ᠬᠠᠳᠠᠳᠦ ᠤᠷᠭᠤᠮᠠᠯ ᠬᠦᠷᠢᠶᠡᠯᠡᠩ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2020/8/28
 
   ᠬᠠᠳᠠᠳᠦ ᠤᠷᠭᠤᠮᠠᠯ ᠤᠨ ᠬᠦᠷᠢᠶᠡᠯᠡᠩ ᠪᠣᠯ ᠬᠦᠷᠢᠶ᠎ᠡ ᠬᠤᠰᠢᠭᠤᠨ ᠤ ᠡᠯᠪᠡᠭ ᠪᠠᠶᠠᠯᠢᠭ ᠪᠠᠶᠢᠭᠠᠯᠢ ᠶᠢᠨ ᠠᠮᠢ ᠠᠬᠤᠢ ᠶᠢᠨ ᠡᠬᠢ ᠪᠠᠶᠠᠯᠢᠭ ᠢ ᠭᠦᠢᠴᠡᠳ ᠠᠰᠢᠭᠯᠠᠭᠰᠠᠨ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠨᠢᠭᠡᠨ ᠬᠢᠯᠠᠰ ᠴᠡᠭ ᠪᠣᠯᠤᠨ᠎ᠠ᠃ ᠲᠡᠷᠡ ᠨᠢ ᠬᠦᠷᠢᠶ᠎ᠡ ᠪᠠᠯᠭᠠᠰᠤᠨ ᠤ ᠬᠤᠶᠢᠲᠤ ᠬᠡᠰᠡᠭ ᠲᠤ ᠪᠠᠶᠢᠷᠢᠯᠠᠵᠤ᠂ ᠲᠥᠪ ᠪᠠᠯᠭᠠᠰᠤ ᠠᠴᠠ ᠪᠠᠷᠤᠭ 2 ᠺᠢᠯᠤᠮᠧᠲᠷ ᠵᠠᠶᠢᠲᠠᠶ ᠪᠠᠶᠢᠵᠦ᠂ ᠤᠷᠭᠤᠮᠠᠯ ᠤᠨ ᠬᠦᠷᠢᠶᠡᠯᠡᠩ ᠳᠤ ᠤᠷᠭᠤᠮᠠᠯ ᠤᠨ ᠨᠣᠭᠤᠭᠠᠷᠠᠭᠤᠯᠤᠯᠲᠠ᠂ ᠬᠢᠮᠡᠯ ᠬᠦᠷᠬᠢᠷ᠎ᠡ ︵ᠬᠡᠰᠢᠭᠳᠦ ᠨᠠᠭᠤᠷ︶᠂ ᠦᠵᠡᠮᠵᠢ ᠶᠢᠨ ᠲᠠᠩᠳᠦ᠂ ᠣᠪᠣᠭᠠᠨ ᠠᠭᠤᠯᠠ᠂ ᠮᠤᠷᠤᠶ ᠵᠢᠵᠢᠭ ᠵᠠᠮ ᠵᠡᠷᠭᠡ ᠦᠵᠡᠮᠵᠢ ᠶᠢᠨ ᠣᠷᠣᠨ ᠪᠠᠭᠲᠠᠵᠤ᠂ ᠪᠠᠶᠢᠭᠠᠯᠢ ᠶᠢᠨ ᠦᠵᠡᠮᠵᠢ᠂ ᠨᠡᠶᠢᠬᠡᠮ ᠰᠣᠶᠣᠯ ᠤᠨ ᠦᠵᠡᠮᠵᠢ ᠪᠠ ᠣᠲᠣ ᠦᠶ᠎ᠡ ᠶᠢᠨ ᠰᠡᠯᠡᠭᠦᠴᠡᠯ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠦᠵᠡᠮᠵᠢ ᠶᠢᠨ ᠵᠢᠭᠤᠯᠴᠢᠯᠠᠯ ᠤᠨ ᠣᠷᠣᠨ ᠪᠣᠯᠤᠨ᠎ᠠ᠃
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号