ᠬᠦᠷᠢᠶ᠎ᠡ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020-07-01
   ᠬᠦᠷᠢᠶ᠎ᠡ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠬᠡ ᠶᠢᠨ ᠪᠠᠲᠤᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ ᠃ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠬᠡ ᠶᠢᠨ ᠠᠪᠤᠷᠠᠨ ᠲᠤᠰᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠤᠭᠳᠠᠭᠠᠵᠦ ᠨᠢᠬᠡᠳᠦᠯᠳᠠᠢ ᠲᠦᠯᠦᠪᠯᠡᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠡᠮ ᠡᠮᠨᠡᠯᠬᠡ ᠶᠢᠨ ᠪᠠᠲᠤᠯᠠᠭ᠎ᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠰᠢᠭᠤᠨ ᠤ ᠡᠮ ᠡᠮᠨᠡᠯᠭᠡ  ᠶᠢᠨ ᠪᠠᠲᠤᠯᠠᠭ᠎ᠠ ᠶᠢᠨ ᠰᠠᠭᠤᠷᠢ ᠮᠦᠩᠭᠦᠨ ᠤ ᠲᠥᠰᠦᠪ ᠲᠠᠰᠤᠯᠤᠨ ᠪᠤᠳᠤᠯᠳᠠ ᠶᠢᠨ ᠡᠬᠢ ᠲᠦᠰᠦᠯ ᠢ ᠨᠠᠶᠢᠷᠠᠭᠤᠯᠤᠨ ᠵᠤᠬᠢᠶᠠᠨ ᠨᠢᠬᠡᠳᠦᠯᠳᠠᠢ ᠲᠦᠯᠦᠪᠯᠡᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠤᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠬᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠥᠭᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃    ︵ᠭᠤᠷᠪᠠ︶ ᠡᠮ ᠡᠮᠨᠡᠯᠭᠡ ᠶᠢᠨ ᠪᠠᠲᠤᠯᠠᠭ᠎ᠠ ᠶᠢᠨ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠡᠮ ᠡᠮᠨᠡᠯᠭᠡ ᠶᠢᠨ ᠪᠠᠲᠤᠯᠠᠭ᠎ᠠ ᠶᠢᠨ ᠪᠡᠯᠡ ᠮᠥᠩᠭᠦ ᠴᠤᠭᠯᠠᠭᠤᠯᠬᠤ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠬᠥᠳᠡᠯᠦᠩᠭᠦᠶ ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢ ᠲᠡᠩᠴᠡᠭᠦᠷᠢᠲᠡᠶ ᠪᠠᠶᠢᠯᠭᠠᠬᠤ ᠲᠤᠭᠳᠠᠴᠠ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃    ︵ᠲᠦᠷᠪᠡ︶ ᠡᠮᠨᠡᠯᠬᠡ ᠶᠢᠨ ᠳᠠᠭᠠᠳᠬᠠᠯ ᠤᠨ ᠭᠠᠷᠴᠠᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮ ᠡᠮᠨᠡᠯᠭᠡ ᠶᠢᠨ ᠦᠢᠯᠡᠴᠢᠯᠡᠬᠡᠨ ᠤ ᠲᠥᠷᠥᠯ ᠵᠦᠢᠯ᠂ ᠡᠮ ᠡᠮᠨᠡᠯᠭᠡ ᠶᠢᠨ ᠦᠢᠯᠡᠴᠢᠯᠡᠬᠡᠨ ᠤ ᠲᠦᠭᠦᠬᠡᠷᠦᠮᠵᠢ ᠵᠡᠷᠭᠡ ᠡᠮᠨᠡᠯᠬᠡ ᠶᠢᠨ ᠳᠠᠭᠠᠳᠬᠠᠯ ᠤᠨ ᠭᠠᠷᠴᠠᠭ ᠪᠠ ᠥᠭᠬᠦ ᠪᠠᠷᠢᠮᠵᠢᠶ᠎ᠠ ᠶᠢ ᠲᠤᠤᠱᠯᠠᠭᠤᠯᠤᠨ  ᠨᠠᠶᠢᠳᠠᠪᠤᠷᠢᠵᠢᠭᠤᠯᠵᠦ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠤᠯᠤᠰ ᠤᠨ ᠡᠮᠨᠡᠯᠬᠡ ᠶᠢᠨ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃    ︵ᠲᠠᠪᠤ︶ ᠡᠮ ᠡᠮᠨᠡᠯᠬᠡ ᠶᠢᠨ ᠦᠢᠯᠡᠴᠢᠯᠡᠬᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠮ ᠡᠮᠨᠡᠯᠬᠡ ᠶᠢᠨ ᠲᠥᠷᠥᠯ ᠵᠦᠢᠯ᠂ ᠡᠮ ᠡᠮᠨᠡᠯᠬᠡ ᠶᠢᠨ ᠦᠢᠯᠡᠴᠢᠯᠡᠬᠡᠨ ᠤ ᠲᠦᠭᠦᠬᠡᠷᠦᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂  ᠡᠮᠨᠡᠯᠬᠡ ᠶᠢᠨ ᠲᠠᠭᠠᠳᠬᠠᠯ ᠤᠨ ᠥᠭᠬᠦ ᠡᠮ ᠡᠮᠨᠡᠯᠭᠡ ᠶᠢᠨ ᠦᠢᠯᠡᠴᠢᠯᠡᠬᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠭᠦᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠬᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃    ︵ᠵᠢᠷᠭᠤᠭ᠎ᠠ︶ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠡᠮ ᠤᠨ ᠵᠦᠢᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠤᠰᠢᠭᠤᠨ ᠤ ᠡᠮ ᠤᠨ ᠵᠦᠢᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠬᠠᠮᠢᠶᠠᠷᠤᠯᠳᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠳᠠᠭᠠᠵᠦ ᠨᠢᠬᠡᠳᠦᠯᠳᠠᠢ ᠲᠦᠯᠦᠪᠯᠡᠨ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠳᠣᠯᠤᠭ᠎ᠠ︶ ᠡᠮ ᠡᠮᠨᠡᠯᠭᠡ ᠶᠢᠨ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠦᠪᠳᠡᠯᠴᠡᠬᠡᠷ ᠪᠠ ᠦᠩᠭᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠡᠮᠨᠡᠯᠬᠡ ᠶᠢᠨ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ ᠮᠡᠳᠡᠭᠡ ᠵᠠᠩᠭᠢ ᠨᠠᠶᠢᠳᠠᠯᠡᠭᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠨᠡᠯᠬᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮ ᠡᠮᠨᠡᠯᠬᠡ ᠶᠢᠨ ᠦᠢᠯᠡᠴᠢᠯᠡᠬᠡᠨ ᠤ ᠠᠵᠢᠯᠯᠠᠭ᠎ᠠ ᠪᠠ ᠡᠮ ᠡᠮᠨᠡᠯᠬᠡ ᠶᠢᠨ ᠵᠠᠷᠤᠳᠠᠯ ᠢ ᠬᠢᠨᠠᠨ ᠬᠠᠮᠢᠶᠠᠷᠴᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠨᠠᠢᠮᠠ︶ ᠡᠮ ᠡᠮᠨᠡᠯᠭᠡ ᠶᠢᠨ ᠪᠠᠲᠤᠯᠠᠭ᠎ᠠ ᠶᠢ ᠭᠠᠷᠲᠠᠨ ᠭᠦᠢᠴᠡᠳᠬᠡᠭᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠨᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠣᠳᠣᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮ ᠡᠮᠨᠡᠯᠬᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃    ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠡᠬᠡᠷ᠎ᠡ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠ︶ ᠡᠭᠦᠷᠭᠡ ᠴᠢᠳᠠᠪᠤᠷᠢ ᠪᠠᠨ ᠬᠤᠪᠢᠷᠠᠭᠤᠯᠤᠨ᠎ᠠ᠃ ᠨᠢᠭᠡᠳᠦᠯᠲᠡᠶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ᠂ ᠲᠤᠮᠤ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠣᠯᠠᠨ ᠳᠡᠰ ᠳᠠᠪᠬᠤᠷᠭ᠎ᠠ ᠶᠢᠨ  ᠡᠮ ᠡᠮᠨᠡᠯᠬᠡ  ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠡᠮ ᠡᠮᠨᠡᠯᠭᠡ᠂ ᠡᠮᠨᠡᠯᠭᠡ ᠶᠢᠨ ᠳᠠᠭᠠᠳᠬᠠᠯ᠂ ᠡᠮ ︽ᠭᠤᠷᠪᠠᠨ ᠡᠮ ᠡᠮᠨᠡᠯᠭᠡ ᠶᠢᠨ ᠬᠤᠯᠪᠣᠭᠠᠯᠠᠨ ᠭᠦᠳᠦᠯᠦᠯᠴᠡᠭᠦ︾ ᠥᠭᠡᠷᠡᠴᠢᠯᠡᠯᠲᠡ ᠶᠢ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠠᠩ ᠰᠠᠶᠢᠳᠦᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃    ︵ᠠᠷᠪᠠᠨ ᠨᠢᠭᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠡᠮ ᠡᠮᠨᠡᠯᠭᠡ ᠶᠢᠨ ᠪᠠᠳᠤᠯᠠᠭ᠎ᠠ  ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号