ᠭᠦᠷᠢᠶ᠎ᠡ ᠤᠷᠠᠨ ᠵᠢᠷᠤᠭ ᠤᠨ ᠤᠨᠴᠠᠯᠢᠭ
ᠨᠡᠶᠢᠲᠡᠯᠡᠭᠰᠡᠨ ᠴᠠᠭ᠄
2020-06-16
   ᠭᠦᠷᠢᠶ᠎ᠡ ᠤᠷᠠᠨ ᠵᠢᠷᠤᠭ ᠢ ᠶᠠᠷᠢᠬᠤ ᠳᠤ ᠠᠬᠠᠮᠠᠳ ᠢᠳᠡᠷ ᠦᠶ᠎ᠡ ᠶᠢᠨ ᠵᠢᠷᠤᠭᠴᠢᠨ ᠬᠡᠷᠡᠯᠳᠦ᠂ ᠪᠤᠤ ᠹᠧᠩ ᠬᠤᠸᠠ᠂ ᠸᠠᠩ ᠷᠦᠢ ᠹᠧᠩ ᠵᠡᠷᠬᠡ ᠭᠦᠮᠦᠰ ᠢ ᠲᠠᠨᠢᠯᠴᠠᠭᠤᠯᠬᠤ ᠴᠢᠬᠤᠯᠠ ᠲᠠᠢ᠃    ᠬᠡᠷᠡᠯᠳᠦ ᠪᠤᠯ 1942 ᠤᠨ ᠳᠤ ᠵᠤᠤᠬᠠᠴᠢᠨ ᠠᠶᠢᠯ ᠳᠤ ᠮᠠᠨᠳᠤᠯᠠᠵᠠᠢ᠃ ᠠᠷᠪᠠ ᠭᠠᠷᠤᠢ ᠪᠦᠳᠦᠬᠡᠯ ᠨᠢ ᠤᠯᠤᠰ ᠤᠨ ᠲᠡᠰ ᠤᠨ ᠦᠵᠡᠰᠭᠦᠯᠡᠩ ᠳᠤ ᠰᠤᠩᠭᠤᠭᠳᠠᠨ ᠲᠡᠯᠬᠡᠭᠳᠡᠵᠦ᠂ ᠱᠠᠩᠨᠠᠯ ᠭᠦᠬᠢᠭᠦᠯᠦᠯ ᠭᠦᠷᠳᠡᠵᠦ ᠦᠩᠬᠡᠷᠡᠵᠡᠢ᠃ ᠬᠡᠷᠡᠯᠳᠦ ᠪᠠᠭᠰᠢ ᠭᠦᠷᠢᠶ᠎ᠡ ᠬᠤᠰᠢᠭᠤᠨ ᠤ ᠰᠤᠶᠤᠯ ᠤᠨ ᠤᠷᠳᠤᠨ ᠤ ᠲᠠᠳ᠋ ᠲᠠᠷᠤᠭ᠎ᠠ ᠪᠠ ᠬᠤᠰᠢᠭᠤᠨ ᠤ ᠤᠳᠬ᠎ᠠ ᠤᠷᠠᠯᠢᠭ ᠤᠨ ᠨᠠᠶᠢᠷᠠᠭᠤᠯᠬᠤ ᠲᠠᠰᠤᠭ ᠤᠨ ᠡᠷᠬᠢᠯᠡᠭᠴᠢ ᠪᠠᠷ ᠠᠵᠢᠯᠯᠠᠵᠦ ᠦᠩᠬᠡᠷᠡᠪᠡ᠃ ᠦᠪᠡᠷᠳᠡᠬᠡᠨ ᠵᠠᠰᠠᠬᠤ ᠤᠷᠤᠨ ᠤ ᠠᠩᠬᠠᠳᠤᠭᠠᠷ ᠬᠤᠭᠤᠴᠠᠭᠠᠨ ᠤ ᠤᠷᠠᠯᠢᠭ ᠤᠨ ᠪᠦᠳᠦᠬᠡᠯ ᠤᠨ ︽ᠰᠠᠷᠠᠨ᠎ᠠ︾ ᠱᠠᠩᠨᠠᠯ ᠭᠦᠷᠳᠡᠵᠦ᠂ ᠪᠦᠭᠦ ᠤᠯᠤᠰ ᠤᠨ ᠦᠨᠳᠦᠰᠦᠳᠠᠨ ᠤ ︽ᠴᠡᠴᠡᠬᠡᠰ︾ ᠱᠠᠩᠨᠠᠯᠳᠦ ᠤᠷᠠᠨ ᠵᠢᠷᠤᠭ ᠤᠨ ᠪᠦᠳᠦᠬᠡᠯ ᠤᠨ ᠦᠵᠡᠰᠭᠦᠯᠡᠩ ᠳᠤ ᠱᠠᠩᠨᠠᠯ ᠭᠦᠷᠳᠡᠵᠦ ᠦᠩᠬᠡᠷᠡᠪᠡ᠃ ᠪᠤᠤ ᠹᠧᠩ ᠬᠤᠸᠠ᠂ ᠸᠠᠩ ᠷᠦᠢ ᠹᠧᠩ ᠵᠡᠷᠬᠡ ᠨᠠᠯᠢᠶᠠᠳ ᠤᠯᠠᠨ ᠠᠬᠠᠮᠠᠳ ᠢᠳᠡᠷ ᠤᠷᠠᠨ ᠵᠢᠷᠤᠭᠴᠢᠳ ᠪᠠᠷ ᠵᠢᠷᠤᠭ ᠤᠨ ᠲᠠᠯ᠎ᠠ ᠪᠠᠷ ᠭᠦᠷᠢᠶ᠎ᠡ ᠤᠷᠠᠨ ᠵᠢᠷᠤᠭ  ᠤᠨ ᠡᠬᠢᠯᠡᠯ ᠭᠦᠭᠵᠢᠯᠳᠠ ᠳᠤ ᠰᠠᠭᠤᠷᠢ ᠲᠠᠯᠪᠢᠵᠠᠢ᠃ ᠲᠠᠳᠠᠨᠤᠰ ᠤᠯᠠᠨ ᠤᠳᠠᠭ᠎ᠠ ᠠᠳᠠᠯᠢ ᠪᠤᠰᠤ ᠶᠢᠨ ᠲᠡᠰ ᠤᠨ ᠤᠷᠤᠯᠳᠤᠭᠠᠨ ᠳᠤ ᠤᠷᠤᠯᠴᠠᠵᠦ᠂ ᠬᠤᠰᠢᠭᠤ ᠨᠤᠳᠤᠭ ᠲᠤ ᠪᠠᠨ ᠦᠩᠬᠡ ᠬᠡᠷᠡᠯ ᠨᠡᠮᠡᠷᠢᠯᠠᠵᠦ ᠦᠭᠴᠡᠢ᠃ ᠠᠳᠠ ᠪᠠᠰᠠ ᠰᠤᠷᠭᠠᠨ ᠭᠦᠮᠦᠵᠢᠯ ᠤᠨ ᠹᠷᠤᠨᠲ ᠲᠤ ᠠᠵᠢᠯᠯᠠᠵᠦ ᠶᠠᠪᠤᠭ᠎ᠠ ᠤᠷᠠᠨ ᠵᠢᠷᠤᠭ ᠤᠨ ᠪᠠᠭᠰᠢ ᠶᠠᠨ ᠰᠥᠩ ᠢ ᠲᠤᠷᠠᠳᠬᠤ ᠤᠴᠢᠷᠳᠠᠢ᠃ ᠲᠡᠷᠡ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠰᠠᠯᠪᠤᠷᠢ ᠠᠴᠠ ᠲᠡᠭᠦᠰᠴᠦ᠂ ᠭᠦᠷᠢᠶ᠎ᠡ ᠨᠢᠬᠡᠳᠦᠬᠡᠷ ᠲᠤᠮᠳᠠᠳᠦ ᠰᠤᠷᠭᠠᠭᠤᠯᠢ ᠳᠤ ᠤᠷᠠᠨ ᠵᠢᠷᠤᠭ ᠤᠨ ᠪᠠᠭᠰᠢ ᠪᠠᠷ ᠠᠵᠢᠯᠯᠠᠭᠰᠠᠨ ᠠᠴᠠ ᠠᠪᠤᠭᠠᠳ ᠬᠤᠷᠢᠨ ᠲᠠᠪᠤᠨ ᠵᠢᠯ ᠤᠨ ᠪᠠᠭᠰᠢ ᠶᠢᠨ ᠠᠵᠢᠯ ᠲᠤᠮᠳᠠ ᠭᠤᠷᠪᠠᠨ ᠵᠠᠭᠤ ᠭᠠᠷᠤᠢ ᠬᠢᠷᠢ ᠲᠡᠩᠴᠡᠭᠰᠡᠨ ᠤᠷᠠᠯᠢᠭ ᠤᠨ ᠮᠡᠷᠬᠡᠵᠢᠯ ᠤᠨ ᠰᠤᠷᠤᠭᠴᠢ ᠶᠢ ᠭᠦᠮᠦᠵᠢᠭᠦᠯᠦᠨ ᠭᠠᠷᠭᠠᠵᠠᠢ᠃ ᠡᠳᠡᠬᠡᠷ ᠰᠤᠷᠤᠭᠴᠢᠳ ᠨᠢ ᠡᠯ᠎ᠡ ᠰᠤᠷᠭᠠᠭᠤᠯᠢ ᠨᠤᠭᠤᠳ ᠢᠶᠠᠷ ᠰᠤᠷᠤᠯᠴᠠᠵᠦ᠂ ᠦᠨᠳᠦᠷ ᠬᠢᠷᠢ ᠪᠦᠳᠤᠮᠵᠢ ᠪᠠᠷ ᠰᠤᠷᠤᠯᠭ᠎ᠠ  ᠪᠠᠨ ᠲᠡᠭᠦᠰᠬᠡᠵᠦ᠂ ᠡᠬᠡ ᠤᠯᠤᠰ ᠤᠨ ᠢᠶᠠᠨ ᠠᠳᠠᠯᠢ ᠪᠤᠰᠤ ᠭᠠᠵᠠᠷ ᠤᠷᠤᠨ ᠤ ᠠᠳᠠᠯᠢ ᠪᠤᠰᠤ ᠠᠵᠢᠯ ᠤᠨ ᠪᠠᠶᠢᠷᠢ  ᠳᠤ ᠦᠪᠡᠷ ᠦᠪᠡᠷ ᠤᠨ ᠭᠦᠴᠦᠨ ᠴᠢᠳᠠᠯ᠂ ᠠᠪᠢᠶᠠᠰ ᠴᠢᠳᠠᠪᠤᠷᠢ ᠪᠠᠨ ᠪᠠᠳᠠᠷᠠᠭᠤᠯᠵᠦ ᠪᠤᠢ᠃ ᠡᠭᠦᠨ ᠤ ᠲᠤᠳᠤᠷ᠎ᠠ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠠᠵᠢᠯ ᠠᠯᠪᠠ ᠲᠠᠢ ᠵᠢᠯᠡ᠂ ᠲᠡᠭᠦᠰ᠂ ᠴᠢᠩ ᠬᠠᠢ︔ ᠦᠪᠦᠷ ᠮᠤᠩᠭᠤᠯ ᠤᠨ ᠤᠷᠠᠯᠢᠭ ᠤᠨ ᠲᠡᠬᠡᠳᠦ ᠰᠤᠷᠭᠠᠭᠤᠯᠢ ᠳᠤ ᠠᠵᠢᠯ ᠲᠠᠢ ᠬᠤᠷᠴᠡ︔ ᠤᠯᠠᠭᠠᠨᠬᠠᠳᠠ ᠲᠡᠬᠡᠳᠦ ᠰᠤᠷᠭᠠᠭᠤᠯᠢ ᠳᠤ ᠠᠵᠢᠯᠯᠠᠵᠦ ᠶᠠᠪᠤᠭ᠎ᠠ ᠲᠦᠭᠦᠷᠡᠩ︔ ᠦᠪᠦᠷ ᠮᠤᠩᠭᠤᠯ ᠤᠨ ᠰᠤᠷᠭᠠᠨ ᠭᠦᠮᠦᠵᠢᠯ ᠤᠨ ᠬᠡᠪᠯᠡᠯ ᠤᠨ ᠬᠤᠷᠢᠶ᠎ᠠ ᠳᠤ ᠠᠵᠢᠯ ᠠᠯᠪᠠ ᠲᠠᠢ ᠪᠤᠶᠠᠨ︔ ᠦᠪᠦᠷ ᠮᠤᠩᠭᠤᠯ ᠤᠨ ᠦᠨᠳᠦᠰᠦᠳᠠᠨ ᠤ ᠶᠡᠭᠡ ᠰᠤᠷᠭᠠᠭᠤᠯᠢ ᠳᠤ ᠪᠠᠭᠰᠢᠯᠠᠵᠦ ᠪᠠᠶᠢᠭ᠎ᠠ ᠵᠠᠩ ᠱᠦ ᠭᠤᠸᠠᠩ᠂ ᠸᠠᠩ ᠶᠥᠩ ᠪᠥᠸᠧ︔ ᠭᠦᠬᠡᠬᠤᠳᠠ ᠦᠨᠳᠦᠰᠦᠳᠠᠨ ᠤ ᠲᠡᠬᠡᠳᠦ ᠰᠤᠷᠭᠠᠭᠤᠯᠢ ᠳᠤ ᠪᠠᠭᠰᠢᠯᠠᠵᠦ ᠪᠠᠶᠢᠭ᠎ᠠ ᠲᠦᠪᠰᠢᠨ︔ ᠵᠡᠭᠦᠨ ᠦᠵᠦᠮᠦᠴᠢᠨ ᠬᠤᠰᠢᠭᠤᠨ ᠤ ᠶᠡᠷᠦᠩᠬᠡᠶᠢᠯᠡᠭᠰᠡᠨ ᠲᠡᠬᠡᠳᠦ ᠵᠡᠷᠬᠡ ᠶᠢᠨ ᠲᠤᠮᠳᠠᠳᠦ ᠰᠤᠷᠭᠠᠭᠤᠯᠢ ᠳᠤ ᠪᠠᠭᠰᠢᠯᠠᠵᠦ ᠪᠠᠶᠢᠭ᠎ᠠ ᠨᠠᠷᠠᠰᠦ ᠵᠡᠷᠬᠡ ᠭᠦᠮᠦᠰ ᠢ ᠲᠤᠷᠠᠳᠤᠯᠳᠠᠢ᠃    ︽ᠨᠠᠮ ᠲᠤᠭᠳᠠᠭᠤᠨ ᠭᠦᠷᠢᠶᠡᠳᠦ︾ ᠬᠡᠭᠦ ᠤᠰᠤᠨ ᠪᠤᠳᠤᠭ ᠤᠨ ᠪᠦᠳᠦᠬᠡᠯ ᠨᠢ 2009 ᠤᠨ ᠳᠤ ᠠᠷᠪᠠᠨ ᠨᠢᠬᠡᠳᠦᠬᠡᠷ ᠤᠳᠠᠭᠠᠨ ᠤ ᠪᠦᠭᠦ ᠤᠯᠤᠰ ᠤᠨ ᠤᠷᠠᠨ ᠵᠢᠷᠤᠭ ᠤᠨ ᠦᠵᠡᠰᠭᠦᠯᠡᠩ ᠳᠤ ᠰᠤᠩᠭᠤᠭᠳᠠᠭᠰᠠᠨ ᠪᠦᠬᠡᠳ ᠤᠯᠤᠰ ᠪᠠᠶᠢᠭᠤᠯᠤᠭᠳᠠᠭᠰᠠᠨ 60 ᠵᠢᠯ ᠤᠨ ᠤᠢ ᠶᠢᠨ ᠪᠠᠶᠠᠷ ᠢ ᠪᠡᠯᠬᠡᠯᠡᠭᠦ ᠦᠪᠦᠷ ᠮᠤᠩᠭᠤᠯ ᠤᠨ ᠤᠷᠠᠨ ᠵᠢᠷᠤᠭ ᠤᠨ ᠤᠷᠤᠯᠳᠤᠭᠠᠨ ᠳᠤ ᠨᠢᠬᠡᠳᠦᠬᠡᠷ ᠲᠡᠰ ᠤᠨ ᠱᠠᠩᠨᠠᠯ ᠭᠦᠷᠳᠡᠵᠡᠢ᠃ ︽ᠭᠦᠷᠢᠶ᠎ᠡ ᠭᠤᠤ︾ ᠬᠡᠳᠡᠭ   ᠪᠠᠷ ᠵᠢᠷᠤᠭ ᠨᠢ ᠤᠯᠤᠰ ᠪᠠᠶᠢᠭᠤᠯᠤᠭᠳᠠᠭᠰᠠᠨ 60 ᠵᠢᠯ ᠤᠨ ᠤᠢ ᠶᠢᠨ ᠪᠠᠶᠠᠷ ᠢ ᠪᠡᠯᠬᠡᠯᠡᠭᠦ ᠦᠪᠦᠷ ᠮᠤᠩᠭᠤᠯ ᠤᠨ ᠤᠷᠠᠨ ᠵᠢᠷᠤᠭ ᠤᠨ ᠤᠷᠤᠯᠳᠤᠭᠠᠨ ᠳᠤ ᠨᠢᠬᠡᠳᠦᠬᠡᠷ ᠲᠡᠰ ᠤᠨ ᠱᠠᠩᠨᠠᠯ ᠭᠦᠷᠳᠡᠵᠡᠢ᠃ ︽ᠰᠢᠨ᠎ᠡ ᠦᠵᠡᠭᠦᠯᠬᠡ ᠤᠷᠠᠨ ᠵᠢᠷᠤᠭ ᠤᠨ ᠨᠡᠶᠢᠬᠡᠮᠯᠢᠭ︾ ᠤᠨ ᠤᠯᠠᠨ ᠤᠯᠤᠰ ᠤᠨ ᠰᠤᠶᠤᠯ ᠰᠤᠯᠢᠯᠴᠠᠭᠠᠨ ᠤ ᠱᠠᠩᠨᠠᠯ ᠬᠢᠬᠡᠳ ᠶᠠᠫᠤᠨ᠂ ᠺᠤᠷᠢᠶᠠ᠂ ᠲᠠᠶᠢᠸᠠᠨ ᠵᠡᠷᠬᠡ ᠤᠯᠤᠰ ᠪᠠ ᠤᠷᠤᠨ ᠤ ᠺᠤᠮᠫᠢᠦ᠋ᠲ᠋ᠧᠷ ᠵᠢᠷᠤᠭ ᠲᠦᠯᠦᠪᠯᠡᠭᠡ ᠶᠢᠨANBD ᠰᠢᠯᠢᠳᠡᠭ ᠪᠦᠳᠦᠬᠡᠯ ᠤᠨ ᠱᠠᠩᠨᠠᠯ ᠲᠤᠰᠴᠠᠢ᠃ 2015 ᠤᠨ ᠳᠤ ᠲᠤᠮᠳᠠᠳᠦ ᠤᠯᠤᠰ ᠤᠨ ᠤᠷᠠᠨ ᠵᠢᠷᠤᠭ ᠤᠨ ᠨᠡᠶᠢᠬᠡᠮᠯᠢᠭ ᠠᠴᠠ ᠡᠷᠬᠢᠯᠡᠭᠰᠡᠨ ᠤᠰᠤᠨ ᠪᠤᠳᠤᠭ ᠤᠨ ᠵᠢᠷᠤᠭ ᠤᠨ ᠦᠵᠡᠭᠦᠯᠬᠡ ᠳᠤ ᠰᠢᠯᠢᠳᠡᠭ ᠱᠠᠩᠨᠠᠯ ᠭᠦᠷᠳᠡᠵᠡᠢ᠃ 2005 ᠤᠨ ᠳᠤ ︽ᠬᠠᠷ᠎ᠠ ᠪᠠ ᠴᠠᠭᠠᠨ︾ ᠬᠡᠭᠦ   ᠪᠠᠷ ᠵᠢᠷᠤᠭ ᠨᠢ ᠪᠦᠭᠦ ᠤᠷᠤᠨ ᠤ ᠬᠤᠶᠠᠳᠤᠭᠠᠷ ᠤᠳᠠᠭᠠᠨ ᠤ ᠪᠢᠷ ᠵᠢᠷᠤᠭ ᠤᠨ ᠦᠵᠡᠰᠭᠦᠯᠡᠩ  ᠳᠤ ᠭᠠᠤᠯᠢᠨ ᠮᠧᠳᠠᠯ ᠭᠦᠷᠳᠡᠵᠦ ᠦᠩᠬᠡᠷᠡᠵᠡᠢ᠃    ᠡᠳᠡᠬᠡᠷ ᠪᠦᠭᠦᠨ ᠨᠢ ᠭᠦᠷᠢᠶ᠎ᠡ ᠤᠷᠠᠨ ᠵᠢᠷᠤᠭ ᠤᠨ ᠤᠨᠴᠠᠯᠢᠭ ᠬᠢᠬᠡᠳ ᠤᠷᠠᠯᠢᠭ ᠤᠨ ᠠᠮᠵᠢᠯᠳᠠ ᠶᠢ ᠵᠤᠬᠢᠬᠤ ᠬᠡᠮᠵᠢᠶ᠎ᠡ ᠪᠠᠷ ᠬᠠᠷᠠᠭᠤᠯᠵᠦ ᠪᠤᠢ᠃
 
ᠢᠷᠡᠯᠲᠡ᠄ ᠭᠦᠷᠢᠶ᠎ᠡ ᠲᠡᠤᠬᠡ ᠰᠤᠶᠤᠯ ᠰᠤᠳᠤᠯᠤᠯ ᠤᠨ ᠴᠤᠪᠤᠷᠠᠯ ᠪᠢᠴᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号