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠵᠦᠢᠯ ᠢ ᠭᠠᠷᠭᠠᠪᠠᠯ᠂ ᠰᠢᠨ᠎ᠡ ᠪᠠᠷ ᠨᠡᠮᠡᠭᠳᠡᠭᠰᠡᠨ ᠪᠦᠲᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠪᠠᠨ ᠲᠦᠷ ᠵᠣᠭᠰᠣᠭᠠᠬᠤ ᠬᠡᠷᠡᠭᠲᠡᠶ᠃ ᠭᠤᠷᠪᠠ ᠳᠤ | ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠭᠦ | ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠬᠦ᠂ ᠰᠢᠪᠠᠳᠠᠨ | ᠪᠠᠶᠢᠴᠠᠭᠠᠬᠤ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠬᠢᠨᠠᠨ ᠪᠤᠳᠤᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ᠂ ᠪᠠᠶᠢᠴᠠᠭᠠᠬᠤ ᠵᠡᠷᠭᠡ ᠬᠢᠨᠠᠯᠲᠠ ᠲᠠᠯᠪᠢᠬᠤ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠲᠠᠢ | ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠬᠠᠤᠯᠢ ᠲᠤᠭᠳᠠᠭᠠᠯ ᠠᠴᠠ ᠵᠥᠷᠢᠴᠡᠨ ᠭᠠᠵᠠᠷ ᠬᠡᠷᠡᠭᠯᠡᠬᠦ | ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ ᠵᠣᠭᠰᠣᠭᠠᠬᠤ ᠪᠠ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠨᠢ ᠮᠠᠰᠢ ᠴᠠᠭ ᠲᠤᠬᠠᠶ ᠳᠤᠨᠢ᠂ ᠭᠠᠵᠠᠷ ᠰᠢᠷᠣᠶ ᠶᠢ ᠠᠷᠪᠢᠲᠠᠶ | ᠡᠷᠴᠢᠮᠯᠢᠭ ᠬᠡᠷᠡᠭᠯᠡᠬᠦ ᠤᠳᠤᠷᠢᠳᠤᠮᠵᠢ ᠮᠠᠰᠢ ᠢᠯᠡᠷᠬᠡᠶ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ | ᠬᠢᠵᠠᠭᠠᠷᠯᠠᠯ ᠤᠨ ᠡᠷᠴᠢᠮ ᠨᠡᠯᠢᠶᠡᠳ ᠶᠡᠭᠡ᠂ ᠠᠵᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠯᠠᠪᠳᠠᠭᠤᠨ ᠪᠠᠳᠤᠳᠠᠢ᠂ | ᠱᠠᠩᠨᠠᠵᠤ ᠲᠣᠷᠭᠠᠬᠤ ᠰᠢᠰᠲ᠋ᠧᠮ ᠲᠣᠳᠣᠷᠬᠠᠶ ᠪᠠᠶᠢᠵᠤ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠪᠠᠲᠤ ᠪᠠᠬᠢ ᠭᠠᠵᠠᠷ ᠰᠢᠷᠣᠶ ᠶᠢᠨ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ ᠭᠡᠵᠦ ᠬᠡᠯᠡᠭᠦ | ᠶᠣᠰᠣᠲᠠᠶ᠃ | ︽ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠳᠥᠯᠭᠢᠨ ᠠᠬᠢᠭᠤᠯᠬᠤ | ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ | ᠳᠠᠭᠠᠯᠳᠤᠭᠤᠯᠤᠯ 1 |