2020 ᠣᠨ ᠤ ᠠᠵᠢᠯ ᠤᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2020-05-09
ᠨᠢᠭᠡ᠂  ᠵᠠᠩᠭᠢᠯᠠᠭ᠎ᠠ ᠶᠢᠨ ᠦᠭᠡ᠄  ᠤᠷᠢᠳᠴᠢᠯᠠᠭᠰᠠᠨ ᠬᠠᠷᠠᠯᠲᠠ   ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 5% ᠣᠷᠴᠢᠮ ᠨᠡᠮᠡᠭᠳᠡᠭᠦᠯᠵᠦ᠂ ᠬᠢᠵᠠᠭᠠᠷᠲᠤ ᠲᠤᠭ᠎ᠠ ᠠᠴᠠ ᠳᠡᠭᠡᠭᠰᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 2019 ᠣᠨ ᠤ ᠬᠢ ᠲᠠᠢ ᠦᠨᠳᠦᠰᠦᠨ ᠳᠡᠭᠡᠨ ᠲᠡᠩᠴᠡᠭᠦᠷᠢᠯᠡᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 2019 ᠣᠨ ᠤ ᠬᠢ ᠠᠴᠠ ᠵᠢᠭᠠᠬᠠᠨ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ   ᠲᠠᠸᠠᠷ ᠢ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 3% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 3% ᠪᠠ 8% ᠣᠷᠴᠢᠮ ᠨᠡᠮᠡᠭᠳᠡᠭᠦᠯᠦᠨ᠎ᠡ᠃ ᠵᠠᠩᠭᠢᠯᠠᠭ᠎ᠠ ᠶᠢᠨ ᠦᠭᠡ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠨ ᠰᠤᠷᠤᠯᠭ᠎ᠠ ᠪᠠᠨ ᠰᠡᠷᠭᠦᠭᠡᠬᠦ   ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ  ᠲᠤᠤᠱᠯᠠᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠤᠶᠠᠷ ᠲᠠᠯ᠎ᠠ ᠪᠠᠷ ᠠᠳᠬᠤᠬᠤ ᠶᠢ ᠰᠠᠭᠠᠲᠠᠭᠠᠬᠤ ᠦᠭᠡᠢ ᠪᠠᠶᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠣᠳᠠᠲᠠᠶ ᠪᠥᠭᠡᠳ ᠨᠠᠷᠢᠨ ᠠᠳᠬᠤᠨ᠎ᠠ᠃ ︽ᠭᠠᠳᠠᠨ᠎ᠠ ᠤᠷᠤᠭᠤᠯᠬᠤ  ᠶᠢ ᠰᠡᠷᠭᠡᠶᠢᠯᠡᠨ᠂ ᠳᠤᠲᠤᠷ᠎ᠠ ᠪᠠᠨ ᠭᠡᠳᠡᠷᠭᠦ ᠡᠭᠦᠰᠬᠦ ᠶᠢ ᠰᠡᠷᠭᠡᠶᠢᠯᠡᠬᠦ︾ ᠶᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠬᠢᠯᠢ ᠶᠢᠨ ᠭᠠᠳᠠᠨ᠎ᠠ᠂ ᠤᠷᠤᠨ ᠤ ᠭᠠᠳᠠᠨ᠎ᠠ ᠠᠴᠠ ᠬᠦᠷᠢᠶ᠎ᠡ ᠳᠤ ᠢᠷᠡᠬᠦ ᠬᠦᠷᠢᠶ᠎ᠡ ᠳᠤ ᠪᠤᠴᠠᠵᠤ ᠢᠷᠡᠬᠦ ᠬᠥᠮᠦᠰ ᠤᠨ ᠬᠠᠮᠢᠶᠠᠷᠤᠯᠲᠠ ᠶᠢ ᠴᠢᠩᠭ᠎ᠠ ᠨᠢᠮᠪᠠᠢ ᠰᠠᠶᠢᠲᠤᠷ ᠬᠢᠵᠦ᠂ ᠡᠮᠨᠡᠯᠭᠡ ᠶᠢᠨ ᠬᠤᠷᠢᠶ᠎ᠠ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠪᠤᠯᠤᠨ ᠬᠥᠮᠦᠨ ᠨᠢᠭᠲᠠ ᠴᠤᠭᠯᠠᠷᠠᠬᠤ ᠭᠠᠵᠠᠷ ᠲᠠᠯᠠᠪᠠᠢ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠢᠨᠵᠢᠯᠡᠬᠦ ᠤᠬᠠᠭᠠᠨᠴᠢ ᠪᠠᠷ ᠨᠠᠷᠢᠨ ᠣᠨᠣᠪᠴᠢᠲᠠᠢ ᠰᠠᠶᠢᠲᠤᠷ ᠠᠳᠬᠤᠵᠤ᠂ ᠤᠷᠤᠭᠤᠯᠬᠤ ᠶᠢ ᠰᠡᠷᠭᠡᠶᠢᠯᠡᠬᠦ᠂ ᠭᠡᠳᠡᠷᠭᠦ ᠡᠭᠦᠰᠬᠦ ᠶᠢ ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠴᠠᠭ ᠢᠮᠠᠭᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠶᠠᠭᠠᠬᠢᠭᠰᠠᠨ ᠴᠤ ᠬᠢᠯᠪᠠᠷ ᠪᠤᠰᠤ ᠪᠠᠷ ᠢᠷᠡᠭᠰᠡᠨ ᠰᠠᠶᠢᠨ ᠬᠠᠨᠲᠤᠰᠢ ᠶᠢᠨ ᠪᠠᠶᠢᠳᠠᠯ ᠳᠤ ᠭᠡᠳᠡᠷᠭᠦ ᠬᠤᠪᠢᠷᠠᠯᠲᠠ ᠭᠠᠷᠭᠠᠬᠤ ᠦᠭᠡᠢ ᠪᠠᠶᠢᠯᠭᠠᠵᠤ᠂ ᠶᠠᠭᠠᠬᠢᠭᠰᠠᠨ ᠴᠤ ᠬᠤᠰᠢᠭᠤ ᠳᠠᠶᠠᠭᠠᠷ ᠵᠠᠷᠤᠴᠠᠭᠤᠯᠤᠭᠰᠠᠨ ᠬᠠᠲᠠᠭᠤᠵᠢᠯᠲᠠᠢ ᠴᠢᠷᠮᠠᠶᠢᠯᠭ᠎ᠠ ᠶᠢ ᠬᠤᠭᠤᠰᠤᠨ ᠪᠤᠯᠭᠠᠬᠤ ᠦᠭᠡᠢ᠃ ᠡᠮᠬᠢ ᠵᠢᠷᠤᠮ ᠤᠨ ᠰᠡᠷᠭᠦᠭᠡᠯᠲᠡ ᠶᠢ ᠬᠦᠴᠦᠲᠡᠶ ᠪᠥᠭᠡᠳ ᠡᠮᠬᠢ  ᠳᠠᠷᠠᠭ᠎ᠠ ᠲᠠᠢ ᠠᠬᠢᠭᠤᠯᠤᠨ᠎ᠠ᠃ ᠬᠢᠵᠢᠭ ᠢ ᠰᠡᠷᠭᠡᠶᠢᠯᠡᠨ ᠡᠵᠡᠮᠳᠡᠬᠦ ᠤᠨ ᠪᠠᠶᠢᠳᠠᠯ ᠢ ᠪᠠᠶᠢᠩᠭᠤᠵᠢᠭᠰᠠᠨ ᠨᠥᠬᠦᠴᠡᠯ ᠳᠣᠤᠷ᠎ᠠ᠂ ᠠᠵᠢᠯ ᠰᠡᠷᠭᠦᠭᠡᠬᠦ ᠦᠢᠯᠡᠳᠪᠦᠷᠢᠯᠡᠯ ᠰᠡᠷᠭᠦᠭᠡᠬᠦ ᠰᠤᠷᠤᠯᠭ᠎ᠠ ᠰᠡᠷᠭᠦᠭᠡᠬᠦ ᠶᠢ ᠡᠮᠬᠢ ᠵᠢᠷᠤᠮ ᠲᠠᠢ  ᠲᠦᠯᠬᠢᠨ‌ᠠᠬᠢᠭᠤᠯᠵᠤ᠂ ᠠᠵᠤ ᠠᠬᠤᠶ ᠨᠡᠶᠢᠭᠡᠮ ᠤᠨ ᠡᠮᠬᠢ ᠳᠢᠭᠯᠢᠮ ᠢ ᠪᠥᠬᠦ ᠲᠠᠯ᠎ᠠ ᠪᠠᠷ ᠰᠡᠷᠭᠦᠭᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠤᠯᠤᠨ ᠲᠦᠩᠯᠢᠶᠣᠤ ᠬᠤᠲᠠ ᠶᠢᠨ ᠡᠯ᠎ᠡ ᠵᠦᠢᠯ ᠤᠨ ᠳᠡᠮᠵᠢᠬᠦ ᠲᠥᠷᠥ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠨ᠂ ᠴᠢᠬᠤᠯᠠ ᠶᠡᠭᠡ ᠲᠦᠰᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠯ ᠢ ᠲᠦᠷᠭᠡᠳᠭᠡᠵᠦ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ᠂ ᠡᠷᠲᠡᠬᠡᠨ ᠠᠵᠢᠯ ᠡᠬᠢᠯᠡᠬᠦ᠂ ᠡᠷᠲᠡᠬᠡᠨ ᠦᠢᠯᠡᠳᠪᠦᠷᠢᠯᠡᠯ ᠳᠤ ᠤᠷᠤᠬᠤ᠂ ᠡᠷᠲᠡᠬᠡᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠨᠦᠬᠡᠴᠡ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠶᠠᠷ᠂ᠵᠠᠩᠭᠢᠯᠠᠭ᠎ᠠ ᠶᠢᠨ ᠦᠭᠡ᠄ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ    ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠹᠦ᠋ ᠲᠦᠩ ᠴᠢᠯᠠᠭᠤᠨ ᠲᠣᠰᠣ᠂ ᠵᠢᠶᠧ ᠯᠦᠨ ᠼᠢᠷᠺᠤᠨ ᠲᠢᠲ᠋ᠠᠨ᠂ ᠵᠥᠩ ᠱᠢ ᠴᠢᠯᠠᠭᠤᠨ ᠦᠢᠯᠡᠰ ᠵᠡᠷᠭᠡ ᠠᠵᠤ ᠠᠬᠤᠶᠢᠯᠠᠯ ᠤᠨ ᠠᠰᠢᠭᠯᠠᠯᠲᠠ ᠳᠤ ᠤᠷᠤᠵᠤ ᠦᠷ᠎ᠡ ᠠᠰᠢᠭ ᠡᠭᠦᠳᠬᠦ ᠶᠢ ᠲᠦᠯᠬᠢᠨ ᠠᠬᠢᠭᠤᠯᠤᠨ᠎ᠠ᠃ ︽ᠶᠡᠭᠡ ᠶᠢ ᠠᠳᠬᠤᠵᠤ ᠪᠠᠭ᠎ᠠ ᠶᠢ ᠨᠢ ᠪᠤᠶᠢᠵᠢᠭᠤᠯᠤᠨ ᠳᠤᠮᠳᠠ ᠶᠢ ᠲᠡᠳᠬᠦᠬᠦ︾ ᠢᠨᠵᠧᠨᠧᠷᠢᠩ ᠢ ᠬᠡᠷᠡᠭᠵᠢᠭᠦᠯᠵᠦ᠂ ᠦᠢᠯᠡᠳᠪᠦᠷᠢᠯᠡᠯ ᠢᠶᠠᠨ ᠵᠤᠭᠰᠤᠭᠰᠠᠨ᠂ ᠬᠠᠭᠠᠰ ᠵᠣᠭᠰᠣᠭᠰᠠᠨ ᠠᠵᠤ ᠠᠬᠤᠶᠢᠯᠠᠯ ᠢ ᠢᠳᠡᠪᠬᠢᠲᠡᠢ ᠪᠠᠷ ᠡᠷᠭᠢᠯᠲᠡ ᠭᠠᠷᠭᠠᠨ᠂ ᠱᠦᠢᠨᠢ ᠶᠢᠨ ᠵᠤᠤᠬ᠎ᠠ ᠶᠢ ᠵᠤᠬᠢᠴᠠᠭᠤᠯᠤᠨ ᠰᠢᠢᠳᠪᠦᠷᠢᠯᠡᠬᠦ᠂ ᠴᠣᠬᠤᠢ ᠶᠢᠨ ᠴᠢᠯᠠᠭᠤ ᠶᠢ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠃ ᠵᠢᠯ ᠤᠨ ᠳᠤᠲᠤᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 2 ᠡᠷᠦᠬᠡ ᠰᠢᠨ᠎ᠡ ᠪᠠᠷ ᠨᠡᠮᠡᠭᠳᠡᠭᠦᠯᠵᠦ ᠂ ᠪᠠ᠊ — ᠰᠢᠨ ᠲᠡᠮᠦᠷ ᠵᠠᠮ ︵ᠰᠢᠯᠢ ᠶᠢᠨ ᠭᠤᠤᠯ ᠠᠶᠢᠮᠠᠭ ᠤᠨ ᠪᠠᠶᠠᠨ ᠠᠠᠭᠤᠯᠡ — ᠯᠢᠶᠣᠤᠨᠢᠩ ᠮᠤᠵᠢ ᠶᠢᠨ ᠹᠦᠰᠢᠨ ᠬᠤᠲᠠ ᠶᠢᠨ ᠰᠢᠨ ᠴᠢᠦ ᠲᠣᠭᠤᠷᠢᠭ ᠬᠦᠷᠬᠦ︶ ᠤᠨ ᠺᠸᠦ ᠾᠧ ᠽᠢ ᠤᠨ ᠬᠡᠰᠡᠭ ᠳᠠᠬᠢ ᠰᠠᠭᠠᠭ ᠤᠨ ᠨᠤᠳᠤᠭ ᠤᠨ ᠪᠠᠷᠠᠭᠠᠨ ᠤ ᠭᠦᠢᠯᠭᠡᠭᠡᠨ ᠤ  ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠡᠯᠧᠺᠲᠷᠣᠨ ᠬᠤᠳᠠᠯᠳᠤᠭ᠎ᠠ ᠬᠢᠭᠡᠳ ᠲᠦᠷᠭᠡᠨ ᠬᠦᠷᠭᠡᠬᠦ ᠠᠵᠢᠯ ᠲᠥᠷᠥᠯ ᠤᠨ ᠬᠥᠭᠵᠢᠯᠲᠡ ᠶᠢ ᠲᠡᠳᠬᠦᠨ ᠳᠠᠮᠵᠢᠵᠤ᠂ ᠬᠡᠷᠡᠭᠯᠡᠭᠡᠨ ᠤ ᠰᠦᠯᠵᠢᠶᠡᠨ  ᠳᠡᠭᠡᠷ᠎ᠡ ᠪᠠ ᠰᠦᠯᠵᠢᠶᠡᠨ ᠳᠤᠤᠷ᠎ᠠ ᠨᠡᠶᠢᠯᠡᠯ ᠬᠦᠭᠵᠢᠯᠲᠡ ᠶᠢ ᠠᠬᠢᠭᠤᠯᠤᠨ᠎ᠠ᠃ 5G ᠵᠡᠷᠭᠡ ᠰᠢᠨ᠎ᠡ ᠬᠡᠯᠪᠡᠷᠢ ᠶᠢᠨ ᠮᠡᠳᠡᠭᠡ ᠬᠤᠯᠪᠣᠭ᠎ᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ ᠤᠨ ᠪᠠᠷᠢᠯᠭ᠎ᠠ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠡᠷᠡᠭᠦᠯᠵᠢᠬᠦ ᠰᠤᠪᠢᠯᠠᠯᠲᠠ ᠶᠢᠨ ᠵᠢᠵᠢᠭ ᠪᠠᠯᠭᠠᠰᠤ ᠪᠠ ᠠᠮᠠᠷᠠᠯᠲᠠ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ︽ᠡᠮᠨᠡᠯᠭᠡ᠂ ᠡᠮ᠂ ᠰᠤᠪᠢᠯᠠᠬᠤ᠂ ᠡᠷᠡᠭᠦᠯᠵᠢᠬᠦ᠂  ᠵᠤᠭᠠᠴᠠᠯ︾ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠠᠰᠤᠨ ᠬᠤᠲᠤᠭᠲᠤ ᠰᠦᠮ᠎ᠡ ᠶᠢᠨ ᠬᠠᠮᠠᠭᠠᠯᠠᠯᠲᠠ᠂ ᠣᠶᠤᠨᠴᠢ ᠵᠤᠭᠠᠴᠠᠯ ᠵᠡᠷᠭᠡ ᠰᠠᠭᠤᠷᠢ ᠲᠥᠬᠦᠭᠡᠷᠦᠮᠵᠢ ᠶᠢᠨ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠨ ᠠᠬᠢᠭᠤᠯᠵᠤ᠂  ᠭᠤᠷᠪᠠᠨ ᠶᠡᠭᠡ ᠬᠡᠶᠢᠳ᠂ ᠮᠦᠩᠭᠦᠨ ᠡᠯᠡᠰᠦᠨ ᠲᠤᠬᠤᠢ ᠵᠡᠷᠭᠡ ᠣᠳᠣ ᠪᠠᠶᠢᠭ᠎ᠠ ᠦᠵᠡᠮᠵᠢ ᠶᠢᠨ ᠣᠷᠣᠨ ᠦᠵᠡᠮᠵᠢ ᠶᠢᠨ ᠴᠢᠭ ᠤᠨ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂  ᠡᠯᠡᠰᠦ ᠮᠠᠩᠬ᠎ᠠ ᠪᠠᠷ ᠬᠡᠭᠡᠷᠯᠡᠨ ᠳᠠᠪᠬᠢᠬᠤ ᠵᠡᠷᠭᠡ ᠰᠣᠶᠣᠯ ᠵᠤᠭᠠᠴᠠᠯ ᠢ ᠲᠠᠨᠢᠯᠴᠠᠭᠤᠯᠬᠤ ᠠᠵᠢᠯᠯᠠᠭ᠎ᠠ ᠶᠢ ᠬᠦᠭᠵᠢᠶᠡᠨ ᠲᠠᠢ ᠪᠣᠯᠭᠠᠵᠤ᠂ ᠵᠤᠭᠠᠴᠠᠯ ᠰᠡᠯᠡᠭᠦᠴᠡᠯ ᠤᠨ ᠬᠡᠷᠡᠭᠯᠡᠭᠡᠨ ᠤ ᠬᠡᠯᠬᠢᠶ᠎ᠡ ᠶᠢ ᠤᠷᠲᠤᠳᠬᠠᠵᠤ᠂ ︽ᠴᠢᠭ ᠬᠤᠯᠪᠤᠨ ᠱᠤᠭᠤᠮ ᠪᠣᠯᠭᠠᠬᠤ︾ ᠵᠤᠭᠠᠴᠠᠯ ᠤᠨ ᠰᠢᠨ᠎ᠡ ᠪᠠᠶᠢᠷᠢᠰᠢᠯ ᠢ ᠪᠤᠢ ᠪᠤᠯᠭᠠᠨ᠎ᠠ᠃ ᠵᠢᠯ ᠤᠨ ᠳᠣᠲᠣᠷ᠎ᠠ ᠵᠤᠭᠠᠴᠠᠭᠰᠠᠳ ᠢ 100 ᠲᠦᠮᠡᠨ ᠬᠥᠮᠦᠨ ᠤᠳᠠᠭ᠎ᠠ ᠬᠦᠯᠢᠶᠡᠨ ᠠᠪᠬᠤ ᠶᠢ ᠰᠢᠪᠲᠤᠯᠵᠤ᠂ ᠵᠤᠭᠠᠴᠠᠯ ᠤᠨ ᠨᠡᠶᠢᠭᠡᠮ ᠤᠨ ᠶᠡᠷᠦᠩᠬᠡᠶᠢᠯᠡᠭᠰᠡᠨ ᠣᠷᠣᠯᠭ᠎ᠠ ᠶᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠠᠳᠠᠯᠢ ᠬᠠᠷᠢᠴᠠᠯ ᠢᠶᠠᠷ ᠲᠤᠰᠪᠤᠷᠢ 13.6% ᠪᠤᠯᠤᠨ 53% ᠨᠡᠮᠡᠭᠳᠡᠭᠦᠯᠬᠦ ᠪᠠᠷ ᠴᠢᠷᠮᠠᠶᠢᠨ᠎ᠠ᠃ ᠵᠢᠯ ᠤᠨ ᠳᠣᠲᠣᠷ᠎ᠠ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ 33 ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠳᠬᠤᠵᠤ᠂ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠴᠠᠬᠢᠭᠤᠷᠲᠤ ᠡᠯᠡᠰᠦ ᠠᠵᠤ ᠦᠢᠯᠡᠰ ᠤᠨ ᠬᠦᠷᠢᠶᠡᠯᠡᠩ᠂ ᠭᠠᠭ᠋ᠠᠢ ᠠᠭᠤᠯᠠ ᠶᠢᠨ ᠤᠰᠤᠨ ᠴᠥᠭᠦᠷᠥᠮ᠂ ᠥᠨᠳᠥᠷ ᠺᠠᠯᠼ ᠴᠢᠯᠠᠭᠤ ᠶᠢ ᠭᠦᠨ ᠡᠳ᠋ᠰᠢᠭᠦᠯᠬᠦ᠂ ᠾᠧ ᠺᠠᠩ ᠶᠤᠸᠠᠨ ᠲᠡᠵᠢᠭᠡᠯ ᠪᠣᠷᠳᠤᠭ᠎ᠠ ᠪᠤᠯᠪᠠᠰᠤᠷᠠᠭᠤᠯᠬᠤ᠂ ᠤᠯᠤᠰ ᠤᠨ ᠵᠠᠮ 505 ᠤᠨ ᠱᠤᠭᠤᠮ ᠤᠨ ᠬᠦᠷᠢᠶ᠎ᠡ ᠶᠢᠨ ᠬᠡᠰᠡᠭ᠂ ᠮᠦᠩᠭᠦᠨ ᠡᠯᠡᠰᠦᠨ ᠲᠤᠬᠤᠢ ᠵᠤᠭᠠᠴᠠᠯ ᠤᠨ ᠵᠠᠮ᠂ ᠰᠢᠶᠠᠨ ᠤ ᠵᠠᠮ 462 ᠤᠨ ᠱᠤᠭᠤᠮ ᠤᠨ ᠺᠸᠦ ᠾᠧ ᠽᠢ ᠠᠴᠠ ᠦᠪᠦᠷ ᠮᠤᠩᠭᠤᠯ ᠯᠢᠶᠣᠤᠨᠢᠩ ᠤᠨ ᠬᠢᠯᠢ ᠬᠦᠷᠬᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠥᠨᠳᠥᠷ ᠪᠠᠷᠢᠮᠵᠢᠶᠠᠲᠤ ᠲᠠᠷᠢᠶ᠎ᠠ᠂ ᠠᠯᠲᠠᠨ ᠡᠯᠡᠰᠦ ᠣᠯᠠᠨ ᠤᠯᠤᠰ ᠤᠨ ᠪᠠᠭᠤᠳᠠᠯ ᠵᠡᠷᠭᠡ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ᠎ᠠ᠃ᠭᠤᠷᠪᠠ᠂ᠵᠠᠩᠭᠢᠯᠠᠭ᠎ᠠ ᠶᠢᠨ ᠦᠭᠡ᠄ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ   ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ᠂ ︽ᠬᠤᠶᠠᠷ ᠲᠤ ᠵᠣᠪᠠᠭ᠋ᠤ ᠦᠭᠡᠢ ᠭᠤᠷᠪᠠᠨ ᠪᠠᠲᠤᠯᠠᠭ᠎ᠠ︾ ᠳᠤ ᠠᠩᠬᠠᠷᠤᠯ ᠲᠥᠪᠯᠡᠷᠡᠭᠦᠯᠵᠦ᠂ ᠤᠤᠭᠤᠬᠤ ᠤᠰᠤ᠂ ᠰᠠᠭᠤᠬᠤ ᠭᠡᠷ᠂ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠭᠤᠤᠯᠳᠠᠯᠭ᠎ᠠ ᠲᠠᠢ ᠰᠢᠪᠲᠤᠯᠤᠯᠲᠠ ᠶᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠤᠨᠤᠪᠴᠢᠲᠠᠢ ᠵᠠᠳᠠᠯᠠᠵᠤ ᠤᠨᠤᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠴᠢᠭ ᠠᠴᠠ ᠴᠢᠭ ᠬᠦᠷᠬᠦ ᠳᠤᠰᠤᠯᠭᠠᠨ ᠤᠰᠤᠯᠠᠬᠤ︾ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠦᠯᠡᠳᠡᠵᠦ  ᠪᠠᠶᠢᠭ᠎ᠠ 69 ᠡᠷᠦᠬᠡ 196 ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠬᠤᠭᠤᠴᠠᠭ᠎ᠠ ᠶᠤᠰᠤᠭᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠬᠢᠨᠠᠨ ᠪᠠᠶᠢᠴᠠᠭᠠᠬᠤ ᠡᠷᠦᠬᠡ᠂ ᠵᠠᠪᠰᠠᠷ ᠤᠨ ᠡᠷᠦᠬᠡ ᠵᠡᠷᠭᠡ ᠭᠤᠤᠳᠠᠯᠭ᠎ᠠ ᠲᠠᠢ  ᠤᠯᠠᠨ ᠨᠡᠶᠢᠲᠡ ᠶᠢ ᠠᠩᠬᠠᠷᠴᠤ᠂ ᠳᠠᠬᠢᠨ ᠶᠠᠳᠠᠭᠤᠷᠠᠬᠤ ᠶᠢ ᠬᠢᠨᠠᠨ ᠦᠵᠡᠵᠦ ᠤᠷᠢᠳᠴᠢᠯᠠᠨ ᠰᠡᠷᠡᠮᠵᠢᠯᠡᠬᠦ ᠪᠠ ᠬᠥᠳᠡᠯᠦᠩᠭᠦᠶ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠵᠢᠯ ᠤᠨ ᠳᠣᠲᠣᠷ᠎ᠠ ᠰᠢᠨ᠎ᠡ ᠪᠠᠷ ᠳᠠᠬᠢᠨ ᠶᠠᠳᠠᠭᠤᠷᠠᠬᠤ ᠦᠵᠡᠭᠳᠡᠯ ᠭᠠᠷᠬᠤ ᠥᠬᠡᠶ ᠪᠠᠶᠢᠬᠤ ᠶᠢ ᠴᠢᠩᠭᠠᠯᠠᠨ᠎ᠠ᠃ ᠶᠠᠳᠠᠭᠤ ᠶᠢ ᠲᠡᠳᠬᠦᠬᠦ ᠪᠠᠭ᠎ᠠ ᠲᠤᠭᠠᠲᠤ ᠢᠲᠡᠭᠡᠮᠵᠢᠲᠦ ᠵᠢᠭᠡᠯᠡᠯᠭᠡ ᠲᠠᠷᠬᠠᠭᠠᠨ ᠲᠠᠯᠪᠢᠬᠤ  ᠶᠢ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠬᠦᠴᠦᠲᠡᠶ ᠠᠬᠢᠭᠤᠯᠵᠤ᠂ ᠠᠯᠠᠰᠢᠨ ᠦᠬᠡᠷ᠂ ᠦᠷ᠎ᠡ ᠶᠢᠨ ᠨᠤᠭᠤᠰᠤ ᠵᠡᠷᠭᠡ ᠬᠡᠪᠴᠢᠶᠡᠵᠢᠭᠰᠡᠨ ᠶᠠᠳᠠᠭᠤ ᠶᠢ ᠲᠡᠳᠬᠦᠬᠦ ᠠᠵᠤ ᠦᠢᠯᠡᠰ ᠤᠨ ᠲᠦᠷᠦᠯ ᠵᠦᠢᠯ ᠤᠨ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ ᠶᠢ ᠠᠬᠢᠭᠤᠯᠵᠤ᠂ ᠠᠵᠤ ᠦᠢᠯᠡᠰ ᠤᠨ ᠶᠠᠳᠠᠭᠤ ᠶᠢ ᠳᠠᠶᠢᠴᠢᠯᠠᠨ ᠶᠠᠳᠠᠭᠤ ᠶᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠳᠤ ᠬᠤᠯᠪᠤᠭᠳᠠᠬᠤ ᠪᠡᠯᠡ ᠮᠥᠩᠭᠦ ᠶᠢ 1.8 ᠳ᠋ᠦᠩᠰᠢᠭᠤᠷ ᠲᠥᠭᠦᠷᠢᠭ ᠨᠢᠭᠡᠳᠭᠡᠵᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠬᠤᠷᠴᠢᠨ ᠤ ᠰᠠᠭᠠᠭ ᠤᠨ ᠬᠠᠯᠢᠰᠤ ᠶᠢᠨ ᠳᠡᠷ᠎ᠡ ᠬᠢᠬᠦ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ 21 ᠶᠠᠳᠠᠭᠤ ᠶᠢ ᠲᠡᠳᠬᠦᠬᠦ ᠲᠥᠷᠥᠯ ᠵᠦᠢᠯ ᠢ ᠣᠨᠣᠪᠴᠢᠲᠠᠶ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠷᠭᠦᠯᠵᠢᠯᠡᠨ ᠠᠰᠢᠭ ᠬᠦᠷᠲᠡᠬᠦ ᠶᠢ ᠦᠨᠡᠨᠬᠦ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠶᠠᠳᠠᠭᠤ ᠶᠢ ᠲᠡᠳᠬᠦᠬᠦ ᠬᠠᠮᠵᠢᠯᠴᠠᠭ᠎ᠠ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠢᠭ ᠲᠤᠭᠲᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠵᠠᠯᠭᠠᠬᠤ ᠶᠢ ᠨᠢᠭᠡᠳᠦᠯᠲᠡᠢ ᠲᠦᠯᠦᠪᠯᠡᠵᠦ᠂ ᠬᠠᠷᠢᠴᠠᠩᠭᠤᠢ ᠶᠠᠳᠠᠭᠤ ᠬᠦᠴᠢᠷᠳᠡᠯᠲᠡᠢ ᠶᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂  ᠪᠦᠬᠦ ᠲᠠᠯ᠎ᠠ ᠪᠠᠷ ᠴᠢᠨᠡᠭᠡᠯᠢᠭᠵᠢᠬᠦ ᠵᠠᠮ ᠳᠡᠭᠡᠷ᠎ᠡ ᠨᠢᠭᠡ ᠬᠦᠮᠦᠨ ᠢ ᠴᠤ ᠡᠩᠨᠡᠭᠡ ᠠᠴᠠ ᠬᠤᠴᠣᠷᠤᠭᠤᠯᠬᠤ ᠦᠭᠡᠢ᠃   ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠤᠭᠤᠷᠢᠨ ᠢ ᠬᠠᠮᠠᠭᠠᠯᠠᠬᠤ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︽2020 ᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠨ ᠤ ᠢᠯᠠᠯᠲᠠ ᠶᠢ ᠲᠡᠮᠡᠴᠡᠨ ᠣᠯᠬᠤ ᠠᠵᠢᠯᠯᠠᠭ᠎ᠠ ᠶᠢᠨ ᠲᠥᠯᠥᠪᠯᠡᠭᠡ︾ ᠶᠢ ᠬᠡᠷᠡᠭᠵᠢᠭᠦᠯᠵᠦ᠂ ᠠᠵᠤ ᠦᠶ᠋ᠯᠡᠳᠪᠦᠷᠢ ᠶᠢᠨ ᠬᠠᠶᠠᠭᠳᠠᠮᠠᠯ ᠬᠡᠢ᠂ ᠲᠦᠯᠡᠰᠢᠨ ᠨᠡᠭᠦᠷᠡᠰᠦ᠂ ᠲᠣᠭᠤᠰᠣ᠂ ᠴᠠᠶᠢᠶ᠋ᠢᠦ ᠪᠠᠷᠠᠭ᠎ᠠ ᠶᠢᠨ ᠲᠡᠷᠭᠡ᠂ ᠡᠰᠢ ᠰᠦᠢᠷᠡᠯ ᠢ ᠭᠠᠯᠳᠠᠬᠤ ᠵᠡᠷᠭᠡ ᠪᠣᠬᠢᠷᠲᠤᠯ ᠤᠨ ᠡᠬᠢ ᠶᠢ ᠵᠠᠰᠠᠬᠤ ᠶᠢ ᠴᠢᠩᠭᠠᠳᠬᠠᠵᠤ᠂ ᠬᠤᠲᠠ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ  ᠪᠠᠶᠢᠬᠤ ᠡᠳᠦᠷ ᠤᠨ ᠲᠤᠭ᠎ᠠ ᠶᠢ 89% ᠠᠴᠠ ᠳᠡᠭᠡᠭᠰᠢ ᠳᠤ ᠬᠦᠷᠬᠦ ᠶᠢ ᠦᠨᠡᠨᠬᠦ ᠪᠠᠲᠤᠯᠠᠨ᠎ᠠ᠃ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠪᠠᠷ ᠬᠡᠷᠡᠭᠴᠡᠭᠡ ᠶᠢ ᠲᠣᠭᠲᠠᠭᠠᠬᠤ ᠤᠰᠤᠨ ᠤ ᠬᠡᠮᠵᠢᠶ᠎ᠡ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 9000 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ᠃ ︽ᠲᠦᠮᠡᠨ ᠬᠥᠮᠦᠨ ᠮᠢᠩᠭᠠᠨ ᠲᠣᠨ︾ ᠤ ᠲᠥᠪᠯᠡᠷᠡᠩᠭᠦᠶ ᠮᠠᠶ᠋ᠢᠭ ᠤᠨ ᠤᠮᠳᠠ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠲᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠤᠨ ᠰᠠᠪᠠ ᠶᠢᠨ ︽ᠳᠥᠷᠪᠡᠨ ᠡᠮᠬᠢ ᠵᠠᠮᠪᠠᠷᠠᠭ᠎ᠠ ᠥᠬᠡᠶ ᠶᠢ ᠠᠷᠢᠯᠭᠠᠬᠤ︾ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠦᠷᠨᠢᠭᠦᠯᠦᠨ᠎ᠡ᠃ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠪᠦᠬᠦ ᠬᠡᠪᠴᠢᠶᠡᠨ ᠳᠤ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠦᠢᠯᠡᠳᠪᠦᠷᠢᠯᠡᠯ ᠤᠨ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠲᠡᠵᠢᠭᠡᠪᠦᠷᠢ ᠵᠢᠭᠦᠷᠲᠡᠨ ᠤ  ᠪᠠᠭᠠᠰᠤ ᠶᠢᠨ ᠪᠤᠬᠢᠷᠲᠤᠯ ᠤᠳ ᠢ ᠡᠬᠢ ᠪᠠᠶᠠᠯᠢᠭ ᠪᠤᠯᠭᠠᠨ ᠠᠰᠢᠭᠯᠠᠬᠤ ᠶᠢ ᠠᠬᠢᠭᠤᠯᠵᠤ᠂ ᠬᠢᠮᠢ ᠶᠢᠨ ᠪᠣᠷᠳᠤᠭᠤᠷ ᠲᠠᠷᠢᠶᠠᠨ ᠡᠮ ᠬᠡᠷᠡᠭᠯᠡᠬᠦ ᠶᠡᠷᠦᠩᠬᠡᠢ ᠬᠡᠮᠵᠢᠶ᠎ᠡ ᠶᠢ ᠠᠳᠠᠯᠢ ᠬᠠᠷᠢᠴᠠᠯ ᠢᠶᠠᠷ ᠲᠣᠰ ᠲᠣᠰ 4.9% ᠪᠤᠯᠤᠨ 5.3% ᠪᠠᠷ ᠪᠠᠭᠤᠷᠠᠭᠤᠯᠤᠨ᠎ᠠ᠃ 20 ᠲᠦᠮᠡᠨ ᠮᠦ ᠲᠠᠷᠢᠶᠠᠯᠠᠬᠤ ᠶᠢ ᠵᠤᠭᠰᠤᠭᠠᠨ ᠡᠪᠡᠰᠦ ᠪᠡᠯᠴᠢᠭᠡᠷ ᠲᠠᠷᠢᠬᠤ᠂ ᠤᠷᠭᠤᠭ᠎ᠠ ᠮᠤᠳᠤ ᠦᠭᠡᠢ ᠮᠤᠳᠤᠨ ᠭᠠᠵᠠᠷ ᠤᠨ ᠤᠷᠭᠤᠮᠠᠯ ᠪᠦᠷᠬᠦᠴᠡ ᠶᠢ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠵᠤ ᠣᠢ ᠮᠣᠳᠣ ᠵᠠᠶᠢᠯᠠᠬᠤ ᠭᠠᠵᠠᠷ ᠢ ᠨᠦᠬᠦᠪᠦᠷᠢᠯᠡᠨ ᠵᠠᠶᠢᠯᠠᠵᠤ ᠤᠶᠢᠵᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠶᠢ 44 ᠲᠦᠮᠡᠨ ᠮᠦ ᠪᠡᠶᠡᠯᠡᠭᠦᠯᠦᠨ᠎ᠡ᠃    ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠲᠠᠯ᠎ᠠ ᠪᠠᠷ᠂ ︽ᠭᠤᠷᠪᠠ ᠶᠢ ᠪᠠᠲᠤᠯᠠᠬᠤ︾ ᠰᠠᠭᠤᠷᠢ ᠱᠤᠭᠤᠮ ᠢ ᠪᠠᠲᠤ ᠰᠠᠬᠢᠵᠤ᠂ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠢᠳᠡᠪᠬᠢᠲᠡᠶ ᠪᠥᠭᠡᠳ ᠵᠤᠬᠢᠰᠲᠠᠢ ᠪᠠᠷ ᠨᠠᠮᠳᠠᠭᠤᠯᠤᠨ᠎ᠠ᠃ ᠬᠤᠰᠢᠭᠤᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠠᠵᠤ ᠠᠬᠤᠶᠢᠯᠠᠯ ᠢ ᠳᠠᠭᠠᠭᠠᠴᠢᠯᠠᠨ ᠬᠤᠯᠪᠤᠬᠤ ᠲᠤᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠨ ᠬᠦᠷᠦᠩᠭᠡ ᠨᠡᠮᠡᠭᠳᠡᠭᠦᠯᠬᠦ ᠶᠢ ᠠᠬᠢᠭᠤᠯᠵᠤ᠂ ᠭᠠᠶᠢᠯᠢ ᠶᠢᠨ ᠢᠷᠡᠯᠳᠡ ᠶᠢᠨ ᠳᠠᠯᠳᠠ ᠬᠦᠴᠦᠨ ᠢ ᠠᠭᠤᠳᠠᠯᠤᠨ᠎ᠠ᠃ ᠲᠥᠰᠦᠪ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠭᠠᠶᠢᠯᠢ ᠶᠢᠨ ᠢᠷᠡᠯᠲᠡ ᠶᠢ ᠨᠡᠮᠡᠭᠳᠡᠭᠦᠯᠵᠦ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠵᠤ᠂ ᠬᠠᠳᠠᠭᠠᠯᠠᠮᠵᠢ ᠶᠢᠨ ᠬᠥᠷᠥᠩᠭᠡ ᠶᠢ ᠡᠷᠭᠢᠯᠲᠡ ᠳᠤ ᠤᠷᠤᠭᠤᠯᠵᠤ᠂ ᠭᠠᠵᠠᠷ ᠰᠢᠷᠣᠶ ᠶᠢ ᠨᠡᠭᠡᠭᠡᠨ ᠬᠦᠭᠵᠢᠬᠦᠯᠵᠦ ᠥᠷᠲᠡᠭ ᠨᠡᠮᠡᠭᠳᠡᠭᠦᠯᠵᠦ᠂ ᠰᠢᠨ᠎ᠡ ᠪᠠᠷ ᠨᠡᠮᠡᠭᠳᠡᠬᠦ ᠵᠢᠭᠡᠯᠡᠯᠭᠡ ᠶᠢᠨ ᠲᠡᠮᠲᠡᠭ ᠢ ᠲᠡᠮᠡᠴᠡᠨ ᠤᠯᠵᠤ᠂ ᠵᠢᠯ ᠳᠤ 11.6 ᠳ᠋ᠦᠩᠰᠢᠭᠤᠷ ᠲᠥᠭᠦᠷᠢᠭ  ᠤᠨ ᠦᠷᠢ ᠦᠭᠴᠡᠭᠡ ᠲᠦᠯᠦᠬᠦ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ᠃ᠲᠦᠷᠪᠡ᠂ᠵᠠᠩᠭᠢᠯᠠᠭ᠎ᠠ ᠶᠢᠨ ᠦᠭᠡ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ   ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5.5 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠲᠠᠯᠠᠪᠠᠢ ᠶᠢ 45.8 ᠲᠦᠮᠡᠨ ᠮᠦ ᠳᠤ ᠬᠦᠷᠭᠡᠨ᠎ᠡ᠃ ᠰᠠᠭᠠᠭ ᠂ ᠰᠢᠬᠢᠷᠯᠢᠭ ᠰᠢᠰᠢ᠂ ᠡᠯᠳᠡᠪ ᠠᠮᠤ ᠪᠤᠷᠴᠠᠭ᠂ ᠮᠣᠩᠭᠤᠯ ᠬᠢᠲᠠᠳ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠰᠢᠯᠢᠳᠡᠭᠵᠢᠭᠦᠯᠦᠨ᠎ᠡ᠃ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠦᠨᠢᠶ᠎ᠡ ᠶᠢ ᠥᠷᠭᠡᠳᠬᠡᠨ ᠦᠷᠡᠵᠢᠭᠦᠯᠬᠦ ︽ᠲᠦᠮᠡ ᠮᠢᠩᠭ᠎ᠠ ᠵᠠᠭᠤ ᠠᠷᠪᠠ︾ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠵᠢᠯ ᠤᠨ ᠳᠣᠲᠣᠷ᠎ᠠ ᠠᠯᠠᠰᠢᠨ ᠦᠬᠡᠷ ᠤᠨ ᠲᠤᠭ᠎ᠠ ᠶᠢ 30 ᠲᠦᠮᠡᠨ ᠲᠣᠯᠣᠭᠠᠢ ᠳᠤ ᠬᠦᠷᠦᠭᠦᠯᠬᠦ ᠪᠠᠷ ᠴᠢᠷᠮᠠᠶᠢᠨ᠎ᠠ᠃ ᠲᠣᠮᠣ ᠬᠠᠪᠲᠠᠭᠠᠶ ᠭᠦᠢᠯᠡᠰᠦ᠂ ᠬᠡᠮᠡᠷᠯᠢᠭ ᠬᠠᠶᠢᠲᠠᠩ ᠵᠡᠷᠭᠡ ᠣᠢ ᠰᠢᠭᠤᠢ ᠵᠢᠮᠢᠰ ᠤᠨ ᠲᠠᠷᠢᠬᠤ ᠬᠡᠪᠴᠢᠶ᠎ᠡ ᠶᠢ ᠦᠷᠭᠡᠳᠭᠡᠵᠦ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠶᠡᠬᠡᠪᠡᠷ ᠬᠥᠭᠵᠢᠭᠦᠯᠵᠦ᠂ ︽ᠲᠠᠷᠢᠶᠠᠯᠠᠩ + ᠵᠤᠭᠠᠴᠠᠯ︾᠂ ︽ᠬᠥᠳᠡᠭᠡ ᠲᠣᠰᠬᠤᠨ + ᠡᠯᠧᠺᠲᠷᠣᠨ ᠬᠤᠳᠠᠯᠳᠤᠭ᠎ᠠ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠤᠶᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠣᠷᠯᠣᠩ ᠤᠨ ᠬᠤᠪᠢᠰᠬᠠᠯ᠂ ᠬᠤᠭ ᠨᠣᠪᠰᠢ ᠪᠣᠬᠢᠷ ᠤᠰᠤ ᠶᠢ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠵᠠᠰᠠᠬᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠤᠰᠬᠤᠨ 10᠂ ᠤᠯᠤᠰ ᠤᠨ ᠲᠠᠰ ᠤᠨ ᠣᠶ ᠰᠢᠭᠤᠶ ᠶᠢᠨ ᠬᠥᠳᠡᠭᠡ ᠲᠣᠰᠬᠤᠨ 1 ᠶᠢ ᠭᠤᠤᠯᠳᠠᠯᠭ᠎ᠠ ᠲᠠᠢ ᠴᠤᠭᠴᠠᠯᠠᠨ᠎ᠠ᠃ ᠪᠠᠶᠠᠨᠬᠤᠸᠠ ᠪᠠᠯᠭᠠᠰᠤ᠂ ᠰᠢᠶᠠᠨᠵᠢᠨ ᠰᠤᠮᠤᠨ ᠤ ᠬᠤᠭ ᠨᠣᠪᠰᠢ ᠶᠢ ᠬᠡᠰᠡᠭ ᠬᠤᠯᠪᠤᠭᠠᠯᠠᠨ ᠰᠢᠢᠳᠪᠦᠷᠢᠯᠡᠬᠦ ᠲᠦᠰᠦᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠭ ᠨᠣᠪᠰᠢ ᠰᠢᠢᠳᠪᠦᠷᠢᠯᠡᠬᠦ ᠲᠠᠯᠠᠪᠠᠢ 3᠂ ᠳᠠᠮᠵᠢᠭᠤᠯᠬᠤ ᠥᠷᠲᠡᠭᠡ 2 ᠶᠢ ᠰᠢᠨ᠎ᠡ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠤ ᠡᠷᠦᠬᠡ ᠶᠢᠨ ᠬᠡᠷᠡᠭᠯᠡᠬᠦ ᠡᠷᠡᠭᠦᠯ ᠬᠠᠮᠠᠭᠠᠯᠠᠯ ᠤᠨ ᠵᠣᠷᠯᠣᠩ 922 ᠰᠠᠭᠤᠷᠢ ᠰᠢᠨ᠎ᠡ ᠪᠠᠷ ᠪᠠᠶᠢᠭᠤᠯᠤᠨ᠎ᠠ᠃ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠮᠤᠬᠤᠷ ᠵᠠᠮ ᠢ 39 ᠺᠢᠯᠣᠮᠧᠲᠷ ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠪᠡᠶᠡᠯᠡᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠬᠥᠭᠵᠢᠭᠦᠯᠦᠨ ᠬᠦᠴᠦᠷᠬᠡᠭᠵᠢᠭᠦᠯᠵᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠦᠬᠦᠨ ᠢ 10 ᠲᠦᠮᠡᠨ ᠲᠥᠭᠦᠷᠢᠭ ᠠᠴᠠ ᠳᠡᠭᠡᠭᠰᠢ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠲᠤ ᠦᠢᠯᠡᠴᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠤᠷᠤᠯᠴᠠᠭᠤᠯᠤᠨ᠎ᠠ᠃ ᠲᠠᠷᠢᠶᠠᠯᠠᠩ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠶᠡᠬᠡᠪᠡᠷ ᠬᠦᠮᠦᠵᠢᠭᠦᠯᠦᠨ᠎ᠡ᠃ ᠬᠤᠰᠢᠭᠤ ᠰᠢᠶᠠᠩ ᠲᠣᠰᠬᠤᠨ ᠤ ᠭᠤᠷᠪᠠᠨ ᠱᠠᠲᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠵᠠᠭᠪᠤᠷ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ᠲᠠᠪᠤ᠂ᠵᠠᠩᠭᠢᠯᠠᠭ᠎ᠠ ᠶᠢᠨ ᠦᠭᠡ᠄ ᠬᠤᠲᠠ ᠪᠠᠯᠭᠠᠰᠤᠨ ᠤ ᠪᠦᠲᠦᠭᠡᠨ ᠪᠠᠢᠭᠤᠯᠤᠯᠲᠠ   ᠢᠯᠴᠢ ᠬᠠᠩᠭᠠᠬᠤ ᠤᠰᠤ ᠬᠠᠩᠭᠠᠬᠤ ᠬᠤᠭᠤᠯᠠᠶ ᠶᠢᠨ ᠲᠣᠤᠷ᠂ ᠬᠤᠭ ᠨᠣᠪᠰᠢ ᠰᠢᠢᠳᠪᠦᠷᠢᠯᠡᠬᠦ᠂ ᠵᠠᠮ ᠬᠠᠷᠢᠯᠴᠠᠭ᠎ᠠ ᠵᠡᠷᠭᠡ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠲᠣᠭᠤᠷᠢᠭ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠤᠶᠠᠨ ᠪᠠᠷᠢᠯᠳᠣᠭᠤᠯᠣᠭᠴᠢ ᠴᠡᠴᠡᠷᠯᠢᠭ ᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠢ ᠪᠡᠶᠡᠯᠡᠭᠦᠯᠵᠦ᠂ ᠾᠸᠦ ᠹᠦ᠋ ᠵᠡᠭᠡᠯᠢ ᠬᠢᠭᠡᠳ ᠬᠦᠷᠢᠶ᠎ᠡ — ᠺᠠᠶᠢᠯᠦ ᠶᠢᠨ  ᠵᠠᠰᠠᠮᠠᠯ ᠵᠠᠮ ᠤᠨ ᠵᠠᠯᠭᠠᠬᠤ ᠱᠤᠭᠤᠮ᠂ ᠪᠤᠶᠠᠨ ᠪᠠᠷᠢᠯᠳᠤᠭᠤᠯᠤᠭᠴᠢ ᠵᠠᠮ ᠬᠢᠭᠡᠳ ᠰᠣᠶᠣᠯ ᠵᠡᠭᠡᠯᠢ ᠶᠢ ᠤᠷᠲᠤᠳᠬᠠᠬᠤ ᠵᠡᠷᠭᠡ ᠬᠤᠲᠠ ᠪᠠᠯᠭᠠᠰᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ  ᠪᠠᠷᠢᠯᠭ᠎ᠠ ᠢ ᠡᠬᠢᠯᠡᠭᠦᠯᠵᠦ᠂ ᠬᠤᠲᠠ ᠪᠠᠯᠭᠠᠰᠤᠨ ᠤ ᠵᠠᠮ ᠤᠨ ᠶᠡᠷᠦᠩᠬᠡᠢ ᠳᠠᠭᠠᠭᠠᠴᠠ ᠶᠢ ᠳᠡᠭᠡᠭᠰᠢᠯᠡᠭᠦᠯᠵᠦ᠂ ︽ᠥᠪᠡᠷᠲᠡᠭᠡᠨ ᠵᠠᠰᠠᠬᠤ ᠣᠷᠣᠨ ᠤ ᠲᠡᠰ ᠤᠨ ᠴᠡᠴᠡᠷᠯᠢᠭ ᠤᠨ ᠰᠢᠶᠠᠨ ᠤ ᠬᠤᠲᠠ︾ ᠶᠢᠨ ᠰᠢᠯᠭᠠᠨ ᠪᠠᠶᠢᠴᠠᠭᠠᠯᠲᠠ ᠶᠢ ᠠᠮᠵᠢᠯᠲᠠ ᠲᠠᠢ ᠦᠩᠭᠡᠷᠡᠬᠦ ᠶᠢ ᠪᠠᠲᠤᠯᠠᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠ ᠪᠠᠷᠢᠯᠭ᠎ᠠ ᠶᠢᠨ ᠡᠨᠧᠷᠭᠢ ᠠᠷᠪᠢᠯᠠᠬᠤ ᠦᠭᠡᠷᠡᠴᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠬᠠᠭᠤᠴᠢᠨ ᠪᠠᠭᠤᠷᠢ ᠵᠡᠷᠭᠡ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠤᠤᠯ ᠤᠨ ᠠᠯᠪᠠᠨ ᠭᠠᠵᠠᠷ ᠢ ᠪᠦᠲᠦᠮᠵᠢᠲᠡᠢ  ᠨᠢᠭᠡᠳᠭᠡᠵᠦ᠂ ᠬᠡᠦᠬᠡᠳ ᠤᠨ ᠴᠡᠴᠷᠯᠢᠭ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠪᠠᠭ᠎ᠠ ᠨᠣᠭᠤᠭᠠᠷᠠᠭᠤᠯᠤᠯᠲᠠ᠂ ᠪᠠᠭ᠎ᠠ ᠠᠭᠤᠳᠠᠮ ᠲᠠᠯᠠᠪᠠᠢ ᠵᠡᠷᠭᠡ ᠣᠯᠠᠨ ᠲᠦᠮᠡᠨ ᠤ ᠪᠠᠴᠢᠮ ᠬᠡᠷᠡᠭᠴᠡᠭᠡ ᠲᠠᠢ ᠣᠯᠠᠨ ᠨᠡᠶᠢᠲᠡ ᠶᠢᠨ ᠲᠦᠭᠦᠭᠡᠷᠦᠮᠵᠢ ᠶᠢ ᠶᠡᠬᠡᠪᠡᠷ ᠬᠡᠷᠡᠭᠵᠢᠭᠦᠯᠵᠦ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠬᠤᠲᠠ ᠶᠢᠨ ᠬᠠᠮᠢᠶᠠᠷᠤᠯᠲᠠ ᠶᠢᠨ ᠰᠢᠪᠲᠤᠯᠤᠯᠲᠠ ᠶᠢᠨ ᠤᠨ︾ ᠤ ᠠᠵᠢᠯᠯᠠᠭ᠎ᠠ ᠶᠢ ᠦᠷᠨᠢᠭᠦᠯᠵᠦ᠂ ᠭᠤᠤᠯᠳᠠᠯᠭ᠎ᠠ ᠲᠠᠢ ᠲᠠᠯᠠᠪᠤᠷ᠂ ᠭᠤᠤᠯᠳᠠᠯᠭ᠎ᠠ ᠲᠠᠢ ᠠᠵᠢᠯ ᠲᠥᠷᠥᠯ ᠤᠨ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠬᠦᠴᠦᠲᠡᠢ ᠠᠳᠬᠤᠵᠤ᠂ ᠬᠤᠲᠠ ᠶᠢᠨ ᠦᠵᠡᠮᠵᠢ ᠬᠤᠲᠠ ᠶᠢᠨ ᠳᠦᠷᠢ ᠳᠦᠷᠰᠦ ᠶᠢᠨ ᠪᠠᠶᠢᠳᠠᠯ ᠢ ᠲᠤᠰᠬᠠᠢ ᠵᠠᠰᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠤᠤᠯ ᠵᠡᠭᠡᠯᠢ᠂ ᠶᠠᠩᠰᠢᠪ ᠵᠠᠮ ᠵᠡᠷᠭᠡ ᠭᠤᠤᠯᠳᠠᠯᠭ᠎ᠠ ᠲᠠᠢ ᠣᠷᠣᠨ  ᠬᠡᠪᠴᠢᠶᠡᠨ ᠤ ᠶᠡᠷᠦᠩᠬᠡᠶᠢᠯᠡᠭᠰᠡᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠮ ᠡᠵᠡᠯᠡᠨ ᠡᠵᠡᠩᠨᠡᠬᠦ᠂ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ᠂ ᠲᠤᠭᠲᠠᠭᠠᠯ ᠢ ᠵᠦᠷᠴᠢᠨ ᠲᠡᠷᠭᠡ ᠬᠥᠰᠬᠡ ᠵᠣᠭᠰᠣᠭᠠᠬᠤ ᠵᠡᠷᠭᠡ ᠬᠤᠲᠠ ᠶᠢᠨ ᠬᠠᠮᠢᠶᠠᠷᠤᠯᠲᠠ ᠶᠢᠨ ᠠᠷᠬᠠᠭ ᠭᠡᠮ ᠢ ᠪᠦᠲᠦᠮᠵᠢᠲᠡᠶ ᠰᠢᠢᠳᠪᠦᠷᠢᠯᠡᠨ᠎ᠡ᠃ ︽ᠠᠳᠠᠯ ᠠᠬᠤᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠤᠨ︾ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠤᠬᠠᠭᠤᠯᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠨ᠎ᠡ ᠠᠷᠠᠳ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ︽ᠬᠦᠷᠢᠶ᠎ᠡ ᠶᠢᠨ ᠰᠠᠶᠢᠨ ᠬᠥᠮᠦᠨ︾᠂ ︽ᠶᠤᠰᠤ ᠮᠤᠷᠠᠯ ᠤᠨ ᠵᠢᠱᠢᠶᠡᠴᠢ︾ ᠵᠡᠷᠭᠡ ᠰᠢᠷᠢᠰ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠶᠣᠰᠣ ᠰᠤᠷᠲᠠᠬᠤᠨ ᠢ ᠳᠡᠭᠡᠳᠦᠯᠡᠵᠦ ᠪᠤᠶᠠᠨ ᠦᠢᠯᠡᠳᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠠᠷᠢᠭᠤᠨ ᠴᠡᠪᠡᠷ ᠪᠣᠷᠣᠭᠵᠢᠭᠤᠨ ᠨᠡᠶᠢᠭᠡᠮ ᠤᠨ ᠬᠡᠪ ᠰᠤᠷᠲᠠᠯ ᠢ ᠰᠤᠷᠲᠠᠯᠴᠢᠯᠠᠨ᠎ᠠ᠃ᠵᠢᠷᠭᠤᠭ᠎ᠠ᠂ᠵᠠᠩᠭᠢᠯᠠᠭ᠎ᠠ ᠶᠢᠨ ᠦᠭᠡ᠄ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠠᠶᠢᠭᠤᠯᠤᠯ ᠤᠨ ᠥᠭᠡᠷᠡᠴᠢᠯᠡᠯᠲᠡ    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠲᠣᠭᠲᠠᠭᠠᠵᠤ ᠪᠡᠯᠡ ᠮᠥᠩᠭᠦ ᠲᠡᠮᠡᠴᠡᠨ ᠤᠯᠬᠤ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ ᠠᠵᠠ ᠲᠣᠬᠢᠶᠠᠯ ᠢ ᠠᠰᠢᠭᠯᠠᠨ᠂ ᠤᠳᠤᠷᠢᠳᠤᠯᠭ᠎ᠠ ᠮᠠᠩᠯᠠᠶᠢᠯᠠᠵᠤ ᠪᠡᠯᠡ ᠮᠥᠩᠭᠦ ᠲᠡᠮᠡᠴᠡᠨ ᠤᠯᠬᠤ ᠶᠢ ᠳᠣᠪᠤᠶᠢᠯᠭᠠᠵᠤ᠂ ᠤᠷᠤᠨ᠂ ᠬᠤᠲᠠ᠂ ᠲᠢᠩᠬᠢᠮ ᠲᠣᠪᠴᠢᠶ᠎ᠠ ᠲᠠᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠵᠢᠯ ᠤᠨ ᠳᠣᠲᠣᠷ᠎ᠠ ᠲᠥᠷᠥᠯ ᠵᠦᠢᠯ ᠪᠠᠶᠢᠭᠤᠯᠤᠨ ᠪᠣᠳᠠᠲᠠᠶᠢᠵᠢᠭᠤᠯᠬᠤ ᠪᠠᠯᠠ ᠮᠥᠩᠭᠦ ᠶᠢ 13 ᠳ᠋ᠦᠩᠰᠢᠭᠤᠷ ᠲᠦᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠤᠳᠤᠷᠢᠳᠤᠯᠭ᠎ᠠ ᠲᠦᠷᠦᠭᠦᠯᠡᠨ ᠪᠡᠯᠡ ᠣᠷᠣᠭᠤᠯᠵᠤ ᠠᠪᠴᠢᠷᠠᠬᠤ ᠶᠢ ᠴᠢᠩᠭᠠᠷᠠᠭᠤᠯᠵᠤ᠂ ᠵᠢᠯ ᠤᠨ ᠳᠣᠲᠣᠷ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠳᠠᠪᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠡᠯᠡ ᠮᠥᠩᠭᠦ ᠲᠡᠮᠡᠴᠡᠨ ᠤᠯᠬᠤ ᠪᠡᠯᠡ ᠮᠥᠩᠭᠦ ᠣᠷᠣᠭᠤᠯᠬᠤ ᠶᠢ ᠵᠣᠷᠢᠭᠵᠢᠭᠤᠯᠬᠤ ᠲᠣᠭᠲᠠᠴᠠ ᠶᠢ ᠪᠠᠶᠢᠭᠤᠯᠵᠤ᠂ ᠶᠠᠪᠤᠴᠠ ᠶᠢ ᠰᠢᠮᠳᠠᠭᠤᠯᠤᠨ ᠪᠠᠶᠢᠴᠠᠭᠠᠬᠤ ᠪᠠ ᠬᠠᠷᠠᠯᠲᠠ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠪᠡᠯᠡ ᠮᠥᠩᠭᠦ ᠲᠡᠮᠡᠴᠡᠨ ᠤᠯᠬᠤ ᠪᠡᠯᠡ ᠣᠷᠣᠭᠤᠯᠬᠤ ᠳᠠᠪᠲᠠᠮᠵᠢ᠂ ᠪᠡᠯᠡ ᠮᠥᠩᠭᠦ ᠶᠢᠨ ᠪᠣᠳᠠᠲᠠᠶᠢᠵᠢᠭᠰᠠᠨ ᠨᠤᠷᠮ᠎ᠠ ᠶᠢᠨ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠪᠡᠯᠡ ᠮᠥᠩᠭᠦ ᠲᠡᠮᠡᠴᠡᠨ ᠤᠯᠬᠤ ᠪᠡᠯᠡ ᠮᠥᠩᠭᠦ ᠣᠷᠣᠭᠤᠯᠬᠤ ᠡᠭᠦᠷᠭᠡ ᠪᠠᠨ ᠪᠡᠶᠡᠯᠡᠭᠦᠯᠦᠭᠰᠡᠨ ᠦᠭᠡᠢ ᠪᠣᠯ ᠵᠢᠯ ᠤᠨ ᠲᠡᠷᠢᠭᠦᠨ ᠤ ᠬᠢ᠂ ᠰᠢᠯᠢᠳᠡᠭ ᠶᠢ ᠰᠢᠯᠭᠠᠷᠠᠭᠤᠯᠬᠤ ᠬᠢᠷᠢ ᠬᠡᠮ ᠢ ᠴᠥᠮ ᠬᠦᠴᠦᠨ ᠦᠭᠡᠢ ᠪᠤᠯᠭᠠᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠤᠨ︾ ᠤ ᠠᠵᠢᠯᠯᠠᠭ᠎ᠠ ᠶᠢ ᠶᠡᠬᠡᠪᠡᠷ ᠦᠷᠨᠢᠭᠦᠯᠵᠦ ᠂ ᠪᠦᠬᠦ ᠬᠤᠲᠠ ᠶᠢᠨ ᠲᠦᠷᠦᠭᠦᠦ ᠪᠦᠯᠦᠭ ᠬᠠᠷᠢᠴᠠᠩᠭᠤᠢ ᠲᠦᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠰᠢᠭᠤ ᠰᠢᠶᠠᠨ ᠤ ᠲᠣᠬᠢᠶᠠᠯ ᠢ ᠴᠢᠩᠭ᠎ᠠ ᠠᠳᠬᠤᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠢ ᠠᠬᠢᠭᠤᠯᠵᠤ᠂ ᠨᠢᠭᠡ ᠪᠦᠯᠦᠭ ︽ᠳᠤᠤᠷ᠎ᠠ ᠨᠢ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠨᠢᠭᠡ ᠯᠡ ᠤᠳᠠᠭ᠎ᠠ ᠭᠦᠢᠴᠡᠳᠭᠡᠬᠦ᠂ ᠤᠶᠢᠷᠠᠬᠠᠨ ᠭᠦᠢᠴᠡᠳᠭᠡᠬᠦ︾ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠨᠡᠶᠢᠲᠡᠯᠡᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠦᠯᠵᠢᠶᠡᠨ ᠳᠤᠤᠷᠠᠬᠢ ︽ᠨᠢᠭᠡ ᠴᠣᠩᠬᠤ ᠪᠠᠷ ᠬᠦᠯᠢᠶᠡᠨ ᠠᠪᠴᠤ ᠰᠢᠢᠳᠪᠦᠷᠢᠯᠡᠬᠦ︾᠂ ᠰᠦᠯᠵᠢᠶᠡᠨ ᠳᠡᠭᠡᠷᠡᠬᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠲᠦᠯᠬᠢᠨ ᠠᠬᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠢ ᠤᠯᠠᠮ ᠨᠢᠭᠡ ᠠᠯᠬᠤᠮ ᠰᠢᠯᠳᠡᠭᠵᠢᠭᠦᠯᠦᠨ ᠴᠣᠮᠬᠠᠳᠬᠠᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠨ᠎ᠠ᠃ ︽ᠬᠤᠤᠰ ᠲᠠᠰᠢᠷᠠᠮ ᠤᠨ ᠨᠢᠭᠡ ᠶᠢ ᠢᠯᠡ ᠪᠣᠯᠭᠠᠬᠤ︾ ᠪᠠ ︽ᠠᠮᠠᠯᠠᠯᠲᠠ ᠪᠠᠷ ᠮᠡᠳᠡᠭᠳᠡᠬᠦ + ᠤᠴᠢᠷ ᠤᠨ ᠳᠤᠮᠳᠠᠬᠢ ᠪᠠ ᠤᠴᠢᠷ ᠤᠨ ᠳᠠᠷᠠᠭᠠᠬᠢ ᠬᠢᠨᠠᠯᠲᠠ ᠬᠠᠮᠢᠶᠠᠷᠤᠯᠲᠠ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠯᠪᠤᠭᠠᠯᠠᠨ ᠬᠢᠨᠠᠨ ᠬᠠᠮᠢᠶᠠᠷᠬᠤ ᠪᠠ ᠬᠤᠯᠪᠤᠭᠠᠯᠠᠨ ᠰᠢᠯᠢᠵᠦ ᠪᠠᠶᠢᠴᠠᠭᠠᠬᠤ   ᠪᠠᠶᠢᠩᠭᠤᠵᠢᠯᠲᠠ ᠶᠢ ᠪᠡᠶᠡᠯᠡᠭᠦᠯᠵᠦ᠂ ᠲᠥᠪ ᠭᠤᠤᠯᠴᠢ ᠬᠢᠨᠠᠯᠲᠠ ᠬᠠᠮᠢᠶᠠᠷᠤᠯᠲᠠ ᠪᠠᠷ ᠡᠷᠬᠡ ᠲᠡᠭᠰᠢ ᠦᠷᠢᠰᠦᠯᠳᠦᠭᠡᠨ ᠢ ᠠᠬᠢᠭᠤᠯᠤᠨ᠎ᠠ᠃ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠠᠩᠰᠠᠨ ᠵᠤᠭᠤᠰ ᠢ ᠬᠤᠭᠤᠴᠠᠭ᠎ᠠ ᠶᠣᠰᠣᠭᠠᠷ  ᠳᠥᠯᠥᠵᠦ ᠳᠠᠭᠤᠰᠬᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠴᠢᠷᠮᠠᠶᠢᠨ ᠪᠠᠭᠤᠷᠠᠭᠤᠯᠤᠨ᠎ᠠ᠃ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠪᠤᠯᠭᠠᠨ ᠬᠤᠪᠢᠷᠠᠭᠤᠯᠬᠤ ᠶᠢ ᠠᠬᠢᠭᠤᠯᠵᠤ᠂ ᠪᠠᠩᠬᠢ ᠠᠵᠤ ᠠᠬᠤᠶᠢᠯᠠᠯ ᠤᠨ ᠬᠠᠮᠳᠤᠷᠠᠯ ᠤᠨ ᠲᠠᠪᠴᠠᠩ ᠢ ᠪᠠᠶᠢᠭᠤᠯᠵᠤ᠂ ︽ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠠᠵᠤ ᠠᠬᠤᠶᠢᠯᠠᠯ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠶᠢ ᠭᠦᠨᠵᠡᠭᠡᠶ ᠤᠶᠠᠯᠳᠤᠭᠤᠯᠬᠤ︾ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠶᠢ ᠲᠦᠷᠭᠡᠳᠬᠡᠨ ᠪᠠᠶᠢᠭᠤᠯᠵᠤ᠂ ᠰᠢᠨ᠎ᠡ ᠶᠢ ᠡᠭᠦᠳᠬᠦ ᠬᠦᠴᠦᠨ ᠵᠦᠢᠯ ᠢ ᠠᠵᠤ ᠠᠬᠤᠶᠢᠯᠠᠯ ᠲᠡᠰᠢ ᠲᠥᠪᠯᠡᠷᠡᠭᠦᠯᠬᠦ ᠶᠢ ᠠᠬᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠪᠡᠯᠡ ᠴᠤᠭᠯᠠᠭᠤᠯᠬᠤ ᠲᠠᠪᠴᠠᠩ ᠤᠨ ᠬᠡᠯᠪᠡᠷᠢ ᠪᠠᠨ ᠬᠤᠪᠢᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠲᠤᠭᠲᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠴᠢᠨ ᠮᠠᠯᠴᠢᠳ ᠤᠨ ᠬᠠᠮᠲᠤ ᠶᠢᠨ ᠡᠳ᠋ ᠬᠥᠷᠥᠩᠭᠡ ᠶᠢᠨ ᠡᠷᠬᠡ ᠠᠰᠢᠭ ᠢ ᠬᠠᠮᠠᠭᠠᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠤᠨ ᠵᠢᠱᠢᠶ᠎ᠡ ᠦᠵᠡᠭᠦᠯᠬᠦ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ᠂ ᠳᠡᠰ ᠬᠤᠪᠢᠶᠠᠨ ᠡᠮᠨᠡᠬᠦ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠠᠲᠤᠲᠠᠶ ᠥᠷᠨᠢᠭᠦᠯᠦᠨ᠎ᠡ ᠃ ᠠᠷᠠᠳᠴᠢᠯᠠᠯ ᠬᠠᠤᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷ᠂ ᠤᠯᠠᠨ ᠳᠠᠪᠬᠤᠷᠭ᠎ᠠ᠂ ᠳᠦᠷᠢᠮᠵᠢᠭᠰᠡᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ᠳᠤᠯᠤᠭ᠎ᠠ᠂ᠵᠠᠩᠭᠢᠯᠠᠭ᠎ᠠ ᠶᠢᠨ ᠦᠭᠡ᠄ ᠨᠡᠶᠢᠭᠡᠮ ᠤᠨ ᠠᠷᠠᠳ ᠤᠨ ᠠᠮᠢᠳᠤᠷᠠᠯ    ᠳᠦᠭᠦᠮ ᠪᠣᠷᠣᠭᠵᠢᠭᠤᠨ ᠵᠠᠰᠠᠭ ᠪᠠᠷᠢᠬᠤ᠂ ᠠᠵᠢᠯᠴᠢ ᠠᠷᠪᠢᠴᠢ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠵᠢᠯ ᠤᠨ ᠳᠣᠲᠣᠷ᠎ᠠ ᠡᠩ ᠤᠨ ᠴᠢᠨᠠᠷᠲᠠᠶ ᠵᠠᠷᠤᠯᠭ᠎ᠠ ᠶᠢ ᠳᠠᠬᠢᠨ 5% ᠠᠴᠠ ᠳᠡᠭᠡᠭᠰᠢ ᠪᠠᠭᠠᠰᠬᠠᠵᠤ᠂  ᠭᠤᠷᠪᠠᠨ  ᠠᠯᠪᠠᠨ ᠵᠠᠷᠤᠳᠠᠯ ᠢ ᠳᠠᠬᠢᠨ 10% ᠠᠴᠠ ᠳᠡᠭᠡᠭᠰᠢ ᠪᠠᠭᠠᠰᠬᠠᠵᠤ᠂ ᠬᠢᠵᠠᠭᠠᠷ ᠲᠠᠢ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠤᠶᠠᠨ ᠵᠢᠷᠭᠠᠯ ᠢ ᠨᠡᠮᠡᠭᠳᠡᠭᠦᠯᠬᠦ ᠳᠤ ᠨᠠᠩ ᠢᠯᠡᠭᠦᠤ ᠬᠡᠷᠡᠭᠯᠡᠵᠦ᠂ ᠵᠠᠰᠠᠭ ᠤᠨ ᠣᠷᠳᠣᠨ ᠤ ︽ᠨᠠᠷᠢᠯᠠᠵᠤ ᠠᠮᠢᠳᠤᠷᠠᠬᠤ︾ ᠪᠠᠷ ᠠᠷᠠᠳ ᠲᠦᠮᠡᠨ ᠤ ︽ᠰᠠᠶᠢᠨ ᠡᠳᠦᠷ︾ ᠢ  ᠴᠢᠷᠮᠠᠶᠢᠨ ᠰᠤᠯᠢᠨ᠎ᠠ᠃    ᠭᠤᠤᠯᠳᠠᠯᠭ᠎ᠠ ᠲᠠᠢ ᠬᠠᠮᠲᠤᠯᠢᠭ ᠤᠨ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠪᠣᠯᠪᠠᠰᠤᠷᠠᠯ᠂ ᠤᠶᠤᠲᠠᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠴᠤᠭᠯᠠᠷᠠᠭᠤᠯᠤᠨ ᠲᠦᠯᠦᠪᠯᠡᠬᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠠᠪᠴᠢᠯ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠲᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ ᠪᠠ ᠬᠥᠯᠥᠰᠥᠨ ᠠᠵᠢᠯᠴᠢᠨ ᠵᠡᠷᠭᠡ ᠭᠤᠤᠯᠳᠠᠯᠭ᠎ᠠ ᠲᠠᠢ  ᠬᠠᠮᠲᠤᠯᠢᠭ ᠤᠨ ᠣᠯᠠᠨ ᠵᠠᠮ ᠢᠶᠠᠷ ᠠᠵᠢᠯ ᠣᠯᠵᠤ ᠦᠢᠯᠡᠰ ᠴᠤᠭᠴᠢᠯᠠᠬᠤ ᠶᠢ ᠠᠬᠢᠭᠤᠯᠵᠤ᠂  ᠨᠢᠭᠡ ᠴᠦ ᠠᠵᠢᠯ ᠣᠯᠤᠭᠠᠳᠤᠶ ᠭᠡᠷ ᠪᠦᠯᠢ ᠶᠢᠨ ᠬᠦᠳᠡᠯᠦᠩᠭᠦᠢ ᠪᠠᠶᠢᠳᠠᠯ ᠢ ᠦᠭᠡᠢ ᠪᠣᠯᠭᠠᠬᠤ ᠶᠢ ᠦᠨᠡᠨᠬᠦ ᠪᠠᠲᠤᠯᠠᠨ᠎ᠠ᠃ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠳ 1150 ᠬᠥᠮᠦᠨ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦ ᠢ ᠬᠤᠪᠢᠷᠠᠭᠤᠯᠤᠨ ᠤᠯᠭᠤᠭᠰᠠᠨ ᠨᠢ 3.6 ᠲᠦᠮᠡᠨ ᠬᠥᠮᠦᠨ ᠤᠳᠠᠭ᠎ᠠ ᠬᠦᠷᠭᠡᠨ᠎ᠡ᠃ ᠨᠡᠶᠢᠭᠡᠮ ᠤᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠳᠦᠯᠲᠡᠶ ᠲᠥᠷᠥ ᠶᠢᠨ ᠪᠣᠳᠣᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠨᠡᠶᠢᠭᠡᠮ ᠤᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠬᠦᠴᠦᠴᠡ ᠶᠢ ᠶᠡᠬᠡᠳᠭᠡᠨ᠎ᠡ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠦᠷᠢᠮ ᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠬᠤᠲᠠ ᠬᠥᠳᠡᠭᠡ ᠶᠢᠨ ᠠᠪᠤᠷᠠᠨ ᠲᠤᠰᠠᠯᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠬᠢᠵᠠᠭᠠᠷ ᠱᠤᠭᠤᠮ ᠢ ᠪᠠᠲᠤ ᠰᠠᠬᠢᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠰᠠᠭᠤᠳᠠᠯ ᠢ ᠲᠣᠬᠢᠲᠠᠶ ᠰᠢᠢᠳᠪᠦᠷᠢᠯᠡᠨ᠎ᠡ᠃ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾᠂ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠦᠨ᠎ᠡ᠃ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ᠪᠣᠯᠤᠨ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠡᠮᠡᠭᠲᠡᠶᠢᠴᠦᠳ᠂ ᠬᠡᠤᠬᠡᠳ᠂ ᠵᠡᠮᠳᠡᠭᠴᠦᠳ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ  ᠪᠠᠲᠤᠯᠠᠨ᠎ᠠ᠃    ᠰᠤᠷᠭᠠᠨ ᠬᠥᠮᠦᠵᠢᠯ ᠤᠨ ᠶᠠᠰᠤ ᠴᠢᠨᠠᠷ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠬᠦᠷᠢᠶ᠎ᠡ ᠨᠢᠭᠡᠳᠦᠭᠡᠷ ᠳᠤᠮᠳᠠᠳᠤ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠬᠦᠷᠢᠶ᠎ᠡ ᠬᠤᠶᠠᠳᠤᠭᠠᠷ ᠳᠤᠮᠳᠠᠳᠤ ᠰᠤᠷᠭᠠᠭᠤᠯᠢ᠂ ᠬᠦᠷᠢᠶ᠎ᠡ ᠬᠡᠤᠬᠡᠳ ᠤᠨ ᠴᠡᠴᠡᠷᠯᠢᠭ ᠤᠨ ᠬᠤᠶᠠᠳᠤᠭᠠᠷ ᠴᠡᠴᠡᠷᠯᠢᠭ ᠵᠡᠷᠭᠡ 5 ᠰᠠᠭᠤᠷᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠰᠤᠷᠭᠠᠭᠤᠯᠢ ᠶᠢᠨ ᠵᠠᠬᠢᠷᠤᠯ᠂ ᠪᠠᠭᠰᠢ ᠂ ᠰᠤᠷᠤᠭᠴᠢ ︽ᠭᠤᠷᠪᠠᠨ ᠰᠠᠯᠠᠭ᠎ᠠ ᠡᠩᠨᠡᠭᠡ︾ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠵᠦ᠂ ᠲᠦᠷᠢᠮᠵᠢᠭᠰᠡᠨ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠳᠠᠮᠵᠢᠵᠤ᠂ ᠨᠢᠭᠡ ᠪᠦᠯᠦᠭ ᠮᠡᠷᠭᠡᠵᠢᠯ ᠤᠨ ᠴᠢᠳᠠᠪᠤᠷᠢ ᠶᠢᠨ ᠬᠡᠯᠪᠡᠷᠢ ᠶᠢᠨ᠂ ᠲᠤᠰᠬᠠᠢ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠪᠤᠶᠢᠵᠢᠭᠤᠯᠬᠤ ᠶᠢ ᠲᠦᠷᠭᠡᠳᠭᠡᠨ᠎ᠡ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠬᠢᠬᠦ ᠶᠢ ᠲᠤᠰᠬᠠᠶ ᠵᠠᠰᠠᠬᠤ ᠶᠢ ᠯᠠᠪᠳᠠᠭᠤᠨ ᠥᠷᠨᠢᠭᠦᠯᠵᠦ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠦᠩᠭᠡᠯᠡᠵᠦ᠂ ᠰᠤᠷᠭᠠᠨ ᠬᠥᠮᠦᠵᠢᠯ ᠤᠨ ᠬᠦᠭᠵᠢᠯᠲᠡ ᠶᠢᠨ ᠣᠷᠴᠢᠨ ᠲᠣᠭᠤᠷᠢᠨ ᠢ ᠴᠡᠪᠡᠷᠰᠢᠭᠦᠯᠦᠨ᠎ᠡ᠃    ︽ᠭᠤᠷᠪᠠᠨ ᠡᠮᠨᠡᠯᠭᠡ︾ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ 30 ᠮᠢᠨᠦ᠋ᠲ ᠤᠨ ᠲᠦᠷᠭᠡᠨ ᠠᠪᠤᠷᠠᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂  ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ ᠶᠡᠭᠡ ᠡᠷᠡᠭᠦᠯ ᠡᠩᠬᠡ︾ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠪᠦᠬᠦ ᠠᠷᠠᠳ ᠤᠨ 15 ᠮᠢᠨᠦ᠋ᠲ ᠤᠨ ᠪᠡᠶ᠎ᠡ  ᠴᠠᠬᠢᠷᠠᠭᠵᠢᠭᠤᠯᠬᠤ ᠲᠤᠭᠤᠷᠢᠭ  ᠢ ᠳᠡᠯᠭᠡᠷᠡᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠪᠣᠯᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠶᠢ ᠡᠵᠡᠮᠳᠡᠬᠦ ᠰᠢᠰᠲ᠋ᠧᠮ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠪᠣᠯᠤᠨ ᠬᠦᠨᠳᠦ ᠶᠡᠭᠡ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠴᠢᠨᠠᠷ ᠢ  ᠳᠡᠭᠡᠰᠢᠯᠡᠭᠦᠯᠦᠨ ᠦᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ ᠥᠨᠳᠥᠷ ᠪᠠᠷᠢᠮᠵᠢᠶᠠᠲᠤ ᠨᠠᠰᠤᠲᠠᠨ ᠢ ᠠᠰᠠᠷᠠᠬᠤ ᠪᠠᠶᠢᠭᠤᠯᠤᠮᠵᠢ ᠶᠢ ᠪᠠᠶᠢᠭᠤᠯᠤᠨ᠎ᠠ᠃ ︽ᠡᠮᠨᠡᠬᠦ ᠰᠤᠪᠢᠯᠠᠬᠤ ᠶᠢ ᠤᠶᠠᠯᠳᠤᠭᠤᠯᠬᠤ︾ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠰᠢᠨ᠎ᠡ  ᠬᠡᠯᠪᠡᠷᠢ ᠶᠢᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠰᠢᠰᠲ᠋ᠧᠮ ᠶᠢ ᠬᠦᠴᠦᠯᠡᠨ ᠪᠠᠶᠢᠭᠤᠯᠤᠨ᠎ᠠ᠃ᠨᠠᠢᠮᠠ᠂ᠵᠠᠩᠭᠢᠯᠠᠭ᠎ᠠ ᠶᠢᠨ ᠦᠭᠡ᠄ ᠠᠶᠤᠯ ᠥᠬᠡᠶ ᠦᠢᠯᠡᠳᠪᠦᠷᠢᠯᠡᠯ ᠬᠢᠭᠡᠳ ᠵᠠᠬᠢᠳᠠᠯ ᠰᠤᠷᠪᠤᠯᠵᠢᠯᠠᠯ ᠲᠣᠭᠲᠠᠭᠤᠨ ᠢ ᠪᠠᠲᠤᠯᠠᠬᠤ   ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠥᠬᠦ ᠣᠷᠣᠨ ᠤ ᠠᠩᠬᠠᠳᠠᠭᠴᠢ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ  ᠰᠢᠰᠲ᠋ᠧᠮ ᠤᠨ ᠪᠠᠶᠢᠭᠤᠯᠤᠯᠲᠠ ᠶᠢ ᠡᠬᠢᠯᠡᠭᠦᠯᠵᠦ᠂ ᠶᠡᠷᠦᠩᠬᠡᠶᠢᠯᠡᠭᠰᠡᠨ ᠪᠣᠳᠠᠲᠤ ᠲᠡᠶᠢᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠭᠠᠯ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠤ ᠳᠦᠷᠢᠮ ᠲᠤᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠶᠢ ᠡᠷᠡᠰ ᠪᠡᠶᠡᠯᠡᠭᠦᠯᠦᠨ᠎ᠡ᠃ ︽ᠠᠮᠤᠷ ᠲᠦᠪᠰᠢᠨ ᠬᠦᠷᠢᠶ᠎ᠡ︾ ︽ᠬᠠᠤᠯᠢ ᠪᠠᠷ ᠵᠠᠰᠠᠬᠤ ᠬᠦᠷᠢᠶ᠎ᠡ︾ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠤᠯᠤᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠳᠠᠪᠤᠷᠢ ᠶᠢᠨ ᠬᠢᠷᠢ ᠲᠦᠪᠰᠢᠨ ᠢ ᠪᠠᠲᠤᠲᠠᠢ ᠳᠡᠭᠡᠭᠰᠢᠯᠡᠭᠦᠯᠦᠨ᠎ᠡ᠃ ᠬᠠᠤᠯᠢ ᠪᠠᠷ ᠬᠤᠰᠢᠭᠤ ᠪᠠᠨ ᠵᠠᠰᠠᠬᠤ ᠶᠢ ᠭᠦᠨᠵᠡᠭᠡᠢ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ︽ᠳᠣᠯᠣᠳᠤᠭᠠᠷ ᠲᠠᠪᠤᠨ ᠵᠢᠯ ︾ ᠤᠨ ᠬᠠᠤᠯᠢ ᠲᠦᠭᠡᠮᠡᠯᠵᠢᠭᠦᠯᠦᠯᠲᠡ ᠶᠢᠨ ᠰᠡᠭᠦᠯ ᠬᠤᠷᠢᠶᠠᠨ ᠰᠢᠯᠭᠠᠨ ᠠᠪᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠭᠦᠨᠵᠡᠭᠡᠢ  ᠲᠦᠯᠬᠢᠨ ᠠᠬᠢᠭᠤᠯᠵᠤ᠂ ︽ᠨᠢᠭᠡ ᠯᠡ ᠨᠣᠮᠧᠷ ᠢᠶᠠᠷ ᠨᠡᠶᠢᠳᠡᠮ ᠭᠦᠢᠴᠡᠳᠬᠡᠬᠦ᠂ ᠵᠡᠭᠡᠯᠢ ᠭᠤᠳᠤᠮᠵᠢ ᠨᠢᠭᠡᠳᠦᠯᠲᠡᠢ ᠭᠦᠢᠴᠡᠳᠭᠡᠬᠦ︾ ᠣᠯᠠᠨ ᠲᠦᠮᠡᠨ ᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ︽ᠹᠧᠩ ᠴᠢᠶᠣᠤ ᠶᠢᠨ ᠲᠤᠷᠰᠢᠯᠭ᠎ᠠ︾ ᠪᠠᠷ ᠲᠣᠯᠢ ᠪᠣᠯᠭᠠᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠪᠠᠲᠤᠲᠠᠢ ᠲᠦᠯᠬᠢᠨ ᠠᠬᠢᠭᠤᠯᠤᠨ᠎ᠠ᠃ ᠬᠥᠯᠥᠰᠥᠨ ᠲᠠᠷᠢᠶᠠᠴᠢᠨ ᠤ ᠴᠠᠯᠢᠩ ᠢ ᠦᠭᠬᠦ ᠶᠢ ᠪᠠᠲᠤᠯᠠᠬᠤ ᠳᠦᠷᠢᠮ ᠢ ᠨᠠᠶᠢᠳᠠᠪᠦᠷᠢᠵᠢᠭᠤᠯᠬᠤ᠂ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠴᠠᠯᠢᠩ ᠥᠷᠢᠲᠦᠬᠦ ᠠᠷᠬᠠᠭ ᠭᠡᠮ ᠢ ᠵᠠᠰᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号