ᠬᠦᠷᠢᠶ᠎ᠡ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2020/9/30
   ᠬᠦᠷᠢᠶ᠎ᠡ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠦᠦ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠭᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠭᠦᠷᠬᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠦᠨᠳᠦᠰᠦᠲᠡᠨ ᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠠᠯᠢ ᠣᠯᠠᠨ ᠨᠠᠮ ᠪᠤᠯᠤᠨ ᠤᠯᠤᠰ ᠤᠨ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠦᠨᠳᠦᠰᠦᠲᠡᠨ ᠤ ᠠᠵᠢᠯ ᠤᠨ ᠲᠠᠯ᠎ᠠ ᠪᠠᠷ ᠬᠢ ᠵᠥᠪᠯᠡᠭᠴᠢ ᠲᠤᠰᠠᠯᠠᠭᠴᠢ ᠪᠣᠯᠤᠨ᠎ᠠ᠃    ︵ᠬᠤᠶᠠᠷ︶ ᠬᠦᠷᠢᠶ᠎ᠡ ᠬᠤᠰᠢᠭᠤᠨ ᠤ ᠦᠨᠳᠦᠰᠦᠲᠡᠨ ᠤ ᠠᠵᠢᠯ ᠤᠨ ᠲᠤᠬᠠᠶ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠭᠦᠭᠵᠢᠯᠳᠠ ᠶᠢᠨ ᠲᠥᠯᠥᠪᠵᠢᠭᠦᠯᠭᠡ ᠶᠢ ᠰᠤᠳᠤᠯᠤᠨ ᠳᠤᠷᠠᠳᠤᠨ᠎ᠠ᠃    ︵ᠭᠤᠷᠪᠠ︶ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠠᠰᠠᠭᠤᠳᠠᠯ ᠢ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠠᠯ ᠎ᠠ ᠪᠠᠷ ᠬᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠨ᠎ᠠ᠃ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠲᠦᠷᠪᠡ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠤᠨ ᠪᠠᠶᠢᠭᠤᠯᠤᠯᠲᠠ ᠳᠤ ᠬᠢᠨᠠᠯᠲᠠ ᠲᠠᠯᠪᠢᠨ ᠲᠡᠭᠦᠯᠳᠡᠷᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠬᠤ ᠶᠠᠪᠤᠳᠠᠯ ᠳᠤ ᠬᠢᠨᠠᠯᠲᠠ ᠲᠠᠯᠪᠢᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ ᠶᠢ ᠠᠬᠢᠭᠤᠯᠵᠤ᠂ ᠬᠠᠮᠲᠤ ᠪᠠᠷ ᠴᠡᠴᠡᠭᠯᠡᠨ ᠬᠥᠭᠵᠢᠵᠦ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃    ︵ᠲᠠᠪᠤ︶ ᠦᠨᠳᠦᠰᠦᠲᠡᠨ ᠨᠦᠭᠦᠳ ᠤᠨ ᠬᠤᠭᠤᠷᠣᠨᠳᠣᠬᠢ ᠡᠷᠬᠡ ᠲᠡᠭᠰᠢ ᠪᠦᠯᠬᠦᠮᠳᠡᠯ᠂ ᠬᠠᠪᠰᠤᠷᠤᠯᠴᠠᠵᠤ ᠬᠠᠮᠲᠤᠷᠠᠨ ᠠᠵᠢᠯᠯᠠᠬᠤ ᠶᠢ ᠠᠬᠢᠭᠤᠯᠬᠤ ᠶᠢ ᠰᠤᠳᠤᠯᠤᠨ᠎ᠠ᠃ ᠦᠨᠳᠦᠰᠦᠲᠡᠨ ᠤ ᠬᠠᠷᠢᠴᠠᠭᠠᠨ ᠤ ᠳᠤᠮᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠳᠠᠭᠠᠭᠠᠨ ᠡᠷᠬᠢᠯᠡᠨ᠎ᠡ᠃    ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠠᠵᠤ ᠠᠬᠤᠶ ᠶᠢᠨ ᠡᠷᠬᠢᠯᠳᠠ ᠶᠢᠨ ᠪᠠᠶᠢᠳᠠᠯ ᠢ ᠵᠠᠳᠠᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ᠂ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠶᠢᠨ ᠭᠦᠭᠵᠢᠯᠳᠠ ᠶᠢᠨ ᠣᠨᠴᠠᠭᠠᠶ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ ᠭᠠᠷᠭᠠᠨ᠎ᠠ᠃ ᠮᠠᠯᠵᠢᠬᠤ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶ ᠶᠢᠨ ᠬᠥᠭᠵᠢᠯᠲᠡ ᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠵᠤ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ ᠶᠠᠳᠠᠭᠤ ᠶᠢ ᠲᠡᠳᠬᠦᠬᠦ ᠶᠠᠪᠤᠳᠠᠯ ᠢ ᠰᠠᠶᠢᠲᠤᠷ ᠬᠢᠨ᠎ᠡ᠃ ᠦᠨᠳᠦᠰᠦᠲᠡᠨ ᠤ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ ᠤᠨ ᠰᠢᠰᠲ᠋ᠧᠮ ᠤᠨ ᠲᠤᠰᠠᠯᠠᠮᠵᠢ᠂ ᠠᠵᠤ ᠠᠬᠤᠶ ᠮᠡᠷᠭᠡᠵᠢᠯ ᠤᠨ ᠬᠠᠮᠵᠢᠯᠴᠠᠭ᠎ᠠ ᠪᠠ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠳᠣᠯᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠬᠤᠯᠪᠣᠭᠳᠠᠯ ᠪᠦᠬᠦᠢ ᠴᠢᠭᠯᠡᠯᠳᠠ᠂ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠤᠷ᠎ᠠ᠂ ᠬᠦᠷᠢᠶ᠎ᠡ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠰᠣᠶᠣᠯ᠂ ᠤᠷᠠᠯᠢᠭ᠂ ᠡᠷᠡᠭᠦᠯ ᠬᠠᠮᠠᠭᠠᠯᠠᠯ᠂ ᠪᠡᠶ᠎ᠡ ᠲᠠᠮᠢᠷ᠂ ᠰᠣᠨᠢᠨ ᠮᠡᠳᠡᠭᠡ ᠬᠡᠪᠯᠡᠯ ᠵᠡᠷᠭᠡ ᠲᠠᠯ᠎ᠠ ᠶᠢᠨ ᠣᠨᠴᠠᠭᠠᠶ ᠠᠰᠠᠭᠤᠳᠠᠯ ᠢ ᠰᠤᠳᠤᠯᠬᠤ ᠶᠢᠨ ᠬᠠᠮᠲᠤ ᠬᠠᠮᠢᠶ᠎ᠠ ᠪᠦᠬᠦᠢ ᠰᠠᠨᠠᠯ ᠳᠤᠷᠠᠳᠴᠤ᠂ ᠲᠤᠬᠢᠷᠠᠯᠴᠠᠭ᠎ᠠ ᠪᠦᠭᠦᠢ ᠬᠡᠷᠡᠭ ᠶᠠᠪᠤᠳᠠᠯ ᠢ ᠳᠠᠭᠠᠭᠠᠨ ᠭᠦᠢᠴᠡᠳᠬᠡᠨ᠎ᠡ᠃    ︵ᠨᠠᠢᠮᠠ︶ ᠬᠦᠷᠢᠶ᠎ᠡ ᠬᠤᠰᠢᠭᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠬᠠᠮᠢᠶᠠᠷᠴᠤ᠂ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠤᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠺᠢᠨᠣ᠋ ᠲᠧᠯᠸᠢᠰ ᠪᠠ ᠦᠨᠳᠦᠰᠦᠲᠡᠨ ᠤ ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ ᠢ ᠵᠢᠯᠣᠭᠤᠳᠤᠨ᠎ᠠ᠃    ︵ᠶᠢᠰᠦ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠦᠨᠳᠦᠰᠦᠲᠡᠨ ᠤ ᠰᠤᠷᠭᠠᠨ ᠭᠦᠮᠦᠵᠢᠯ ᠤᠨ ᠶᠡᠷᠦᠩᠬᠡᠶ ᠲᠥᠯᠥᠪᠵᠢᠭᠦᠯᠭᠡ ᠶᠢᠨ ᠵᠢᠯᠣᠭᠤᠳᠤᠯᠭ᠎ᠠ ᠳᠣᠣᠷ᠎ᠠ᠂ ᠬᠦᠷᠢᠶ᠎ᠡ ᠬᠤᠰᠢᠭᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠦᠯᠦᠪᠵᠢᠭᠦᠯᠬᠡ ᠶᠢ ᠰᠤᠳᠤᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠤ᠂ ᠦᠨᠳᠦᠰᠦᠲᠡᠨ ᠤ ᠰᠤᠷᠭᠠᠨ ᠬᠥᠮᠦᠵᠢᠯ ᠳᠠᠬᠢ ᠤᠨᠴᠠᠭᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ ᠭᠠᠵᠠᠷ ᠣᠷᠣᠨ ᠤ ᠰᠤᠷᠭᠠᠨ ᠬᠥᠮᠦᠵᠢᠯ ᠤᠨ ᠲᠤᠰᠠᠯᠠᠮᠵᠢ ᠪᠠ ᠰᠤᠷᠭᠠᠨ ᠬᠥᠮᠦᠵᠢᠯ ᠤᠨ ᠲᠡᠳᠬᠦᠨ ᠳᠡᠮᠵᠢᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠳᠠᠭᠠᠭᠠᠨ ᠠᠪᠴᠤ ᠰᠢᠢᠳᠪᠦᠷᠢᠯᠡᠨ᠎ᠡ᠃    ︵ᠠᠷᠪᠠ︶ ᠵᠠᠰᠠᠭ ᠤᠨ ᠣᠷᠳᠣᠨ ᠤ ᠰᠢᠰᠲ᠋ᠧᠮ ᠤᠨ ᠦᠨᠳᠦᠰᠦᠲᠡᠨ ᠤ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠦᠨᠳᠦᠰᠦᠲᠡᠨ ᠤ ᠲᠠᠯ᠎ᠠ ᠶᠢᠨ ᠴᠢᠬᠤᠯᠠ ᠠᠰᠠᠭᠤᠳᠠᠯ ᠢ ᠬᠠᠪᠰᠤᠷᠤᠨ ᠴᠠᠭ ᠲᠤᠬᠠᠶ ᠳᠤᠨᠢ ᠰᠢᠢᠳᠪᠦᠷᠢᠯᠡᠨ᠎ᠡ᠃    ︵ᠠᠷᠪᠠᠨ ᠨᠢᠭᠡ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠦᠯᠦᠪᠵᠢᠭᠦᠯᠬᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠭᠦᠮᠦᠵᠢᠭᠦᠯᠭᠦ᠂ ᠬᠥᠮᠦᠵᠢᠭᠦᠯᠬᠦ ᠪᠠ ᠬᠡᠷᠡᠭᠯᠡᠬᠦ ᠵᠡᠷᠭᠡ ᠠᠵᠢᠯ ᠢ ᠰᠠᠶᠢᠲᠤᠷ ᠬᠢᠨ᠎ᠠ᠃    ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠤᠴᠢᠷ ᠶᠠᠪᠤᠳᠠᠯ ᠢ ᠪᠡᠶᠡᠯᠡᠭᠦᠯᠦᠨ᠎ᠡ᠃    
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号