ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠭᠤᠤᠯᠳᠠᠯᠭ᠎ᠠ
ᠨᠡᠶᠢᠲᠡᠯᠡᠭᠰᠡᠨ ᠴᠠᠭ᠄
2020-05-23
  5 ᠰᠠᠷ᠎ᠠ ᠶᠢᠨ 22 ᠤᠨ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠪᠡ᠂ ᠭᠤᠤᠯᠳᠠᠯᠭ᠎ᠠ ᠨᠢ ᠲᠤᠤᠷᠠᠬᠢ ᠮᠡᠳᠦ᠄     ᠨᠢᠭᠡ᠂ ᠨᠢᠳᠤᠨᠤᠨ ᠠᠴᠠ ᠤᠳᠤ ᠪᠤᠯᠲᠠᠯᠠᠬᠢ ᠠᠵᠢᠯ ᠤᠨ ᠡᠷᠭᠢᠴᠡᠭᠦᠯᠦᠯ  ● ᠤᠯᠤᠰ ᠤᠨ ᠳᠤᠲᠤᠭᠠᠲᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 99.1 ᠲᠦᠮᠡᠨ ᠳ᠋ᠦᠩᠰᠢᠭᠤᠷ ᠲᠦᠭᠦᠷᠢᠭ ᠲᠤ ᠬᠦᠷᠴᠦ᠂ 6.1% ᠪᠠᠷ ᠨᠡᠮᠡᠭᠳᠡᠪᠡ᠃  ●ᠨᠠᠯᠢᠶᠡᠳ ᠤᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠪᠦᠲᠦᠮᠵᠢᠲᠡᠢ ᠡᠵᠡᠮᠳᠡᠵᠦ᠂ ᠠᠷᠠᠳ ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠪᠠ᠂ ᠮᠠᠰᠢ ᠶᠡᠭᠡ ᠬᠦᠴᠢᠷ ᠪᠡᠷᠬᠡ ᠲᠠᠢ ᠪᠠᠶᠢᠭᠰᠠᠨ ᠴᠤ ᠲᠤᠭᠤᠯᠵᠤ ᠴᠢᠳᠠᠯ᠎ᠠ᠃  ●ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ  ᠪᠠᠷ ᠴᠦᠬᠡᠨ ᠪᠤᠰᠤ ᠪᠠᠭᠤᠷᠠᠢ ᠲᠠᠯ᠎ᠠ ᠢᠯᠡᠷᠡᠪᠡ᠃     ᠬᠤᠶᠠᠷ᠂ ᠡᠨᠡ ᠵᠢᠯ ᠤᠨ ᠴᠢᠬᠤᠯᠠ ᠬᠠᠷᠠᠯᠲᠠ  ● ᠪᠦᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠪᠤᠳᠠᠲᠠᠢ ᠬᠠᠷᠠᠯᠲᠠ ᠶᠢ ᠳᠤᠷᠠᠳᠤᠭᠰᠠᠨ ᠦᠭᠡᠢ᠃  ● ᠬᠤᠲᠠ ᠪᠠᠯᠭᠠᠰᠤᠨ ᠤ 900 ᠲᠦᠮᠡ ᠠᠴᠠ ᠳᠡᠭᠡᠭᠰᠢ ᠬᠦᠮᠦᠨ ᠳᠤ ᠰᠢᠨ᠎ᠡ ᠪᠠᠷ ᠠᠵᠢᠯ ᠤᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠯᠲᠠ ᠶᠢᠨ ᠨᠤᠷᠮ᠎ᠠ ᠶᠢ 6% ᠤᠷᠴᠢᠮ ᠳᠤ ᠡᠵᠡᠮᠳᠡᠨ᠎ᠡ᠃ ●ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠬᠦᠳᠡᠭᠡ ᠲᠤᠰᠬᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ ᠶᠠᠳᠠᠭᠤ  ᠠᠴᠠ ᠠᠩᠭᠢᠵᠢᠷᠠᠭᠤᠯᠤᠨ᠎ᠠ᠃     ᠭᠤᠷᠪᠠ᠂ ᠡᠨᠡ ᠵᠢᠯ ᠤᠨ ᠬᠡᠰᠡᠭ ᠭᠤᠤᠯᠳᠠᠯᠭ᠎ᠠ ᠲᠠᠢ ᠠᠵᠢᠯ  ●ᠢᠳᠡᠪᠬᠢᠲᠡᠢ ᠡᠳ᠋ ᠶᠢᠨ ᠵᠠᠰᠠᠭ ᠤᠨ ᠲᠦᠷᠦ ᠶᠢᠨ ᠪᠤᠳᠤᠯᠭ᠎ᠠ ᠶᠢ ᠨᠡᠩ ᠦᠷ᠎ᠡ ᠪᠦᠲᠦᠮᠵᠢ ᠲᠠᠢ ᠬᠡᠷᠡᠭᠵᠢᠭᠦᠯᠦᠨ᠎ᠡ᠃  ●ᠲᠤᠭᠲᠠᠭᠤᠨ ᠠᠰᠢᠭᠲᠠᠢ ᠵᠤᠭᠤᠰᠤᠨ ᠤ ᠲᠦᠷᠦ ᠶᠢᠨ ᠪᠤᠳᠤᠯᠭ᠎ᠠ ᠶᠢ ᠨᠡᠩ ᠠᠮᠢᠳᠤᠯᠢᠭ ᠲᠤᠬᠢᠷᠠᠮᠵᠢᠲᠠᠢ ᠪᠠᠶᠢᠯᠭᠠᠨ᠎ᠠ᠃  ● ︽ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ︾ ᠶᠢ ᠰᠠᠶᠢᠳᠤᠷ ᠨᠠᠶᠢᠷᠠᠭᠤᠯᠤᠨ ᠵᠤᠬᠢᠶᠠᠨ᠎ᠠ᠃     ᠬᠢᠵᠢᠭ ᠶᠢ ᠡᠰᠡᠷᠭᠦᠴᠡᠬᠦ᠄ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠬᠢᠵᠢᠭ ᠲᠠᠬᠢᠨᠲᠠ ᠦᠷᠪᠢᠰᠦᠨ ᠳᠡᠯᠭᠡᠷᠡᠬᠦ ᠶᠢ ᠴᠢᠩᠭ᠎ᠠ ᠰᠡᠷᠭᠡᠶᠢᠯᠡᠨ᠎ᠡ᠃ ᠬᠤᠪᠸᠢ ᠶᠢᠨ ᠬᠦᠭᠵᠢᠯᠲᠡ ᠶᠢ ᠳᠡᠮᠵᠢᠬᠦ ᠠᠯᠢ ᠤᠯᠠᠨ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠵᠢᠭᠦᠯᠦᠨ᠎ᠡ᠃     ᠡᠳ᠋ ᠤᠨ ᠵᠠᠰᠠᠭ᠄ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠬᠡᠪᠴᠢᠶ᠎ᠡ ᠨᠢᠳᠤᠨᠤᠨ ᠤ ᠬᠢ ᠠᠴᠠ 1 ᠲᠦᠮᠡᠨ ᠳ᠋ᠦᠩᠰᠢᠭᠤᠷ ᠲᠦᠭᠦᠷᠢᠭ ᠨᠡᠮᠡᠭᠳᠡᠵᠦ᠂ 1 ᠲᠦᠮᠡᠨ ᠳ᠋ᠦᠩᠰᠢᠭᠤᠷ ᠲᠦᠭᠦᠷᠢᠭ ᠤᠨ ᠬᠢᠵᠢᠭ ᠢ ᠡᠰᠡᠷᠭᠦᠴᠡᠬᠦ ᠤᠯᠤᠰ ᠤᠨ ᠵᠢᠭᠡᠯᠡᠯᠭᠡ ᠶᠢᠨ ᠲᠡᠮᠲᠡᠭᠲᠦ ᠲᠠᠷᠬᠠᠭᠠᠨ᠎ᠠ᠃     ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ᠄ ᠵᠢᠱᠢᠯᠲᠡ ᠪᠠᠷ ᠪᠦᠬᠦ ᠵᠢᠯ ᠳᠤ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠬᠦ ᠵᠤᠭᠤᠰ ᠪᠠᠰᠠ 2.5 ᠲᠦᠮᠡᠨ ᠳ᠋ᠦᠩᠰᠢᠭᠤᠷ ᠲᠦᠭᠦᠷᠢᠭ ᠰᠢᠨ᠎ᠡ ᠪᠠᠷ ᠨᠡᠮᠡᠭᠳᠡᠨ᠎ᠡ᠃     ᠠᠵᠢᠯ ᠤᠯᠭᠤᠯᠲᠠ᠄ ᠠᠵᠢᠯ ᠤᠯᠭᠤᠯᠲᠠ ᠳᠤ ᠦᠵᠡᠭᠦᠯᠬᠦ ᠵᠦᠢ ᠵᠤᠬᠢᠰ ᠦᠭᠡᠢ ᠬᠢᠵᠠᠭᠠᠷᠯᠠᠯ ᠢ ᠬᠦᠴᠦᠨ ᠦᠭᠡᠢ ᠪᠤᠯᠭᠠᠵᠤ᠂ ᠠᠵᠢᠯ ᠤᠯᠭᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠭᠠᠷᠭᠠᠬᠤ ᠶᠤᠰᠤᠲᠠᠢ ᠶᠢ ᠪᠦᠬᠦᠨ ᠢ ᠭᠠᠷᠭᠠᠨ᠎ᠠ᠃     ᠰᠢᠨ᠎ᠡ ᠶᠢ ᠡᠭᠦᠳᠬᠦ᠄ ᠰᠢᠨ᠎ᠡ ᠨᠢᠭᠡ ᠡᠭᠡᠯᠵᠢ ᠶᠢᠨ ᠪᠦᠬᠦ ᠲᠠᠯ᠎ᠠ ᠪᠠᠷ ᠰᠢᠨ᠎ᠡ ᠶᠢ ᠡᠭᠦᠳᠬᠦ ᠦᠭᠡᠷᠡᠴᠢᠯᠡᠯᠲᠡ  ᠶᠢᠨ ᠲᠤᠷᠰᠢᠯᠲᠠ ᠶᠢ ᠭᠦᠨᠵᠡᠭᠡᠶᠢᠷᠡᠭᠦᠯᠦᠨ᠎ᠡ᠃     ᠬᠡᠷᠡᠭᠯᠡᠭᠡ᠄ ᠡᠯᠧᠺᠲᠷᠤᠨ ᠬᠤᠳᠠᠯᠳᠤᠭ᠎ᠠ᠂ ᠲᠦᠷᠭᠡᠨ ᠳᠠᠮᠵᠢᠭᠤᠯᠭ᠎ᠠ ᠶᠢᠨ ᠬᠦᠳᠡᠭᠡ ᠲᠤᠰᠬᠤᠨ ᠳᠤ ᠤᠷᠤᠬᠤ  ᠶᠢ ᠳᠡᠮᠵᠢᠨ᠎ᠡ᠂ 5G ᠶᠢᠨ ᠬᠡᠷᠡᠭᠯᠡᠯᠲᠡ ᠶᠢ ᠦᠷᠭᠡᠳᠭᠡᠨ᠎ᠡ᠃     ᠪᠡᠯᠡ ᠤᠷᠤᠭᠤᠯᠤᠯᠲᠠ᠄ ᠤᠷᠤᠨ ᠨᠤᠲᠤᠭ ᠤᠨ ᠵᠠᠰᠠᠭ ᠤᠨ ᠤᠷᠳᠤᠨ ᠤ ᠲᠤᠰᠬᠠᠢ ᠵᠢᠭᠡᠯᠡᠯᠭᠡ ᠶᠢᠨ ᠳᠡᠮᠳᠡᠭᠲᠦ  ᠶᠢ 3.75 ᠲᠦᠮᠡᠨ ᠳ᠋ᠦᠩᠰᠢᠭᠤᠷ ᠲᠦᠭᠦᠷᠢᠭ ᠲᠤᠬᠢᠷᠠᠭᠤᠯᠬᠤ ᠪᠠᠷ ᠲᠦᠯᠦᠪᠯᠡᠵᠦ᠂ ᠲᠦᠪ ᠤᠨ ᠲᠦᠰᠦᠪ ᠤᠨ ᠳᠤᠲᠤᠷᠠᠬᠢ ᠪᠡᠯᠡ ᠤᠷᠤᠭᠤᠯᠤᠯᠲᠠ ᠶᠢ 6000 ᠳ᠋ᠦᠩᠰᠢᠭᠤᠷ ᠲᠦᠭᠦᠷᠢᠭ ᠲᠤᠬᠢᠷᠠᠭᠤᠯᠤᠨ᠎ᠠ᠃     ᠮᠦᠩᠭᠦᠨ ᠭᠦᠢᠯᠭᠡᠭᠡ᠄ ᠲᠤᠮᠤ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯ ᠦᠵᠡᠭᠦᠯᠬᠦ ᠬᠡᠯᠪᠡᠷᠢ ᠶᠢᠨ ᠪᠢᠴᠢᠯ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠶᠢ 40% ᠠᠴᠠ ᠦᠨᠳᠦᠷ ᠪᠠᠶᠢᠯᠭᠠᠨ᠎ᠠ᠃     ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠄ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠢ ᠰᠢᠶᠠᠨ ᠪᠠ ᠶᠠᠳᠠᠭᠤ ᠬᠦᠴᠢᠷᠳᠡᠯᠲᠡᠢ ᠲᠤᠰᠬᠤᠨ ᠤ ᠪᠤᠭᠤᠮᠲᠠ ᠰᠢᠪᠳᠤᠯᠬᠤ ᠡᠷᠴᠢᠮ ᠢ ᠴᠢᠩᠭᠠᠷᠠᠭᠤᠯᠤᠨ᠎ᠠ᠃     ᠲᠠᠷᠢᠶᠠᠯᠠᠩ᠄ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 8000 ᠲᠦᠮᠡᠨ ᠮᠦ ᠰᠢᠨ᠎ᠡ ᠪᠠᠷ ᠪᠦᠲᠦᠭᠡᠨ ᠪᠠᠶᠢᠭᠤᠯᠤᠨ᠎ᠠ᠃     ᠰᠤᠷᠭᠠᠨ ᠬᠦᠮᠦᠵᠢᠯ᠄ ᠶᠡᠭᠡ ᠳᠡᠭᠡᠳᠦ ᠰᠤᠷᠭᠠᠭᠤᠯᠢ ᠶᠢᠨ ᠬᠦᠳᠡᠭᠡ ᠲᠤᠰᠬᠤᠨ ᠪᠠ ᠶᠠᠳᠠᠭᠤ ᠬᠦᠴᠢᠷᠳᠡᠯᠲᠡᠢ ᠭᠠᠵᠠᠷ ᠤᠷᠤᠨ ᠠᠴᠠ ᠰᠤᠷᠤᠭᠴᠢ ᠡᠯᠰᠡᠬᠦ ᠬᠡᠪᠴᠢᠶ᠎ᠡ ᠶᠢ ᠦᠷᠭᠡᠳᠭᠡᠨ᠎ᠡ᠃     ᠨᠡᠶᠢᠭᠡᠮ ᠤᠨ ᠪᠠᠳᠤᠯᠠᠭ᠎ᠠ᠄ ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠡᠪᠴᠢᠶ᠎ᠡ ᠶᠢ ᠦᠷᠭᠡᠳᠭᠡᠵᠦ᠂ ᠬᠤᠲᠠ ᠬᠦᠳᠡᠭᠡ ᠶᠢᠨ ᠬᠦᠴᠢᠷᠳᠡᠯᠲᠡᠢ ᠭᠡᠷ ᠪᠦᠯᠢ ᠶᠢ  ᠪᠠᠲᠤᠯᠠᠪᠠᠰᠤ ᠵᠤᠬᠢᠬᠤ ᠶᠢ ᠨᠢ ᠴᠦᠮ ᠪᠠᠳᠤᠯᠠᠨ᠎ᠠ᠃     ᠨᠡᠬᠡᠭᠡᠯᠲᠡ ᠬᠢᠬᠦ᠄ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠦᠵᠡᠰᠭᠦᠯᠡᠩ ᠤᠨ ᠴᠤᠭᠯᠠᠭᠠᠨ ᠢ ᠰᠠᠶᠢᠳᠤᠷ ᠪᠡᠯᠡᠳᠭᠡᠨ᠎ᠡ᠃ ᠳᠤᠮᠳᠠᠳᠤ ᠠᠮᠧᠷᠢᠺᠠ ᠶᠢᠨ ᠠᠩᠬᠠᠨ ᠤ ᠱᠠᠳᠤᠨ ᠤ ᠠᠵᠤ ᠠᠬᠤᠢ ᠠᠷᠠᠯᠵᠢᠶᠠᠨ ᠤ ᠬᠡᠯᠡᠯᠴᠡᠭᠡᠷ ᠢ ᠬᠠᠮᠲᠤ ᠪᠠᠷ ᠨᠠᠶᠢᠳᠠᠪᠤᠷᠢᠵᠢᠭᠤᠯᠤᠨ᠎ᠠ᠃     ᠰᠢᠶᠠᠩᠭᠠᠩ ᠤᠤᠮᠧᠨ ᠲᠠᠶᠢᠸᠠᠨ᠄ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ  ᠢ ᠪᠠᠳᠤᠯᠠᠨ ᠬᠠᠮᠠᠭᠠᠯᠠᠬᠤ ᠬᠠᠤᠯᠢ ᠲᠦᠷᠢᠮ ᠪᠠ ᠬᠠᠤᠯᠢ ᠲᠦᠷᠢᠮ ᠢ ᠬᠡᠷᠡᠭᠵᠢᠭᠦᠯᠬᠦ ᠲᠤᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ ᠤ ᠮᠤᠩᠭᠤᠯ ᠰᠤᠨᠢᠨ ᠤ ᠵᠢᠷᠬᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号