ᠬᠦᠷᠢᠶ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠪᠦᠭᠦ ᠲᠠᠯ᠎ᠠ ᠪᠠᠷ ᠬᠠᠤᠯᠢ ᠶᠣᠰᠣᠭᠠᠷ | ᠬᠤᠰᠢᠭᠤ ᠪᠠᠨ ᠵᠠᠰᠠᠬᠤ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ | ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠪᠦᠭᠦ ᠲᠠᠯ᠎ᠠ | ᠪᠠᠷ ᠬᠠᠤᠯᠢ ᠶᠤᠰᠤᠭᠠᠷ ᠬᠤᠰᠢᠭᠤ ᠪᠠᠨ ᠵᠠᠰᠠᠬᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠪᠦᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠴᠢᠬᠤᠯᠠ ᠶᠡᠭᠡ ᠠᠰᠠᠭᠤᠳᠠᠯ ᠤᠨ | ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ | ᠪᠦᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠲᠤᠮᠳᠠ ᠤᠷᠲᠤ ᠬᠤᠭᠤᠴᠠᠭᠠᠨ ᠤ | ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠬᠤᠶᠠᠷ︶ ᠡᠯ᠎ᠡ ᠰᠠᠯᠠᠭ᠎ᠠ ᠮᠥᠴᠢᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ | ᠬᠡᠷᠡᠭᠵᠢᠭᠦᠯᠭᠦ ᠶᠠᠪᠤᠴᠠ ᠳᠠᠬᠢ ᠬᠤᠯᠪᠣᠭᠳᠠᠯ ᠪᠦᠬᠦᠢ ᠮᠠᠷᠭᠤᠭᠠᠨ ᠪᠠ ᠠᠰᠠᠭᠤᠳᠠᠯ ᠢ ᠬᠠᠷᠢᠭᠤᠴᠠᠨ ᠵᠣᠬᠢᠴᠠᠭᠤᠯᠤᠨ᠎ᠠ᠃ | ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠴᠡᠪᠡᠷᠯᠡᠭᠦ᠂ ᠨᠠᠶᠢᠷᠠᠭᠤᠯᠤᠨ ᠪᠢᠴᠢᠬᠦ ᠠᠵᠢᠯ ᠢ ᠳᠠᠭᠠᠭᠠᠨ ᠭᠦᠢᠴᠡᠳᠬᠡᠨ᠎ᠡ᠃ ᠡᠯ᠎ᠡ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ | ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠦᠷᠢᠶ᠎ᠡ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ | ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ | ᠲᠠᠯᠪᠢᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠠᠬᠢᠭᠤᠯᠬᠤ ᠬᠤᠯᠪᠤᠭᠳᠠᠯ ᠪᠦᠬᠦᠢ ᠠᠵᠢᠯ ᠢ ᠡᠭᠦᠷᠭᠡᠯᠡᠵᠦ᠂ ᠬᠠᠤᠯᠢ ᠶᠢ ᠴᠢᠩᠭ᠎ᠠ ᠲᠦᠷᠢᠮᠵᠢᠭᠦᠨ | ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠤᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ | ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠭᠰᠡᠨ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ︵ᠲᠦᠷᠪᠡ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠰᠢᠭᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ | ᠲᠥᠯᠥᠪᠵᠢᠭᠦᠯᠭᠡ ᠶᠢ ᠲᠤᠭᠤᠷᠪᠢᠨ ᠲᠤᠭᠳᠠᠭᠠᠬᠤ ᠶᠢ ᠬᠠᠷᠢᠭᠤᠴᠠᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ | ᠣᠷᠣᠯᠴᠠᠬᠤ ᠶᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠬᠠᠤᠯᠢ ᠶᠤᠰᠤᠭᠠᠷ ᠵᠠᠰᠠᠬᠤ ᠪᠠ ᠬᠠᠤᠯᠢ ᠪᠠᠷ | ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠤᠭᠤᠳᠤᠨ᠎ᠠ᠃ ᠠᠷᠠᠳ ᠤᠨ ᠡᠶᠡᠳᠡᠭᠦᠯᠭᠡ ᠶᠢᠨ ᠠᠵᠢᠯ ᠪᠠ | ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ | ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ | ︵ᠲᠠᠪᠤ︶ ᠪᠦᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠵᠢᠭᠠᠨ ᠵᠢᠯᠣᠭᠤᠳᠬᠤ | ᠪᠠ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠡᠷᠡᠭᠦᠦ ᠶᠢᠨ ᠬᠤᠭᠤᠴᠠᠭ᠎ᠠ ᠨᠢ ᠳᠠᠭᠤᠰᠴᠤ | ᠰᠤᠯᠠᠯᠠᠭᠳᠠᠭᠰᠠᠨ ᠬᠥᠮᠦᠰ ᠢ ᠬᠠᠪᠰᠤᠷᠤᠨ ᠭᠦᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠪᠦᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠳᠠ ᠶᠢᠨ ᠲᠥᠯᠥᠪᠵᠢᠭᠦᠯᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠵᠦ᠂ ᠬᠤᠳᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠡᠬᠢ | ᠪᠠᠶᠠᠯᠢᠭ ᠢ ᠨᠢᠭᠡᠳᠦᠯᠲᠡᠶ ᠲᠦᠯᠦᠪᠯᠡᠨ ᠪᠠᠶᠢᠷᠢᠯᠠᠭᠤᠯᠤᠨ᠎ᠠ᠃ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠥᠪᠯᠡᠭᠴᠢ᠂ | ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠬᠢᠬᠦ᠂ ᠬᠥᠨᠳᠡᠯᠡᠨ ᠠᠴᠠ ᠲᠠᠰᠤᠯᠬᠤ ᠪᠠ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠬᠠᠮᠢᠶᠠᠷᠤᠯᠳᠠ ᠶᠢᠨ ᠠᠵᠢᠯ ᠢ ᠵᠢᠯᠣᠭᠤᠳᠤᠨ ᠬᠢᠨᠠᠯᠲᠠ | ᠲᠠᠯᠪᠢᠨ᠎ᠠ᠃ | ︵ᠳᠣᠯᠤᠭ᠎ᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ | ᠪᠠᠭᠠᠵᠢ ᠬᠡᠷᠡᠭᠰᠡᠯ᠂ ᠴᠠᠭᠳᠠᠭᠠᠨ ᠤ ᠲᠡᠷᠭᠡ ᠬᠥᠰᠬᠡ᠂ ᠴᠢᠮᠡᠭᠡ ᠨᠡᠪᠲᠡᠷᠡᠯᠭᠡ ᠵᠢᠴᠢ ᠡᠳ᠋ ᠪᠣᠳᠠᠰ ᠤᠨ ᠲᠣᠨᠣᠭᠯᠠᠯ ᠢ | ᠬᠠᠷᠢᠭᠤᠴᠠᠨ᠎ᠠ᠃ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ | ᠶᠠᠪᠤᠳᠠᠯ᠂ ᠲᠤᠨᠤᠭᠯᠠᠯ᠂ ᠲᠦᠭᠦᠬᠡᠷᠦᠮᠵᠢ᠂ ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠤᠨ ᠬᠢᠨᠠᠯᠲᠠ | ᠲᠠᠯᠪᠢᠨ᠎ᠠ᠃ | ︵ᠨᠠᠢᠮᠠ︶ ᠪᠥᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ | ᠬᠠᠮᠢᠶ᠎ᠠ ᠪᠥᠬᠦᠶ ᠠᠵᠢᠯ ᠢ ᠲᠥᠯᠥᠪᠵᠢᠭᠦᠯᠦᠨ᠂ ᠵᠣᠬᠢᠴᠠᠭᠤᠯᠤᠨ ᠵᠢᠯᠣᠭᠤᠳᠴᠤ᠂ ᠪᠥᠬᠦ ᠬᠤᠰᠢᠭᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ | ᠶᠠᠪᠤᠳᠠᠯ ᠢ ᠰᠢᠪᠠᠳᠠᠨ ᠪᠠᠶᠢᠴᠠᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠶᠢᠰᠦ︶ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ | ᠪᠠᠶᠢᠭᠤᠯᠤᠯᠳᠠ᠂ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠣᠪᠣᠷ ᠰᠤᠷᠲᠠᠯ᠂ ᠠᠵᠢᠯ ᠤᠨ ᠰᠤᠷᠲᠠᠯ ᠤᠨ | ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠢ | ᠵᠢᠯᠣᠭᠤᠳᠤᠨ᠎ᠠ᠃ | ︵ᠠᠷᠪᠠ︶ ᠪᠥᠬᠦ ᠬᠤᠰᠢᠭᠤᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ | ᠲᠦᠯᠦᠪᠵᠢᠭᠦᠯᠦᠨ᠂ ᠬᠡᠷᠡᠭᠵᠢᠭᠦᠯᠵᠦ᠂ ᠵᠢᠯᠣᠭᠤᠳᠤᠨ᠎ᠠ᠃ | ︵ᠠᠷᠪᠠᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |