ᠬᠦᠷᠢᠶ᠎ᠡ ᠬᠤᠰᠢᠭᠤᠨ ᠤ ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2020/8/31
   ᠬᠦᠷᠢᠶ᠎ᠡ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠬᠢᠨᠠᠨ ᠪᠣᠳᠣᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠦᠦ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠬᠢᠨᠠᠨ ᠪᠤᠳᠤᠬᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ ᠪᠦᠬᠦ ᠬᠤᠰᠢᠭᠤᠨ ᠤ ᠬᠢᠨᠠᠨ ᠪᠣᠳᠣᠬᠤ ᠠᠵᠢᠯ ᠢ ᠭᠤᠣᠯᠯᠠᠨ ᠬᠠᠮᠢᠶᠠᠷᠤᠨ᠎ᠠ᠃ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠭᠳᠠᠭᠠᠭᠰᠠᠨ ᠬᠢᠨᠠᠨ ᠪᠣᠳᠣᠵᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭᠳᠠᠢ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ ᠪᠣᠯᠤᠨ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠣᠳᠣᠯᠲᠠ ᠶᠢ ᠨᠡᠶᠢᠳᠡᠮ ᠪᠦᠷᠬᠦᠭᠦᠯᠵᠦ᠂ ᠤᠳᠤᠷᠢᠳᠬᠤ ᠺᠠᠳ᠋ᠷᠴᠤᠳ ᠲᠤ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠭᠦᠷᠦᠩᠬᠡ ᠤᠨ ᠬᠢᠨᠠᠨ ᠪᠤᠳᠤᠯᠳᠠ ᠶᠢ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠳᠠ ᠶᠢᠨ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠪᠤᠳᠤᠨ᠎ᠠ᠃ ᠬᠢᠨᠠᠨ ᠪᠣᠳᠣᠬᠤ᠂ ᠲᠤᠰᠬᠠᠶ ᠬᠢᠨᠠᠨ ᠪᠣᠳᠣᠬᠤ ᠪᠠᠶᠢᠴᠠᠭᠠᠯᠲᠠ ᠪᠠ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢᠨ ᠬᠢᠨᠠᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠵᠦ᠂ ᠬᠢᠨᠠᠨ ᠪᠣᠳᠣᠭᠳᠠᠭᠰᠠᠨ ᠨᠢᠭᠡᠴᠡ ᠶᠢ ᠰᠢᠪᠠᠳᠠᠭᠤᠯᠵᠦ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠬᠡᠯᠡᠨ᠎ᠡ᠃    ︵ᠬᠤᠶᠠᠷ︶ ᠬᠤᠯᠪᠣᠭᠳᠠᠯ ᠪᠦᠬᠦᠢ ᠬᠢᠨᠠᠨ ᠪᠣᠳᠣᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠳᠦᠷᠢᠮ ᠲᠤᠭᠳᠠᠭᠠᠯ ᠲᠣᠭᠲᠠᠭᠠᠬᠤ ᠪᠠ ᠲᠡᠭᠦᠯᠳᠡᠷᠵᠢᠭᠦᠯᠬᠦ ᠰᠠᠨᠠᠭᠤᠯᠭ᠎ᠠ ᠲᠤᠷᠠᠳᠤᠨ᠎ᠠ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠤᠯᠤᠨ ᠬᠠᠷᠠᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠬᠤ ᠦᠨᠡᠯᠡᠯᠲᠡ ᠬᠢᠵᠦ᠂ ᠬᠢᠨᠠᠨ ᠪᠤᠳᠤᠬᠤ ᠲᠣᠭᠲᠠᠭᠠᠯ ᠭᠠᠷᠭᠠᠬᠤ ᠡᠰᠡᠭᠦᠯ᠎ᠡ ᠬᠢᠨᠠᠨ ᠪᠤᠳᠤᠬᠤ ᠰᠠᠨᠠᠭᠤᠯᠭ᠎ᠠ ᠲᠤᠷᠠᠳᠤᠨ᠎ᠠ᠃    ︵ᠭᠤᠷᠪᠠ︶ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠳᠤ ᠣᠨ ᠤ ᠲᠥᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ ᠲᠤᠷᠠᠳᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠬᠢᠨᠠᠨ ᠪᠣᠳᠣᠬᠤ ᠲᠣᠪᠴᠢᠶ᠎ᠠ ᠳᠤ ᠤᠨ ᠤ ᠲᠥᠰᠦᠪ ᠢ ᠬᠡᠷᠡᠭᠵᠢᠭᠦᠯᠦᠭᠰᠡᠨ ᠪᠣᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠲᠤᠰᠢᠶᠠᠨ᠎ᠠ᠃ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠦᠷᠢᠶ᠎ᠡ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠦᠷᠢᠶ᠎ᠡ ᠬᠤᠰᠢᠭᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠳᠤᠷᠠᠳᠴᠤ᠂ ᠬᠢᠨᠠᠨ ᠪᠤᠳᠤᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠡᠳᠡᠭᠦᠯᠦᠨ᠎ᠡ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠪᠤᠰᠤᠳ ᠵᠦᠢᠯᠡᠰ ᠤᠨ ᠬᠢᠨᠠᠨ ᠪᠣᠳᠣᠯᠲᠠ ᠪᠠ ᠲᠤᠰᠬᠠᠶ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠤᠳᠤᠭᠰᠠᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠳᠠᠯᠠᠨ᠎ᠠ᠃ ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠨ ᠪᠤᠳᠤᠭᠰᠠᠨ ᠪᠠᠶᠢᠳᠠᠯ ᠪᠣᠯᠤᠨ ᠬᠢᠨᠠᠨ ᠪᠣᠳᠣᠭᠰᠠᠨ ᠦᠷ᠎ᠡ ᠳ᠋ᠦᠩ ᠢ ᠮᠡᠳᠡᠭᠳᠡᠨ᠎ᠡ᠃    ︵ᠲᠦᠷᠪᠠ︶ ᠳᠣᠤᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠣᠳᠣᠵᠤ᠂ ᠬᠢᠨᠠᠨ ᠪᠣᠳᠣᠭᠰᠠᠨ ᠮᠡᠳᠡᠭᠦᠯᠦᠯᠲᠡ ᠬᠢᠵᠦ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠣᠳᠣᠬᠤ ᠲᠣᠭᠲᠠᠭᠠᠯ ᠭᠠᠷᠭᠠᠨ᠎ᠠ᠂ ᠡᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ᠂ ᠬᠤᠰᠢᠭᠤᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ᠂ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠡ ᠪᠠᠭᠳᠠᠨ᠎ᠠ︶ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ᠂ ᠲᠠᠰᠤᠯᠤᠨ ᠪᠤᠳᠤᠯᠳᠠ ᠶᠢᠨ ᠡᠬᠡ ᠲᠦᠰᠦᠯ ᠪᠤᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ᠂ ᠲᠠᠰᠤᠯᠤᠨ ᠪᠤᠳᠤᠯᠳᠠ ᠶᠢᠨ ᠡᠬᠡ ᠲᠦᠰᠦᠯ ᠪᠤᠯᠤᠨ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠪᠠᠶᠢᠳᠠᠯ᠂ ᠲᠡᠬᠡᠳᠦ ᠱᠠᠲᠤᠨ ᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ᠂ ᠬᠦᠷᠢᠶ᠎ᠡ ᠬᠤᠰᠢᠭᠤ ᠵᠢᠴᠢ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠣᠷᠣᠨ ᠲᠤᠭ᠎ᠠ ᠶᠢ ᠬᠡᠷᠡᠭᠯᠡᠭᠰᠡᠨ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠭᠰᠡᠨ ᠪᠠᠶᠢᠳᠠᠯ᠂ ᠬᠤᠰᠢᠭᠤᠨ ᠤ ᠬᠠᠷᠢᠶ᠎ᠠ ᠪᠦᠬᠦᠢ ᠤᠯᠤᠰ ᠤᠨ ᠦᠮᠴᠢᠯᠠᠯᠳᠦ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠦᠮᠴᠢᠯᠠᠯᠳᠦ ᠬᠥᠷᠥᠩᠭᠡ ᠶᠢᠨ ᠰᠲ᠋ᠣᠺ ᠡᠵᠡᠮᠳᠡᠭᠰᠡᠨ ᠪᠤᠶᠤ ᠭᠤᠣᠯᠯᠠᠬᠤ ᠪᠠᠶᠢᠷᠢ ᠰᠠᠭᠤᠷᠢ ᠶᠢ ᠡᠵᠡᠯᠡᠭᠰᠡᠨ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠰᠢᠷᠢ ᠪᠣᠯᠤᠨ ᠣᠯᠵᠠᠪᠤᠷᠢ ᠠᠯᠳᠠᠪᠤᠷᠢ᠂ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠂ ᠨᠡᠶᠢᠭᠡᠮ ᠤᠨ ᠪᠡᠯᠡᠭᠯᠡᠨ ᠬᠦᠷᠭᠡᠭᠰᠡᠨ ᠪᠡᠯᠡ ᠮᠥᠩᠭᠦ ᠪᠠ ᠪᠤᠰᠤᠳ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠬᠡᠯᠡᠯᠬᠡ ᠶᠢᠨ ᠲᠦᠷᠦᠯ ᠵᠦᠢᠯ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯ ᠪᠠᠭᠳᠠᠨ᠎ᠠ᠃    ︵ᠲᠠᠪᠤ︶ ᠲᠣᠭᠲᠠᠭᠠᠯ ᠶᠣᠰᠣᠭᠠᠷ ᠪᠥᠬᠦ ᠬᠤᠰᠢᠭᠤᠨ ᠤ ᠰᠠᠯᠠᠭᠠᠨ ᠤ ᠲᠠᠰ ᠤᠨ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠭᠤᠤᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠬᠢᠨᠠᠨ ᠪᠣᠳᠣᠯᠲᠠ ᠶᠢ ᠬᠡᠷᠡᠭᠵᠢᠭᠦᠯᠦᠨ᠎ᠡ᠃    ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠠ ᠬᠦᠷᠢᠶ᠎ᠡ ᠬᠤᠰᠢᠭᠤᠨ ᠤ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠳᠠ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠵᠦᠢᠯᠡᠰ ᠲᠤ ᠲᠤᠰᠬᠠᠶ ᠬᠢᠨᠠᠨ ᠪᠤᠳᠤᠬᠤ ᠪᠠᠶᠢᠴᠠᠭᠠᠯᠲᠠ ᠬᠢᠨ᠎ᠠ᠃    ︵ᠳᠣᠯᠤᠭ᠎ᠠ︶ ᠬᠢᠨᠠᠨ ᠪᠣᠳᠣᠬᠤ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠦ ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠰᠢᠪᠠᠳᠠᠨ ᠴᠡᠭᠴᠡᠯᠡᠨ ᠰᠠᠶᠢᠵᠢᠷᠠᠭᠤᠯᠵᠤ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠬᠢᠨᠠᠨ ᠪᠣᠳᠣᠯᠲᠠ ᠶᠢᠨ ᠲᠣᠭᠲᠠᠭᠠᠯ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠪᠤᠶᠤ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠨᠠᠨ ᠲᠠᠰᠤᠯᠤᠯᠲᠠ ᠳᠤᠮᠳᠠᠬᠢ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠ ᠰᠢᠢᠳᠪᠦᠷᠢᠯᠡᠨ᠎ᠡ᠃    ︵ᠨᠠᠢᠮᠠ︶ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠣᠳᠣᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠬᠢᠵᠦ ᠥᠭᠭᠦᠭᠰᠡᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ ᠬᠢᠨᠠᠨ ᠪᠠᠶᠢᠴᠠᠭᠠᠨ᠎ᠠ᠃    ︵ᠶᠢᠰᠦ︶ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠬᠤ ᠲᠣᠪᠴᠢᠶ᠎ᠠ ᠠᠴᠠ ᠬᠢᠭᠦ ᠬᠡᠷᠡᠭᠲᠡᠶ ᠬᠢᠨᠠᠨ ᠪᠣᠳᠣᠬᠤ ᠪᠤᠶᠤ ᠬᠢᠨᠠᠨ ᠪᠣᠳᠣᠬᠤ ᠪᠠᠶᠢᠴᠠᠭᠠᠯᠲᠠ ᠬᠢᠨ᠎ᠡ᠃    ︵ᠠᠷᠪᠠ︶ ᠬᠢᠨᠠᠨ ᠪᠤᠳᠤᠬᠤ ᠬᠦᠷᠢᠶᠡᠨ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠵᠢᠯᠣᠭᠤᠳᠤᠨ ᠳᠡᠯᠭᠡᠷᠡᠭᠦᠯᠦᠨ᠎ᠡ᠃    ︵ᠠᠷᠪᠠᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号