ᠬᠦᠷᠢᠶ᠎ᠡ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠠᠵᠢᠯ ᠤᠨ ᠲᠤᠬᠠᠶ | ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ | ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠲᠤᠭ᠎ᠠ ᠪᠦᠷᠢᠳᠬᠡᠯ ᠤᠨ ᠠᠵᠢᠯ ᠳᠠᠬᠢ ᠨᠠᠮ ᠤᠨ ᠲᠦᠪᠯᠡᠷᠡᠩᠭᠦᠢ | ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠪᠣᠯᠤᠨ ᠲᠤᠭ᠎ᠠ | ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠲᠤᠭ᠎ᠠ | ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠣᠯᠤᠨ ᠲᠤᠭ᠎ᠠ ᠪᠦᠷᠢᠳᠬᠡᠯ ᠤᠨ | ᠦᠬᠡᠷᠡᠴᠢᠯᠡᠯᠳᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠤᠭ᠎ᠠ | ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠪᠣᠯᠤᠨ ᠲᠤᠭ᠎ᠠ ᠪᠦᠷᠢᠳᠬᠡᠯ ᠤᠨ ᠳᠦᠷᠢᠮ᠂ | ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠪᠦᠬᠦ | ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠬᠤᠶᠠᠷ︶ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠰᠢᠰᠲ᠋ᠧᠮ ᠢ ᠲᠤᠤᠱᠯᠠᠭᠤᠯᠤᠨ | ᠬᠡᠷᠡᠭᠵᠢᠭᠦᠯᠵᠦ᠂ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠳᠦᠷᠢᠮ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ ᠲᠣᠭᠠᠴᠠᠭ᠎ᠠ ᠬᠢᠵᠦ᠂ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ | ᠡᠮᠬᠢᠳᠬᠡᠨ ᠨᠠᠶᠢᠷᠠᠭᠤᠯᠤᠨ᠎ᠠ᠃ | ︵ᠭᠤᠷᠪᠠ︶ ᠪᠦᠬᠦ ᠬᠤᠰᠢᠭᠤᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ | ᠴᠢᠬᠤᠯᠠ ᠶᠡᠭᠡ ᠬᠤᠰᠢᠭᠤᠨ ᠤ ᠪᠠᠶᠢᠳᠠᠯ ᠬᠤᠰᠢᠭᠤᠨ ᠤ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ | ᠬᠤᠰᠢᠭᠤᠨ ᠤ ᠪᠠᠶᠢᠳᠠᠯ ᠬᠤᠰᠢᠭᠤᠨ ᠤ ᠭᠦᠴᠦᠨ ᠢ ᠨᠡᠶᠢᠳᠡᠮ ᠪᠠᠶᠢᠴᠠᠭᠠᠬᠤ ᠵᠢᠴᠢ ᠲᠤᠰᠬᠠᠢ ᠲᠥᠷᠥᠯ ᠤᠨ | ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠤᠰᠢᠭᠤᠨ ᠤ ᠪᠠᠶᠢᠳᠠᠯ ᠬᠤᠰᠢᠭᠤᠨ ᠤ ᠭᠦᠴᠦᠨ ᠤ ᠲᠠᠯ᠎ᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ | ᠬᠤᠷᠢᠶᠠᠩᠭᠤᠶᠢᠯᠠᠵᠤ᠂ ᠡᠮᠬᠢᠯᠡᠬᠦ ᠪᠠ ᠬᠠᠩᠭᠠᠨ᠎ᠠ᠃ | ︵ᠳᠥᠷᠪᠡ︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠦᠢᠯᠡᠰ᠂ ᠠᠵᠤ ᠦᠢᠯᠡᠳᠪᠦᠷᠢ᠂ | ᠪᠠᠷᠢᠯᠭ᠎ᠠ ᠶᠢᠨ ᠦᠢᠯᠡᠰ᠂ ᠦᠢᠯᠡᠴᠢᠯᠡᠬᠡᠨ ᠤ ᠦᠢᠯᠡᠰ ᠵᠡᠷᠭᠡ ᠪᠦᠬᠦ ᠬᠤᠰᠢᠭᠤᠨ ᠤ ᠤᠯᠤᠰ ᠠᠷᠠᠳ ᠤᠨ ᠠᠵᠤ | ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ | ᠴᠤᠭᠯᠠᠭᠤᠯᠵᠤ᠂ ᠬᠤᠷᠢᠶᠠᠩᠭᠤᠶᠢᠯᠠᠵᠦ᠂ ᠡᠮᠬᠢᠳᠬᠡᠬᠦ ᠪᠠ ᠬᠠᠩᠭᠠᠵᠤ᠂ ᠵᠢᠭᠤᠯᠴᠢᠯᠠᠯ᠂ ᠵᠠᠮ ᠲᠡᠭᠡᠭᠡᠪᠦᠷᠢ᠂ ᠰᠢᠤᠳᠠᠨ᠂ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ | ᠪᠦᠬᠦ ᠬᠤᠰᠢᠭᠤᠨ ᠤ ᠴᠢᠨᠠᠷᠲᠠᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ | ᠬᠠᠩᠭᠠᠨ᠎ᠠ᠃ | ︵ᠲᠠᠪᠤ︶ ᠪᠥᠬᠦ ᠬᠤᠰᠢᠭᠤᠨ ᠤ ᠡᠨᠧᠷᠭᠢ᠂ ᠪᠠᠯᠠ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ | ᠮᠡᠷᠬᠡᠵᠢᠯ᠂ ᠬᠥᠮᠦᠨ ᠠᠮᠠ᠂ ᠬᠥᠳᠡᠯᠮᠦᠷᠢ ᠭᠦᠴᠦ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ | ᠣᠷᠴᠢᠨ ᠲᠤᠭᠤᠷᠢᠨ ᠤ ᠦᠨᠳᠦᠰᠦᠨ ᠪᠠᠶᠢᠳᠠᠯ ᠵᠡᠷᠭᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠦ᠂ ᠡᠮᠬᠢᠳᠬᠡᠬᠦ ᠪᠠ ᠬᠠᠩᠭᠠᠵᠤ᠂ ᠡᠬᠢ ᠪᠠᠶᠠᠯᠢᠭ᠂ ᠭᠡᠷ ᠪᠠᠶᠢᠰᠢᠩ᠂ | ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ ᠠᠬᠤᠶ ᠵᠡᠷᠭᠡ ᠪᠦᠬᠦ ᠬᠤᠰᠢᠭᠤᠨ ᠤ ᠴᠢᠨᠠᠷᠲᠠᠶ ᠦᠨᠳᠦᠰᠦᠨ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠦ᠂ ᠡᠮᠬᠢᠳᠬᠡᠭᠦ ᠪᠠ ᠬᠠᠩᠭᠠᠨ᠎ᠠ᠃ | ︵ᠵᠢᠷᠭᠤᠭ᠎ᠠ︶ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ | ᠮᠡᠷᠭᠡᠵᠢᠯ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠵᠤ᠂ ᠪᠦᠬᠦ ᠬᠤᠰᠢᠭᠤᠨ ᠤ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ | ᠬᠢᠨᠠᠨ ᠲᠤᠭᠳᠠᠭᠠᠵᠦ᠂ ᠬᠠᠮᠢᠶᠠᠷᠴᠤ᠂ ᠨᠡᠶᠢᠲᠡᠯᠡᠵᠦ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠲᠡᠯᠡᠨ᠎ᠡ᠃ | ︵ᠳᠣᠯᠤᠭ᠎ᠠ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠳᠤ | ᠪᠦᠷᠢᠳᠬᠡᠨ ᠵᠠᠳᠠᠯᠤᠯᠳᠠ ᠬᠢᠭᠦ᠂ ᠪᠦᠷᠢᠳᠬᠡᠨ ᠬᠢᠨᠠᠨ ᠬᠡᠮᠵᠢᠬᠦ ᠪᠠ ᠪᠦᠷᠢᠳᠬᠡᠨ ᠬᠢᠨᠠᠯᠲᠠ ᠲᠠᠯᠪᠢᠬᠤ ᠶᠢ ᠬᠠᠷᠢᠭᠤᠴᠠᠨ᠎ᠠ | ᠃ ᠲᠦᠩᠯᠢᠶᠣᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠵᠢᠯᠴᠠᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠳᠠ ᠶᠢᠨ ᠤᠨ ᠤ ᠦᠨᠡᠯᠡᠯᠲᠡ ᠶᠢᠨ ᠠᠵᠢᠯ ᠢ ᠬᠡᠷᠡᠭᠵᠢᠭᠦᠯᠵᠦ᠂ ᠬᠤᠰᠢᠭᠤᠨ ᠤ ᠨᠠᠮ ᠤᠨ | ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ | ᠪᠦᠷᠢᠳᠬᠡᠯ ᠤᠨ ᠮᠡᠳᠡᠭᠡ ᠵᠠᠩᠭᠢ ᠪᠣᠯᠤᠨ ᠵᠦᠪᠯᠡᠭᠡ ᠥᠭᠬᠦ ᠰᠠᠨᠠᠭᠤᠯᠭ᠎ᠠ ᠬᠠᠩᠭᠠᠨ᠎ᠠ᠃ | ︵ᠨᠠᠢᠮᠠ︶ ᠬᠦᠷᠢᠶ᠎ᠡ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠲᠦᠷᠦᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠵᠤ᠂ ᠲᠤᠰᠬᠠᠶ ᠮᠡᠷᠭᠡᠵᠢᠯ ᠤᠨ | ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ | ᠠᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢ ᠬᠢᠨᠠᠨ ᠬᠠᠷᠭᠤᠭᠤᠯᠬᠤ᠂ ᠬᠢᠨᠠᠨ | ᠡᠵᠡᠮᠳᠡᠬᠦ ᠪᠠ ᠦᠨᠡᠯᠡᠨ ᠵᠢᠱᠢᠬᠦ ᠠᠵᠢᠯ ᠢ ᠦᠷᠨᠢᠭᠦᠯᠵᠦ᠂ ᠭᠠᠳᠠᠭᠠᠳᠤ ᠳᠤ ᠬᠤᠯᠪᠣᠭᠳᠠᠬᠤ ᠪᠠᠶᠢᠴᠠᠭᠠᠯᠲᠠ ᠶᠢᠨ | ᠠᠵᠢᠯᠯᠠᠭ᠎ᠠ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃ | ︵ᠶᠢᠰᠦ︶ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ | ᠪᠤᠯᠪᠠᠰᠤᠷᠠᠯ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ | ᠵᠢᠯᠤᠭᠤᠳᠤᠨ᠎ᠠ᠃ ᠲᠦᠩᠯᠢᠶᠣᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠶᠢᠳᠠᠯᠭ᠎ᠠ ᠪᠠᠷ ᠲᠥᠪ ᠤᠨ | ᠡᠳ᠋ ᠤᠨ ᠵᠠᠰᠠᠭ ᠤᠨ ᠲᠤᠭ᠎ᠠ ᠪᠦᠷᠢᠳᠬᠡᠯ ᠤᠨ ᠦᠢᠯᠡᠰ ᠤᠨ ᠵᠠᠷᠤᠳᠠᠯ ᠢ ᠬᠠᠮᠢᠶᠠᠷᠤᠨ᠎ᠠ᠃ | ︵ᠠᠷᠪᠠ︶ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠳᠠ ᠶᠢᠨ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠪᠦᠬᠦ ᠬᠤᠰᠢᠭᠤᠨ ᠤ ᠲᠤᠭ᠎ᠠ | ᠪᠦᠷᠢᠳᠬᠡᠯ ᠤᠨ ᠮᠡᠳᠡᠭᠡ ᠵᠠᠩᠭᠢ ᠶᠢᠨ ᠠᠦ᠋ᠲ᠋ᠣᠴᠢᠯᠠᠭᠰᠠᠨ ᠰᠢᠰᠲ᠋ᠧᠮ ᠪᠠ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠬᠥᠮᠥᠷᠭᠡ ᠶᠢᠨ ᠰᠢᠰᠲ᠋ᠧᠮ ᠢ ᠪᠠᠶᠢᠭᠤᠯᠵᠤ᠂ ᠬᠠᠮᠢᠶᠠᠷᠬᠤ ᠪᠠ ᠬᠠᠮᠠᠭᠠᠯᠠᠨ᠎ᠠ᠃ ᠪᠦᠬᠦ ᠬᠤᠰᠢᠭᠤᠨ ᠤ | ᠬᠤᠷᠸ᠎ᠠ ᠠᠵᠤ ᠠᠬᠤᠢ ᠪᠠ ᠨᠡᠶᠢᠬᠡᠮ ᠤᠨ ᠬᠥᠭᠵᠢᠯᠲᠡ ᠶᠢᠨ ᠰᠠᠭᠤᠷᠢ ᠳ᠋ᠠᠶᠢᠲ᠋ᠠ ᠬᠥᠮᠥᠷᠭᠡ ᠶᠢ ᠵᠤᠬᠢᠶᠠᠨ ᠪᠠᠶᠢᠭᠤᠯᠤᠨ | ᠬᠠᠮᠢᠶᠠᠷᠤᠨ᠎ᠠ᠃ | ︵ᠠᠷᠪᠠᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |