ᠬᠦᠷᠢᠶ᠎ᠡ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020-06-01
   ᠬᠦᠷᠢᠶ᠎ᠡ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠳᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠬᠡ︶ ᠤᠯᠤᠰ᠂ ᠦᠪᠡᠷᠳᠡᠬᠡᠨ ᠵᠠᠰᠠᠬᠤ ᠤᠷᠤᠨ ᠪᠠ ᠲᠦᠩᠯᠢᠶᠤᠤ ᠬᠤᠳᠠ ᠶᠢᠨ ᠬᠠᠮᠢᠶ᠎ᠠ ᠪᠦᠭᠦᠢ ᠤᠷᠤᠨ ᠰᠠᠭᠤᠴᠠ ᠪᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠠᠯ᠎ᠠ ᠶᠢᠨ ᠴᠢᠭᠯᠡᠯᠳᠠ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠤᠭᠳᠠᠭᠠᠯ ᠪᠠ ᠲᠦᠷᠢᠮ ᠤᠨ ᠲᠦᠰᠦᠯ ᠢ ᠲᠤᠤᠱᠯᠠᠭᠤᠯᠤᠨ ᠬᠡᠷᠡᠭᠵᠢᠭᠦᠯᠵᠦ᠂ ᠪᠦᠭᠦ ᠬᠤᠰᠢᠭᠤᠨ ᠤ ᠤᠷᠤᠨ ᠰᠠᠭᠤᠴᠠ ᠪᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ᠂ ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠠᠵᠢᠯ ᠤᠨ ᠴᠢᠬᠤᠯᠠ ᠠᠰᠠᠭᠤᠯᠳᠠ ᠶᠢᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ  ᠶᠢ ᠲᠤᠷᠠᠳᠴᠦ᠂ ᠪᠦᠭᠦ ᠬᠤᠰᠢᠭᠤᠨ ᠤ ᠤᠷᠤᠨ ᠰᠠᠭᠤᠴᠠ ᠪᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ᠂ ᠠᠷᠠᠳ ᠤᠨ ᠠᠭᠠᠷ ᠤᠨ ᠰᠡᠷᠬᠡᠶᠢᠯᠠᠯᠳᠠ ᠶᠢᠨ ᠠᠵᠢᠯ ᠤᠨ ᠭᠦᠭᠵᠢᠯᠳᠠ ᠶᠢᠨ ᠲᠦᠯᠦᠪᠵᠢᠭᠦᠯᠬᠡ ᠶᠢ ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠵᠦ ᠬᠡᠷᠡᠭᠵᠢᠭᠦᠯᠦᠨ᠎ᠡ᠃    ︵ᠬᠤᠶᠠᠷ︶ ᠪᠦᠬᠦ ᠬᠤᠰᠢᠭᠤᠨ ᠤ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠤᠢ ᠪᠤᠯᠭᠠᠨ᠎ᠠ᠃ ᠪᠦᠬᠦ ᠬᠤᠰᠢᠭᠤᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠴᠤ᠂ ᠪᠦᠬᠦ ᠬᠤᠰᠢᠭᠤᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠦ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃    ︵ᠭᠤᠷᠪᠠ︶ ᠪᠥᠬᠦ ᠬᠤᠰᠢᠭᠤᠨ ᠤ ᠬᠡᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠪᠠ ᠬᠡᠷ ᠬᠥᠷᠥᠩᠭᠡ ᠶᠢᠨ ᠠᠵᠦ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠪᠦᠬᠦ ᠬᠤᠰᠢᠭᠤᠨ ᠤ ᠭᠡᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠤᠬᠢᠷᠠᠭᠤᠯᠤᠨ ᠡᠵᠡᠮᠳᠡᠭᠦ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠵᠤᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠭᠡᠷ ᠬᠥᠷᠥᠩᠭᠡ ᠶᠢᠨ ᠠᠵᠦ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠬᠡ ᠪᠣᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠦᠬᠦ ᠬᠤᠰᠢᠭᠤᠨ ᠤ ᠭᠡᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠬᠠᠮᠢᠶᠠᠷᠤᠯᠲᠠ᠂ ᠭᠡᠷ ᠪᠠᠶᠢᠰᠢᠩ ᠤᠨ ᠲᠦᠷᠢᠶᠡᠰᠦᠯᠡᠯ᠂ ᠭᠡᠷ ᠪᠠᠶᠢᠰᠢᠩ ᠤᠨ ᠲᠠᠯᠠᠪᠠᠢ ᠶᠢᠨ ᠬᠠᠮᠢᠶᠠᠷᠤᠯᠳᠠ᠂ ᠭᠡᠷ ᠬᠥᠷᠥᠩᠭᠡ ᠶᠢᠨ ᠵᠢᠱᠢᠯᠲᠡ ᠦᠨ᠎ᠡ ᠬᠢᠭᠡᠳ ᠠᠵᠤ ᠠᠬᠤᠢ ᠶᠢᠨ ᠬᠠᠮᠢᠶᠠᠷᠤᠯᠲᠠ᠂ ᠠᠳᠠᠯ ᠠᠬᠤᠢ ᠶᠢᠨ ᠬᠠᠮᠢᠶᠠᠷᠤᠯᠲᠠ᠂ ᠭᠡᠷ ᠪᠠᠶᠢᠰᠢᠩ ᠲᠠᠲᠠᠪᠤᠷᠢᠯᠠᠬᠤ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ ᠃ ᠪᠥᠬᠦ ᠬᠤᠰᠢᠭᠤᠨ ᠤ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠳᠠ ᠲᠠᠯᠪᠢᠵᠤ᠂ ᠪᠥᠬᠦ ᠬᠤᠰᠢᠭᠤᠨ ᠤ ᠬᠡᠷ ᠪᠠᠶᠢᠰᠢᠩ ᠤᠨ ᠳᠡᠩᠰᠡᠯᠡᠯᠲᠡ ᠶᠢᠨ ᠠᠵᠢᠯ ᠢ ᠬᠠᠮᠵᠢᠯᠴᠠᠨ ᠵᠢᠯᠣᠭᠤᠳᠤᠨ᠎ᠠ᠃    ︵ᠲᠦᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠬᠤᠰᠢᠭᠤᠨ ᠤ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠳᠦ ᠨᠤᠷᠮ᠎ᠠ ᠲᠤᠭᠳᠠᠭᠠᠬᠤ ᠶᠢ ᠬᠡᠷᠡᠭᠵᠢᠭᠦᠯᠬᠦ ᠪᠠ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠪᠣᠳᠣᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠦ᠂ ᠪᠦᠬᠦ ᠬᠤᠰᠢᠭᠤᠨ ᠤ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠤᠨ ᠨᠡᠶᠢᠲᠡᠯᠡᠨ᠎ᠡ᠃    ︵ᠲᠠᠪᠤ︶ ᠪᠦᠬᠦ ᠬᠤᠰᠢᠭᠤᠨ ᠤ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢ ᠳᠦᠷᠢᠮᠵᠢᠭᠦᠯᠦᠨ᠎ᠡ᠃ ᠪᠦᠬᠦ ᠬᠤᠰᠢᠭᠤᠨ ᠤ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ᠪᠦᠳᠦᠬᠡᠨ ᠪᠠᠶᠢᠭᠤᠯᠤᠯᠲᠠ ᠶᠢᠨ ᠠᠵᠢᠯᠯᠠᠭᠠᠨ ᠤ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠳᠠ ᠲᠠᠯᠪᠢᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭ ᠲᠦᠯᠦᠪᠯᠡᠭᠡ ᠶᠢᠨ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠴᠤ ᠠᠰᠠᠭᠤᠨ ᠯᠠᠪᠯᠠᠬᠤ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠤᠳᠤᠯᠭ᠎ᠠ᠂ ᠲᠤᠮᠳᠠ ᠪᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠶᠢ ᠵᠢᠯᠤᠭᠤᠳᠤᠨ ᠬᠡᠷᠡᠭᠵᠢᠭᠦᠯᠵᠦ᠂ ᠪᠥᠬᠦ ᠬᠤᠰᠢᠭᠤᠨ ᠤ ᠬᠠᠮᠢᠶ᠎ᠠ ᠪᠥᠬᠦᠶ ᠠᠵᠤ ᠠᠬᠤᠶᠢᠯᠠᠯ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠴᠤ ᠵᠢᠯᠣᠭᠤᠳᠤᠨ᠎ᠠ᠃ ᠪᠦᠬᠦ ᠬᠤᠰᠢᠭᠤᠨ ᠤ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡ ᠶᠢᠨ ᠬᠠᠮᠲᠤᠷᠠᠯᠴᠠᠭ᠎ᠠ ᠳᠤ ᠣᠷᠣᠯᠴᠠᠭᠤᠯᠤᠨ᠎ᠠ᠃    ︵ᠵᠢᠷᠭᠤᠭ᠎ᠠ︶ ᠪᠥᠬᠦ ᠬᠤᠰᠢᠭᠤᠨ ᠤ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠰᠢᠭᠤᠨ ᠤ ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠮᠵᠢᠯᠠᠵᠦ ᠳᠠᠩᠰᠠᠯᠠᠬᠤ ᠲᠥᠷᠥ ᠶᠢᠨ ᠪᠤᠳᠤᠯᠭ᠎ᠠ᠂ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠪᠠᠷᠢᠯᠭ᠎ᠠ ᠶᠢᠨ ᠶᠠᠰᠤ ᠴᠢᠨᠠᠷ ᠂ ᠠᠮᠤᠷ ᠲᠦᠪᠰᠢᠨ ᠤ ᠠᠳᠠᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃    ︵ᠳᠣᠯᠤᠭ᠎ᠠ︶ ᠬᠤᠲᠠ ᠶᠢᠨ ᠬᠠᠶᠢᠨ ᠪᠠᠶᠢᠴᠠᠭᠠᠬᠤ᠂ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠬᠡᠮᠵᠢᠯᠲᠡ᠂ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠪᠠ ᠬᠤᠲᠠ ᠶᠢᠨ ᠱᠤᠭᠤᠮᠠᠯ ᠤᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠬᠤᠲᠠ ᠶᠢ ᠰᠡᠯᠪᠢᠨ ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠲᠥᠷᠦ ᠶᠢᠨ ᠪᠣᠳᠣᠯᠭ᠎ᠠ ᠪᠠ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ ᠃ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠨᠠᠢᠮᠠ︶ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠥᠷᠦ ᠶᠢᠨ ᠪᠣᠳᠣᠯᠭ᠎ᠠ ᠪᠠ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠬᠡᠨ ᠤ ᠦᠢᠯᠡᠰ ᠤᠨ ᠲᠤᠮᠳᠠ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠪᠠ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠬᠠᠷᠢᠭᠤᠴᠠᠵᠤ᠂ ᠬᠦᠷᠢᠶ᠎ᠡ ᠪᠠᠯᠭᠠᠰᠤᠨ ᠤ ᠬᠤᠲᠠ ᠲᠣᠭᠤᠷᠢᠭ ᠤᠨ ᠤᠰᠤ ᠭᠠᠳᠠᠭᠰᠢᠯᠠᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠣᠬᠢᠷ ᠤᠰᠤ᠂ ᠬᠤᠭ ᠨᠣᠪᠰᠢ ᠰᠢᠢᠳᠪᠦᠷᠢᠯᠡᠭᠦ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠮᠤ ᠪᠠᠯᠭᠠᠰᠤ ᠰᠢᠶᠠᠩ ᠪᠠᠯᠭᠠᠰᠤ ᠶᠢᠨ ᠢᠯᠴᠢ ᠬᠠᠩᠭᠠᠬᠤ᠂ ᠤᠰᠤ ᠭᠠᠳᠠᠭᠰᠢᠯᠠᠭᠤᠯᠬᠤ᠂ ᠪᠣᠬᠢᠷ ᠤᠰᠤ᠂ ᠬᠤᠭ ᠨᠣᠪᠰᠢ ᠶᠢ ᠬᠤᠤᠷ ᠦᠭᠡᠶ ᠪᠣᠯᠭᠠᠨ ᠰᠢᠢᠳᠪᠦᠷᠢᠯᠡᠭᠦ ᠵᠡᠷᠭᠡ ᠠᠵᠢᠯ ᠳᠤ ᠬᠢᠨᠠᠯᠲᠠ ᠲᠠᠯᠪᠢᠨ ᠵᠢᠯᠤᠭᠤᠳᠤᠨ᠎ᠠ᠃ ᠪᠥᠬᠦ ᠬᠤᠰᠢᠭᠤᠨ ᠤ ᠠᠳᠠᠯ ᠠᠬᠤᠶ᠂ ᠰᠢᠲᠠᠮᠠᠬᠠᠶ ᠬᠡᠶ ᠶᠢᠨ ᠠᠵᠢᠯ ᠢ ᠬᠠᠷᠢᠭᠤᠴᠠᠵᠤ᠂ ᠠᠳᠠᠯ ᠠᠬᠤᠶ ᠪᠠ ᠰᠢᠲᠠᠮᠠᠬᠠᠶ ᠬᠡᠶ ᠶᠢᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠲᠦᠷᠢᠮᠵᠢᠭᠦᠯᠦᠨ᠎ᠡ᠃ ᠬᠦᠷᠢᠶ᠎ᠡ ᠬᠤᠰᠢᠭᠤᠨ ᠤ ᠣᠷᠣᠨ ᠬᠡᠪᠴᠢᠶᠡᠨ ᠤ ᠳᠣᠲᠣᠷᠠᠬᠢ ᠠᠳᠠᠯ ᠠᠬᠤᠶ᠂ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠠᠷᠭ᠎ᠠ ᠵᠢᠴᠢ ᠬᠠᠮᠢᠶ᠎ᠠ ᠪᠥᠬᠦᠶ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠰᠢᠲᠠᠮᠠᠬᠠᠢ ᠬᠡᠢ ᠶᠢᠨ ᠲᠤᠰᠬᠠᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠵᠢᠴᠢ ᠠᠵᠢᠯ ᠲᠥᠷᠥᠯ ᠤᠨ ᠳᠣᠲᠣᠷᠠᠬᠢ ᠰᠢᠨ᠎ᠡ ᠮᠠᠲ᠋ᠧᠷᠢᠶᠠᠯ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ ᠬᠤᠲᠠ ᠶᠢᠨ ᠲᠣᠭᠤᠷᠢᠭ ᠤᠨ ᠤᠰᠤ ᠬᠠᠩᠭᠠᠬᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠶᠢᠰᠦ︶ ᠪᠦᠬᠦ ᠬᠤᠰᠢᠭᠤᠨ ᠤ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠲᠥᠷᠦ ᠶᠢᠨ ᠪᠣᠳᠣᠯᠭ᠎ᠠ ᠪᠠ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠵᠢᠴᠢ ᠬᠤᠳᠠ ᠶᠢᠨ ᠬᠠᠮᠢᠶᠠᠷᠤᠯᠲᠠ ᠯᠤᠭ᠎ᠠ ᠬᠤᠯᠪᠣᠭᠳᠠᠬᠤ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠠᠯᠤᠰᠯᠠᠭᠰᠠᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃    ︵ᠠᠷᠪᠠ︶ ᠪᠦᠬᠦ ᠬᠤᠰᠢᠭᠤᠨ ᠤ ᠲᠤᠰᠬᠤᠨ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠵᠢᠵᠢᠭ ᠬᠤᠲᠠ ᠪᠠᠯᠭᠠᠰᠤ ᠪᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠭᠤᠤᠯᠳᠠᠯᠭ᠎ᠠ ᠲᠠᠢ ᠪᠠᠯᠭᠠᠰᠤᠨ ᠤ ᠪᠥᠲᠥᠭᠡᠨ ᠪᠠᠶᠢᠭᠤᠯᠤᠯᠲᠠ ᠵᠢᠴᠢ ᠤᠯᠠᠮᠵᠢᠯᠠᠯᠲᠤ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃    ︵ᠠᠷᠪᠠᠨ ᠨᠢᠭᠡ︶ ᠪᠦᠬᠦ ᠬᠤᠰᠢᠭᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤᠨ ᠤ ᠪᠠᠭᠠᠰᠬᠠᠨ ᠭᠠᠳᠠᠭᠰᠢᠯᠠᠭᠤᠯᠬᠤ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠂ ᠬᠤᠲᠠ ᠪᠠᠯᠭᠠᠰᠤᠨ ᠤ ᠪᠠᠭᠠᠰᠬᠠᠨ ᠭᠠᠳᠠᠭᠰᠢᠯᠠᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠲᠥᠷᠦ ᠶᠢᠨ ᠪᠤᠳᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠤᠬᠢᠷᠳᠤᠯ ᠥᠬᠡᠶ ᠪᠠᠷᠢᠯᠭ᠎ᠠ᠂ ᠤᠭᠰᠠᠷᠠᠮᠠᠯ ᠬᠡᠯᠪᠡᠷᠢ  ᠶᠢᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ᠂ ᠴᠢᠬᠤᠯᠠ ᠶᠡᠭᠡ ᠰᠢᠨᠵᠢᠯᠡᠭᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠳᠡᠯᠭᠡᠷᠡᠭᠦᠯᠬᠦ ᠶᠢ ᠵᠢᠯᠣᠭᠤᠳᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠᠨ ᠬᠤᠶᠠᠷ︶ ᠪᠥᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃    ︵ᠠᠷᠪᠠᠨ ᠭᠤᠷᠪᠠ︶ ᠪᠦᠭᠦ ᠬᠤᠰᠢᠭᠤᠨ ᠤ ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠲᠦᠰᠦᠯ ᠢ ᠨᠠᠶᠢᠷᠠᠭᠤᠯᠤᠨ ᠵᠤᠬᠢᠶᠠᠬᠤ ᠬᠠᠮᠢᠶᠠᠷᠤᠯᠳᠠ ᠶᠢ ᠬᠠᠷᠢᠭᠤᠴᠠᠵᠦ᠂ ᠪᠦᠭᠦ ᠬᠤᠰᠢᠭᠤᠨ ᠤ ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠲᠦᠰᠦᠯ ᠢ ᠨᠠᠶᠢᠷᠠᠭᠤᠯᠤᠨ ᠵᠤᠬᠢᠶᠠᠬᠤ ᠬᠠᠮᠢᠶᠠᠷᠤᠯᠳᠠ ᠶᠢ ᠵᠢᠯᠤᠭᠤᠳᠤᠨ ᠬᠢᠨᠠᠯᠳᠠ ᠲᠠᠯᠪᠢᠨ ᠪᠠᠶᠢᠴᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠᠨ ᠲᠦᠷᠪᠡ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠲᠠ ᠶᠢᠨ ᠶᠡᠷᠦᠩᠬᠡᠶ ᠲᠦᠯᠦᠪᠵᠢᠭᠦᠯᠬᠡ ᠳᠤ ᠤᠷᠤᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠠᠷᠪᠠᠨ ᠲᠠᠪᠤ︶ ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢᠨ ᠬᠠᠮᠢᠶᠠᠷᠤᠯᠲᠠ ᠶᠢ ᠡᠭᠦᠷᠭᠡᠯᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠳᠠᠯ ᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠤᠨ ᠮᠡᠷᠭᠡᠵᠢᠯ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠵᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠪᠠ ᠶᠡᠷᠦᠩᠬᠡᠶᠢᠯᠡᠨ ᠨᠡᠬᠡᠬᠡᠨ ᠠᠰᠢᠭᠯᠠᠬᠤ ᠶᠢ ᠬᠠᠷᠢᠭᠤᠴᠠᠨ᠎ᠠ᠃    ︵ᠠᠷᠪᠠᠨ ᠵᠢᠷᠭᠤᠭ᠎ᠠ︶ ᠬᠤᠲᠠ ᠶᠢᠨ ᠣᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠲᠤᠰᠠᠯᠠᠬᠤ ᠡᠭᠦᠷᠭᠡ ᠶᠢ  ᠭᠦᠢᠴᠡᠳᠬᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠬᠤ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠᠨ ᠳᠣᠯᠤᠭ᠎ᠠ︶ ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠪᠠ ᠴᠢᠮᠡᠭᠡ ᠬᠤᠯᠪᠤᠭ᠎ᠠ ᠶᠢᠨ ᠰᠡᠷᠡᠮᠵᠢ ᠶᠢᠨ ᠳᠣᠬᠢᠶᠠᠨ ᠤ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠳᠠ ᠶᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠬᠢ ᠶᠢᠨ ᠲᠣᠤᠷ ᠰᠦᠯᠵᠢᠶ᠎ᠡ᠂ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠲᠦᠭᠦᠬᠡᠷᠦᠮᠵᠢ ᠶᠢ ᠠᠰᠢᠭᠯᠠᠨ ᠡᠩ ᠤᠨ ᠦᠶ᠎ᠡ ᠶᠢᠨ ᠠᠶᠤᠯ ᠭᠠᠮᠰᠢᠭ ᠠᠴᠠ ᠠᠪᠤᠷᠠᠬᠤ ᠳᠤ ᠦᠢᠯᠡᠴᠢᠯᠡᠭᠦᠯᠭᠦ ᠬᠡᠷᠡᠭᠲᠡᠶ᠃ ᠠᠷᠠᠳ ᠤᠨ ᠠᠭᠠᠷ ᠤᠨ ᠰᠡᠷᠭᠡᠶᠢᠯᠡᠯᠲᠡ ᠲᠠᠶᠢᠨ ᠤ ᠪᠡᠯᠡᠳᠬᠡᠯ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠤᠨ ᠠᠵᠢᠯ ᠢ ᠬᠠᠷᠢᠭᠤᠴᠠᠨ᠎ᠠ᠃    ︵ᠠᠷᠪᠠᠨ ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠤᠬᠢᠶᠠᠨ᠎ᠠ᠃ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠪᠠᠶᠢᠴᠠᠭᠠᠵᠦ᠂ ᠵᠢᠯᠣᠭᠤᠳᠤᠨ ᠵᠣᠬᠢᠴᠠᠭᠤᠯᠤᠨ᠎ᠠ᠃ ᠴᠢᠬᠤᠯᠠ ᠬᠠᠷᠠᠯᠲᠠᠲᠤ ᠨᠢᠭᠡᠴᠡ ᠶᠢ ᠵᠢᠯᠣᠭᠤᠳᠤᠨ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃    ︵ᠠᠷᠪᠠ ᠶᠢᠰᠦ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠮᠦᠩᠭᠦ ᠴᠤᠭᠯᠠᠭᠤᠯᠬᠤ ᠪᠠ ᠬᠠᠮᠢᠶᠠᠷᠬᠤ ᠶᠢ ᠬᠠᠷᠢᠭᠤᠴᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ  ᠤᠨ ᠦᠮᠴᠢᠯᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃    ︵ᠬᠤᠷᠢ︶ ᠲᠠᠶᠢᠨ ᠤ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠭᠦ ᠪᠤᠯᠤᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃    ︵ᠬᠤᠷᠢᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠡᠬᠡᠳᠦ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠭᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号