ᠬᠦᠷᠢᠶ᠎ᠡ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠤᠰᠤᠨ ᠤ ᠶᠠᠪᠤᠳᠠᠯ ᠤᠨ ᠠᠵᠢᠯ ᠤᠨ | ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ | ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠤᠰᠤᠨ ᠤ ᠶᠠᠪᠤᠳᠠᠯ ᠤᠨ ᠠᠵᠢᠯ ᠳᠠᠬᠢ ᠨᠠᠮ ᠤᠨ | ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ | ᠪᠣᠯ᠄ | ︵ᠨᠢᠭᠡ︶ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ ᠪᠠᠲᠤᠯᠠᠨ᠎ᠠ᠃ | ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠪᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ | ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠪᠡ᠂ | ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠪᠡ᠂ ᠦᠶᠡᠷ ᠢ | ᠰᠡᠷᠭᠡᠶᠢᠯᠡᠬᠦ ᠲᠦᠯᠦᠪᠵᠢᠭᠦᠯᠬᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ᠎ᠠ᠃ | ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠳᠤ | ᠬᠡᠷᠡᠭᠯᠡᠭᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ | ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ | ᠪᠠᠶᠠᠯᠢᠭ ᠢ ᠨᠢᠭᠡᠳᠦᠯᠲᠡᠢ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠬᠤᠰᠢᠭᠤᠨ ᠤ ᠤᠰᠤᠨ ᠤ ᠲᠤᠮᠳᠠ ᠤᠷᠲᠤ | ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠪᠡ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ | ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ | ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠣᠬᠢᠷᠠᠭᠤᠯᠬᠤ ᠢᠨᠵᠧᠨᠧᠷᠢᠩ ᠤᠨ | ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠠᠪᠬᠤ ᠵᠥᠪᠰᠢᠶᠡᠷᠡᠯ᠂ ᠤᠰᠤᠨ ᠤ | ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯ ᠤᠨ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠭᠦ ᠠᠵᠢᠯ ᠢ ᠵᠢᠯᠣᠭᠤᠳᠤᠨ | ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠰᠢᠶᠠᠩ | ᠪᠠᠯᠭᠠᠰᠤ ᠶᠢᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃ | ︵ᠭᠤᠷᠪᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠲᠦᠷᠢᠮ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ | ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠬᠤ | ᠰᠠᠨᠠᠭᠤᠯᠭ᠎ᠠ ᠳᠤᠷᠠᠳᠬᠤ ᠶᠢ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠠ | ᠬᠤᠰᠢᠭᠤ ᠲᠣᠰ ᠱᠠᠲᠤᠨ ᠤ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠲᠣᠬᠢᠷᠠᠭᠤᠯᠬᠤ ᠰᠠᠨᠠᠯ ᠢ ᠲᠤᠷᠠᠳᠴᠦ᠂ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ | ᠮᠡᠳᠡᠯ ᠤᠨ ᠬᠡᠪᠴᠢᠶᠡᠨ ᠳᠣᠲᠣᠷ᠎ᠠ ᠬᠢᠨᠠᠨ ᠵᠦᠪᠰᠢᠶᠡᠷᠡᠨ᠂ ᠲᠦᠯᠦᠪᠵᠢᠭᠦᠯᠬᠡ ᠶᠢᠨ ᠲᠤᠳᠤᠷ᠎ᠠ ᠪᠠ ᠤᠨ ᠤ | ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠥᠷᠥᠯ ᠵᠦᠢᠯ ᠢ ᠬᠢᠨᠠᠨ ᠵᠥᠪᠰᠢᠶᠡᠷᠡᠨ᠎ᠡ᠃ | ︵ᠲᠦᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ | ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ | ᠵᠢᠯᠣᠭᠤᠳᠤᠨ᠎ᠠ᠃ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠤᠷᠠᠬᠢ ᠤᠰᠤᠨ ᠤ ᠡᠬᠢ | ᠪᠠᠶᠠᠯᠢᠭ ᠤᠨ ᠬᠠᠮᠢᠶᠠᠷᠤᠯᠳᠠ ᠬᠠᠮᠠᠭᠠᠯᠠᠯᠲᠠ ᠶᠢ ᠵᠢᠯᠣᠭᠤᠳᠤᠨ᠎ᠠ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠲᠠᠪᠤ︶ ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠠᠷᠪᠢᠯᠠᠵᠤ ᠬᠡᠷᠡᠭᠯᠡᠬᠦ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠠᠷᠪᠢᠯᠠᠵᠤ ᠬᠡᠷᠡᠭᠯᠡᠭᠦ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠳᠠᠭᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠰᠢᠭᠦ ᠵᠡᠷᠭᠡ | ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ | ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠨ ᠠᠬᠢᠭᠤᠯᠤᠨ᠎ᠠ᠃ ᠬᠤᠲᠠ ᠶᠢᠨ ᠪᠣᠬᠢᠷ ᠤᠰᠤ | ᠰᠢᠢᠳᠪᠦᠷᠢᠯᠡᠭᠦ᠂ ᠡᠭᠡᠭᠦᠯᠦᠨ ᠬᠡᠷᠡᠭᠯᠡᠬᠦ ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢ ᠨᠡᠭᠡᠭᠡᠨ ᠠᠰᠢᠭᠯᠠᠬᠤ | ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠤᠰᠤᠨ ᠠᠰᠢᠭᠯᠠᠯᠲᠠ ᠶᠢᠨ ᠲᠦᠭᠦᠬᠡᠷᠦᠮᠵᠢ᠂ ᠤᠰᠤᠨ ᠣᠷᠣᠨ ᠵᠢᠴᠢ ᠲᠡᠭᠦᠨ ᠤ ᠡᠷᠭᠢ ᠶᠢᠨ | ᠱᠤᠭᠤᠮ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠦᠬᠦ ᠬᠤᠰᠢᠭᠤᠨ ᠤ | ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠳᠠ ᠶᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠬᠤᠰᠢᠭᠤᠨ ᠤ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠢ | ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠵᠢᠯᠣᠭᠤᠳᠤᠨ᠎ᠠ᠃ ᠪᠦᠬᠦ ᠬᠤᠰᠢᠭᠤᠨ ᠤ ᠭᠤᠣᠯ ᠮᠥᠷᠡᠨ ᠤ | ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠬᠡᠨ ᠵᠠᠰᠠᠬᠤ᠂ ᠭᠤᠣᠯ ᠮᠦᠷᠡᠨ ᠤ ᠠᠮᠢ ᠠᠬᠤᠢ ᠶᠢᠨ | ᠤᠷᠤᠰᠬᠠᠯ ᠤᠨ ᠬᠡᠮᠵᠢᠶᠡᠨ ᠤ ᠬᠠᠮᠢᠶᠠᠷᠤᠯᠲᠠ ᠵᠢᠴᠢ ᠭᠤᠣᠯ ᠮᠦᠷᠡᠨ ᠤ ᠤᠰᠤᠨ ᠤ ᠰᠢᠰᠲ᠋ᠧᠮ ᠢ ᠬᠤᠯᠪᠤᠨ | ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃ | ︵ᠳᠣᠯᠤᠭ᠎ᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠡᠷᠬᠢᠯᠳᠠ ᠶᠢᠨ | ᠬᠠᠮᠢᠶᠠᠷᠤᠯᠳᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠬᠤᠰᠢᠭᠤᠨ ᠤ ᠡᠵᠡᠮᠰᠢᠯ ᠤᠨ ᠴᠢᠨᠠᠷᠲᠠᠢ ᠪᠠ ᠣᠷᠣᠨ | ᠪᠦᠰᠡ ᠠᠯᠤᠰᠯᠠᠭᠰᠠᠨ ᠰᠠᠪᠠ ᠭᠠᠵᠠᠷ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠬᠢᠭᠡᠳ ᠡᠷᠬᠢᠯᠳᠠ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠤᠭᠤᠳᠴᠦ᠂ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠬᠤᠷᠢᠶᠠᠮᠵᠢᠯᠠᠬᠤ | ᠠᠵᠢᠯ ᠢ ᠵᠣᠬᠢᠶᠠᠨ ᠪᠠᠶᠢᠭᠤᠯᠤᠨ᠎ᠠ᠃ | ︵ᠨᠠᠢᠮᠠ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠥᠷᠥᠰᠥ | ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠦᠯᠭᠦ ᠶᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ | ᠬᠦᠷᠢᠶ᠎ᠡ ᠬᠤᠰᠢᠭᠤᠨ ᠤ ᠲᠥᠷᠥᠯ ᠵᠦᠢᠯ ᠪᠠᠶᠢᠭᠤᠯᠤᠭᠰᠠᠨ ᠦᠢᠯᠡᠳᠪᠦᠷᠢᠯᠠᠯ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠶᠢᠰᠦ︶ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠳᠤᠮᠳᠠ | ᠬᠡᠯᠪᠡᠷᠢ ᠶᠢᠨ ᠤᠰᠤᠯᠠᠬᠤ ᠪᠠ ᠤᠰᠤ ᠵᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠦᠬᠡᠷᠡᠴᠢᠯᠠᠯᠳᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ | ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ | ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠤᠭᠤᠳᠤᠨ᠎ᠠ᠃ ᠬᠥᠳᠡᠭᠡ ᠲᠣᠰᠬᠤᠨ ᠤ | ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ ᠨᠡᠶᠢᠭᠡᠮᠴᠢᠯᠡᠭᠰᠡᠨ ᠦᠢᠯᠡᠴᠢᠯᠡᠬᠡᠨ ᠤ | ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠ︶ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠦ | ᠶᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠠᠯᠤᠰᠯᠠᠭᠰᠠᠨ ᠤᠰᠤᠨ ᠤ ᠬᠡᠷᠡᠭ ᠤᠨ ᠵᠢᠭᠤᠷᠠᠯᠳᠤᠭᠠᠨ ᠢ | ᠵᠣᠬᠢᠴᠠᠭᠤᠯᠬᠤ ᠪᠠ ᠭᠦᠨᠳᠡᠯᠡᠨ ᠠᠴᠠ ᠲᠠᠰᠤᠯᠵᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ | ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠦ᠂ ᠤᠰᠤᠨ | ᠴᠥᠭᠦᠷᠥᠮ᠂ ᠤᠰᠤᠨ ᠠᠰᠢᠭᠯᠠᠯᠲᠠ ᠶᠢᠨ ᠵᠠᠩᠭᠢᠯᠠᠭ᠎ᠠ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠲᠦᠭᠦᠬᠡᠷᠦᠮᠵᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠᠨ ᠨᠢᠭᠡ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠨ᠎ᠡ᠃ | ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ | ᠡᠭᠦᠷᠭᠡᠯᠡᠨ᠎ᠡ᠃ | ︵ᠠᠷᠪᠠᠨ ᠬᠤᠶᠠᠷ︶ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠦᠶᠡᠷ ᠭᠠᠩ | ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ | ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠭᠤᠤᠯ ᠮᠥᠷᠡᠨ ᠨᠠᠭᠤᠷ | ᠴᠥᠭᠦᠷᠥᠮ ᠪᠣᠯᠤᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠦᠶᠡᠷ ᠤᠨ ᠭᠠᠮᠰᠢᠭ ᠢ ᠰᠡᠷᠬᠡᠶᠢᠯᠡᠨ | ᠭᠠᠩ ᠤᠨ ᠭᠠᠮᠰᠢᠭ ᠢ ᠰᠡᠷᠭᠡᠶᠢᠯᠡᠬᠦ ᠲᠣᠬᠢᠷᠠᠭᠤᠯᠤᠯᠲᠠ ᠵᠢᠴᠢ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ | ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ᠎ᠠ᠃ ᠳᠡᠰ ᠳᠠᠷᠠᠭᠠᠯᠠᠯ ᠶᠣᠰᠣᠭᠠᠷ ᠮᠡᠳᠡᠭᠦᠯᠦᠨ | ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠤᠨ ᠭᠠᠮᠰᠢᠭ ᠢ ᠰᠡᠷᠭᠡᠶᠢᠯᠡᠵᠦ | ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | | ︵ᠠᠷᠪᠠᠨ ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |