ᠬᠦᠷᠢᠶ᠎ᠡ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠨᠠᠮ ᠤᠨ ᠲᠥᠪ ᠬᠤᠷᠢᠶ᠎ᠠ ᠶᠢᠨ ᠰᠣᠶᠣᠯ | ᠵᠢᠭᠤᠯᠴᠢᠯᠠᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ | ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠨᠠᠮ ᠤᠨ ᠰᠣᠶᠣᠯ ᠵᠢᠭᠤᠯᠴᠢᠯᠠᠯ ᠤᠨ ᠠᠵᠢᠯ ᠳᠠᠬᠢ | ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ | ᠪᠣᠯ᠄ | ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠨᠠᠮ ᠪᠣᠯᠤᠨ | ᠵᠠᠰᠠᠭ ᠤᠨ ᠣᠷᠳᠣᠨ ᠤ ᠰᠣᠶᠣᠯ ᠵᠢᠭᠤᠯᠴᠢᠯᠠᠯ ᠤᠨ ᠠᠵᠢᠯ ᠤᠨ ᠴᠢᠭᠯᠡᠯᠲᠡ ᠲᠥᠷᠦ ᠶᠢᠨ ᠪᠣᠳᠣᠯᠭ᠎ᠠ ᠪᠠ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠣᠶᠣᠯ᠂ ᠵᠢᠭᠤᠯᠴᠢᠯᠠᠯ ᠤᠨ ᠳᠦᠷᠢᠮᠵᠢᠭᠰᠡᠨ | ᠴᠢᠨᠠᠷᠳᠠᠢ ᠪᠢᠴᠢᠭ ᠮᠠᠲ᠋ᠧᠷᠢᠶᠠᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠰᠣᠶᠣᠯ ᠪᠠ ᠵᠢᠭᠤᠯᠴᠢᠯᠠᠯ ᠤᠨ ᠦᠢᠯᠡᠰ᠂ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ | ᠲᠦᠯᠦᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ | ᠪᠠ ᠵᠢᠭᠤᠯᠴᠢᠯᠠᠯ ᠤᠨ ᠲᠣᠭᠲᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ︵ᠭᠤᠷᠪᠠ︶ ᠰᠣᠶᠣᠯ ᠪᠠ ᠵᠢᠭᠤᠯᠴᠢᠯᠠᠯ ᠤᠨ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠤᠨ ᠬᠡᠯᠪᠡᠷᠢ ᠶᠢᠨ | ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ ᠴᠢᠩᠭᠠᠳᠬᠠᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ | ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠳᠡᠨ᠎ᠡ᠃ | ︵ᠲᠦᠷᠪᠡ︶ ᠪᠦᠬᠦ ᠬᠤᠰᠢᠭᠤᠨ ᠤ ᠴᠢᠨᠠᠷᠲᠠᠶ ᠴᠢᠬᠤᠯᠠ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠵᠢᠯᠤᠭᠤᠳᠴᠦ᠂ ᠵᠣᠬᠢᠴᠠᠭᠤᠯᠵᠤ᠂ ᠬᠠᠮᠢᠶᠠᠷᠴᠤ᠂ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠪᠦᠬᠦ ᠬᠤᠰᠢᠭᠤᠨ ᠤ ᠵᠢᠭᠤᠯᠴᠢᠯᠠᠯ ᠤᠨ ᠪᠦᠬᠦᠯᠢ ᠴᠣᠭᠴᠠ ᠶᠢᠨ | ᠳᠦᠷᠢ ᠲᠥᠷᠬᠦ ᠶᠢ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠰᠣᠶᠣᠯ ᠪᠣᠯᠤᠨ ᠵᠢᠭᠤᠯᠴᠢᠯᠠᠯ ᠤᠨ ᠠᠵᠤ ᠦᠢᠯᠡᠰ ᠤᠨ | ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ | ᠪᠦᠰᠡ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠤᠨ᠎ᠠ᠃ | ︵ᠲᠠᠪᠤ︶ ᠪᠦᠬᠦ ᠬᠤᠰᠢᠭᠤᠨ ᠤ ᠲᠤᠰᠬᠠᠢ ᠮᠡᠷᠭᠡᠵᠢᠯ ᠤᠨ ᠤᠷᠠᠯᠢᠭ ᠤᠨ ᠠᠵᠢᠯ ᠢ ᠵᠢᠯᠣᠭᠤᠳᠤᠨ ᠬᠠᠮᠢᠶᠠᠷᠴᠦ᠂ | ᠤᠷᠠᠯᠢᠭ ᠤᠨ ᠵᠣᠬᠢᠶᠠᠨ ᠪᠦᠲᠦᠭᠡᠬᠦ ᠦᠢᠯᠡᠳᠪᠦᠷᠢᠯᠡᠯ ᠢ ᠬᠠᠮᠢᠶᠠᠷᠤᠨ ᠵᠢᠯᠣᠭᠤᠳᠴᠤ᠂ ᠨᠡᠶᠢᠭᠡᠮ ᠵᠢᠷᠤᠮ ᠤᠨ | ᠭᠤᠤᠯᠯᠠᠬᠤ ᠦᠷᠳᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠶ᠂ ᠲᠥᠯᠥᠭᠡᠯᠡᠬᠦ | ᠴᠢᠨᠠᠷᠲᠠᠶ᠂ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠤᠨ ᠦᠢᠯᠡᠳᠪᠦᠷᠢᠯᠡᠯ ᠪᠠ | ᠬᠥᠭᠵᠢᠯᠲᠡ ᠶᠢ ᠠᠬᠢᠭᠤᠯᠤᠨ᠎ᠠ᠃ ᠪᠦᠬᠦ ᠬᠤᠰᠢᠭᠤᠨ ᠤ ᠴᠢᠨᠠᠷᠲᠠᠶ ᠴᠢᠬᠤᠯᠠ ᠶᠡᠭᠡ ᠤᠷᠠᠯᠢᠭ ᠤᠨ ᠲᠣᠭᠯᠠᠯᠲᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠬᠤᠰᠢᠭᠤᠨ ᠤ ᠤᠯᠠᠭᠠᠨᠮᠥ᠋ᠴᠢᠷ ᠤᠨ ᠦᠢᠯᠡᠰ ᠤᠨ | ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ | ︵ᠵᠢᠷᠭᠤᠭ᠎ᠠ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ | ᠦᠶ᠎ᠡ ᠶᠢᠨ ᠣᠯᠠᠨ ᠨᠡᠶᠢᠲᠡ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ | ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠬᠡᠨ ᠤ ᠨᠡᠶᠢᠲᠡ ᠶᠢᠨ ᠠᠰᠠᠷᠠᠮᠵᠢ ᠶᠢᠨ ᠢᠨᠵᠧᠨ᠋ᠷᠢᠩ ᠪᠣᠯᠤᠨ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ | ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ ᠪᠦᠬᠦ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠳᠠ ᠶᠢ ᠵᠢᠯᠣᠭᠤᠳᠤᠨ ᠬᠢᠨᠠᠯᠲᠠ ᠲᠠᠯᠪᠢᠵᠤ᠂ ᠦᠨᠳᠦᠰᠦᠲᠡᠨ ᠤ ᠭᠠᠵᠠᠷ ᠣᠷᠣᠨ᠂ ᠶᠠᠳᠠᠭᠤ ᠬᠦᠴᠢᠷᠳᠡᠯᠲᠡᠢ | ᠰᠤᠮᠤ ᠰᠢᠶᠠᠩ ᠪᠠᠯᠭᠠᠰᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠪᠦᠲᠦᠭᠡᠨ ᠪᠠᠶᠢᠭᠤᠯᠤᠯᠲᠠ ᠪᠠ | ᠬᠥᠭᠵᠢᠯᠲᠡ ᠶᠢ ᠴᠢᠩᠭᠠᠳᠬᠠᠨ ᠳᠠᠮᠵᠢᠨ᠎ᠠ᠃ ᠤᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠶᠢ | ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠳᠣᠯᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠦᠬᠦ | ᠬᠤᠰᠢᠭᠤᠨ ᠤ ᠪᠤᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ | ᠪᠠᠳᠠᠷᠠᠭᠤᠯᠬᠤ ᠪᠠ ᠭᠦᠭᠵᠢᠨ ᠴᠡᠴᠡᠭᠯᠡᠭᠦᠯᠭᠦ ᠶᠢ ᠠᠬᠢᠭᠤᠯᠤᠨ᠎ᠠ᠃ | ︵ᠨᠠᠢᠮᠠ︶ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠵᠦ᠂ | ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ ᠪᠠ | ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ | ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ | ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠠ ᠳᠤᠷᠠᠰᠬᠠᠯ ᠤᠨ ᠡᠳ᠋ ᠢ ᠨᠡᠭᠡᠭᠡᠨ ᠬᠥᠭᠵᠢᠭᠦᠯᠬᠦ ᠪᠠ | ᠲᠠᠨᠢᠯᠴᠠᠭᠤᠯᠬᠤ ᠶᠢ ᠬᠠᠷᠢᠭᠤᠴᠠᠨ᠎ᠠ᠃ | ︵ᠶᠢᠰᠦ︶ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠵᠢᠯᠣᠭᠤᠳᠴᠤ᠂ | ᠵᠠᠬ᠎ᠠ ᠳᠡᠯᠭᠡᠭᠦᠷ ᠤᠨ ᠡᠵᠡᠩᠨᠡᠯᠲᠡ ᠪᠣᠯᠤᠨ ᠰᠣᠶᠣᠯ ᠵᠢᠭᠤᠯᠴᠢᠯᠠᠯ ᠤᠨ ᠪᠦᠳᠦᠬᠡᠭᠳᠡᠭᠦᠨ᠂ ᠦᠢᠯᠡᠴᠢᠯᠡᠬᠡᠨ ᠤ ᠶᠠᠰᠤ | ᠴᠢᠨᠠᠷ ᠲᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠵᠦ᠂ ᠰᠣᠶᠣᠯ ᠪᠣᠯᠤᠨ ᠵᠢᠭᠤᠯᠴᠢᠯᠠᠯ ᠤᠨ ᠠᠵᠢᠯ | ᠲᠦᠷᠦᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠲᠦᠷᠢᠮᠵᠢᠭᠦᠯᠦᠨ᠎ᠡ᠃ | ︵ᠠᠷᠪᠠ︶ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠭᠦ ᠠᠵᠢᠯ ᠢ ᠵᠢᠯᠣᠭᠤᠳᠤᠨ ᠬᠢᠨᠠᠨ ᠬᠠᠮᠢᠶᠠᠷᠴᠤ᠂ ᠪᠦᠬᠦ ᠬᠤᠰᠢᠭᠤᠨ ᠤ ᠴᠢᠨᠠᠷᠲᠠᠶ᠂ ᠣᠷᠣᠨ ᠪᠦᠰᠡ ᠢ | ᠠᠯᠤᠰᠯᠠᠭᠰᠠᠨ ᠰᠣᠶᠣᠯ᠂ ᠲᠡᠤᠬᠡ ᠶᠢᠨ ᠳᠤᠷᠠᠰᠬᠠᠯᠲᠤ ᠵᠦᠢᠯᠡᠰ᠂ ᠵᠢᠭᠤᠯᠴᠢᠯᠠᠯ ᠵᠡᠷᠭᠡ ᠵᠠᠬ᠎ᠠ ᠳᠡᠯᠭᠡᠭᠦᠷ ᠤᠨ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠲᠣᠮᠣ ᠬᠡᠷᠡᠭ ᠴᠢᠬᠤᠯᠠ ᠬᠡᠷᠡᠭ ᠢ | ᠰᠢᠪᠡᠳᠡᠨ ᠪᠠᠶᠢᠴᠠᠭᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃ | ︵ᠠᠷᠪᠠᠨ ᠨᠢᠭᠡ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠴᠢᠳᠠᠪᠤᠷᠢᠲᠠᠨ ᠢ ᠨᠡᠭᠡᠭᠡᠨ | ᠬᠥᠭᠵᠢᠭᠦᠯᠬᠦ ᠪᠠ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠵᠤ᠂ ᠰᠣᠶᠣᠯ ᠵᠢᠭᠤᠯᠴᠢᠯᠠᠯ ᠤᠨ ᠠᠵᠢᠯ | ᠡᠷᠬᠢᠯᠡᠭᠰᠡᠳ ᠤᠨ ᠬᠥᠮᠦᠵᠢᠯ ᠪᠤᠯᠪᠠᠰᠤᠷᠠᠯ ᠢ ᠵᠢᠯᠣᠭᠤᠳᠴᠤ᠂ ᠬᠠᠮᠢᠶ᠎ᠠ ᠪᠦᠭᠦᠢ ᠠᠵᠢᠯ ᠮᠡᠷᠭᠡᠵᠢᠯ ᠤᠨ ᠬᠢᠷᠢ ᠭᠡᠮ ᠤᠨ | ᠳᠦᠷᠢᠮ ᠪᠠ ᠳᠠᠩᠰᠠᠯᠠᠬᠤ ᠳᠦᠷᠢᠮ ᠢ ᠲᠣᠭᠲᠠᠭᠠᠬᠤ ᠪᠠ ᠬᠡᠷᠡᠭᠵᠢᠭᠦᠯᠦᠨ᠎ᠡ᠃ | ︵ᠠᠷᠪᠠᠨ ᠬᠤᠶᠠᠷ︶ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠ ᠤᠬᠠᠭᠤᠯᠤᠨ | ᠲᠡᠯᠬᠡᠷᠡᠭᠦᠯᠭᠦ ᠠᠵᠢᠯ ᠢ ᠵᠢᠯᠣᠭᠤᠳᠤᠨ ᠬᠠᠮᠢᠶᠠᠷᠴᠤ᠂ ᠰᠣᠶᠣᠯ ᠪᠠ ᠵᠢᠭᠤᠯᠴᠢᠯᠠᠯ ᠤᠨ ᠭᠠᠳᠠᠭᠠᠳᠤ ᠲᠠᠢ ᠰᠣᠯᠢᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ | ︵ᠠᠷᠪᠠᠨ ᠭᠤᠷᠪᠠ︶ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠠᠭᠤᠳᠠᠯᠬᠤ᠂ ᠬᠠᠮᠠᠭᠠᠯᠠᠬᠤ | ᠂ ᠬᠠᠮᠢᠶᠠᠷᠬᠤ᠂ ᠠᠰᠢᠭᠯᠠᠬᠤ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡ︶ ᠪᠥᠬᠦ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠴᠢᠬᠤᠯᠠ ᠶᠡᠭᠡ | ᠢᠨᠵᠧᠨᠧᠷᠢᠩ᠂ ᠭᠤᠤᠯᠳᠠᠯᠭ᠎ᠠ ᠲᠠᠢ ᠰᠠᠭᠤᠷᠢ ᠲᠦᠭᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠠᠶᠦᠯᠭᠦᠢ ᠦᠢᠯᠡᠳᠪᠦᠷᠢᠯᠡᠯ ᠤᠨ ᠤᠬᠠᠭᠤᠯᠭ᠎ᠠ | ᠭᠦᠮᠦᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ᠂ | ᠭᠡᠨᠡᠳᠲᠡ ᠶᠢᠨ ᠬᠡᠷᠡᠭ ᠢ ᠰᠡᠷᠬᠡᠶᠢᠯᠡᠨ ᠰᠢᠢᠳᠪᠦᠷᠢᠯᠡᠬᠦ ᠪᠠ ᠬᠠᠮᠠᠭᠠᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠦᠯᠭᠦᠢ ᠦᠢᠯᠡᠳᠪᠦᠷᠢᠯᠡᠯ ᠤᠨ ᠴᠢᠬᠤᠯᠠ ᠶᠡᠭᠡ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠬᠢᠨᠠᠯᠲᠠ ᠲᠠᠯᠪᠢᠨ᠎ᠠ᠃ | ︵ᠠᠷᠪᠠᠨ ᠲᠠᠪᠤ︶ ᠰᠣᠶᠣᠯ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠭᠦᠭᠵᠢᠯᠳᠠ ᠶᠢ ᠵᠢᠯᠣᠭᠤᠳᠤᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ ᠵᠠᠩᠭᠢᠵᠢᠯᠲᠠ᠂ | ᠤᠶᠤᠨᠴᠢᠯᠠᠬᠤ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |