ᠬᠦᠷᠢᠶ᠎ᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠷᠡᠭᠦᠯ ᠮᠡᠨᠳᠦ ᠶᠢᠨ ᠠᠵᠢᠯ ᠤᠨ | ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ | ᠬᠠᠮᠢᠶ᠎ᠠ ᠪᠦᠭᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠠᠬᠢ | ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ | ᠬᠠᠷᠢᠭᠤᠴᠠᠯᠭ᠎ᠠ ᠪᠣᠯ᠄ | ︵ᠨᠢᠭᠡ︶ ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠤᠬᠢᠶᠠᠨ | ᠪᠠᠶᠢᠭᠤᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠲᠤᠭᠤᠷᠪᠢᠨ ᠲᠤᠭᠳᠠᠭᠠᠵᠦ᠂ ᠣᠷᠣᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠪᠠᠷᠢᠮᠵᠢᠶ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ᠂ ᠲᠦᠭᠡᠮᠡᠯ ᠬᠠᠷᠠᠭᠠᠯᠵᠠᠯ ᠦᠵᠡᠭᠦᠯᠬᠦ | ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠰᠢ | ᠰᠤᠨᠵᠢᠷᠠᠭᠤᠯᠬᠤ ᠶᠢ ᠲᠦᠯᠬᠢᠨ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠬᠡᠶᠢᠷᠡᠭᠦᠯᠭᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠳᠦᠷᠢᠮ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠵᠣᠬᠢᠶᠠᠨ ᠪᠠᠶᠢᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠵᠤ᠂ ᠣᠳᠣ ᠦᠶ᠎ᠡ ᠶᠢᠨ ᠡᠮᠨᠡᠯᠭᠡ ᠶᠢᠨ | ᠬᠤᠷᠢᠶᠠᠨ ᠤ ᠬᠠᠮᠢᠶᠠᠷᠤᠯᠳᠠ ᠶᠢᠨ ᠳᠦᠷᠢᠮ ᠢ ᠲᠡᠭᠦᠯᠳᠡᠷᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ | ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠠᠬᠢᠭᠤᠯᠬᠤ ᠭᠤᠤᠯ ᠴᠣᠭᠴᠠ ᠶᠢᠨ ᠣᠯᠠᠨ ᠡᠰᠢᠵᠢᠯᠳᠠ᠂ ᠬᠠᠩᠭᠠᠬᠤ | ᠠᠷᠭ᠎ᠠ ᠮᠠᠶ᠋ᠢᠭ ᠤᠨ ᠣᠯᠠᠨ ᠶᠠᠩᠵᠤᠴᠢᠯᠠᠭᠰᠠᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠨᠡᠯᠬᠡ ᠶᠢᠨ ᠦᠢᠯᠡᠴᠢᠯᠡᠭᠡ ᠪᠠ ᠡᠮ ᠤᠨ ᠵᠦᠢᠯ ᠤᠨ ᠦᠨ᠎ᠡ | ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠲᠤᠷᠠᠳᠤᠨ᠎ᠠ᠃ | ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠠᠷᠠᠳ ᠲᠦᠮᠡᠨ ᠤ | ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠳᠤ ᠭᠠᠷ ᠲᠦᠷᠦᠭᠦ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠦᠯᠦ ᠬᠠᠯᠳᠠᠭᠠᠬᠤ | ᠲᠥᠯᠥᠪᠵᠢᠭᠦᠯᠭᠡ ᠶᠢ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ | ᠬᠠᠷᠢᠭᠤᠴᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠡᠵᠡᠮᠳᠡᠭᠦ | ᠪᠠ ᠡᠯ᠎ᠡ ᠲᠥᠷᠥᠯ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ | ︵ᠲᠦᠷᠪᠡ︶ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠦ | ᠂ ᠪᠦᠬᠦ ᠬᠤᠰᠢᠭᠤᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ | ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠢ ᠬᠠᠷᠢᠭᠤᠴᠠᠨ᠎ᠠ᠃ | ︵ᠲᠠᠪᠤ︶ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ ᠵᠦᠢᠯ ᠤᠨ | ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ | ᠬᠡᠮᠵᠢᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ | ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ | ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ | ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠦ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠵᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠲᠠᠮᠠᠬᠢ ᠶᠢ ᠡᠵᠡᠮᠳᠡᠭᠦ | ᠲᠦᠯᠦᠪᠰᠢᠷᠠᠯ ᠨᠡᠶᠢᠲᠡ ᠶᠢᠨ ᠭᠡᠷ᠎ᠡ︾ ᠶᠢᠨ ᠭᠡᠷ᠎ᠡ ᠶᠢ ᠭᠦᠢᠴᠡᠳᠬᠡᠭᠦ ᠠᠵᠢᠯ ᠢ ᠲᠦᠷᠦᠭᠦᠯᠡᠨ ᠭᠦᠢᠴᠡᠳᠬᠡᠨ᠎ᠡ᠃ | ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠴᠢᠯᠡᠭᠡᠨ ᠤ ᠦᠢᠯᠡᠴᠢᠯᠡᠬᠡᠨ ᠤ ᠠᠵᠢᠯ ᠲᠥᠷᠥᠯ ᠤᠨ | ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠣᠯᠤᠨ ᠬᠢᠨᠠᠯᠲᠠ ᠲᠠᠯᠪᠢᠯᠲᠠ ᠶᠢ ᠬᠠᠷᠢᠭᠤᠴᠠᠨ᠎ᠠ᠃ ᠡᠮᠴᠢᠯᠡᠭᠡᠨ ᠤ | ᠪᠠᠶᠢᠭᠤᠯᠤᠮᠵᠢ ᠵᠢᠴᠢ ᠲᠡᠭᠦᠨ ᠤ ᠡᠮᠴᠢᠯᠡᠭᠡᠨ ᠤ ᠦᠢᠯᠡᠴᠢᠯᠡᠭᠡ᠂ ᠡᠮᠴᠢᠯᠡᠭᠡᠨ ᠤ ᠮᠡᠷᠭᠡᠵᠢᠯ᠂ ᠡᠮᠴᠢᠯᠡᠭᠡᠨ ᠤ ᠶᠠᠰᠤ | ᠴᠢᠨᠠᠷ᠂ ᠡᠮᠴᠢᠯᠡᠭᠡᠨ ᠤ ᠠᠮᠤᠷ ᠲᠦᠪᠰᠢᠨ ᠵᠢᠴᠢ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠲᠦᠷᠢᠮᠵᠢᠯ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠭᠡᠮ ᠤᠨ ᠪᠠᠷᠢᠮᠵᠢᠶ᠎ᠠ ᠵᠢᠴᠢ | ᠠᠵᠢᠯ ᠡᠷᠬᠢᠯᠡᠭᠦ ᠳᠦᠷᠢᠮ᠂ ᠦᠢᠯᠡᠴᠢᠯᠡᠬᠡᠨ ᠤ ᠲᠦᠷᠢᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠡᠮᠴᠢᠯᠡᠭᠡᠨ ᠤ ᠦᠢᠯᠡᠴᠢᠯᠡᠬᠡᠨ ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ | ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠬᠡᠨ ᠤ ᠠᠵᠢᠯ ᠢ ᠬᠠᠷᠢᠭᠤᠴᠠᠵᠤ᠂ | ᠬᠥᠮᠦᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠥᠷᠨᠢᠭᠦᠯᠦᠨ᠎ᠡ᠃ ᠬᠥᠮᠦᠨ ᠠᠮᠠ ᠬᠢᠭᠡᠳ ᠭᠡᠷ | ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ | ᠂ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ︵ᠶᠢᠰᠦ︶ ᠦᠨᠳᠦᠰᠦᠨ ᠱᠠᠲᠤᠨ ᠤ ᠡᠮ ᠡᠮᠨᠡᠯᠬᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ | ᠦᠢᠯᠡᠴᠢᠯᠡᠬᠡᠨ ᠤ ᠰᠢᠰᠲ᠋ᠧᠮ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠤᠭᠤᠳᠴᠦ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠦᠭᠵᠢᠯᠳᠠ ᠶᠢ | ᠠᠬᠢᠭᠤᠯᠤᠨ᠎ᠠ᠃ | ︵ᠠᠷᠪᠠ︶ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯ ᠮᠡᠨᠳᠦ ᠶᠢ ᠬᠠᠮᠠᠭᠠᠯᠠᠬᠤ᠂ ᠰᠤᠷᠭᠠᠨ | ᠭᠦᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ | ᠦᠬᠡᠷᠡᠴᠢᠯᠠᠯᠳᠠ ᠬᠥᠭᠵᠢᠯᠲᠡ ᠬᠢᠭᠡᠳ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠨ ᠠᠬᠢᠭᠤᠯᠵᠤ᠂ | ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ | ᠮᠠᠨᠳᠤᠭᠤᠯᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠠᠷᠪᠠᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ | ᠲᠣᠭᠲᠠᠭᠠᠭᠰᠠᠨ ᠺᠠᠳ᠋ᠷ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠪᠦᠬᠦ ᠬᠤᠰᠢᠭᠤᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ | ᠃ | ︵ᠠᠷᠪᠠᠨ ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | |