ᠬᠦᠷᠢᠶ᠎ᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠲᠡᠯᠬᠡᠭᠦᠷ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ | ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠨᠠᠮ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ᠂ | ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ | ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠲᠤᠭᠤᠷᠪᠢᠵᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠢᠳᠡᠭᠡᠨ ᠪᠠ | ᠡᠮ ᠤᠨ ᠵᠦᠢᠯᠡᠰ ᠤᠨ ᠠᠮᠤᠷ ᠲᠦᠪᠰᠢᠨ ᠪᠠ ᠪᠠᠷᠢᠮᠵᠢᠶᠠᠵᠢᠯᠲᠠ ᠵᠡᠷᠭᠡ ᠪᠠᠶᠢᠯᠳᠤᠬᠤ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠲᠤᠭᠤᠷᠪᠢᠵᠤ᠂ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠦᠷᠢᠮᠵᠢᠭᠦᠯᠦᠨ ᠬᠠᠮᠠᠭᠠᠯᠠᠵᠤ᠂ ᠦᠨᠡᠨᠴᠢ | ᠢᠲᠡᠭᠡᠮᠵᠢᠲᠡᠶ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠤᠯᠭᠠᠨ᠎ᠠ᠃ | | ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ | ᠃ ᠡᠯ᠎ᠡ ᠲᠥᠷᠥᠯ ᠤᠨ ᠠᠵᠤ ᠠᠬᠤᠶᠢᠯᠠᠯ᠂ ᠲᠠᠷᠢᠶᠠᠴᠢᠨ ᠮᠠᠯᠴᠢᠳ ᠤᠨ ᠲᠤᠰᠬᠠᠶ ᠬᠤᠷᠰᠢᠶ᠎ᠠ ᠪᠣᠯᠤᠨ | ᠡᠵᠡᠩᠨᠡᠯᠳᠠ ᠶᠢᠨ ᠠᠵᠢᠯᠯᠠᠭ᠎ᠠ ᠬᠢᠬᠦ ᠨᠢᠭᠡᠴᠡ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠵᠢᠴᠢ | ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠬᠤ ᠪᠠ | ᠵᠢᠯᠤᠭᠤᠳᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤᠪᠠᠷ | ᠬᠦᠷᠲᠡᠬᠦ ᠲᠤᠭᠳᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ | ᠨᠡᠶᠢᠲᠡᠯᠡᠬᠦ ᠪᠠ ᠬᠠᠮᠲᠤᠪᠠᠷ ᠡᠳ᠋ᠯᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠠᠵᠢᠯ ᠢ ᠬᠠᠷᠢᠭᠤᠴᠠᠨ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ᠃ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠭᠦ ᠡᠩᠨᠡᠭᠡ ᠶᠢ ᠡᠮᠬᠢᠯᠡᠨ ᠨᠡᠶᠢᠯᠡᠭᠦᠯᠬᠦ ᠪᠠ | ᠪᠦᠲᠦᠭᠡᠨ ᠪᠠᠶᠢᠭᠤᠯᠬᠤ ᠶᠢ ᠵᠢᠯᠣᠭᠤᠳᠴᠤ᠂ ᠨᠢᠭᠡᠳᠦᠯᠲᠡᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠬᠦ ᠶᠢ ᠠᠬᠢᠭᠤᠯᠤᠨ᠎ᠠ᠃ ᠡᠷᠬᠡ ᠶᠢᠨ ᠬᠡᠪᠴᠢᠶ᠎ᠡ ᠶᠣᠰᠣᠭᠠᠷ ᠬᠠᠤᠯᠢ ᠶᠢ ᠵᠥᠷᠢᠴᠡᠭᠰᠡᠨ ᠬᠦᠨᠳᠦ ᠶᠡᠭᠡ | ᠬᠡᠷᠡᠭ ᠢ ᠪᠠᠶᠢᠴᠠᠭᠠᠨ ᠰᠢᠢᠳᠪᠦᠷᠢᠯᠡᠭᠦ ᠶᠢ ᠵᠣᠬᠢᠶᠠᠨ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ ᠶᠢ | ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ ᠰᠢᠢᠳᠪᠦᠷᠢᠯᠡᠵᠦ ᠰᠢᠪᠠᠳᠠᠨ ᠭᠦᠢᠴᠡᠳᠬᠡᠨ᠎ᠠ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠲᠦᠷᠢᠮᠵᠢᠭᠦᠯᠦᠨ᠎ᠡ᠃ | ︵ᠲᠦᠷᠪᠡ︶ ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ | ᠵᠢᠯᠣᠭᠤᠳᠤᠨ ᠬᠡᠷᠡᠭᠵᠢᠭᠦᠯᠦᠨ᠎ᠡ᠃ ᠲᠡᠬᠡᠷ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠨᠠᠶᠢᠳᠠᠯᠭ᠎ᠠ ᠶᠢ ᠦᠨᠳᠦᠰᠦᠯᠡᠨ᠂ ᠡᠵᠡᠩᠨᠡᠭᠴᠢᠳ ᠤᠨ ᠲᠥᠪᠯᠡᠷᠡᠭᠰᠡᠨ ᠠᠵᠢᠯᠯᠠᠭ᠎ᠠ ᠳᠤ | ᠭᠠᠭᠴᠠᠭᠠᠷᠡᠵᠡᠮᠰᠢᠯ ᠢ ᠡᠰᠡᠷᠭᠦᠴᠡᠬᠦ ᠬᠢᠨᠠᠨ ᠪᠠᠶᠢᠴᠠᠭᠠᠯᠲᠠ ᠬᠢᠵᠦ᠂ ᠭᠠᠭᠴᠠᠭᠠᠷ ᠡᠵᠡᠮᠰᠢᠬᠦ ᠵᠥᠪᠳᠡᠯᠴᠡᠬᠡᠷ᠂ ᠵᠠᠬ᠎ᠠ | ᠳᠡᠯᠭᠡᠭᠦᠷ ᠶᠢᠨ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ ᠶᠢ | ᠳᠤᠷ᠎ᠠ ᠪᠠᠷ ᠢᠶᠠᠨ ᠬᠡᠷᠡᠭᠯᠡᠬᠦ ᠶᠢ ᠦᠭᠡᠶᠢᠰᠬᠡᠬᠦ᠂ ᠥᠷᠢᠰᠥᠯᠳᠦᠭᠡᠨ ᠢ ᠬᠢᠵᠠᠭᠠᠷᠯᠠᠬᠤ ᠵᠢᠴᠢ ᠦᠨ᠎ᠡ ᠬᠠᠩᠰᠢ ᠶᠢᠨ | ᠭᠠᠭᠴᠠᠭᠠᠷ ᠡᠵᠡᠮᠰᠢᠬᠦ ᠵᠡᠷᠭᠡ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠭᠦ ᠪᠠᠶᠢᠴᠠᠭᠠᠯᠲᠠ ᠶᠢᠨ | ᠠᠵᠢᠯ ᠢ ᠬᠠᠷᠢᠭᠤᠴᠠᠨ᠎ᠠ᠃ | ︵ᠲᠠᠪᠤ︶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠲᠦᠷᠢᠮᠵᠢᠭᠦᠯᠦᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ | ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠬᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ | ᠬᠠᠮᠢᠶᠠᠷᠤᠨ᠎ᠠ᠃ ᠦᠨ᠎ᠡ ᠬᠠᠩᠰᠢ ᠰᠦᠢᠢᠳᠬᠡᠯ ᠬᠤᠷᠢᠶᠠᠬᠤ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠶ | ᠪᠤᠰᠤ ᠥᠷᠢᠰᠥᠯᠳᠦᠭᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠤᠭᠰᠠᠨ᠂ ᠳᠠᠮᠵᠢᠭᠤᠯᠤᠨ | ᠪᠣᠷᠣᠯᠠᠭᠤᠯᠤᠭᠰᠠᠨ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠭᠦ ᠶᠢ ᠵᠤᠬᠢᠶᠠᠨ ᠪᠠᠶᠢᠭᠤᠯᠵᠦ ᠵᠢᠯᠤᠭᠤᠳᠤᠨ᠎ᠠ᠃ ᠵᠠᠷ ᠤᠨ ᠦᠢᠯᠡᠰ ᠤᠨ ᠬᠥᠭᠵᠢᠯᠲᠡ ᠶᠢ | ᠵᠢᠯᠣᠭᠤᠳᠴᠤ᠂ ᠵᠠᠷ ᠤᠨ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠨᠡᠮᠯᠡᠯ ᠥᠬᠡᠶ ᠪᠠᠷ ᠦᠢᠯᠡᠳᠪᠦᠷᠢᠯᠡᠵᠦ ᠡᠵᠡᠩᠨᠡᠬᠦ | ᠪᠠ ᠬᠠᠮᠢᠶ᠎ᠠ ᠪᠥᠬᠦᠶ ᠦᠨᠡᠮᠯᠡᠯ ᠥᠬᠡᠶ ᠪᠠᠷ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠵᠢᠯᠣᠭᠤᠳᠤᠨ ᠪᠠᠶᠢᠴᠠᠭᠠᠨ | ᠰᠢᠢᠳᠪᠦᠷᠢᠯᠡᠨ᠎ᠡ᠃ ᠬᠦᠷᠢᠶ᠎ᠡ ᠬᠤᠰᠢᠭᠤᠨ ᠤ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡᠨ ᠤ ᠡᠷᠬᠡ ᠠᠰᠢᠭ ᠢᠶᠠᠨ | ᠬᠠᠮᠠᠭᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ | ︵ᠵᠢᠷᠭᠤᠭ᠎ᠠ︶ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ | ᠬᠥᠭᠵᠢᠯᠲᠡ ᠶᠢᠨ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ | ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠡᠷᠡᠭᠯᠡᠭᠡ ᠶᠢ ᠨᠢᠭᠡᠳᠦᠯᠲᠡᠶ ᠲᠦᠯᠦᠪᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ | ᠴᠢᠨᠠᠷ ᠢ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠬᠦᠨᠳᠦ ᠶᠡᠭᠡ | ᠠᠳᠡᠯ ᠤᠨ ᠪᠠᠶᠢᠴᠠᠭᠠᠯᠲᠠ ᠶᠢ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠵᠣᠬᠢᠶᠠᠨ ᠪᠠᠶᠢᠭᠤᠯᠵᠤ᠂ ᠵᠡᠷᠡᠮᠳᠡᠭ | ᠦᠢᠯᠡᠳᠭᠦᠨ ᠢ ᠡᠭᠡᠭᠦᠯᠦᠨ ᠠᠪᠴᠢᠷᠠᠬᠤ ᠳᠦᠷᠢᠮ ᠢ ᠪᠠᠶᠢᠭᠤᠯᠬᠤ ᠶᠢᠨ ᠬᠠᠮᠲᠤ ᠨᠢᠭᠡᠳᠦᠯᠲᠡᠶ ᠬᠡᠷᠡᠭᠵᠢᠭᠦᠯᠵᠦ᠂ | ᠦᠢᠯᠡᠳᠭᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ︵ᠳᠣᠯᠤᠭ᠎ᠠ︶ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ | ᠬᠢᠨᠠᠯᠲᠠ ᠲᠠᠯᠪᠢᠵᠤ ᠰᠣᠩᠭᠤᠨ ᠪᠠᠶᠢᠴᠠᠭᠠᠬᠤ ᠪᠠ ᠬᠢᠷᠢ ᠲᠡᠩᠴᠡᠬᠦ ᠦᠭᠡᠢ ᠦᠢᠯᠡᠳᠬᠦᠨ ᠢ ᠰᠢᠢᠳᠪᠦᠷᠢᠯᠡᠭᠦ ᠠᠵᠢᠯ ᠢ | ᠬᠠᠮᠢᠶᠠᠷᠴᠤ᠂ ᠦᠢᠯᠡᠳᠭᠦᠨ ᠤ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ ᠦᠢᠯᠡᠳᠭᠦᠨ ᠤ ᠶᠠᠰᠤ ᠴᠢᠨᠠᠷ ᠢ ᠬᠥᠨᠳᠡᠯᠡᠨ ᠠᠴᠠ ᠲᠠᠰᠤᠯᠬᠤ᠂ ᠰᠢᠯᠭᠠᠨ | ᠪᠠᠶᠢᠴᠠᠭᠠᠬᠤ᠂ ᠬᠢᠨᠠᠨ ᠲᠣᠭᠲᠠᠭᠠᠬᠤ ᠠᠵᠢᠯ ᠢ ᠬᠢᠨᠠᠵᠤ ᠬᠠᠮᠢᠶᠠᠷᠤᠨ᠎ᠠ᠃ ᠪᠥᠬᠦ ᠬᠤᠰᠢᠭᠤᠨ ᠤ ᠦᠢᠯᠡᠳᠭᠦᠨ ᠤ ᠶᠠᠰᠤ | ᠴᠢᠨᠠᠷ ᠲᠤ ᠬᠢᠨᠠᠯᠲᠠ ᠲᠠᠯᠪᠢᠵᠤ ᠰᠤᠩᠭᠤᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠢ ᠳᠡᠰ ᠬᠤᠪᠢᠶᠠᠬᠤ ᠳᠦᠷᠢᠮ᠂ | ᠶᠠᠰᠤ ᠴᠢᠨᠠᠷ ᠤᠨ ᠠᠮᠤᠷ ᠲᠦᠪᠰᠢᠨ ᠤ ᠨᠡᠬᠡᠮᠵᠢᠯᠡᠭᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠭᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ | ᠪᠠ ᠰᠢᠷᠬᠡᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠨᠠᠢᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ | ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ ᠣᠨᠴᠠ ᠲᠥᠷᠥᠯ ᠤᠨ | ᠲᠣᠨᠤᠭ ᠲᠦᠭᠦᠬᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠭᠦᠸᠧᠯᠦ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ | ︵ᠶᠢᠰᠦ︶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠨ ᠵᠤᠬᠢᠴᠠᠭᠤᠯᠬᠤ ᠶᠢ ᠬᠠᠷᠢᠭᠤᠴᠠᠨ᠎ᠠ᠃ ᠰᠠᠯᠠᠭ᠎ᠠ ᠮᠥᠴᠢᠷ ᠤᠨ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠬᠦ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠬᠦ ᠶᠢ | ᠠᠬᠢᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ | ᠪᠠᠶᠢᠭᠤᠯᠤᠯᠳᠠ ᠶᠢ ᠬᠠᠷᠢᠭᠤᠴᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠦᠨᠳᠦ ᠶᠡᠭᠡ | ᠬᠡᠷᠡᠭ ᠤᠨ ᠪᠠᠴᠢᠮ ᠪᠠᠶᠢᠳᠠᠯ ᠢ ᠰᠢᠢᠳᠪᠦᠷᠢᠯᠡᠭᠦ ᠪᠠ ᠪᠠᠶᠢᠴᠠᠭᠠᠨ ᠰᠢᠢᠳᠪᠦᠷᠢᠯᠡᠭᠦ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ | ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠬᠦᠷᠢᠶ᠎ᠡ ᠬᠤᠰᠢᠭᠤᠨ ᠤ ᠢᠳᠡᠭᠡᠨ ᠪᠠ ᠡᠮ ᠤᠨ | ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠ︶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ | ᠦᠢᠯᠡᠳᠪᠦᠷᠢᠯᠡᠯ᠂ ᠭᠦᠢᠯᠬᠡᠬᠡ᠂ ᠬᠡᠷᠡᠭᠯᠡᠭᠡᠨ ᠤ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠦ ᠪᠠᠶᠢᠴᠠᠭᠠᠬᠤ | ᠳᠦᠷᠢᠮ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠰᠡᠷᠬᠡᠶᠢᠯᠡᠨ᠎ᠡ᠃ ᠢᠳᠡᠭᠡᠨ ᠦᠢᠯᠡᠳᠪᠦᠷᠢᠯᠡᠵᠦ ᠡᠵᠡᠩᠨᠡᠭᠴᠢ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠭᠳᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ | ᠠᠮᠤᠷ ᠲᠦᠪᠰᠢᠨ ᠤ ᠨᠡᠬᠡᠮᠵᠢᠯᠡᠭᠦ ᠰᠢᠰᠲ᠋ᠧᠮ ᠢ ᠪᠦᠷᠢᠨᠰᠢᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠲᠠᠯᠪᠢᠵᠤ ᠰᠤᠩᠭᠤᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠭᠦ᠂ ᠬᠢᠨᠠᠨ | ᠪᠠᠶᠢᠴᠠᠭᠠᠵᠤ ᠰᠢᠢᠳᠪᠦᠷᠢᠯᠡᠭᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠬᠡᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠ ᠣᠨᠴᠠᠭᠠᠶ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠥᠬᠦ ᠬᠤᠰᠢᠭᠤᠨ ᠤ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ ︵ᠭᠦᠢᠯᠬᠡᠬᠡ᠂ ᠢᠳᠡᠭᠡᠨ | ᠤᠮᠳᠠᠭᠠᠨ ᠤ ᠦᠢᠯᠡᠴᠢᠯᠡᠭᠡ︶ ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠢᠳᠡᠭᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠷᠢᠬᠢᠨ ᠤ ᠵᠦᠢᠯ ᠢᠳᠡᠭᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ | ︵ᠠᠷᠪᠠᠨ ᠨᠢᠭᠡ︶ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠳᠣᠲᠣᠷᠠᠬᠢ ᠡᠮ ᠤᠨ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭᠯᠡᠯ ᠤᠨ ᠡᠳ᠋ ᠤᠨ ᠵᠥᠪᠰᠢᠶᠡᠷᠡᠯ᠂ ᠳᠠᠩᠰᠠᠯᠠᠭᠤᠯᠬᠤ ᠵᠡᠷᠭᠡ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭᠯᠡᠯ ᠤᠨ | ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠤ ᠪᠠᠭᠠᠵᠢ | ᠬᠡᠷᠡᠭᠰᠡᠯ᠂ ᠵᠠᠰᠠᠯ ᠴᠢᠮᠡᠭᠯᠡᠯ ᠤᠨ ᠡᠳ᠋ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠦᠢᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮᠵᠢᠯ ᠢ | ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠡᠮ ᠤᠨ ᠵᠦᠢᠯ ᠪᠠ ᠡᠮᠴᠢᠯᠡᠭᠡᠨ ᠤ ᠪᠠᠭᠠᠵᠢ | ᠬᠡᠷᠡᠭᠰᠡᠯ ᠤᠨ ᠦᠢᠯᠡᠳᠭᠦᠨ ᠤ ᠬᠠᠤᠯᠢ ᠪᠠᠷ ᠲᠣᠭᠲᠠᠭᠠᠭᠰᠠᠨ ᠪᠠᠷᠢᠮᠵᠢᠶ᠎ᠡ᠂ ᠲᠥᠷᠥᠯ ᠬᠤᠪᠢᠶᠠᠨ ᠬᠠᠮᠢᠶᠠᠷᠬᠤ ᠳᠦᠷᠢᠮ | ᠢ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠡᠷᠬᠡ ᠲᠤᠰᠢᠶᠠᠯ ᠤᠨ ᠶᠣᠰᠣᠭᠠᠷ ᠡᠮ ᠤᠨ ᠵᠦᠢᠯ ᠪᠣᠯᠤᠨ | ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠳᠤ | ᠬᠢᠨᠠᠯᠲᠠ ᠲᠠᠯᠪᠢᠨ᠎ᠠ᠃ ᠰᠢᠶᠠᠩ ᠪᠠᠯᠭᠠᠰᠤᠨ ᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ | ᠴᠢᠮᠡᠭᠯᠡᠯ ᠤᠨ ᠡᠳ᠋ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ | ᠬᠠᠷᠢᠭᠤᠴᠠᠨ᠎ᠠ᠃ ᠠᠰᠠᠭᠤᠳᠠᠯ ᠲᠠᠢ ᠦᠢᠯᠡᠳᠭᠦᠨ ᠢ ᠡᠭᠡᠭᠦᠯᠦᠨ ᠠᠪᠴᠢᠷᠠᠬᠤ ᠪᠠ ᠰᠢᠢᠳᠪᠦᠷᠢᠯᠡᠭᠦ ᠳᠦᠷᠢᠮ ᠢ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠯᠤᠰ ᠤᠨ ᠦᠨᠳᠦᠰᠦᠨ ᠡᠮ ᠤᠨ ᠵᠦᠢᠯ ᠤᠨ ᠲᠦᠷᠢᠮ ᠢ ᠬᠠᠮᠵᠢᠯᠴᠠᠨ | ᠬᠡᠷᠡᠭᠵᠢᠭᠦᠯᠦᠨ᠎ᠡ᠃ ᠡᠮ ᠤᠨ ᠵᠦᠢᠯ᠂ ᠵᠠᠰᠠᠯ ᠴᠢᠮᠡᠭᠯᠡᠯ ᠤᠨ ᠮᠠᠭᠤ ᠲᠤᠰᠬᠠᠯ ᠪᠣᠯᠤᠨ ᠡᠮᠴᠢᠯᠡᠭᠡᠨ ᠤ ᠪᠠᠭᠠᠵᠢ | ᠬᠡᠷᠡᠭᠰᠡᠯ ᠤᠨ ᠰᠠᠶᠢᠨ ᠪᠤᠰᠤ ᠬᠡᠷᠡᠭ ᠢ ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠭᠦ ᠠᠵᠢᠯ ᠢ ᠵᠣᠬᠢᠶᠠᠨ | ᠪᠠᠶᠢᠭᠤᠯᠤᠨ ᠦᠷᠨᠢᠭᠦᠯᠦᠨ᠎ᠡ᠃ | ︵ᠠᠷᠪᠠᠨ ᠭᠤᠷᠪᠠ︶ ᠬᠡᠮᠵᠢᠯᠲᠡ ᠶᠢᠨ ᠠᠵᠢᠯ ᠢ ᠬᠠᠷᠢᠭᠤᠴᠠᠵᠤ ᠨᠢᠭᠡᠳᠦᠯᠲᠡᠶ ᠬᠠᠮᠢᠶᠠᠷᠤᠨ᠎ᠠ᠃ ᠤᠯᠤᠰ ᠤᠨ | ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠵᠦ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠬᠡᠴᠡ ᠶᠢ | ᠶᠠᠪᠤᠭᠤᠯᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠬᠡᠮᠵᠢᠭᠳᠡᠯ ᠢ ᠳᠠᠮᠵᠢᠭᠤᠯᠬᠤ ᠪᠠ ᠬᠠᠷᠢᠴᠠᠭᠤᠯᠬᠤ | ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ | ᠲᠦᠷᠢᠮᠵᠢᠭᠦᠯᠵᠦ᠂ ᠬᠢᠨᠠᠯᠳᠠ ᠲᠠᠯᠪᠢᠨ᠎ᠠ᠃ | ︵ᠠᠷᠪᠠᠨ ᠲᠦᠷᠪᠡ︶ ᠪᠦᠬᠦ ᠬᠤᠰᠢᠭᠤᠨ ᠤ ᠪᠠᠷᠢᠮᠵᠢᠶᠠᠵᠢᠭᠰᠠᠨ ᠠᠵᠢᠯ ᠢ ᠨᠢᠭᠡᠳᠦᠯᠲᠡᠢ ᠬᠠᠮᠢᠶᠠᠷᠬᠤ ᠪᠠ | ᠵᠢᠯᠤᠭᠤᠳᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ᠂ | ᠳ᠋ᠤᠭᠠᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ ᠠᠵᠢᠯ | ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠭᠦ ᠮᠡᠳᠡᠭᠡ ᠵᠠᠩᠭᠢ ᠶᠢ ᠬᠠᠷᠢᠭᠤ | ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠪᠦᠯᠬᠦᠮ ᠨᠡᠶᠢᠲᠡ ᠶᠢᠨ | ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠠᠵᠢᠯ ᠢ ᠬᠠᠤᠯᠢ ᠶᠤᠰᠤᠭᠠᠷ ᠵᠣᠬᠢᠴᠠᠭᠤᠯᠤᠨ | ᠵᠢᠯᠣᠭᠤᠳᠬᠤ ᠪᠠ ᠬᠢᠨᠠᠯᠲᠠ ᠲᠠᠯᠪᠢᠬᠤ ᠶᠢᠨ ᠬᠠᠮᠲᠤ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ | ᠪᠠᠶᠢᠴᠠᠭᠠᠨ᠎ᠠ᠃ | ︵ᠠᠷᠪᠠᠨ ᠲᠠᠪᠤ︶ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠠᠵᠢᠯ ᠢ ᠬᠠᠷᠢᠭᠤᠴᠠᠵᠤ ᠨᠢᠭᠡᠳᠦᠯᠲᠡᠶ | ᠬᠠᠮᠢᠶᠠᠷᠤᠨ᠎ᠠ᠃ ᠰᠢᠯᠭᠠᠨ ᠪᠠᠶᠢᠴᠠᠭᠠᠵᠦ ᠰᠢᠯᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠰᠢᠯᠭᠠᠨ ᠪᠠᠶᠢᠴᠠᠭᠠᠵᠦ ᠰᠢᠯᠭᠠᠨ ᠬᠡᠮᠵᠢᠬᠦ ᠵᠠᠬ᠎ᠠ ᠳᠡᠯᠭᠡᠭᠦᠷ ᠢ ᠲᠦᠷᠢᠮᠵᠢᠭᠦᠯᠵᠦ᠂ ᠰᠢᠯᠭᠠᠨ | ᠪᠠᠶᠢᠴᠠᠭᠠᠵᠤ ᠰᠢᠯᠭᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠠᠵᠢᠯ | ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠᠨ ᠵᠢᠷᠭᠤᠭ᠎ᠠ︶ ᠪᠥᠬᠦ ᠬᠤᠰᠢᠭᠤᠨ ᠤ ᠦᠨᠡᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠶ ᠬᠠᠮᠢᠶᠠᠷᠬᠤ᠂ | ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠶᠣᠰᠣᠭᠠᠷ ᠬᠠᠮᠢᠶ᠎ᠠ ᠪᠦᠬᠦᠢ ᠦᠨᠡᠯᠡᠵᠦ ᠵᠥᠪᠰᠢᠶᠡᠷᠡᠬᠦ ᠪᠠ ᠬᠢᠷᠢ ᠲᠡᠩᠴᠡᠬᠦ ᠶᠢ ᠦᠨᠡᠯᠡᠨ ᠲᠣᠭᠲᠠᠭᠠᠬᠤ ᠳᠤ | ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃ | ︵ᠠᠷᠪᠠᠨ ᠳᠣᠯᠤᠭ᠎ᠠ︶ ᠪᠥᠬᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ | ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠭᠦ ᠠᠵᠢᠯ ᠢ ᠬᠠᠷᠢᠭᠤᠴᠠᠨ᠎ᠠ᠃ ᠬᠦᠷᠢᠶ᠎ᠡ ᠬᠤᠰᠢᠭᠤᠨ ᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠷᠢᠮᠵᠢᠯ ᠶᠢᠨ | ᠴᠢᠨᠠᠷᠲᠠᠶ ᠪᠢᠴᠢᠭ ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠪᠢᠴᠢᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ | ᠠᠬᠢᠭᠤᠯᠤᠨ᠎ᠠ᠃ | ︵ᠠᠷᠪᠠᠨ ᠨᠠᠢᠮᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠢ | ᠪᠠᠶᠢᠭᠤᠯᠬᠤ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠵᠤ᠂ ᠮᠡᠳᠡᠯᠭᠡ ᠶᠢᠨ | ᠪᠦᠳᠦᠬᠡᠭᠳᠡᠭᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠬᠡᠨ | ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠦᠷᠨᠢᠭᠦᠯᠦᠨ᠎ᠡ᠃ ᠬᠦᠷᠢᠶ᠎ᠡ ᠬᠤᠰᠢᠭᠤᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠵᠦᠢᠯ ᠤᠨ ᠪᠡᠯᠡ ᠮᠦᠩᠭᠦ ᠶᠢ ᠬᠠᠮᠢᠶᠠᠷᠴᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠪᠢᠷᠠᠭᠤᠯᠬᠤ ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠬᠤᠪᠢᠷᠠᠭᠤᠯᠬᠤ ᠶᠢ | ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠦᠯᠲᠡ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠭᠦ᠂ ᠡᠷᠬᠡ ᠠᠰᠢᠭ ᠢᠶᠠᠨ ᠬᠠᠮᠠᠭᠠᠯᠠᠬᠤ | ᠲᠤᠰᠠᠯᠠᠮᠵᠢ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠭᠦ ᠶᠢ ᠵᠢᠯᠣᠭᠤᠳᠴᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠯᠡᠨᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ | ᠰᠡᠷᠡᠮᠵᠢᠯᠡᠭᠦᠯᠬᠦ ᠪᠠ ᠭᠠᠳᠠᠭᠠᠳᠤ ᠲᠠᠢ ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠ ᠶᠢᠰᠦ︶ ᠪᠦᠬᠦ ᠬᠤᠰᠢᠭᠤᠨ ᠤ ᠬᠡᠪᠴᠢᠶᠡᠵᠢᠯ ᠠᠴᠠ ᠳᠣᠷᠣᠭᠰᠢᠬᠢ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠤᠰᠬᠠᠶ ᠵᠠᠬ᠎ᠠ ᠳᠡᠯᠭᠡᠭᠦᠷ ᠤᠨ | ᠨᠠᠮ ᠤᠨ ᠪᠠᠶᠢᠭᠤᠯᠤᠯᠳᠠ ᠶᠢᠨ ᠠᠵᠢᠯ ᠢ ᠵᠢᠯᠣᠭᠤᠳᠴᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠬᠤᠷᠢ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ | ︵ᠬᠤᠷᠢᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |