ᠬᠦᠷᠢᠶ᠎ᠡ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠠᠴᠠ | ᠬᠠᠯᠠᠭᠳᠠᠭᠰᠠᠳ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ | ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠴᠡᠷᠢᠭ ᠠᠴᠠ | ᠬᠠᠯᠠᠭᠳᠠᠭᠰᠠᠳ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ | ᠬᠠᠮᠢᠶᠠᠷᠤᠯᠲᠠ ᠪᠠᠲᠤᠯᠠᠭ᠎ᠠ ᠪᠠ ᠲᠦᠪᠬᠢᠨᠡᠭᠦᠯᠦᠨ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠬᠠᠤᠯᠢ ᠲᠦᠷᠢᠮ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ | ᠨᠠᠮ᠂ ᠤᠯᠤᠰ ᠪᠣᠯᠤᠨ ᠠᠷᠠᠳ ᠲᠦᠮᠡᠨ ᠤ ᠲᠥᠯᠥᠭᠡ ᠪᠡᠶ᠎ᠡ ᠢᠶᠠᠨ ᠦᠷᠡᠭᠳᠡᠭᠦᠯᠵᠦ ᠡᠷᠭᠦᠨ ᠵᠢᠳᠭᠦᠭᠦ ᠤᠶᠤᠨ | ᠰᠠᠨᠠᠭᠠᠨ ᠤ ᠬᠡᠪ ᠨᠠᠮᠪᠠ ᠪᠣᠯᠤᠨ ᠦᠷᠳᠡᠭ ᠤᠨ ᠤᠳᠤᠷᠢᠳᠤᠮᠵᠢ ᠶᠢ ᠪᠠᠳᠠᠷᠠᠭᠤᠯᠤᠨ ᠢᠯᠡᠷᠡᠭᠦᠯᠦᠨ᠎ᠡ᠃ | ︵ᠬᠤᠶᠠᠷ︶ ᠴᠡᠷᠢᠭ ᠠᠩᠭᠢ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ | ᠠᠵᠢᠯ ᠠᠴᠠ ᠪᠠᠨ ᠠᠮᠠᠷᠠᠨ ᠪᠠᠭᠤᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠪᠠ ᠴᠡᠷᠢᠭ ᠤᠨ | ᠬᠠᠷᠢᠶ᠎ᠠ ᠦᠭᠡᠢ ᠠᠵᠢᠯ ᠠᠴᠠ ᠪᠠᠨ ᠠᠮᠠᠷᠠᠵᠦ ᠲᠤᠰᠢᠶᠠᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ | ᠰᠢᠯᠵᠢᠭᠦᠯᠦᠨ ᠲᠤᠰᠢᠶᠠᠵᠤ ᠲᠦᠪᠬᠢᠨᠡᠭᠦᠯᠭᠦ ᠠᠵᠢᠯ ᠪᠠ ᠡᠵᠡᠨ ᠮᠡᠳᠡᠵᠦ ᠠᠵᠢᠯ ᠰᠣᠩᠭᠤᠬᠤ᠂ ᠡᠵᠡᠨ ᠮᠡᠳᠡᠵᠦ ᠠᠵᠢᠯ | ᠣᠯᠤᠭᠰᠠᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠴᠡᠷᠢᠭ ᠠᠴᠠ ᠬᠠᠯᠠᠭᠳᠠᠭᠰᠠᠳ ᠤᠨ ᠬᠥᠮᠦᠵᠢᠯ ᠪᠤᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠴᠡᠷᠢᠭ ᠠᠴᠠ ᠬᠠᠯᠠᠭᠳᠠᠭᠰᠠᠳ ᠪᠠ ᠴᠡᠷᠢᠭ ᠠᠩᠭᠢ ᠶᠢ ᠳᠠᠭᠠᠵᠤ ᠠᠵᠢᠯ ᠰᠢᠯᠵᠢᠬᠦ ᠭᠡᠷ | ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠭᠦᠨ᠎ᠡ᠃ | ︵ᠳᠥᠷᠪᠡ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠦᠷᠢᠶ᠎ᠡ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠣᠨᠴᠠᠭᠠᠶ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠤᠬᠢᠶᠠᠨ | ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵ᠲᠠᠪᠤ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠠᠮᠠᠷᠠᠨ ᠪᠠᠭᠤᠭᠰᠠᠨ ᠴᠡᠷᠢᠭ | ᠭᠦᠮᠦᠨ᠂ ᠨᠦᠭᠦᠴᠡᠯ ᠳᠤ ᠨᠡᠶᠢᠴᠡᠬᠦ ᠪᠤᠰᠤᠳ ᠴᠡᠷᠢᠭ ᠠᠴᠠ ᠬᠠᠯᠠᠭᠳᠠᠭᠰᠠᠳ ᠪᠠ ᠴᠡᠷᠢᠭ ᠤᠨ ᠬᠠᠷᠢᠶ᠎ᠠ ᠦᠭᠡᠶ | ᠠᠵᠢᠯ ᠠᠴᠠ ᠪᠠᠨ ᠠᠮᠠᠷᠠᠵᠦ ᠲᠤᠰᠢᠶᠠᠯ ᠠᠴᠠ ᠪᠠᠭᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠠᠵᠢᠯ ᠵᠢᠴᠢ ᠴᠡᠷᠢᠭ ᠠᠴᠠ ᠬᠠᠯᠠᠭᠳᠠᠭᠰᠠᠳ ᠤᠨ ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ | ᠳᠠᠭᠠᠳᠬᠠᠯ ᠵᠡᠷᠭᠡ ᠬᠠᠷᠠᠭᠠᠯᠵᠠᠯ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠰᠢᠷᠬᠠᠲᠤᠵᠤ ᠡᠪᠡᠳᠴᠢᠯᠡᠵᠦ ᠵᠡᠮᠳᠡᠭ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ | ᠬᠠᠮᠢᠶᠠᠷᠤᠯᠳᠠ ᠪᠠ ᠦᠨᠦᠴᠢᠷᠡᠭᠰᠡᠳ ᠢ ᠲᠤᠬᠤᠨᠢᠭᠤᠯᠤᠨ ᠲᠡᠳᠭᠦᠭᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ | ᠴᠡᠷᠢᠭ ᠠᠴᠠ ᠬᠠᠯᠠᠭᠳᠠᠭᠰᠠᠳ ᠤᠨ ᠡᠮ ᠡᠮᠨᠡᠯᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ | ᠪᠠᠶᠢᠭᠤᠯᠤᠮᠵᠢ ᠶᠢᠨ ᠬᠤᠯᠪᠣᠭᠳᠠᠯ ᠪᠦᠬᠦᠢ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠬᠤ ᠦᠭᠡᠢ | ᠰᠢᠷᠬᠠᠲᠤᠵᠤ ᠡᠪᠡᠳᠴᠢᠯᠡᠵᠦ ᠵᠡᠮᠳᠡᠭ ᠪᠤᠯᠤᠭᠰᠠᠨ ᠴᠡᠷᠢᠭ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ᠴᠡᠷᠢᠭ ᠤᠨ ᠬᠠᠩᠭᠠᠯᠭ᠎ᠠ ᠶᠢᠨ ᠦᠢᠯᠡᠴᠢᠯᠡᠬᠡᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ | | ︵ᠳᠣᠯᠤᠭ᠎ᠠ︶ ᠪᠥᠬᠦ ᠬᠤᠰᠢᠭᠤᠨ ᠤ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠬᠠᠷᠠᠭᠠᠯᠵᠠᠬᠤ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠳᠦ ᠳᠤ ᠠᠯᠪᠠ ᠬᠠᠭᠠᠵᠦ ᠪᠠᠶᠢᠭ᠎ᠠ ᠴᠡᠷᠢᠭ᠂ ᠴᠡᠷᠢᠭ ᠠᠴᠠ | ᠬᠠᠯᠠᠭᠳᠠᠭᠰᠠᠳ᠂ ᠴᠡᠷᠢᠭ ᠠᠩᠬᠢ ᠶᠢᠨ ᠪᠢᠴᠢᠭ ᠤᠨ ᠠᠵᠢᠯᠳᠠᠨ ᠪᠠ ᠴᠡᠷᠢᠭ ᠤᠨ ᠭᠡᠷ ᠪᠦᠯᠢ ᠶᠢᠨ ᠬᠢᠨ ᠤ | ᠬᠠᠷᠠᠭᠠᠯᠵᠠᠯ᠂ ᠦᠨᠦᠴᠢᠷᠡᠭᠰᠡᠳ ᠢ ᠲᠤᠬᠤᠨᠢᠭᠤᠯᠤᠨ ᠲᠡᠳᠭᠦᠭᠦ ᠵᠡᠷᠭᠡ ᠠᠵᠢᠯ ᠢ ᠬᠠᠷᠢᠭᠤᠴᠠᠨ᠎ᠠ᠃ | ︵ᠨᠠᠢᠮᠠ︶ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ | ᠴᠡᠷᠢᠭ ᠤᠨ ᠨᠡᠶᠢᠲᠡ ᠶᠢᠨ ᠪᠤᠩᠬᠤᠨ ᠢ ᠬᠠᠮᠢᠶᠠᠷᠴᠤ ᠬᠠᠮᠠᠭᠠᠯᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ | ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ | ᠡᠭᠦᠷᠭᠡᠯᠡᠨ᠎ᠡ᠃ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠬᠤ ᠨᠢᠭᠡᠴᠡ ᠳᠤ | ᠣᠷᠣᠭᠤᠯᠬᠤ ᠪᠠᠷ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠤᠨ | ᠵᠢᠭᠰᠠᠭᠠᠯᠲᠠ ᠶᠢ ᠬᠢᠨᠠᠨ ᠬᠠᠷᠭᠤᠭᠤᠯᠵᠤ ᠮᠡᠳᠡᠭᠦᠯᠦᠨ᠎ᠡ᠃ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ | ᠬᠠᠯᠠᠭᠳᠠᠭᠰᠠᠳ ᠤᠨ ᠠᠵᠢᠯ ᠤᠨ ᠨᠢᠬᠡᠴᠡ ᠪᠠ ᠬᠤᠪᠢ ᠭᠦᠮᠦᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠢᠯᠡ | ᠠᠵᠢᠯᠯᠠᠭ᠎ᠠ ᠶᠢ ᠳ᠋ᠦᠩᠨᠡᠨ ᠬᠥᠬᠢᠭᠦᠯᠦᠨ ᠰᠠᠶᠢᠰᠢᠶᠠᠨ᠎ᠠ᠃ | ︵ᠶᠢᠰᠦ︶ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ | ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ | ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠠᠷᠪᠠᠨ ᠨᠢᠭᠡ︶ ᠡᠭᠦᠷᠭᠡ ᠴᠢᠳᠠᠪᠤᠷᠢ ᠪᠠᠨ ᠬᠤᠪᠢᠷᠠᠭᠤᠯᠤᠨ᠎ᠠ᠃ ᠬᠦᠷᠢᠶ᠎ᠡ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ | ᠲᠥᠷᠥ ᠶᠢᠨ ᠠᠵᠢᠯ ᠪᠠ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠲᠥᠪᠯᠡᠷᠡᠩᠭᠦᠶ ᠨᠢᠭᠡᠳᠦᠯᠲᠡᠶ᠂ ᠡᠭᠦᠷᠭᠡ ᠬᠠᠷᠢᠭᠤᠴᠠᠯᠭ᠎ᠠ ᠲᠣᠳᠣᠷᠬᠠᠶ ᠴᠡᠷᠢᠭ ᠠᠴᠠ ᠬᠠᠯᠠᠭᠳᠠᠭᠰᠠᠳ ᠤᠨ | ᠬᠠᠮᠢᠶᠠᠷᠤᠯᠲᠠ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠦᠴᠦᠨ ᠢ | ᠵᠣᠬᠢᠴᠠᠭᠤᠯᠵᠤ ᠴᠡᠷᠢᠭ ᠴᠡᠷᠢᠭ ᠤᠨ ᠭᠡᠷ ᠪᠦᠯᠢ ᠶᠢᠨ ᠬᠢᠨ ᠳᠤ ᠨᠡᠩ ᠰᠠᠶᠢᠨ ᠦᠢᠯᠡᠴᠢᠯᠡᠵᠦ᠂ ᠴᠡᠷᠢᠭ ᠴᠡᠷᠢᠭ ᠤᠨ | ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠦ᠂ ᠴᠡᠷᠢᠭ ᠢ ᠪᠦᠬᠦ ᠨᠡᠶᠢᠭᠡᠮ ᠤᠨ ᠡᠷᠬᠢᠮ | ᠲᠡᠬᠡᠳᠦ ᠠᠵᠢᠯ ᠮᠡᠷᠭᠡᠵᠢᠯ ᠪᠣᠯᠭᠠᠵᠤ᠂ ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠪᠣᠯᠤᠨ ᠠᠷᠠᠳ | ᠲᠦᠮᠡᠨ ᠤ ᠲᠥᠯᠥᠭᠡ ᠪᠡᠶ᠎ᠡ ᠪᠠᠨ ᠦᠷᠡᠭᠳᠡᠭᠦᠯᠵᠦ ᠡᠷᠭᠦᠨ ᠵᠢᠳᠭᠦᠭᠦ ᠤᠶᠤᠨ ᠰᠠᠨᠠᠭᠠᠨ ᠤ ᠬᠡᠪ ᠨᠠᠮᠪᠠ ᠪᠣᠯᠤᠨ | ᠦᠷᠳᠡᠭ ᠤᠨ ᠤᠳᠤᠷᠢᠳᠤᠮᠵᠢ ᠶᠢ ᠪᠠᠳᠠᠷᠠᠭᠤᠯᠤᠨ ᠢᠯᠡᠷᠡᠭᠦᠯᠵᠦ᠂ ᠴᠡᠷᠢᠭ ᠠᠩᠬᠢ ᠶᠢᠨ ᠪᠠᠶᠢᠯᠳᠤᠬᠤ ᠬᠦᠴᠦᠨ ᠪᠣᠯᠤᠨ | ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠶᠢᠨ ᠲᠥᠯᠥᠭᠡ ᠵᠣᠬᠢᠶᠠᠨ ᠪᠠᠶᠢᠭᠤᠯᠤᠯᠳᠠ ᠶᠢᠨ ᠪᠠᠲᠤᠯᠠᠭ᠎ᠠ ᠶᠢ ᠨᠡᠩ | ᠰᠠᠶᠢᠲᠤᠷ ᠬᠢᠨ᠎ᠡ᠃ |