ᠬᠦᠷᠢᠶ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ
ᠨᠡᠶᠢᠲᠡᠯᠡᠭᠰᠡᠨ ᠴᠠᠭ᠄
2020-06-01
   ᠬᠦᠷᠢᠶ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ ᠬᠤᠰᠢᠭᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ ᠲᠦᠷᠢᠮᠵᠢᠯ᠂ ᠲᠥᠬᠦᠷ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠬᠤᠰᠢᠭᠤᠨ ᠤ ᠡᠭᠦᠷᠬᠡ ᠴᠢᠳᠠᠪᠦᠷᠢ ᠶᠢ ᠬᠤᠪᠢᠷᠠᠭᠤᠯᠬᠤ ᠶᠢ ᠠᠬᠢᠭᠤᠯᠬᠤ ᠵᠤᠬᠢᠴᠠᠭᠤᠯᠬᠤ ᠲᠤᠭᠤᠶᠢᠯᠠᠩ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠦ ᠦᠬᠡᠷᠡᠴᠢᠯᠡᠯᠡᠳᠠ ᠶᠢᠨ ᠲᠤᠭᠤᠶᠢᠯᠠᠩ ᠤᠨ ᠡᠳᠦᠷ ᠲᠤᠳᠤᠮ ᠤᠨ ᠠᠵᠢᠯ ᠢ ᠡᠭᠦᠷᠬᠡᠯᠡᠵᠦ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠳᠠ ᠬᠢᠵᠦ᠂ ᠬᠤᠯᠪᠤᠭᠳᠠᠯ ᠪᠦᠭᠦᠢ ᠠᠵᠢᠯ ᠤᠨ ᠲᠤᠬᠠᠢ ᠰᠠᠨᠠᠭᠤᠯᠭ᠎ᠠ ᠲᠤᠷᠠᠳᠤᠨ᠎ᠠ᠃    ︵ᠭᠤᠷᠪᠠ︶ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠤᠯᠪᠣᠭᠳᠠᠯ ᠪᠥᠬᠦᠶ ᠲᠦᠷᠢᠮ ᠲᠣᠭᠲᠠᠭᠠᠯ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠡᠷᠬᠡ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠤᠴᠢᠷ ᠤᠳ ᠢ ᠪᠠᠷᠢᠮᠵᠢᠶᠠᠭᠤᠯᠬᠤ᠂ ᠲᠦᠷᠢᠮᠵᠢᠭᠦᠯᠭᠦ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠴᠣᠮᠬᠠᠳᠬᠠᠨ ᠰᠢᠯᠢᠳᠡᠭᠵᠢᠭᠦᠯᠵᠦ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃    ︵ᠳᠥᠷᠪᠡ︶ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠮᠣᠩᠭᠤᠯ ᠬᠡᠯᠡᠨ ᠤ ᠰᠦᠯᠵᠢᠶᠡᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠥᠯᠥᠪᠵᠢᠭᠦᠯᠦᠨ ᠬᠢᠨᠠᠨ ᠬᠠᠮᠢᠶᠠᠷᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠠᠭᠤᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃    ︵ᠲᠠᠪᠤ︶ ᠬᠤᠰᠢᠭᠤᠨ ᠤ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠦᠷᠨᠢᠭᠦᠯᠭᠦ ᠶᠢ ᠵᠢᠯᠤᠭᠤᠳᠴᠦ᠂  ᠵᠤᠬᠢᠴᠠᠭᠤᠯᠵᠦ᠂ ᠬᠢᠨᠠᠯᠲᠠ ᠲᠠᠯᠪᠢᠨ᠎ᠠ᠃ ᠬᠤᠲᠠ ᠶᠢᠨ ᠠᠷᠠᠳ ᠤᠨ ᠦᠢᠯᠡᠴᠢᠯᠡᠬᠡᠨ ᠤ ᠬᠠᠯᠠᠮᠰᠢᠯ ᠤᠲᠠᠰᠤ ᠶᠢᠨ ᠬᠠᠮᠢᠶᠠᠷᠤᠯᠲᠠ᠂  ᠡᠷᠬᠢᠯᠳᠠ ᠶᠢᠨ ᠠᠵᠢᠯ ᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠬᠤᠲᠠ ᠶᠢᠨ ᠠᠷᠠᠳ ᠤᠨ ᠦᠢᠯᠡᠴᠢᠯᠡᠬᠡᠨ ᠤ ᠬᠠᠯᠠᠮᠰᠢᠯ ᠤᠲᠠᠰᠤ ᠶᠢᠨ ᠠᠵᠢᠯ ᠢ ᠵᠢᠯᠤᠭᠤᠳᠤᠨ᠎ᠠ᠃    ︵ᠵᠢᠷᠭᠤᠭ᠎ᠠ︶ ᠬᠤᠰᠢᠭᠤᠨ ᠲᠣᠰ ᠱᠠᠲᠤᠨ ᠤ ᠪᠣᠳᠠᠲᠤ ᠴᠤᠭᠴᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠪᠠ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠭᠦ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠤᠴᠢᠷ ᠤᠳ ᠢ ᠭᠦᠢᠴᠡᠳᠬᠡᠭᠦ ᠶᠢ ᠵᠣᠬᠢᠶᠠᠨ ᠪᠠᠶᠢᠭᠤᠯᠤᠨ ᠵᠤᠬᠢᠴᠠᠭᠤᠯᠵᠦ᠂ ᠬᠢᠨᠠᠨ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ ᠦᠷᠨᠢᠭᠦᠯᠦᠨ᠎ᠡ᠃    ︵ᠳᠣᠯᠤᠭ᠎ᠠ︶ ᠪᠥᠬᠦ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠪᠠ ᠤᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠲᠷᠣᠨ ᠠᠷᠠᠯᠵᠢᠶᠠᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠯᠣᠭᠤᠳᠬᠤ᠂ ᠵᠣᠬᠢᠴᠠᠭᠤᠯᠬᠤ᠂ ᠬᠠᠮᠢᠶᠠᠷᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶᠠᠳᠦ ᠲᠦᠷᠢᠮᠵᠢᠯ᠂ ᠲᠥᠬᠦᠷ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃    ︵ᠨᠠᠢᠮᠠ︶ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠣᠨ ᠤ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠳᠤ ᠬᠠᠮᠢᠶ᠎ᠠ ᠪᠦᠭᠦᠢ  ᠯᠠᠪᠯᠠᠭ᠎ᠠ ᠬᠢᠭᠦ᠂ ᠵᠠᠭᠠᠯᠳᠤᠬᠤ᠂ ᠰᠠᠨᠠᠭᠤᠯᠭ᠎ᠠ ᠳᠤᠷᠠᠳᠬᠤ ᠠᠵᠢᠯ ᠢ ᠬᠦᠯᠢᠶᠡᠨ ᠠᠪᠤᠨ᠎ᠠ᠃    ︵ᠶᠢᠰᠦ︶ ᠪᠥᠬᠦ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠤᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ+ ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠬᠡᠷᠡᠭᠵᠢᠭᠦᠯᠦᠨ᠎ᠡ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号