ᠬᠦᠷᠢᠶ᠎ᠡ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020-07-01
   ᠬᠦᠷᠢᠶ᠎ᠡ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠨᠠᠮ ᠤᠨ ᠲᠥᠪ ᠬᠤᠷᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ    ᠨᠠᠶᠢᠳᠠᠪᠤᠷᠢᠵᠢᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠤᠨ᠎ᠠ᠃    ︵ᠬᠤᠶᠠᠷ︶ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠤᠴᠢᠷ  ᠤᠳ ᠢ ᠬᠦᠯᠢᠶᠡᠨ ᠠᠪᠴᠤ ᠰᠢᠢᠳᠪᠦᠷᠢᠯᠡᠭᠦ᠂ ᠲᠤᠰᠢᠶᠠᠨ ᠰᠢᠢᠳᠪᠦᠷᠢᠯᠡᠭᠦᠯᠭᠦ᠂ ᠰᠢᠯᠵᠢᠭᠦᠯᠦᠨ ᠭᠦᠷᠬᠡᠨ᠎ᠡ᠃    ︵ᠭᠤᠷᠪᠠ︶ ᠳᠡᠭᠡᠳᠦ ᠱᠠᠲᠤᠨ ᠤ ᠪᠠ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠤᠴᠢᠷ ᠤᠳ ᠢ ᠳᠠᠭᠠᠭᠠᠨ ᠠᠪᠴᠤ ᠭᠦᠢᠴᠡᠳᠬᠡᠨ᠎ᠡ᠃    ︵ᠳᠥᠷᠪᠡ︶ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠤᠴᠢᠷ ᠤᠳ ᠢ ᠵᠣᠬᠢᠴᠠᠭᠤᠯᠤᠨ ᠰᠢᠢᠳᠪᠦᠷᠢᠯᠡᠨ᠎ᠡ᠃    ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠤᠴᠢᠷ ᠤᠳ ᠢ ᠰᠢᠢᠳᠪᠦᠷᠢᠯᠡᠬᠦ ᠶᠢ ᠰᠢᠪᠠᠳᠠᠨ ᠪᠠᠶᠢᠴᠠᠭᠠᠨ᠎ᠠ᠃    ︵ᠵᠢᠷᠭᠤᠭ᠎ᠠ︶ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠠᠶᠢᠴᠠᠭᠠᠨ ᠰᠤᠳᠤᠯᠤᠯᠲᠠ ᠦᠷᠨᠢᠭᠦᠯᠵᠦ᠂ ᠴᠠᠭ ᠲᠤᠬᠠᠢ ᠳᠤᠨᠢ ᠬᠤᠰᠢᠭᠤᠨ ᠤ ᠵᠠᠰᠠᠭ ᠤᠨ ᠣᠷᠳᠣᠨ ᠳᠤ ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠠᠵᠢᠯ ᠢᠶᠠᠨ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃    ︵ᠳᠣᠯᠤᠭ᠎ᠠ︶ ᠬᠤᠰᠢᠭᠤᠨ ᠤ ᠵᠠᠰᠠᠭ ᠤᠨ ᠣᠷᠳᠣᠨ ᠤ ᠪᠤᠰᠤᠳ ᠠᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠭᠤᠯᠤᠮᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠤᠨ᠎ᠠ᠃    ︵ ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ  ᠶᠢ ᠪᠡᠶᠡᠯᠡᠭᠦᠯᠦᠨ᠎ᠡ᠃
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号