ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ | ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ | ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ | ᠪᠠᠲᠤᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ | ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠲᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠬᠡ᠂ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ | ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠥᠭᠵᠢᠯᠲᠡ ᠶᠢᠨ | ᠲᠦᠯᠦᠪᠵᠢᠭᠦᠯᠬᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ | ︵ᠬᠤᠶᠠᠷ︶ ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ | ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠳᠤᠷᠠᠨ ᠴᠢᠳᠠᠪᠤᠷᠢᠲᠠᠨ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠪᠦᠬᠦ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠦᠯᠦᠪᠵᠢᠭᠦᠯᠬᠡ ᠪᠠ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠭᠦᠴᠦᠨ ᠤ ᠡᠬᠢ ᠪᠠᠶᠠᠯᠢᠭ ᠤᠨ | ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠶ ᠵᠣᠬᠢᠰᠲᠠᠶ ᠪᠠᠷ ᠰᠢᠯᠵᠢᠬᠦ᠂ ᠪᠦᠲᠦᠮᠵᠢᠲᠡᠶ ᠪᠠᠷ | ᠲᠣᠬᠢᠷᠠᠭᠤᠯᠬᠤ ᠶᠢ ᠠᠬᠢᠭᠤᠯᠤᠨ᠎ᠠ᠃ | ︵ᠭᠤᠷᠪᠠ︶ ᠬᠦᠷᠢᠶ᠎ᠡ ᠬᠤᠰᠢᠭᠤᠨ ᠤ ᠬᠤᠲᠠ ᠬᠥᠳᠡᠭᠡ ᠶᠢᠨ ᠠᠵᠢᠯ ᠤᠯᠭᠤᠬᠤ ᠭᠦᠭᠵᠢᠯᠳᠠ ᠶᠢᠨ | ᠲᠦᠯᠦᠪᠵᠢᠭᠦᠯᠬᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ | ᠣᠯᠭᠤᠬᠤ ᠠᠳᠠᠯ ᠪᠤᠰᠬᠠᠬᠤ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ | ᠬᠥᠳᠡᠯᠮᠦᠷᠢᠯᠡᠭᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠤᠯᠪᠠᠰᠤᠷᠠᠯ ᠤᠨ ᠳᠦᠷᠢᠮ ᠢ ᠨᠢᠭᠡᠳᠦᠯᠲᠡᠶ | ᠲᠥᠯᠥᠪᠯᠡᠨ ᠪᠠᠶᠢᠭᠤᠯᠵᠤ᠂ ᠠᠵᠢᠯ ᠣᠯᠭᠤᠬᠤ ᠲᠤᠰᠠᠯᠠᠮᠵᠢ ᠦᠵᠡᠭᠦᠯᠬᠦ ᠳᠦᠷᠢᠮ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ | ᠲᠦᠷᠦᠭᠦᠯᠡᠨ ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠨ᠎ᠠ᠃ | ︵ᠳᠥᠷᠪᠡ︶ ᠬᠤᠲᠠ ᠬᠥᠳᠡᠭᠡ ᠶᠢ ᠬᠠᠮᠤᠷᠤᠭᠰᠠᠨ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠦᠷᠢᠶ᠎ᠡ ᠬᠤᠰᠢᠭᠤᠨ ᠤ | ᠨᠠᠰᠤᠵᠢᠯ ᠤᠨ ᠠᠰᠠᠷᠠᠮᠵᠢ᠂ ᠠᠵᠢᠯ ᠠᠯᠳᠠᠬᠤ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ | ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠯ᠂ ᠠᠵᠢᠯ ᠠᠯᠳᠠᠬᠤ᠂ ᠠᠵᠢᠯ ᠠᠴᠠ | ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠶᠢᠨ | ᠬᠠᠮᠢᠶᠠᠷᠤᠯᠲᠠ ᠪᠠ ᠬᠢᠨᠠᠯᠲᠠ ᠲᠠᠯᠪᠢᠬᠤ ᠳᠦᠷᠢᠮ ᠢ ᠲᠤᠭᠳᠠᠭᠠᠵᠦ᠂ ᠪᠦᠬᠦ ᠬᠤᠰᠢᠭᠤᠨ ᠤ ᠬᠠᠮᠢᠶ᠎ᠠ ᠪᠦᠬᠦᠢ | ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠲᠠᠰᠤᠯᠠᠨ ᠪᠤᠳᠤᠯᠳᠠ ᠶᠢᠨ ᠲᠦᠰᠦᠯ ᠢ | ᠨᠠᠶᠢᠷᠠᠭᠤᠯᠤᠨ ᠵᠣᠬᠢᠶᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠦᠯᠦᠪᠯᠡᠯᠬᠡ ᠶᠢ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ | ᠲᠦᠩᠯᠢᠶᠣᠤ ᠬᠤᠲᠠ ᠶᠢᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ | ᠦᠢᠯᠡᠴᠢᠯᠡᠬᠡᠨ ᠤ ᠨᠢᠭᠡᠳᠦᠯᠲᠡᠶ ᠲᠠᠪᠴᠠᠩ ᠢ ᠪᠠᠶᠢᠭᠤᠯᠤᠨ᠎ᠠ᠃ | ︵ᠲᠠᠪᠤ︶ ᠪᠦᠬᠦ ᠬᠤᠰᠢᠭᠤᠨ ᠤ ᠠᠵᠢᠯ ᠣᠯᠭᠤᠯᠲᠠ᠂ ᠠᠵᠢᠯ ᠠᠯᠳᠠᠬᠤ ᠪᠣᠯᠤᠨ ᠬᠠᠮᠢᠶ᠎ᠠ ᠪᠦᠬᠦᠢ ᠨᠡᠶᠢᠭᠡᠮ ᠤᠨ | ᠲᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠮᠡᠳᠡᠭᠡ | ᠵᠠᠩᠭᠢ ᠪᠠᠷ ᠬᠥᠲᠥᠯᠥᠨ ᠵᠢᠯᠣᠭᠤᠳᠬᠤ ᠶᠢ ᠬᠠᠷᠢᠭᠤᠴᠠᠨ᠎ᠠ᠃ ᠠᠷᠭᠠᠴᠠᠬᠤ ᠲᠥᠰᠦᠯ ᠢ ᠲᠤᠭᠤᠷᠪᠢᠨ ᠲᠣᠭᠲᠠᠭᠠᠵᠤ᠂ | ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠡᠵᠡᠮᠳᠠᠭᠦ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ | ᠪᠠᠶᠢᠳᠠᠯ ᠤᠨ ᠲᠣᠭᠲᠠᠭᠤᠨ ᠪᠠᠶᠢᠬᠤ ᠪᠠ ᠬᠤᠯᠪᠣᠭᠳᠠᠯ ᠪᠦᠭᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ | ᠶᠡᠷᠦᠩᠬᠡᠶ ᠣᠷᠣᠯᠭ᠎ᠠ ᠵᠠᠷᠤᠯᠭ᠎ᠠ ᠶᠢᠨ ᠲᠡᠩᠴᠡᠭᠦᠷᠢᠲᠡᠶ ᠪᠠᠶᠢᠬᠤ ᠶᠢ ᠪᠠᠲᠤᠯᠠᠨ᠎ᠠ᠃ | ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ | ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ᠂ | ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠲᠠᠨ | ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠥᠭᠡ᠂ ᠠᠮᠠᠷᠠᠯᠲᠠ ᠶᠢᠨ ᠳᠦᠷᠢᠮ ᠪᠠ ᠬᠡᠤᠬᠡᠳ | ᠠᠵᠢᠯᠴᠢᠨ᠂ ᠡᠮᠡᠭᠲᠡᠶ ᠠᠵᠢᠯᠴᠢᠨ ᠵᠢᠴᠢ ᠨᠠᠰᠤᠨ ᠳᠤ ᠬᠦᠷᠦᠭᠡᠳᠦᠢ ᠠᠵᠢᠯᠴᠢᠨ ᠢ ᠬᠠᠤᠯᠢ ᠪᠤᠰᠤ ᠪᠠᠷ ᠬᠡᠷᠡᠭᠯᠡᠭᠦ ᠶᠢ | ᠦᠬᠡᠢ ᠪᠤᠯᠭᠠᠬᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠭᠦᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠦᠨᠳᠦ ᠶᠡᠭᠡ ᠬᠡᠷᠡᠭ ᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠲᠦᠷᠦᠭᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠲᠤᠰᠬᠠᠶ ᠮᠡᠷᠭᠡᠵᠢᠯ ᠤᠨ | ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠫᠤᠰᠲ ᠳ᠋ᠣᠺᠲ᠋ᠣᠷ ᠤᠨ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ᠂ ᠲᠡᠬᠡᠳᠦ ᠳᠡᠰ ᠳᠠᠪᠬᠤᠷᠭ᠎ᠠ ᠶᠢᠨ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠦᠵᠢᠭᠦᠯᠬᠦ ᠠᠵᠢᠯ ᠢ ᠬᠠᠷᠢᠭᠤᠴᠠᠨ᠎ᠠ᠃ ᠤᠯᠤᠰ ︵ᠬᠢᠯᠢ | ︶ ᠤᠨ ᠭᠠᠳᠠᠨᠠᠬᠢ ᠲᠤᠰᠬᠠᠶ ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠤᠨ ᠭᠦᠷᠢᠶ᠎ᠡ ᠳᠤ ᠢᠷᠡᠵᠦ ᠠᠵᠢᠯᠯᠠᠬᠤ | ︵ᠭᠦᠷᠢᠶ᠎ᠡ ᠳᠤ ᠪᠤᠴᠠᠬᠤ︶ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠣᠭᠲᠠᠭᠠᠭᠰᠠᠨ ᠡᠷᠬᠡ ᠶᠢᠨ | ᠬᠡᠪᠴᠢᠶ᠎ᠡ ᠶᠣᠰᠣᠭᠠᠷ ᠬᠡᠰᠡᠭ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ | ᠵᠥᠪᠰᠢᠶᠡᠷᠡᠯ ᠢ ᠬᠠᠷᠢᠭᠤᠴᠠᠨ᠎ᠠ᠃ ᠮᠡᠷᠭᠡᠵᠢᠯ ᠤᠨ ᠴᠢᠳᠠᠪᠤᠷᠢ ᠲᠠᠢ ᠴᠢᠳᠠᠪᠤᠷᠢᠲᠠᠨ ᠬᠥᠮᠦᠵᠢᠭᠦᠯᠬᠦ᠂ ᠦᠨᠡᠯᠡᠬᠦ᠂ | ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠡᠷᠬᠢᠯᠡᠭᠰᠡᠨ ᠠᠵᠢᠯ ᠤᠨ ᠬᠢᠷᠢ ᠭᠡᠮ ᠤᠨ ᠳᠦᠷᠢᠮ ᠢ ᠨᠠᠶᠢᠳᠠᠪᠤᠷᠢᠵᠢᠭᠤᠯᠬᠤ ᠬᠠᠮᠢᠶ᠎ᠠ | ᠪᠦᠬᠦᠢ ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠡᠷᠬᠢᠯᠡᠭᠰᠡᠨ ᠠᠵᠢᠯ ᠤᠨ ᠮᠡᠷᠭᠡᠵᠢᠯ ᠤᠨ | ᠴᠢᠳᠠᠪᠤᠷᠢ ᠶᠢ ᠣᠯᠠᠨ ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ | ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠠᠵᠢᠯ ᠦᠢᠯᠡᠰ ᠤᠨ | ᠨᠢᠬᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠬᠠᠮᠢᠶᠠᠷᠤᠯᠲᠠ ᠶᠢᠨ | ᠡᠷᠬᠡ ᠮᠡᠳᠡᠯ ᠤᠨ ᠶᠣᠰᠣᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ | ᠤᠷᠢᠬᠤ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ ᠲᠦᠷᠢᠮᠵᠢᠭᠦᠯᠦᠨ᠎ᠡ᠃ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠣᠯᠤᠨ | ᠪᠠᠶᠢᠭᠤᠯᠤᠯᠭ᠎ᠠ ᠶᠢᠨ ᠦᠢᠯᠡᠴᠢᠯᠡᠬᠡᠨ ᠤ ᠠᠵᠢᠯᠲᠠᠨ ᠤ ᠬᠠᠮᠢᠶᠠᠷᠤᠯᠳᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ | ︵ᠶᠢᠰᠦ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠬᠢᠭᠦᠯᠦᠨ ᠱᠠᠩᠨᠠᠬᠤ ᠳᠦᠷᠢᠮ ᠢ | ᠨᠠᠶᠢᠳᠠᠪᠤᠷᠢᠵᠢᠭᠤᠯᠵᠦ᠂ ᠬᠥᠬᠢᠭᠦᠯᠦᠨ ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠷᠬᠡ ᠣᠯᠭᠤᠯᠲᠠ ᠶᠢ | ᠦᠨᠳᠦᠰᠦᠯᠡᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠨᠡᠷ᠎ᠡ ᠪᠠᠷ | ᠥᠷᠨᠢᠭᠦᠯᠦᠭᠰᠡᠨ ᠬᠤᠰᠢᠭᠤᠨ ᠲᠡᠰ ᠤᠨ ᠬᠥᠬᠢᠭᠦᠯᠦᠨ ᠱᠠᠩᠨᠠᠬᠤ ᠠᠵᠢᠯᠯᠠᠭ᠎ᠠ ᠶᠢ ᠳᠠᠭᠠᠭᠠᠴᠢᠯᠠᠨ ᠭᠦᠢᠴᠡᠳᠬᠡᠨ᠎ᠡ᠃ | ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠲᠣᠭᠲᠠᠭᠠᠯ᠂ ᠬᠡᠪ ᠤᠨ ᠨᠡᠮᠡᠭᠳᠡᠯ | ᠪᠠ ᠤᠯᠭᠤᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠤ ᠠᠰᠠᠷᠠᠮᠵᠢ ᠪᠠ ᠠᠵᠢᠯ ᠠᠴᠠ ᠪᠠᠨ ᠠᠮᠠᠷᠠᠨ ᠪᠠᠭᠤᠭᠰᠠᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠴᠢᠨ ᠮᠠᠯᠴᠢᠨ ᠬᠦᠴᠦ | ᠶᠠᠪᠤᠭᠰᠠᠨ ᠠᠵᠢᠯᠴᠢᠨ ᠤ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠪᠠ ᠲᠦᠯᠦᠪᠵᠢᠭᠦᠯᠬᠡ ᠶᠢ | ᠲᠤᠭᠳᠠᠭᠠᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠳᠠ ᠶᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ | ᠃ | ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |