ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠵᠠᠰᠠᠭ ᠤᠨ ᠶᠠᠪᠤᠳᠠᠯ᠂ ᠠᠵᠢᠯ | ᠶᠠᠪᠤᠳᠠᠯ ᠵᠡᠷᠭᠡ ᠲᠠᠯ᠎ᠠ ᠶᠢᠨ ᠦᠢᠯᠡᠴᠢᠯᠡᠬᠡᠨ ᠬᠠᠩᠭᠠᠬᠤ ᠶᠢ ᠬᠠᠷᠢᠭᠤᠴᠠᠨ᠎ᠠ᠃ | ︵ᠬᠤᠶᠠᠷ︶ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ | ᠲᠢᠩᠬᠢᠮ ︵ᠲᠠᠰᠤᠭ︶ ᠵᠢᠴᠢ ᠳᠡᠭᠡᠳᠦ ᠱᠠᠲᠤᠨ ᠤ ᠡᠯ᠎ᠡ ᠰᠠᠯᠠᠭ᠎ᠠ ᠮᠥᠴᠢᠷ ᠠᠴᠠ ᠢᠷᠡᠭᠦᠯᠦᠭᠰᠡᠨ ᠪᠢᠴᠢᠭ | ᠮᠠᠲ᠋ᠧᠷᠢᠶᠠᠯ ᠤᠳᠠᠰᠦ ᠶᠢ ᠰᠢᠢᠳᠪᠦᠷᠢᠯᠡᠨ ᠬᠠᠷᠢᠭᠤᠴᠠᠨ᠎ᠠ᠃ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠭᠦ ᠪᠢᠴᠢᠭ ᠮᠠᠲ᠋ᠧᠷᠢᠶᠠᠯ ᠢ ᠰᠡᠢᠳᠪᠦᠷᠢᠯᠡᠭᠦ ᠶᠢ | ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠵᠢᠴᠢ ᠠᠯᠪᠠᠨ ᠭᠡᠷ ᠤᠨ ᠡᠯ᠎ᠡ ᠲᠥᠷᠥᠯ ᠤᠨ ᠪᠢᠴᠢᠭ | ᠮᠠᠲ᠋ᠧᠷᠢᠶᠠᠯ᠂ ᠲᠠᠩᠰᠠ ᠡᠪᠬᠡᠮᠡᠯ ᠤᠨ ᠬᠠᠮᠢᠶᠠᠷᠤᠯᠲᠠ ᠪᠠ ᠨᠢᠭᠤᠴᠠ ᠶᠢ ᠬᠠᠮᠠᠭᠠᠯᠠᠬᠤ ᠠᠵᠢᠯ ᠢ ᠳᠠᠭᠠᠭᠠᠨ | ᠭᠦᠢᠴᠡᠳᠬᠡᠨ᠎ᠡ᠃ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠠᠵᠢᠯ ᠭᠦᠢᠴᠡᠳᠬᠡᠬᠦ | ᠠᠵᠢᠯ ᠢ ᠵᠢᠯᠣᠭᠤᠳᠤᠨ᠎ᠠ᠃ | ︵ᠭᠤᠷᠪᠠ︶ ᠬᠤᠰᠢᠭᠤᠨ ᠤ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠨᠡᠷ᠎ᠡ ᠪᠠᠷ ᠲᠠᠷᠤᠮᠠᠯᠯᠠᠨ | ᠲᠠᠷᠬᠠᠭᠠᠭᠰᠠᠨ ᠪᠢᠴᠢᠭ ᠮᠠᠲ᠋ᠧᠷᠢᠶᠠᠯ ᠵᠢᠴᠢ ᠬᠤᠰᠢᠭᠤᠨ ᠵᠠᠰᠠᠭ ᠤᠨ ᠣᠷᠳᠣᠨ ᠤ ᠤᠳᠤᠷᠢᠳᠤᠯᠭ᠎ᠠ ᠨᠥᠬᠦᠳ ᠤᠨ | ᠠᠵᠢᠯ ᠤᠨ ᠢᠯᠡᠳᠬᠡᠯ ᠪᠠ ᠴᠢᠬᠤᠯᠠ ᠶᠠᠷᠢᠶ᠎ᠠ ᠵᠡᠷᠭᠡ ᠡᠯ᠎ᠡ ᠲᠥᠷᠥᠯ ᠤᠨ ᠮᠠᠲ᠋ᠧᠷᠢᠶᠠᠯ ᠢ ᠬᠠᠷᠢᠭᠤᠴᠠᠨ ᠲᠤᠭᠤᠷᠪᠢᠨ᠎ᠠ᠃ | | ︵ᠲᠦᠷᠪᠡ︶ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠥᠬᠦᠳ ᠤᠨ ᠵᠢᠭᠠᠪᠤᠷᠢ ᠵᠢᠴᠢ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠣᠯ ᠠᠵᠢᠯ ᠢ ᠦᠨᠳᠦᠰᠦᠯᠡᠨ᠂ | ᠪᠠᠶᠢᠴᠠᠭᠠᠨ ᠰᠤᠳᠤᠯᠤᠯᠲᠠ ᠶᠢ ᠵᠤᠬᠢᠶᠠᠨ ᠪᠠᠶᠢᠭᠤᠯᠵᠤ᠂ ᠴᠠᠭ ᠲᠤᠬᠠᠢ ᠳᠤᠨᠢ ᠪᠠᠶᠢᠳᠠᠯ ᠢ ᠲᠤᠰᠬᠠᠵᠤ᠂ ᠰᠠᠨᠠᠭᠤᠯᠭ᠎ᠠ | ᠳᠤᠷᠠᠳᠴᠤ᠂ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠦᠢᠯᠡᠴᠢᠯᠡᠭᠡ ᠬᠠᠩᠭᠠᠨ᠎ᠠ᠃ | ︵ᠲᠠᠪᠤ︶ ᠬᠤᠰᠢᠭᠤᠨ ᠤ ᠵᠠᠰᠠᠭ ᠤᠨ ᠣᠷᠳᠣᠨ ᠤ ᠡᠯ᠎ᠡ ᠲᠥᠷᠥᠯ ᠤᠨ ᠬᠤᠷᠠᠯ ᠪᠡᠯᠡᠳᠬᠡᠬᠦ᠂ ᠵᠣᠬᠢᠶᠠᠨ | ᠪᠠᠶᠢᠭᠤᠯᠬᠤ᠂ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠬᠤᠷᠠᠯ ᠢᠶᠠᠷ ᠵᠥᠪᠯᠡᠨ ᠲᠣᠭᠲᠠᠭᠠᠭᠰᠠᠨ ᠤᠴᠢᠷ | ᠤᠳ ᠢ ᠬᠢᠨᠠᠨ ᠪᠠᠶᠢᠴᠠᠭᠠᠨ᠎ᠠ᠃ | ︵ᠵᠢᠷᠭᠤᠭ᠎ᠠ︶ ᠲᠡᠬᠡᠳᠦ ᠱᠠᠲᠤᠨ ᠤ ᠴᠢᠬᠤᠯᠠ ᠵᠣᠴᠢᠨ ᠪᠠ ᠡᠯ᠎ᠡ ᠰᠤᠮᠤ ᠰᠢᠶᠠᠩ ᠪᠠᠯᠭᠠᠰᠦ ᠶᠢᠨ ᠵᠠᠰᠠᠭ ᠤᠨ | ᠤᠷᠳᠤᠨ ᠤ ᠤᠳᠤᠷᠢᠳᠤᠯᠭ᠎ᠠ ᠶᠢ ᠬᠦᠯᠢᠶᠡᠨ ᠠᠪᠬᠤ ᠠᠵᠢᠯ ᠢ ᠬᠠᠷᠢᠭᠤᠴᠠᠵᠤ᠂ ᠬᠤᠰᠢᠭᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠡ ᠶᠢ ᠵᠣᠬᠢᠴᠠᠭᠤᠯᠤᠨ ᠵᠢᠯᠣᠭᠤᠳᠴᠤ ᠬᠠᠮᠢᠶ᠎ᠠ ᠪᠦᠬᠦᠢ ᠬᠦᠯᠢᠶᠡᠨ ᠠᠪᠴᠦ ᠦᠢᠯᠡᠴᠢᠯᠡᠭᠦ | ᠠᠵᠢᠯ ᠢ ᠰᠠᠶᠢᠲᠤᠷ ᠬᠢᠨ᠎ᠠ᠃ | ︵ᠳᠣᠯᠤᠭ᠎ᠠ︶ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠰᠤᠮᠤ ᠰᠢᠶᠠᠩ | ᠪᠠᠯᠭᠠᠰᠤ ᠶᠢᠨ ᠵᠠᠰᠠᠭ ᠤᠨ ᠣᠷᠳᠣᠨ ᠠᠴᠠ ᠬᠤᠰᠢᠭᠤᠨ ᠤ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ | ᠬᠤᠰᠢᠭᠤᠨ ᠤ ᠵᠠᠰᠠᠭ ᠤᠨ ᠣᠷᠳᠣᠨ ᠤ ᠬᠤᠷᠠᠯ ᠠᠴᠠ ᠲᠣᠭᠲᠠᠭᠠᠭᠰᠠᠨ ᠤᠴᠢᠷ ᠤᠳ ᠵᠢᠴᠢ ᠬᠤᠰᠢᠭᠤᠨ ᠤ | ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠴᠣᠬᠤᠯᠠᠪᠤᠷᠢ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠡᠨ ᠪᠠᠶᠢᠴᠠᠭᠠᠬᠤ ᠶᠢᠨ ᠬᠠᠮᠲᠤ ᠬᠤᠰᠢᠭᠤᠨ ᠤ ᠵᠠᠰᠠᠭ ᠤᠨ ᠣᠷᠳᠣᠨ ᠤ | ᠤᠳᠤᠷᠢᠳᠤᠯᠭ᠎ᠠ ᠨᠥᠬᠦᠳ ᠲᠤ ᠮᠡᠳᠡᠭᠦᠯᠦᠨ᠎ᠡ᠃ | ︵ᠨᠠᠢᠮᠠ︶ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ | ᠲᠤᠷᠠᠳᠤᠯᠭ᠎ᠠ ᠶᠢᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠵᠢᠯᠣᠭᠤᠳᠬᠤ ᠶᠢᠨ ᠬᠠᠮᠲᠤ ᠬᠡᠰᠡᠭ ᠰᠠᠨᠠᠭᠤᠯᠭ᠎ᠠ᠂ | ᠰᠠᠨᠠᠯ ᠲᠤᠷᠠᠳᠤᠯᠭ᠎ᠠ ᠳᠤ ᠬᠠᠷᠢᠭᠤᠯᠲᠠ ᠥᠭᠬᠦ ᠠᠵᠢᠯ ᠢ ᠡᠭᠦᠷᠭᠡᠯᠡᠨ᠎ᠡ᠃ | ︵ᠶᠢᠰᠦ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠯᠡᠬᠦ᠂ ᠳᠠᠮᠵᠢᠭᠤᠯᠬᠤ ᠶᠢ | ᠬᠠᠷᠢᠭᠤᠴᠠᠵᠦ᠂ ᠲᠡᠬᠡᠳᠦ ᠱᠠᠲᠤᠨ ᠳᠤ ᠴᠢᠬᠤᠯᠠ ᠮᠡᠳᠡᠭᠡ ᠵᠠᠩᠭᠢ ᠶᠢ ᠮᠡᠳᠡᠭᠦᠯᠵᠦ᠂ ᠤᠳᠤᠷᠢᠳᠤᠯᠭ᠎ᠠ ᠶᠢᠨ ᠰᠢᠨᠵᠢᠯᠡᠬᠦ | ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃ | ︵ᠠᠷᠪᠠ︶ ᠬᠤᠰᠢᠭᠤᠨ ᠤ ᠵᠠᠰᠠᠭ ᠤᠨ ᠣᠷᠳᠣᠨ ᠤ ᠬᠠᠤᠯᠢ ᠳᠤ ᠬᠤᠯᠪᠣᠭᠳᠠᠭᠰᠠᠨ ᠬᠡᠷᠡᠭ ᠶᠠᠪᠤᠳᠠᠯ ᠢ | ᠨᠢᠭᠡᠳᠦᠯᠲᠡᠶ ᠲᠦᠯᠦᠪᠯᠡᠨ ᠬᠠᠮᠢᠶᠠᠷᠬᠤ᠂ ᠬᠤᠰᠢᠭᠤᠨ ᠤ ᠵᠠᠰᠠᠭ ᠤᠨ ᠣᠷᠳᠣᠨ ᠤ ᠬᠠᠤᠯᠢᠴᠢ ᠶᠢᠨ ᠪᠦᠯᠬᠦᠮ᠂ ᠬᠠᠤᠯᠢ | ᠴᠠᠭᠠᠵᠠ ᠶᠢᠨ ᠯᠠᠪᠯᠠᠭ᠎ᠠ ᠬᠢᠭᠦ ᠲᠤᠰᠬᠠᠶ ᠮᠡᠷᠭᠡᠵᠢᠯᠲᠡᠨ ᠤ ᠬᠥᠮᠥᠷᠭᠡ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠳᠦ ᠪᠣᠳᠣᠯᠭ᠎ᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠰᠣᠩᠭᠤᠨ ᠤᠷᠢᠬᠤ ᠵᠢᠴᠢ ᠬᠠᠮᠢᠶᠠᠷᠬᠤ᠂ | ᠵᠠᠰᠠᠭ ᠵᠠᠬᠢᠷᠭᠠᠨ ᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠭᠡᠷ᠎ᠡ ᠶᠢᠨ ᠬᠡᠯᠡᠯᠴᠡᠬᠡᠷ ᠪᠢᠴᠢᠭ ᠤᠨ ᠬᠠᠤᠯᠢ | ᠶᠤᠰᠤᠨ ᠤ ᠴᠢᠨᠠᠷ ᠢ ᠬᠢᠨᠠᠨ ᠬᠠᠷᠭᠤᠭᠤᠯᠬᠤ᠂ ᠣᠷᠣᠨ ᠨᠤᠲᠤᠭ ᠤᠨ ᠣᠶᠢᠯᠠᠯᠭ᠎ᠠ ᠶᠢ ᠬᠢᠨᠠᠨ ᠪᠠᠶᠢᠴᠠᠭᠠᠬᠤ | ᠪᠠᠶᠢᠴᠠᠭᠠᠯᠳᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠨᠢᠬᠡ︶ ᠬᠤᠰᠢᠭᠤᠨ ᠤ ᠵᠠᠰᠠᠭ ᠤᠨ ᠤᠷᠳᠤᠨ ᠤ ᠶᠡᠷᠦᠩᠬᠡᠢ ᠵᠢᠵᠢᠭᠦᠷᠯᠡᠭᠦ ᠠᠵᠢᠯ ᠢ ᠬᠠᠷᠢᠭᠤᠴᠠᠵᠦ᠂ | ᠴᠠᠭ ᠲᠤᠬᠠᠢ ᠳᠤᠨᠢ ᠬᠤᠰᠢᠭᠤᠨ ᠤ ᠵᠠᠰᠠᠭ ᠤᠨ ᠤᠳᠤᠷᠢᠳᠤᠯᠭ᠎ᠠ ᠳᠤ ᠴᠢᠬᠤᠯᠠ ᠪᠠᠶᠢᠳᠠᠯ ᠢ ᠮᠡᠳᠡᠭᠦᠯᠵᠦ᠂ ᠬᠠᠮᠢᠶ᠎ᠠ | ᠪᠦᠭᠦᠢ ᠤᠴᠢᠷ ᠢ ᠬᠠᠪᠰᠤᠷᠤᠨ ᠰᠢᠢᠳᠪᠦᠷᠢᠯᠡᠨ᠎ᠡ᠃ | ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠵᠢᠭᠠᠨ | ᠲᠣᠭᠲᠠᠭᠠᠭᠰᠠᠨ ᠪᠢᠴᠢᠭ ᠮᠠᠲ᠋ᠧᠷᠢᠶᠠᠯ᠂ ᠭᠤᠤᠯ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠪᠢᠷ ᠣᠷᠴᠢᠭᠤᠯᠭ᠎ᠠ | ᠂ ᠠᠮᠠᠨ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠪᠦᠬᠦ ᠬᠤᠰᠢᠭᠤᠨ ᠤ ᠭᠠᠳᠠᠭᠠᠳᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ | ᠭᠡᠷ ᠤᠨ ᠠᠵᠢᠯ ᠢ ᠡᠭᠦᠷᠬᠡᠯᠡᠨ᠎ᠡ᠃ | ︵ᠠᠷᠪᠠᠨ ᠳᠥᠷᠪᠡ︶ ᠪᠥᠬᠦ ᠬᠤᠰᠢᠭᠤᠨ ᠤ ᠠᠯᠪᠠᠨ ᠪᠠᠶᠢᠭᠤᠯᠤᠯᠭ᠎ᠠ ᠶᠢᠨ ᠠᠵᠢᠯ ᠦᠢᠯᠡᠰ ᠤᠨ ᠨᠢᠭᠡᠴᠡ ᠶᠢᠨ | ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠠᠯᠪᠠᠨ ᠬᠡᠷᠡᠭᠯᠡᠭᠡᠨ ᠤ ᠬᠡᠷ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ | ᠡᠨᠧᠷᠭᠢ ᠠᠷᠪᠢᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠬᠤᠰᠢᠭᠤᠨ ᠤ ᠵᠠᠰᠠᠭ ᠤᠨ ᠤᠷᠳᠤᠨ ᠤ ᠠᠵᠦ ᠠᠬᠤᠢ ᠶᠢᠨ ᠪᠠᠶᠢᠭᠤᠯᠤᠮᠵᠢ᠂ ᠠᠮᠠᠢ ᠠᠬᠤᠢ | ᠪᠤᠯᠪᠠᠰᠤᠨ ᠤ ᠪᠠᠶᠢᠭᠤᠯᠤᠮᠵᠢ᠂ ᠨᠡᠶᠢᠬᠡᠮ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢᠨ ᠬᠡᠪᠴᠢᠶᠠᠨ ᠳᠠᠬᠢ | ᠭᠦᠢᠴᠡᠳᠬᠡᠯ ᠲᠤᠭ᠎ᠠ ᠲᠤᠭᠳᠠᠭᠠᠬᠤ᠂ ᠡᠳᠦᠷ ᠲᠤᠳᠤᠮ ᠤᠨ ᠬᠢᠨᠠᠨ ᠬᠠᠮᠢᠶᠠᠷᠤᠯᠳᠠ ᠪᠠ ᠰᠢᠯᠭᠠᠨ ᠬᠢᠨᠠᠵᠦ ᠰᠢᠯᠭᠠᠨ | ᠬᠤᠷᠢᠶᠠᠮᠵᠢᠯᠠᠬᠤ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠡᠭᠦᠷᠭᠡ ᠶᠢᠨ ᠬᠠᠷᠠᠯᠲᠠ ᠶᠢᠨ ᠭᠦᠢᠴᠡᠳᠬᠡᠭᠦ ᠲᠤᠭ᠎ᠠ ᠲᠣᠭᠲᠠᠭᠠᠬᠤ᠂ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠰᠢᠯᠭᠠᠨ ᠬᠢᠨᠠᠵᠤ ᠰᠢᠯᠭᠠᠨ ᠬᠤᠷᠢᠶᠠᠮᠵᠢᠯᠠᠬᠤ ᠠᠵᠢᠯ ᠢ | ᠬᠠᠷᠢᠭᠤᠴᠠᠨ᠎ᠠ᠃ | ︵ᠠᠷᠪᠠᠨ ᠳᠣᠯᠤᠭ᠎ᠠ︶ ᠬᠤᠰᠢᠭᠤᠨ ᠤ ᠵᠠᠰᠠᠭ ᠤᠨ ᠣᠷᠳᠣᠨ ᠵᠢᠴᠢ ᠠᠯᠪᠠᠨ ᠬᠡᠷ ᠤᠨ ᠡᠳ᠋ ᠤᠨ ᠶᠠᠪᠤᠳᠠᠯ ᠤᠨ | ᠬᠠᠮᠢᠶᠠᠷᠤᠯᠳᠠ᠂ ᠠᠵᠢᠯᠲᠠᠨ ᠤ ᠶᠠᠪᠤᠳᠠᠯ ᠬᠥᠳᠡᠯᠮᠦᠷᠢ ᠶᠢᠨ ᠬᠢᠷᠢ ᠬᠡᠮ ᠵᠢᠴᠢ ᠨᠠᠮ ᠤᠨ ᠪᠠᠶᠢᠭᠤᠯᠤᠯᠲᠠ᠂ ᠨᠠᠮ ᠤᠨ | ᠰᠤᠷᠲᠠᠯ ᠠᠷᠢᠭᠤᠨ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠡ ᠶᠢᠨ | ᠬᠠᠮᠢᠶ᠎ᠠ ᠪᠥᠬᠦᠶ ᠠᠵᠢᠯ ᠥᠷᠨᠢᠭᠦᠯᠬᠦ ᠳᠤ ᠬᠢᠨᠠᠯᠲᠠ ᠲᠠᠯᠪᠢᠨ ᠵᠢᠯᠤᠳᠤᠭᠤᠨᠠ᠃ | ︵ᠠᠷᠪᠠᠨ ᠨᠠᠢᠮᠠ︶ ᠤᠯᠤᠰ ᠬᠡᠷ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ | ᠮᠥᠩᠭᠦᠨ ᠭᠦᠢᠯᠬᠡᠬᠡᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠳᠦᠷᠢᠮ ᠲᠤᠭᠳᠠᠭᠠᠯ | ᠪᠣᠯᠤᠨ ᠮᠥᠩᠭᠦᠨ ᠭᠦᠢᠯᠬᠡᠬᠡᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ | ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠪᠡ᠂ ᠲᠦᠷᠦ | ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠬᠡᠬᠡᠨ ᠤ ᠦᠢᠯᠡᠰ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠬᠦ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠠᠷᠪᠠ ᠶᠢᠰᠦ︶ ᠣᠷᠣᠨ ᠨᠤᠲᠤᠭ ᠤᠨ ᠮᠥᠩᠭᠦᠨ ᠭᠦᠢᠯᠬᠡᠬᠡᠨ ᠤ ᠰᠢᠰᠲ᠋ᠧᠮ ᠢ ᠨᠢᠭᠡᠳᠦᠯᠲᠡᠶ ᠲᠥᠯᠥᠪᠯᠡᠨ | ᠪᠠᠶᠢᠭᠤᠯᠤᠨ ᠪᠦᠷᠢᠨᠰᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ | ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠵᠣᠬᠢᠴᠠᠭᠤᠯᠤᠨ ᠦᠢᠯᠡᠴᠢᠯᠡᠨ᠎ᠡ᠃ ᠣᠷᠣᠨ ᠨᠤᠲᠤᠭ ᠤᠨ | ᠬᠠᠤᠯᠢ ᠶᠢᠨ ᠡᠷᠬᠡᠳᠡᠨ ᠤ ᠮᠥᠩᠭᠦᠨ ᠭᠦᠢᠯᠬᠡᠬᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠭᠦᠭᠵᠢᠯᠳᠠ ᠶᠢ | ᠵᠢᠯᠣᠭᠤᠳᠤᠨ᠎ᠠ᠃ ᠮᠦᠩᠭᠦᠨ ᠭᠦᠢᠯᠬᠡᠬᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠭᠦ ᠴᠢᠳᠠᠮᠵᠢ ᠶᠢ | ᠴᠢᠩᠭᠠᠳᠬᠠᠨ᠎ᠠ᠃ ᠮᠥᠩᠭᠦᠨ ᠭᠦᠢᠯᠬᠡᠬᠡᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃ | | ︵ᠬᠤᠷᠢ︶ ᠪᠥᠬᠦ ᠬᠤᠰᠢᠭᠤᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠬᠡᠬᠡᠨ ᠤ ᠰᠢᠰᠲ᠋ᠧᠮ ᠤᠨ | ᠪᠠᠶᠢᠭᠤᠯᠤᠯᠳᠠ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ | ᠮᠠᠯᠴᠢᠳ ᠤᠨ ︽ᠵᠢᠵᠢᠭ ᠪᠢᠴᠢᠯ ᠠᠵᠤ ᠠᠬᠤᠶᠢᠯᠠᠯ︾ ᠤᠨ ᠮᠥᠩᠭᠦᠨ ᠭᠦᠢᠯᠬᠡᠬᠡᠨ ᠤ ᠦᠢᠯᠡᠴᠢᠯᠡᠬᠡᠨ ᠤ ᠰᠢᠰᠲ᠋ᠧᠮ | ᠢ ᠪᠤᠶᠢᠵᠢᠭᠤᠯᠤᠨ ᠭᠦᠭᠵᠢᠭᠦᠯᠦᠨ᠎ᠡ᠃ ᠪᠥᠬᠦ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠡ ᠶᠢᠨ | ᠪᠠᠶᠢᠭᠤᠯᠤᠮᠵᠢ ᠶᠢᠨ ᠦᠬᠡᠷᠡᠴᠢᠯᠡᠯᠳᠠ ᠭᠦᠭᠵᠢᠭᠦᠯᠦᠯᠳᠠ ᠶᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ | ︵ᠬᠤᠷᠢᠨ ᠨᠢᠭᠡ︶ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ | ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠠᠵᠢᠯ ᠢ | ᠵᠢᠯᠣᠭᠤᠳᠴᠤ᠂ ᠠᠵᠤ ᠠᠬᠤᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ | ᠲᠡᠮᠳᠡᠭᠲᠦ ᠪᠠᠷ ᠪᠡᠯᠡ ᠬᠤᠷᠠᠮᠳᠤᠭᠤᠯᠬᠤ ᠪᠠ ᠨᠠᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ | ᠳᠠᠬᠢᠨ ᠪᠡᠯᠡ ᠬᠤᠷᠠᠮᠳᠤᠭᠤᠯᠬᠤ ᠠᠵᠢᠯ ᠢ ᠵᠤᠬᠢᠴᠠᠭᠤᠯᠤᠨ ᠪᠤᠶᠢᠵᠢᠭᠤᠯᠤᠨ᠎ᠠ᠃ ᠠᠳᠠᠯ ᠦᠢᠯᠡᠰ ᠪᠦᠳᠦᠬᠡᠭᠦ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ᠂ ᠰᠲ᠋ᠣᠺ ᠤᠨ ᠡᠷᠬᠡ ᠶᠢᠨ ᠪᠡᠯᠡ ᠤᠷᠤᠭᠤᠯᠤᠯᠳᠠ ᠶᠢᠨ ᠰᠠᠭᠤᠷᠢ ᠮᠥᠩᠭᠦ ᠶᠢᠨ | ᠲᠦᠷᠢᠮᠵᠢᠭᠰᠡᠨ ᠬᠥᠭᠵᠢᠯᠲᠡ ᠶᠢ ᠵᠣᠬᠢᠴᠠᠭᠤᠯᠤᠨ ᠠᠬᠢᠭᠤᠯᠤᠨ᠎ᠠ᠃ | ︵ᠬᠤᠷᠢᠨ ᠬᠤᠶᠠᠷ︶ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠮᠦᠩᠭᠦ ᠤᠷᠤᠭᠤᠯᠬᠤ ᠶᠢ ᠪᠠᠳᠤᠯᠠᠬᠤ | ᠺᠣᠮᠫᠠᠨᠢ᠂ ᠳᠠᠨᠵᠢᠯᠠᠬᠤ ᠪᠠᠩᠬᠢ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠨ᠎ᠠ᠃ | ︵ᠬᠤᠷᠢᠨ ᠭᠤᠷᠪᠠ︶ ᠦᠪᠡᠷᠳᠡᠬᠡᠨ ᠵᠠᠰᠠᠬᠤ ᠤᠷᠤᠨ᠂ ᠲᠦᠩᠯᠢᠶᠤᠤ ᠬᠤᠳᠠ ᠶᠢᠨ ᠤᠷᠤᠨ ᠤ ᠬᠡᠪᠴᠢᠶᠠᠨ ᠤ | ᠴᠢᠨᠠᠷᠳᠠᠢ ᠰᠲ᠋ᠣᠺ ᠤᠨ ᠡᠷᠬᠡ ᠶᠢᠨ ᠵᠠᠬ᠎ᠠ ᠲᠡᠯᠬᠡᠭᠦᠷ᠂ ᠬᠤᠳᠠᠯᠳᠤᠭᠠᠨ ᠤ ᠪᠠᠳᠤᠯᠭᠠᠳᠦ ᠺᠤᠮᠫᠠᠨᠢ᠂ ᠤᠷᠤᠨ ᠨᠤᠳᠤᠭ | ᠤᠨ ᠮᠦᠩᠭᠦᠨ ᠭᠦᠢᠯᠬᠡᠬᠡᠨ ᠤ ᠡᠳ᠋ ᠭᠦᠷᠦᠩᠬᠡ ᠶᠢᠨ ᠬᠠᠮᠢᠶᠠᠷᠤᠯᠳᠠ ᠶᠢᠨ ᠺᠤᠮᠫᠠᠨᠢ᠂ ᠪᠡᠯᠡ ᠤᠷᠤᠭᠤᠯᠤᠯᠳᠠ ᠶᠢᠨ | ᠺᠤᠮᠫᠠᠨᠢ᠂ ᠡᠷᠬᠡ ᠠᠰᠢᠭ ᠤᠨ ᠲᠦᠷᠦᠯ ᠪᠤᠯᠤᠨ ᠬᠡᠷ᠎ᠡ ᠶᠢᠨ ᠵᠦᠢᠯ ᠤᠨ ᠠᠷᠠᠯᠵᠢᠶᠠᠨ ᠤ ᠲᠠᠯᠠᠪᠤᠷ᠂ ᠲᠤᠤᠷ | ᠰᠦᠯᠵᠢᠶᠡᠨ ᠵᠢᠬᠡᠯᠡᠯᠬᠡ ᠶᠢᠨ ᠮᠡᠳᠡᠭᠡ ᠵᠠᠩᠬᠢ ᠶᠢᠨ ᠵᠠᠭᠤᠴᠢ ᠪᠠᠶᠢᠭᠤᠯᠤᠮᠵᠢ᠂ ᠨᠡᠶᠢᠬᠡᠮ ᠤᠨ ᠤᠯᠠᠨ ᠢᠶᠠᠷ ᠢᠶᠠᠨ | ᠴᠤᠭᠯᠠᠭᠤᠯᠬᠤ ᠪᠠᠶᠢᠭᠤᠯᠤᠮᠵᠢ ᠢᠳᠡᠬᠡᠮᠵᠢ ᠶᠢᠨ ᠬᠠᠪᠰᠤᠷᠠᠯᠴᠠᠬᠤ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠡ | ᠤᠨ ᠠᠵᠢᠯ ᠤᠨ ᠲᠤᠬᠠᠢ ᠱᠠᠭᠠᠷᠳᠠᠯᠭ᠎ᠠ ᠪᠠ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ | ︵ᠬᠤᠷᠢᠨ ᠳᠥᠷᠪᠡ︶ ᠮᠥᠩᠭᠦᠨ ᠭᠦᠢᠯᠬᠡᠬᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ | ᠬᠠᠷᠢᠭᠤᠴᠠᠵᠦ᠂ ᠮᠥᠩᠭᠦᠨ ᠭᠦᠢᠯᠬᠡᠬᠡᠨ ᠤ ᠣᠷᠣᠨ ᠬᠡᠪᠴᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠮᠥᠩᠭᠦᠨ ᠭᠦᠢᠯᠬᠡᠬᠡᠨ ᠤ ᠪᠠᠶᠢᠭᠤᠯᠤᠮᠵᠢ ᠶᠢᠨ | ᠪᠠᠶᠢᠯᠳᠤᠬᠤ ᠪᠣᠳᠣᠯᠭ᠎ᠠ ᠶᠢᠨ ᠬᠠᠮᠳᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠮᠥᠩᠭᠦᠨ | ᠭᠦᠢᠯᠬᠡᠬᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠬᠤᠷᠢᠨ ᠲᠠᠪᠤ︶ ᠣᠷᠣᠨ ᠨᠤᠲᠤᠭ ᠤᠨ ᠮᠥᠩᠭᠦᠨ ᠭᠦᠢᠯᠬᠡᠬᠡᠨ ᠤ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠭᠦ ᠲᠣᠭᠲᠠᠴᠠ ᠪᠣᠯᠤᠨ ᠮᠥᠩᠭᠦᠨ ᠭᠦᠢᠯᠬᠡᠬᠡᠨ ᠤ ᠲᠣᠭᠲᠠᠭᠤᠨ ᠵᠣᠬᠢᠴᠠᠭᠤᠯᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠭᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠬᠡᠬᠡᠨ ᠤ ᠲᠣᠭᠲᠠᠭᠤᠨ ᠪᠠ | ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠭᠦ | ᠠᠵᠢᠯ ᠢ ᠲᠦᠷᠦᠭᠦᠯᠡᠨ ᠦᠷᠨᠢᠭᠦᠯᠦᠨ᠎ᠡ᠃ | ︵ᠬᠤᠷᠢᠨ ᠵᠢᠷᠭᠤᠭ᠎ᠠ︶ ᠲᠥᠪ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠤᠰᠢᠭᠤᠨ ᠳᠤ | ᠰᠠᠭᠤᠭ᠎ᠠ ᠮᠥᠩᠭᠦᠨ ᠭᠦᠢᠯᠬᠡᠬᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠰᠢᠭᠤᠨ ᠳᠣᠲᠣᠷᠠᠬᠢ | ᠮᠥᠩᠭᠦᠨ ᠭᠦᠢᠯᠬᠡᠬᠡᠨ ᠤ ᠪᠠᠶᠢᠭᠤᠯᠤᠮᠵᠢ ᠶᠢ ᠬᠠᠷᠢᠭᠤᠴᠠᠨ ᠵᠣᠬᠢᠴᠠᠭᠤᠯᠵᠤ᠂ ᠣᠷᠣᠨ ᠨᠤᠲᠤᠭ ᠤᠨ ᠬᠠᠷᠢᠶ᠎ᠠ | ᠭᠠᠵᠠᠷ ᠤᠨ ᠲᠦᠭᠰᠢᠭᠦᠷᠢ ᠶᠢ ᠰᠢᠢᠳᠪᠦᠷᠢᠯᠡᠭᠦ ᠬᠠᠷᠢᠭᠤᠴᠠᠯᠭ᠎ᠠ ᠪᠠ ᠬᠠᠮᠢᠶ᠎ᠠ ᠪᠥᠬᠦᠶ ᠠᠵᠢᠯ ᠢ ᠬᠠᠤᠯᠢ ᠲᠣᠭᠲᠠᠭᠠᠯ | ᠶᠣᠰᠣᠭᠠᠷ ᠵᠢᠯᠤᠭᠤᠳᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠮᠥᠩᠭᠦᠨ ᠭᠦᠢᠯᠬᠡᠬᠡᠨ ᠤ ᠠᠵᠢᠯ | ᠲᠦᠷᠦᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠳᠠ ᠪᠠ ᠵᠠᠭᠤᠴᠢ ᠪᠠᠶᠢᠭᠤᠯᠤᠮᠵᠢ ᠶᠢ ᠲᠦᠷᠢᠮᠵᠢᠭᠦᠯᠦᠨ | ᠭᠦᠭᠵᠢᠭᠦᠯᠭᠦ ᠶᠢ ᠵᠢᠯᠤᠭᠤᠳᠤᠨ᠎ᠠ᠃ | ︵ᠬᠤᠷᠢᠨ ᠳᠣᠯᠤᠭ᠎ᠠ︶ ᠲᠡᠬᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |