ᠬᠦᠷᠢᠶ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠪᠠᠶᠢᠭᠠᠯᠢ ᠶᠢᠨ ᠡᠬᠢ ᠪᠠᠶᠠᠯᠢᠭ ᠤᠨ | ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠤᠯᠤᠨ ᠥᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ | ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠨᠠᠮ ᠤᠨ ᠪᠠᠶᠢᠭᠠᠯᠢ ᠶᠢᠨ ᠡᠬᠢ | ᠪᠠᠶᠠᠯᠢᠭ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ | ᠬᠠᠷᠢᠭᠤᠴᠠᠯᠭ᠎ᠠ ᠪᠣᠯ᠄ | ︵ᠨᠢᠭᠡ︶ ᠪᠦᠭᠦ ᠠᠷᠠᠳ ᠤᠨ ᠦᠮᠴᠢᠯᠠᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ | ᠨᠤᠳᠤᠭ ᠪᠡᠯᠴᠢᠭᠡᠷ᠂ ᠨᠤᠶᠢᠳᠠᠨ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ | ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠴᠡᠭᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠤᠯᠤᠰ ᠤᠨ ᠬᠠᠤᠯᠢ ᠴᠠᠭᠠᠵᠠ | ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ | ᠬᠡᠮᠵᠢᠨ ᠵᠢᠷᠤᠬᠤ ᠵᠡᠷᠭᠡ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠨ᠎ᠠ᠃ ᠣᠢ | ᠰᠢᠭᠤᠶ ᠪᠣᠯᠤᠨ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠳᠠ | ᠰᠡᠷᠭᠦᠬᠡᠨ ᠵᠠᠰᠠᠯᠳᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠣᠶ ᠰᠢᠭᠤᠶ ᠪᠠ | ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠪᠦᠳᠦᠬᠡᠨ ᠪᠠᠶᠢᠭᠤᠯᠤᠯᠲᠠ ᠶᠢᠨ ᠰᠡᠷᠭᠦᠭᠡᠨ | ᠵᠠᠰᠠᠬᠤ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠢ ᠰᠢᠭᠤᠶ᠂ ᠨᠤᠲᠤᠭ ᠪᠡᠯᠴᠢᠭᠡᠷ᠂ ᠨᠤᠶᠢᠳᠠᠨ ᠭᠠᠵᠠᠷ᠂ ᠡᠯᠡᠰᠦᠨ | ᠴᠦᠯ ᠪᠠ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠶ ᠬᠢᠨᠠᠨ ᠬᠡᠮᠵᠢᠯᠲᠡ | ᠪᠠ ᠦᠨᠡᠯᠡᠯᠲᠡ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ | ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠢᠨᠠᠨ ᠬᠡᠮᠵᠢᠨ ᠦᠨᠡᠯᠡᠬᠦ ᠶᠢ ᠬᠠᠷᠢᠭᠤᠴᠠᠨ᠎ᠠ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠢᠨᠠᠨ | ᠬᠡᠮᠵᠢᠨ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠪᠥᠬᠦ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠢᠨᠠᠨ ᠬᠡᠮᠵᠢᠨ ᠦᠨᠡᠯᠡᠬᠦ ᠨᠢᠭᠡᠳᠦᠯᠲᠡᠶ ᠲᠦᠷᠢᠮᠵᠢᠭᠰᠡᠨ | ᠲᠦᠷᠢᠮ ᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠶ ᠵᠦᠢᠯ ᠤᠨ | ᠪᠠᠶᠢᠴᠠᠭᠠᠯᠲᠠ ᠪᠠ ᠬᠢᠨᠠᠨ ᠬᠡᠮᠵᠢᠯᠳᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ | ᠪᠠᠶᠢᠴᠠᠭᠠᠨ ᠬᠢᠨᠠᠨ ᠬᠡᠮᠵᠢᠨ ᠦᠨᠡᠯᠡᠭᠰᠡᠨ ᠦᠷ᠎ᠡ ᠪᠦᠲᠦᠭᠡᠯ ᠢ ᠬᠢᠨᠠᠨ ᠬᠠᠮᠢᠶᠠᠷᠬᠤ ᠪᠠ ᠮᠡᠳᠡᠭᠡ ᠵᠠᠩᠭᠢ ᠨᠡᠶᠢᠲᠡᠯᠡᠬᠦ ᠶᠢ | ᠬᠠᠷᠢᠭᠤᠴᠠᠨ᠎ᠠ᠃ | ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠡᠮᠳᠡᠭᠯᠡᠵᠦ ᠳᠠᠩᠰᠠᠯᠠᠬᠤ | ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠡᠯ᠎ᠡ | ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠭᠦᠳᠡᠯᠭᠦ ᠬᠥᠷᠥᠩᠭᠡ ᠤᠨ ᠨᠢᠭᠡᠳᠦᠯᠲᠡᠶ ᠡᠷᠬᠡ ᠶᠢ ᠨᠤᠲᠠᠯᠠᠨ | ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ | ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠭᠦ᠂ ᠦᠷ᠎ᠡ ᠪᠦᠲᠦᠭᠡᠯ ᠢ ᠬᠡᠷᠡᠭᠯᠡᠬᠦ ᠲᠦᠷᠢᠮ᠂ ᠪᠠᠷᠢᠮᠵᠢᠶ᠎ᠠ᠂ | ᠲᠦᠷᠢᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ | ᠪᠠ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ | ᠲᠠᠪᠴᠠᠩ ᠢ ᠪᠠᠶᠢᠭᠤᠯᠤᠨ ᠪᠦᠷᠢᠨᠰᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤ ᠳᠠᠭᠠᠨ ᠡᠳ᠋ᠯᠡᠭᠦ᠂ ᠬᠤᠷᠢᠶᠠᠩᠭᠤᠶᠢᠯᠠᠨ | ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠣᠯᠤᠨ | ᠦᠯᠦ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠲᠦᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ | ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠪᠦᠷᠢᠳᠬᠡᠯ ᠤᠨ ᠳᠦᠷᠢᠮ ᠶᠣᠰᠣᠭᠠᠷ᠂ ᠪᠦᠬᠦ ᠬᠤᠰᠢᠭᠤᠨ ᠤ ᠪᠦᠭᠦ ᠠᠷᠠᠳ ᠤᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ | ᠪᠦᠭᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢ ᠶᠢᠨ | ᠭᠦᠰᠦᠨᠦᠭᠳᠦ ᠶᠢ ᠨᠠᠶᠢᠷᠠᠭᠤᠯᠤᠨ ᠵᠣᠬᠢᠶᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠲᠣᠭᠲᠠᠭᠠᠨ᠎ᠠ᠃ ᠪᠦᠭᠦ ᠠᠷᠠᠳ ᠤᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠬᠤᠪᠢᠶᠠᠷᠢᠯᠠᠨ ᠦᠭᠭᠦ᠂ ᠰᠢᠯᠵᠢᠭᠦᠯᠦᠨ ᠥᠭᠬᠦ | ᠂ ᠲᠦᠷᠢᠶᠡᠰᠦᠯᠡᠭᠦᠯᠬᠦ᠂ ᠦᠨ᠎ᠡ ᠲᠤᠭᠳᠠᠭᠠᠵᠦ ᠪᠡᠯᠡ ᠭᠠᠷᠭᠠᠬᠤ ᠪᠠ ᠭᠠᠵᠠᠷ ᠰᠢᠷᠣᠶ ᠨᠦᠬᠡᠴᠡᠯᠡᠭᠦ ᠲᠦᠷᠦ ᠶᠢᠨ | ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠭᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠦᠷᠦᠩᠭᠡ ᠶᠢ ᠵᠦᠶ ᠵᠣᠬᠢᠰᠲᠠᠶ ᠲᠣᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠦ᠂ ᠬᠠᠮᠢᠶ᠎ᠠ ᠪᠦᠬᠦᠢ ᠡᠳ᠋ | ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠪᠠᠷᠢᠮᠵᠢᠶ᠎ᠡ ᠶᠢ ᠨᠠᠶᠢᠳᠠᠪᠤᠷᠢᠵᠢᠭᠤᠯᠬᠤ᠂ ᠵᠠᠰᠠᠭ ᠤᠨ ᠣᠷᠳᠣᠨ ᠤ ᠢᠯᠡ ᠨᠡᠶᠢᠲᠡᠯᠡᠬᠦ ᠪᠠᠶᠢᠭᠠᠯᠢ ᠶᠢᠨ ᠡᠬᠢ ᠪᠠᠶᠠᠯᠢᠭ ᠤᠨ | ᠦᠨ᠎ᠡ ᠬᠠᠩᠰᠢ ᠶᠢᠨ ᠰᠢᠰᠲ᠋ᠧᠮ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠳᠡᠰ ᠬᠤᠪᠢᠶᠠᠨ ᠳᠡᠰ | ᠲᠣᠭᠲᠠᠭᠠᠭᠰᠠᠨ ᠦᠨ᠎ᠡ ᠬᠠᠩᠰᠢ ᠶᠢᠨ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ | ᠡᠬᠢ ᠪᠠᠶᠠᠯᠢᠭ ᠢ ᠠᠰᠢᠭᠯᠠᠬᠤ ᠶᠢ ᠦᠨᠡᠯᠡᠵᠦ ᠰᠢᠯᠭᠠᠨ ᠬᠢᠨᠠᠬᠤ ᠶᠢ ᠥᠷᠨᠢᠭᠦᠯᠦᠨ᠂ ᠠᠷᠪᠢᠲᠠᠶ ᠡᠷᠴᠢᠮᠯᠢᠭ | ᠠᠰᠢᠭᠯᠠᠬᠤ ᠶᠢ ᠵᠢᠯᠣᠭᠤᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠳᠤ ᠬᠤᠯᠪᠣᠭᠳᠠᠬᠤ ᠬᠤᠷᠸ᠎ᠠ | ᠲᠣᠬᠢᠷᠠᠭᠤᠯᠭ᠎ᠠ ᠡᠵᠡᠮᠰᠢᠯ᠂ ᠤᠷᠤᠨ ᠪᠦᠰᠡ ᠶᠢᠨ ᠲᠤᠬᠢᠷᠠᠭᠤᠯᠤᠯᠳᠠ ᠪᠠ ᠬᠤᠲᠠ ᠬᠥᠳᠡᠭᠡ ᠶᠢ ᠨᠢᠭᠡᠳᠦᠯᠲᠡᠶ | ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠰᠤᠳᠤᠯᠤᠨ᠎ᠠ᠃ | ︵ᠵᠢᠷᠭᠤᠭ᠎ᠠ︶ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢ ᠬᠠᠷᠢᠭᠤᠴᠠᠬᠤ ᠶᠢᠨ | ᠬᠠᠮᠳᠦ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ | ᠪᠣᠳᠣᠯᠭ᠎ᠠ ᠪᠠ ᠳᠦᠷᠢᠮ ᠢ ᠲᠦᠯᠬᠢᠨ ᠠᠬᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠦᠯᠦᠪᠵᠢᠭᠦᠯᠬᠡ ᠪᠠ ᠬᠠᠮᠢᠶ᠎ᠠ ᠪᠦᠬᠦᠢ ᠲᠤᠰᠬᠠᠶ ᠵᠦᠢᠯ ᠤᠨ ᠲᠦᠯᠦᠪᠵᠢᠭᠦᠯᠬᠡ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠯ᠎ᠡ ᠲᠥᠷᠥᠯ ᠤᠨ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠬᠠᠤᠯᠢ ᠶᠣᠰᠣᠭᠠᠷ ᠬᠢᠨᠠᠨ ᠬᠠᠷᠭᠤᠭᠤᠯᠵᠤ | ᠂ ᠮᠡᠳᠡᠭᠦᠯᠦᠨ ᠵᠥᠪᠰᠢᠶᠡᠷᠡᠭᠦᠯᠵᠦ᠂ ᠲᠠᠩᠰᠠᠯᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠣᠷᠴᠢᠨ ᠠᠬᠤᠶ ᠶᠢᠨ | ᠳᠠᠭᠠᠭᠠᠴᠠ ᠶᠢ ᠦᠨᠡᠯᠡᠬᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠠᠰᠢᠭᠯᠠᠬᠤ ᠳᠤ | ᠲᠣᠬᠢᠷᠠᠮᠵᠢᠲᠠᠶ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢ ᠬᠡᠷᠡᠭᠵᠢᠭᠦᠯᠬᠦ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠢ ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠰᠢᠨ᠎ᠠ ᠵᠡᠷᠭᠡ | ᠡᠵᠡᠮᠰᠢᠯ ᠤᠨ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ | ᠣᠷᠴᠢᠨ ᠠᠬᠤᠶ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ | ᠪᠠᠶᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠣᠷᠣᠨ ᠵᠠᠶ ᠶᠢᠨ ᠲᠦᠯᠦᠪᠵᠢᠭᠦᠯᠬᠡ ᠵᠢᠴᠢ ᠬᠠᠮᠢᠶ᠎ᠠ ᠪᠦᠬᠦᠢ | ᠲᠤᠰᠬᠠᠶ ᠵᠦᠢᠯ ᠤᠨ ᠲᠦᠯᠦᠪᠵᠢᠭᠦᠯᠬᠡ᠂ ᠲᠣᠰᠬᠤᠨ ᠪᠠᠯᠭᠠᠰᠤ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠥᠷᠨᠢᠭᠦᠯᠬᠦ ᠶᠢ ᠵᠢᠯᠣᠭᠤᠳᠤᠨ᠎ᠠ᠃ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠬᠡᠷᠡᠭᠴᠡᠭᠡ ᠶᠢ ᠵᠠᠬᠢᠷᠤᠨ ᠬᠠᠮᠢᠶᠠᠷᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠵᠠᠷ ᠰᠢᠷᠣᠶ ᠵᠡᠷᠭᠡ | ᠪᠠᠶᠢᠭᠠᠯᠢ ᠶᠢᠨ ᠡᠬᠢ ᠪᠠᠶᠠᠯᠢᠭ ᠤᠨ ᠵᠢᠯ ᠤᠨ ᠠᠰᠢᠭᠯᠠᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠵᠤ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠴᠡᠭᠡ ᠶᠢ ᠰᠢᠯᠵᠢᠭᠦᠯᠦᠨ ᠬᠡᠷᠡᠭᠯᠡᠭᠦ ᠠᠵᠢᠯ ᠢ ᠬᠠᠷᠢᠭᠤᠴᠠᠨ᠎ᠠ᠃ ᠭᠠᠵᠠᠷ ᠰᠢᠷᠣᠶ ᠶᠢ ᠲᠠᠲᠠᠪᠤᠷᠢᠯᠠᠨ ᠬᠤᠷᠢᠶᠠᠬᠤ | ᠪᠠ ᠲᠠᠲᠠᠪᠤᠷᠢᠯᠠᠨ ᠬᠡᠷᠡᠭᠯᠡᠵᠦ ᠬᠠᠮᠢᠶᠠᠷᠬᠤ ᠶᠢ ᠬᠠᠷᠢᠭᠤᠴᠠᠨ᠎ᠠ᠃ ᠬᠦᠷᠢᠶ᠎ᠡ ᠬᠤᠰᠢᠭᠤᠨ ᠤ ᠬᠤᠲᠠ ᠶᠢᠨ | ᠲᠣᠭᠤᠷᠢᠭ ᠤᠨ ᠤᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠬᠡ᠂ ᠡᠵᠡᠮᠰᠢᠯ ᠤᠨ | ᠴᠢᠨᠠᠷᠲᠠᠶ ᠨᠠᠷᠢᠨ ᠲᠦᠯᠦᠪᠵᠢᠭᠦᠯᠬᠡ᠂ ᠬᠤᠲᠠ ᠶᠢᠨ ᠵᠢᠷᠤᠭ ᠲᠥᠯᠥᠪᠯᠡᠭᠡ᠂ ᠭᠠᠵᠠᠷ ᠳᠣᠤᠷᠠᠬᠢ ᠣᠷᠣᠨ ᠵᠠᠶ ᠶᠢᠨ | ᠲᠦᠯᠦᠪᠵᠢᠭᠦᠯᠬᠡ᠂ ᠵᠠᠮ ᠵᠢᠴᠢ ᠬᠤᠲᠠ ᠶᠢᠨ ᠶᠠᠪᠤᠳᠠᠯ ᠤᠨ ᠪᠠᠷᠢᠯᠭ᠎ᠠ ᠵᠡᠷᠭᠡ ᠲᠤᠰᠬᠠᠢ ᠵᠦᠢᠯ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ᠂ ᠮᠡᠳᠡᠭᠦᠯᠦᠨ ᠵᠦᠪᠰᠢᠶᠡᠷᠡᠭᠦᠯᠵᠦ᠂ | ᠳᠠᠩᠰᠠᠯᠠᠭᠤᠯᠬᠤ ᠠᠵᠢᠯ ᠢ ᠬᠠᠷᠢᠭᠤᠴᠠᠨ᠎ᠠ᠃ ︽ᠨᠢᠭᠡ ᠵᠢᠷᠤᠭ ᠲᠥᠯᠥᠪᠯᠡᠭᠡ︾ ᠶᠢᠨ ᠲᠥᠯᠥᠪᠵᠢᠭᠦᠯᠭᠡ ᠶᠢᠨ ᠦᠷ᠎ᠡ | ᠪᠦᠲᠦᠭᠡᠯ ᠢ ᠨᠢᠭᠡᠳᠦᠯᠲᠡᠶ ᠲᠥᠯᠥᠪᠯᠡᠬᠦ ᠭᠦᠳᠡᠯᠦᠩᠭᠦᠢ ᠪᠠᠷ ᠮᠥᠷᠳᠡᠨ ᠬᠠᠮᠠᠭᠠᠯᠠᠵᠤ ᠬᠥᠮᠥᠷᠭᠡ ᠳᠤ ᠣᠷᠣᠭᠤᠯᠬᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠪᠠᠯᠭᠠᠰᠤᠨ ᠤ ᠰᠡᠯᠪᠢᠨ ᠵᠠᠰᠠᠬᠤ ᠠᠵᠢᠯ ᠢ ᠵᠢᠯᠣᠭᠤᠳᠴᠤ | ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠣᠭᠲᠠᠭᠠᠯ ᠤᠨ | ᠲᠥᠰᠦᠯ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠬᠦᠷᠢᠶ᠎ᠡ ᠬᠤᠰᠢᠭᠤᠨ ᠤ ᠲᠥᠯᠥᠪᠵᠢᠭᠦᠯᠭᠡ ᠶᠢᠨ ᠵᠥᠪᠯᠡᠯ ᠤᠨ ᠡᠳᠦᠷ ᠲᠤᠲᠤᠮ ᠤᠨ ᠠᠵᠢᠯ ᠢ | ᠡᠭᠦᠷᠭᠡᠯᠡᠨ᠎ᠡ᠃ | ︵ᠳᠣᠯᠤᠭ᠎ᠠ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠡᠯ᠎ᠡ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠣᠩᠭᠤᠬᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ | ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ᠂ ᠬᠤᠲᠠ ᠶᠢᠨ ᠶᠠᠪᠤᠳᠠᠯ ᠤᠨ ᠪᠠᠷᠢᠯᠭ᠎ᠠ᠂ ᠰᠢᠶᠠᠩ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠬᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠵᠤ᠂ | ᠡᠯ᠎ᠡ ᠵᠦᠢᠯ ᠤᠨ ᠵᠠᠰᠠᠨ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ ᠵᠢᠴᠢ ᠡᠯ᠎ᠡ ᠲᠥᠷᠥᠯ ᠤᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠦᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ᠂ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠰᠠᠨᠠᠯ ᠤᠨ ᠪᠢᠴᠢᠭ᠂ ᠪᠦᠳᠦᠬᠡᠨ | ᠪᠠᠶᠢᠭᠤᠯᠤᠯᠳᠠ ᠶᠢᠨ ᠭᠠᠵᠠᠷ ᠬᠡᠷᠡᠭᠯᠡᠭᠦ ᠲᠦᠯᠦᠪᠵᠢᠭᠦᠯᠬᠡ ᠶᠢᠨ ᠨᠦᠭᠦᠴᠡᠯ ᠤᠨ ᠪᠢᠴᠢᠭ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠰᠢᠶᠠᠩ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠨ᠎ᠠ᠃ ᠡᠯ᠎ᠡ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠤᠳᠠᠰᠦ ᠲᠠᠯᠪᠢᠬᠤ᠂ ᠤᠳᠠᠰᠦ | ᠰᠢᠯᠭᠠᠨ ᠠᠪᠬᠤ ᠪᠠ ᠲᠥᠯᠥᠪᠵᠢᠭᠦᠯᠭᠡ ᠶᠢᠨ ᠠᠵᠢᠯ ᠳᠠᠭᠤᠰᠤᠭᠰᠠᠨ ᠢ ᠬᠢᠨᠠᠨ ᠬᠠᠷᠭᠤᠭᠤᠯᠬᠤ ᠶᠢ ᠵᠣᠬᠢᠶᠠᠨ | ᠪᠠᠶᠢᠭᠤᠯᠤᠨ᠎ᠠ᠃ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠲᠦᠷ ᠴᠠᠭ ᠤᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ᠂ ᠲᠦᠷ ᠴᠠᠭ ᠤᠨ ᠬᠤᠲᠠ ᠶᠢᠨ ᠶᠠᠪᠤᠳᠠᠯ ᠤᠨ ᠪᠠᠷᠢᠯᠭ᠎ᠠ᠂ ᠲᠦᠷ ᠴᠠᠭ ᠭᠠᠵᠠᠷ | ᠬᠡᠷᠡᠭᠯᠡᠬᠦ ᠲᠥᠯᠥᠪᠵᠢᠭᠦᠯᠭᠡ ᠶᠢᠨ ᠵᠦᠪᠰᠢᠶᠡᠷᠡᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠨ᠎ᠠ᠃ | ᠬᠤᠲᠠ ᠶᠢᠨ ᠱᠤᠭᠤᠮᠠᠯ ᠵᠡᠷᠭᠡ ᠣᠷᠴᠢᠨ ᠲᠣᠭᠤᠷᠢᠨ ᠤ ᠤᠷᠠᠯᠢᠭ ᠤᠨ ᠪᠠᠷᠢᠯᠭ᠎ᠠ ᠶᠢᠨ ᠲᠥᠯᠥᠪᠵᠢᠭᠦᠯᠭᠡ ᠶᠢᠨ | ᠬᠠᠮᠢᠶᠠᠷᠤᠯᠳᠠ ᠶᠢ ᠬᠠᠷᠢᠭᠤᠴᠠᠨ᠎ᠠ᠃ | ︵ᠨᠠᠢᠮᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠶᠢ ᠨᠢᠭᠡᠳᠦᠯᠲᠡᠶ | ᠲᠦᠯᠦᠪᠯᠡᠭᠦ ᠶᠢ ᠬᠠᠷᠢᠭᠤᠴᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ | ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠨᠠᠶᠢᠷᠠᠭᠤᠯᠬᠤ ᠶᠢᠨ ᠬᠠᠮᠲᠤ ᠠᠮᠢ ᠠᠬᠤᠶ ᠶᠢ ᠰᠡᠷᠭᠦᠭᠡᠬᠦ ᠬᠤᠯᠪᠣᠭᠳᠠᠯ | ᠪᠦᠬᠦᠢ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠵᠦ | ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ | ᠵᠣᠬᠢᠶᠠᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠳᠦᠷᠢᠮ ᠢ ᠪᠠᠶᠢᠭᠤᠯᠤᠨ | ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠶ ᠵᠣᠬᠢᠰᠲᠠᠶ ᠠᠰᠢᠭᠯᠠ ᠠᠮᠢ ᠠᠬᠤᠶ ᠶᠢ ᠰᠡᠷᠭᠦᠭᠡᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠴᠢᠬᠤᠯᠠ ᠶᠡᠭᠡ ᠪᠡᠯᠡᠳᠬᠡᠯ ᠲᠥᠷᠥᠯ ᠵᠦᠢᠯ ᠢ | ᠲᠤᠷᠠᠳᠤᠨ᠎ᠠ᠃ | ︵ᠶᠢᠰᠦ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠠᠷᠢᠭᠤᠴᠠᠨ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ | ᠬᠡᠷᠡᠭᠵᠢᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ᠬᠠᠮᠠᠭᠠᠯᠠᠯᠲᠠ ᠶᠢ | ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠯᠬᠦ ᠳᠦᠷᠢᠮ ᠢ | ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠨᠥᠬᠦᠪᠥᠷᠢ ᠥᠭᠬᠦ ᠳᠦᠷᠢᠮ ᠢ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠨ᠎ᠠ᠃ | ︵ᠠᠷᠪᠠ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠳᠦ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠬᠤᠰᠢᠭᠤᠨ ᠤ ᠲᠡᠰ ᠤᠨ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠠᠮᠢᠶᠠᠷᠤᠨ᠎ᠠ᠃ ᠪᠦᠬᠦ ᠬᠤᠰᠢᠭᠤᠨ ᠤ ᠰᠠᠭᠤᠷᠢ ᠴᠢᠨᠠᠷᠲᠠᠢ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠳᠠ ᠪᠠ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠭᠠᠵᠠᠷ ᠰᠢᠨᠵᠢᠯᠡᠬᠡᠨ ᠤ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠭᠠᠵᠠᠷ ᠰᠢᠨᠵᠢᠯᠡᠬᠡᠨ ᠤ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ ᠳᠣᠤᠷᠠᠬᠢ | ᠤᠰᠤ ᠶᠢ ᠬᠡᠳᠦᠷᠬᠡᠢ ᠶᠡᠭᠡ ᠬᠡᠮᠵᠢᠶ᠎ᠡ ᠪᠠᠷ ᠨᠡᠭᠡᠭᠡᠨ ᠠᠪᠬᠤ ᠵᠢᠴᠢ ᠭᠠᠵᠠᠷ ᠤᠨ ᠭᠠᠳᠠᠷᠭᠤ ᠳᠣᠷᠣᠭᠰᠢ ᠰᠠᠭᠤᠭᠰᠠᠨ | ᠵᠡᠷᠭᠡ ᠭᠠᠵᠠᠷ ᠰᠢᠨᠵᠢᠯᠡᠬᠡᠨ ᠤ ᠠᠰᠠᠭᠤᠳᠠᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠡᠷᠲᠡᠨ ᠤ ᠠᠮᠢᠳᠤ ᠪᠣᠳᠠᠰ ᠤᠨ | ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠨᠢᠭᠡ︶ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢᠨ | ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠭᠠᠵᠠᠷ ᠰᠢᠨᠵᠢᠯᠡᠬᠡᠨ ᠤ ᠭᠠᠮᠰᠢᠭ ᠢ | ᠤᠷᠢᠳᠴᠢᠯᠠᠨ ᠰᠡᠷᠬᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ | ᠬᠠᠮᠲᠤ ᠵᠢᠯᠤᠭᠤᠳᠤᠨ ᠬᠡᠷᠡᠭᠵᠢᠭᠦᠯᠦᠨ᠎ᠡ᠃ ᠭᠠᠵᠠᠷ ᠰᠢᠨᠵᠢᠯᠡᠬᠡᠨ ᠤ ᠭᠠᠶ ᠭᠠᠮᠰᠢᠭ ᠢ ᠪᠠᠶᠢᠴᠠᠭᠠᠨ ᠦᠨᠡᠯᠡᠬᠦ ᠵᠢᠴᠢ | ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ | ᠵᠢᠯᠣᠭᠤᠳᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ | ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ | ᠭᠠᠵᠠᠷ ᠰᠢᠨᠵᠢᠯᠡᠬᠡᠨ ᠤ ᠭᠠᠮᠰᠢᠭ ᠤᠨ ᠪᠠᠷᠢᠯᠭ᠎ᠠ ᠶᠢ ᠵᠠᠰᠠᠬᠤ ᠠᠵᠢᠯ ᠢ ᠵᠢᠯᠣᠭᠤᠳᠤᠨ ᠦᠷᠨᠢᠭᠦᠯᠦᠨ᠎ᠡ᠃ ᠭᠠᠵᠠᠷ | ᠰᠢᠨᠵᠢᠯᠡᠬᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ | ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠠᠮᠢᠶᠠᠷᠬᠤ ᠵᠢᠴᠢ | ᠳᠠᠷᠤᠵᠤ ᠨᠤᠷᠠᠭᠠᠬᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ | ᠪᠦᠬᠦ ᠬᠤᠰᠢᠭᠤᠨ ᠤ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠠᠭᠰᠠᠨ | ᠠᠭᠤᠷᠬᠠᠢ ᠶᠢᠨ ᠲᠥᠷᠥᠯ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢ ᠲᠤᠬᠢᠷᠠᠭᠤᠯᠤᠨ ᠡᠵᠡᠮᠳᠡᠭᠦ ᠵᠢᠴᠢ ᠬᠠᠮᠢᠶ᠎ᠠ | ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ | ᠠᠰᠢᠭᠯᠠᠬᠤ ᠪᠠ ᠬᠠᠮᠠᠭᠠᠯᠠᠬᠤ ᠶᠢ ᠬᠢᠨᠠᠯᠲᠠ ᠲᠠᠯᠪᠢᠨ ᠵᠢᠯᠣᠭᠤᠳᠤᠨ᠎ᠠ᠃ | ︵ᠠᠷᠪᠠᠨ ᠭᠤᠷᠪᠠ︶ ᠭᠠᠵᠠᠷ ᠵᠦᠶ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠰᠠᠭᠤᠷᠢ ᠬᠡᠮᠵᠢᠨ ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢ | ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ | ᠬᠤᠰᠢᠭᠤᠨ ᠤ ᠭᠠᠵᠠᠷ ᠵᠦᠢ ᠶᠢᠨ ᠰᠤᠷᠠᠭ ᠵᠠᠩᠭᠢ ᠶᠢᠨ ᠠᠮᠤᠷ ᠲᠦᠪᠰᠢᠨ ᠪᠣᠯᠤᠨ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠬᠢᠨᠠᠨ ᠬᠠᠮᠢᠶᠠᠷᠤᠨ᠎ᠠ᠃ ᠭᠠᠵᠠᠷ ᠵᠦᠶ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ | ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃ | ︵ᠠᠷᠪᠠᠨ ᠲᠦᠷᠪᠡ︶ ᠪᠦᠬᠦ ᠬᠤᠰᠢᠭᠤᠨ ᠤ ᠣᠢ ᠰᠢᠭᠤᠢ ᠪᠠ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠵᠠᠰᠠᠨ ᠰᠡᠷᠭᠦᠭᠡᠬᠦ ᠪᠠ ᠣᠶᠢᠵᠢᠭᠤᠯᠵᠤ ᠡᠪᠡᠰᠦ ᠲᠠᠷᠢᠬᠤ | ᠨᠣᠭᠤᠭᠠᠷᠠᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ | ᠰᠡᠷᠭᠦᠭᠡᠨ ᠵᠠᠰᠠᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ | ᠠᠰᠠᠷᠠᠮᠵᠢ ᠶᠢᠨ ᠣᠶ᠂ ᠲᠠᠸᠠᠷ ᠤᠨ ᠣᠶ ᠶᠢ ᠪᠤᠶᠢᠵᠢᠭᠤᠯᠤᠨ ᠡᠵᠡᠩᠨᠡᠬᠦ ᠶᠢ ᠵᠢᠯᠤᠭᠤᠳᠴᠦ᠂ ᠪᠥᠬᠦ ᠠᠷᠠᠳ ᠤᠨ | ᠠᠯᠪᠠᠨ ᠵᠢᠷᠤᠮ ᠤᠨ ᠡᠪᠡᠰᠦ ᠮᠣᠳᠣ ᠳᠠᠷᠢᠬᠤ᠂ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠶᠢ ᠵᠢᠯᠣᠭᠤᠳᠤᠨ | ᠬᠢᠨᠠᠯᠲᠠ ᠲᠠᠯᠪᠢᠨ᠎ᠠ᠃ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ | ᠵᠠᠰᠠᠬᠤ᠂ ᠬᠢᠵᠢᠭ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠣᠢ ᠰᠢᠭᠤᠶ ᠪᠠ ᠨᠤᠲᠤᠭ ᠪᠡᠯᠴᠢᠭᠡᠷ ᠤᠨ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ︵ᠠᠷᠪᠠᠨ ᠲᠠᠪᠤ︶ ᠪᠥᠬᠦ ᠬᠤᠰᠢᠭᠤᠨ ᠤ ᠣᠶ ᠰᠢᠭᠤᠶ᠂ ᠨᠤᠲᠤᠭ ᠪᠡᠯᠴᠢᠭᠡᠷ᠂ ᠨᠤᠶᠢᠳᠠᠨ ᠭᠠᠵᠠᠷ ᠤᠨ ᠡᠬᠢ | ᠪᠠᠶᠠᠯᠢᠭ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠣᠢ ᠮᠣᠳᠣ ᠣᠭᠲᠣᠯᠬᠤ | ᠬᠢᠵᠠᠭᠠᠷ ᠲᠤᠭ᠎ᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠳᠠ ᠲᠠᠯᠪᠢᠵᠤ ᠬᠡᠷᠡᠭᠵᠢᠭᠦᠯᠦᠨ᠎ᠡ᠃ ᠮᠤᠳᠦ ᠲᠠᠢ | ᠭᠠᠵᠠᠷ ᠤᠨ ᠬᠠᠮᠢᠶᠠᠷᠤᠯᠲᠠ ᠶᠢ ᠬᠠᠷᠢᠭᠤᠴᠠᠵᠤ᠂ ᠮᠤᠳᠦ ᠲᠠᠢ ᠭᠠᠵᠠᠷ ᠢ ᠬᠠᠮᠠᠭᠠᠯᠠᠨ ᠠᠰᠢᠭᠯᠠᠬᠤ ᠲᠦᠯᠦᠪᠵᠢᠭᠦᠯᠬᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠣᠶ ᠶᠢ | ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠤᠨ | ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠬᠡᠷ ᠢ ᠨᠡᠭᠡᠭᠡᠨ ᠠᠰᠢᠭᠯᠠᠬᠤ ᠲᠤ | ᠬᠢᠨᠠᠯᠲᠠ ᠲᠠᠯᠪᠢᠵᠤ ᠬᠠᠮᠢᠶᠠᠷᠤᠨ᠎ᠠ᠃ ᠨᠤᠶᠢᠳᠠᠨ ᠭᠠᠵᠠᠷ ᠤᠨ ᠠᠮᠢ ᠠᠬᠤᠶ ᠶᠢ ᠬᠠᠮᠠᠭᠠᠯᠠᠨ ᠵᠠᠰᠠᠨ ᠰᠡᠷᠭᠦᠭᠡᠬᠦ ᠠᠵᠢᠯ ᠢ | ᠬᠠᠷᠢᠭᠤᠴᠠᠵᠤ᠂ ᠪᠥᠬᠦ ᠬᠤᠰᠢᠭᠤᠨ ᠤ ᠨᠤᠶᠢᠳᠠᠨ ᠭᠠᠵᠠᠷ ᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠤᠶᠢᠳᠠᠨ ᠭᠠᠵᠠᠷ ᠢ ᠨᠡᠭᠡᠭᠡᠨ ᠠᠰᠢᠭᠯᠠᠬᠤ ᠶᠢ | ᠬᠢᠨᠠᠨ ᠬᠠᠮᠢᠶᠠᠷᠤᠨ᠎ᠠ᠃ | ︵ᠠᠷᠪᠠᠨ ᠵᠢᠷᠭᠤᠭ᠎ᠠ︶ ᠴᠦᠯᠵᠢᠯᠳᠠ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ | ᠬᠠᠷᠢᠭᠤᠴᠠᠨ᠎ᠠ᠃ ᠡᠵᠡᠭᠦᠢ ᠴᠦᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦ ᠮᠠᠩᠬ᠎ᠠ ᠶᠢ | ᠰᠡᠷᠬᠡᠶᠢᠯᠡᠨ ᠡᠯᠡᠰᠦ ᠮᠠᠩᠬ᠎ᠠ ᠶᠢ ᠵᠠᠰᠠᠬᠤ᠂ ᠡᠯᠡᠰᠦᠵᠢᠯ ᠢ ᠪᠢᠲᠡᠭᠦᠮᠵᠢᠯᠡᠨ ᠴᠠᠭᠠᠵᠠᠯᠠᠬᠤ ᠬᠠᠮᠠᠭᠠᠯᠠᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠮᠣᠳᠣ ᠵᠠᠶᠢᠯᠠᠬᠤ | ᠡᠪᠡᠰᠦ ᠲᠠᠷᠢᠬᠤ ᠵᠡᠷᠭᠡ ᠠᠮᠢᠳᠤ ᠪᠣᠳᠠᠰ ᠤᠨ ᠠᠷᠭ᠎ᠠ ᠬᠡᠮᠵᠢᠶ᠎ᠡ ᠪᠠᠷ ᠬᠥᠷᠥᠰᠥ ᠰᠢᠷᠣᠶ ᠢᠳᠡᠭᠳᠡᠬᠦ ᠶᠢ ᠰᠡᠷᠭᠡᠶᠢᠯᠡᠨ | ᠵᠠᠰᠠᠬᠤ ᠪᠠ ᠡᠯᠡᠰᠦ ᠮᠠᠩᠬ᠎ᠠ ᠶᠢ ᠰᠡᠷᠬᠡᠶᠢᠯᠡᠭᠦ᠂ ᠡᠯᠡᠰᠦ ᠮᠠᠩᠬ᠎ᠠ ᠶᠢ ᠵᠠᠰᠠᠬᠤ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠴᠦᠯᠵᠢᠯᠳᠠ ᠪᠠ ᠡᠯᠡᠰᠦᠵᠢᠯ ᠭᠠᠵᠠᠷ ᠢ ᠨᠡᠬᠡᠬᠡᠨ ᠠᠰᠢᠭᠯᠠᠬᠤ ᠶᠢ ᠬᠢᠨᠠᠨ ᠬᠠᠮᠢᠶᠠᠷᠴᠦ᠂ ᠡᠯᠡᠰᠦᠨ | ᠰᠢᠭᠤᠷᠭ᠎ᠠ ᠶᠢᠨ ᠭᠠᠮᠰᠢᠭ ᠢ ᠲᠦᠰᠦᠭᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠭᠦ ᠶᠢ ᠵᠣᠬᠢᠶᠠᠨ ᠪᠠᠶᠢᠭᠤᠯᠤᠨ᠎ᠠ᠃ | ︵ᠠᠷᠪᠠᠨ ᠳᠣᠯᠤᠭ᠎ᠠ︶ ᠪᠥᠬᠦ ᠬᠤᠰᠢᠭᠤᠨ ᠤ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ | ᠪᠠᠶᠠᠯᠢᠭ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ︵ᠠᠷᠪᠠᠨ ᠨᠠᠢᠮᠠ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠠᠮᠢᠶᠠᠷᠬᠤ ᠶᠢ | ᠬᠠᠷᠢᠭᠤᠴᠠᠨ᠎ᠠ᠃ ᠪᠦᠬᠦ ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠲᠥᠯᠥᠪᠵᠢᠭᠦᠯᠭᠡ ᠶᠢ ᠲᠤᠭᠳᠠᠭᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠪᠥᠬᠦ ᠬᠤᠰᠢᠭᠤᠨ ᠤ ᠡᠯ᠎ᠡ | ᠲᠥᠷᠥᠯ ᠤᠨ ᠤᠯᠤᠰ ᠤᠨ ᠲᠠᠰ ᠤᠨ ᠪᠠ ᠦᠪᠡᠷᠳᠡᠬᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠᠶᠢᠯᠳᠤᠬᠤ ᠪᠣᠳᠣᠯᠭ᠎ᠠ ᠶᠢ | ᠬᠥᠲᠥᠯᠦᠨ ᠵᠢᠯᠣᠭᠤᠳᠬᠤ ᠪᠠ ᠣᠷᠣᠨ ᠵᠠᠶ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠡᠷᠡᠭᠵᠢᠭᠦᠯᠦᠨ᠎ᠡ᠃ ᠡᠯ᠎ᠡ | ᠲᠥᠷᠥᠯ ᠤᠨ ᠤᠯᠤᠰ ᠤᠨ ᠲᠡᠰ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠪᠠᠶᠢᠭᠠᠯᠢ ᠶᠢᠨ | ᠬᠠᠮᠠᠭᠠᠯᠠᠯᠳᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠲᠣᠬᠢᠷᠠᠭᠤᠯᠬᠤ ᠬᠢᠨᠠᠨ ᠬᠠᠷᠭᠤᠭᠤᠯᠬᠤ ᠰᠠᠨᠠᠭᠤᠯᠭ᠎ᠠ ᠶᠢ | ᠲᠤᠷᠠᠳᠬᠤ ᠶᠢᠨ ᠬᠠᠮᠲᠤ ᠳᠡᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ᠂ ᠪᠦᠬᠦ ᠬᠤᠰᠢᠭᠤᠨ ᠤ ᠪᠠᠶᠢᠭᠠᠯᠢ ᠶᠢᠨ | ᠥᠪ ᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ | ︵ᠠᠷᠪᠠ ᠶᠢᠰᠦ︶ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠵᠤᠯᠵᠠᠭ᠎ᠠ | ᠮᠤᠳᠤᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠴᠤ᠂ ᠣᠶ ᠮᠣᠳᠣᠨ ᠤ | ᠦᠷ᠎ᠡ ᠪᠠ ᠡᠪᠡᠰᠦᠨ ᠦᠷ᠎ᠡ ᠶᠢᠨ ᠶᠠᠰᠤ ᠴᠢᠨᠠᠷ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ | ᠪᠠᠶᠢᠭᠤᠯᠵᠤ᠂ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠵᠤ᠂ ᠣᠶ ᠮᠣᠳᠣᠨ ᠤ | ᠦᠷ᠎ᠡ ᠪᠠ ᠵᠤᠯᠵᠠᠭ᠎ᠠ ᠮᠣᠳᠣ᠂ ᠡᠪᠡᠰᠦᠨ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ | ᠬᠠᠮᠢᠶᠠᠷᠴᠤ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣ᠂ ᠡᠪᠡᠰᠦᠨ ᠦᠷ᠎ᠡ ᠶᠢᠨ ᠶᠠᠰᠤ ᠴᠢᠨᠠᠷ ᠢ ᠬᠢᠨᠠᠨ | ᠬᠠᠮᠢᠶᠠᠷᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠲᠦᠷᠦᠯ ᠤᠨ ᠡᠬᠢ ᠪᠠᠶᠠᠯᠢᠭ᠂ ᠭᠧᠨ | ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠲᠥᠷᠥᠯ ᠵᠦᠢᠯ ᠤᠨ | ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ︵ᠬᠤᠷᠢ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠲᠤᠬᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠣᠢ ᠰᠢᠭᠤᠶ ᠡᠪᠡᠰᠦᠨ ᠤ ᠠᠵᠤ | ᠦᠢᠯᠡᠰ ᠤᠨ ᠣᠷᠣᠨ ᠨᠤᠲᠤᠭ ᠤᠨ ᠪᠠᠷᠢᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ | ᠪᠦᠬᠦ ᠬᠤᠰᠢᠭᠤᠨ ᠤ ᠣᠢ ᠰᠢᠭᠤᠶ ᠡᠪᠡᠰᠦᠨ ᠤ ᠦᠢᠯᠡᠳᠭᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ | ᠪᠠᠶᠢᠭᠤᠯᠤᠨ ᠵᠢᠯᠣᠭᠤᠳᠴᠤ᠂ ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ | ︵ᠬᠤᠷᠢᠨ ᠨᠢᠭᠡ︶ ᠪᠦᠬᠦ ᠬᠤᠰᠢᠭᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠦᠯᠦᠪᠵᠢᠭᠦᠯᠬᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠦ᠂ ᠣᠢ ᠰᠢᠭᠤᠶ | ᠪᠤᠯᠤᠨ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠲᠦᠯᠦᠪᠵᠢᠭᠦᠯᠬᠡ ᠪᠣᠯᠤᠨ ᠰᠡᠷᠭᠡᠶᠢᠯᠡᠨ | ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠨᠠᠶᠢᠷᠠᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ ᠰᠡᠷᠬᠡᠶᠢᠯᠡᠨ | ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠢ ᠰᠡᠷᠭᠡᠶᠢᠯᠡᠬᠦ ᠲᠦᠭᠦᠬᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠣᠢ ᠰᠢᠭᠤᠶ ᠪᠣᠯᠤᠨ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠭᠦᠯᠭᠦ᠂ ᠰᠢᠪᠠᠳᠠᠨ | ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ ᠴᠢᠬᠤᠯᠠ ᠲᠠᠢ ᠦᠶ᠎ᠡ ᠳᠤ᠂ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠵᠦ᠂ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠢᠶᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ | ᠠᠵᠢᠯ ᠢ ᠪᠠᠶᠢᠷᠢᠯᠠᠭᠤᠯᠤᠨ᠎ᠠ᠃ | ︵ᠬᠤᠷᠢᠨ ᠬᠤᠶᠠᠷ︶ ᠪᠥᠬᠦ ᠬᠤᠰᠢᠭᠤᠨ ᠤ ᠣᠶ ᠰᠢᠭᠤᠶ᠂ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠬᠠᠤᠯᠢ | ᠬᠡᠷᠡᠭᠵᠢᠭᠦᠯᠭᠦ ᠠᠵᠢᠯ ᠢ ᠵᠢᠯᠣᠭᠤᠳᠤᠨ᠎ᠠ᠃ | ︵ᠬᠤᠷᠢᠨ ᠭᠤᠷᠪᠠ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ | ᠬᠠᠮᠢᠶ᠎ᠠ ᠪᠥᠬᠦᠶ ᠠᠵᠢᠯ ᠢ ᠬᠠᠷᠢᠭᠤᠴᠠᠨ ᠠᠬᠢᠭᠤᠯᠤᠨ᠎ᠠ᠃ ᠬᠠᠮᠲᠤ ᠶᠢᠨ ᠣᠢ ᠰᠢᠭᠤᠶ ᠶᠢᠨ ᠡᠷᠬᠡ ᠶᠢᠨ ᠳᠦᠷᠢᠮ᠂ | ᠤᠯᠤᠰ ᠤᠨ ᠦᠮᠴᠢᠯᠠᠯ ᠤᠨ ᠣᠢ ᠰᠢᠭᠤᠶ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ | ᠰᠠᠨᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠪᠥᠬᠦ ᠬᠤᠰᠢᠭᠤᠨ ᠤ | ᠮᠠᠯᠵᠢᠬᠤ ᠲᠠᠷᠢᠶᠠᠯᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠣᠶ ᠰᠢᠭᠤᠶ᠂ | ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠶᠢ ᠵᠣᠭᠰᠣᠭᠠᠵᠤ ᠮᠠᠯᠵᠢᠬᠤ ᠶᠢ | ᠵᠣᠭᠰᠣᠭᠠᠵᠤ᠂ ᠡᠪᠡᠰᠦ ᠮᠤᠳᠦ ᠲᠠᠷᠢᠬᠤ ᠪᠠ ᠪᠠᠶᠢᠭᠠᠯᠢ ᠶᠢᠨ ᠣᠶ ᠰᠢᠭᠤᠶ ᠶᠢ ᠬᠠᠮᠠᠭᠠᠯᠠᠬᠤ ᠠᠵᠢᠯ ᠢ ᠵᠣᠬᠢᠶᠠᠨ | ᠪᠠᠶᠢᠭᠤᠯᠤᠨ ᠦᠷᠨᠢᠭᠦᠯᠦᠨ᠎ᠡ᠃ | ︵ᠬᠤᠷᠢᠨ ᠲᠦᠷᠪᠡ︶ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ | ᠤᠬᠠᠭᠤᠯᠭ᠎ᠠ ᠭᠦᠮᠦᠵᠢᠯ ᠪᠣᠯᠤᠨ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠠᠵᠢᠯ ᠢ | ᠵᠢᠯᠣᠭᠤᠳᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠢ ᠰᠢᠭᠤᠶ ᠪᠠ ᠨᠤᠲᠤᠭ ᠪᠡᠯᠴᠢᠭᠡᠷ ᠤᠨ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ ᠪᠦᠬᠦ ᠬᠤᠰᠢᠭᠤᠨ ᠤ ᠨᠤᠶᠢᠳᠠᠨ ᠭᠠᠵᠠᠷ᠂ | ᠴᠦᠯᠵᠢᠯᠳᠠ ᠢ ᠰᠡᠷᠭᠡᠶᠢᠯᠡᠨ ᠵᠠᠰᠠᠬᠤ᠂ ᠮᠥᠬᠦᠬᠦ ᠰᠢᠬᠠᠭᠰᠠᠨ ᠬᠡᠬᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠵᠡᠷᠭᠡ | ᠣᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠭᠦ ᠠᠵᠢᠯ ᠢ ᠡᠭᠦᠷᠬᠡᠯᠡᠨ᠎ᠡ᠃ | ︵ᠬᠤᠷᠢᠨ ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠭᠦᠭᠵᠢᠯᠳᠠ ᠪᠠ ᠴᠢᠳᠠᠪᠤᠷᠢᠲᠠᠨ ᠢ ᠬᠥᠮᠦᠵᠢᠭᠦᠯᠬᠦ ᠪᠠᠶᠢᠯᠳᠤᠬᠤ ᠪᠤᠳᠤᠯᠭ᠎ᠠ᠂ | ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠮᠡᠷᠭᠡᠵᠢᠯ ᠤᠨ ᠪᠠᠷᠢᠮᠵᠢᠶ᠎ᠠ᠂ ᠳᠦᠷᠢᠮ | ᠲᠣᠭᠲᠠᠭᠠᠯ ᠤᠨ ᠲᠦᠷᠢᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠳᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠬᠢᠵᠢᠯᠠᠯᠳᠠ ᠪᠠ ᠮᠡᠳᠡᠭᠡ ᠵᠠᠩᠭᠢ ᠶᠢᠨ | ᠮᠠᠲ᠋ᠧᠷᠢᠶᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠠᠬᠢᠭᠤᠯᠤᠨ᠎ᠠ᠃ | ︵ᠬᠤᠷᠢᠨ ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠪᠣᠯᠤᠨ ᠤᠯᠤᠰ ᠤᠨ ᠨᠤᠳᠤᠭ ᠲᠡᠪᠢᠰᠬᠡᠷ ᠤᠨ ᠣᠷᠣᠨ | ᠵᠠᠶ ᠶᠢᠨ ᠲᠥᠯᠥᠪᠵᠢᠭᠦᠯᠭᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠢᠬᠤᠯᠠ ᠶᠡᠭᠡ | ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ | ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠰᠢᠪᠠᠳᠠᠨ ᠪᠠᠶᠢᠴᠠᠭᠠᠬᠤ ᠰᠠᠨᠠᠯ ᠢ | ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠬᠤ ᠬᠠᠤᠯᠢ ᠶᠢ ᠵᠥᠷᠢᠴᠡᠭᠰᠡᠨ ᠬᠦᠨᠳᠦ ᠶᠡᠭᠡ | ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠰᠤᠮᠤ ᠰᠢᠶᠠᠩ ᠪᠠᠯᠭᠠᠰᠤ ᠶᠢᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠤᠨ᠎ᠠ᠃ | ︵ᠬᠤᠷᠢᠨ ᠳᠣᠯᠤᠭ᠎ᠠ︶ ᠤᠯᠤᠰ ᠤᠨ ᠨᠤᠳᠤᠭ ᠲᠠᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ | ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯᠭᠦᠢ ᠦᠢᠯᠡᠳᠪᠦᠷᠢᠯᠡᠯ ᠤᠨ ᠠᠵᠢᠯ ᠢ | ᠡᠭᠦᠷᠭᠡᠯᠡᠨ᠎ᠡ᠃ | ︵ᠬᠤᠷᠢᠨ ᠨᠠᠢᠮᠠ︶ ᠰᠠᠯᠠᠭ᠎ᠠ ᠮᠥᠴᠢᠷ ᠤᠨ ᠲᠥᠰᠦᠪ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠣᠯᠤᠨ | ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠪᠦᠬᠦ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠬᠡᠷ ᠤᠨ ᠤᠯᠤᠰ ᠤᠨ | ᠦᠮᠴᠢᠯᠠᠯᠳᠦ ᠡᠳ᠋ ᠬᠥᠷᠥᠩᠭᠡ ᠳᠤ ᠬᠢᠨᠠᠯᠲᠠ ᠲᠠᠯᠪᠢᠵᠦ᠂ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠤᠰᠤᠭᠠᠷ ᠵᠣᠬᠢᠶᠠᠨ ᠪᠠᠶᠢᠭᠤᠯᠤᠨ ᠮᠡᠳᠡᠭᠦᠯᠦᠨ᠎ᠡ᠃ ᠪᠦᠬᠦ | ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠠᠵᠤ ᠠᠬᠤᠢ ᠶᠢᠨ ᠲᠣᠬᠢᠷᠠᠭᠤᠯᠤᠯᠲᠠ ᠪᠠ ᠪᠡᠯᠡ | ᠤᠷᠤᠭᠤᠯᠤᠯᠳᠠ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠤ᠂ ᠣᠢ ᠰᠢᠭᠤᠢ ᠪᠠ ᠨᠤᠲᠤᠭ | ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠦᠩᠭᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ | ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠯ ᠤᠨ | ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ | ︵ᠬᠤᠷᠢ ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |