ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠬᠠᠷᠠᠯᠲᠠ | ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6% ᠣᠷᠴᠢᠮ ᠨᠡᠮᠡᠭᠳᠡᠭᠦᠯᠦᠨ᠎ᠡ ; | ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 6% ᠣᠷᠴᠢᠮ ᠳᠤ | ᠪᠠᠶᠢᠯᠭᠠᠨ᠎ᠠ᠃ | ᠰᠠᠭᠤᠭᠠᠯᠢ ᠠᠷᠠᠳ ᠤᠨ ᠣᠷᠤᠯᠭ᠎ᠠ ᠶᠢ ᠲᠤᠭᠲᠠᠭᠤᠨ ᠢᠶᠠᠷ ᠨᠡᠮᠡᠭᠳᠡᠭᠦᠯᠦᠨ᠎ᠡ᠃ | ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3% | ᠣᠷᠴᠢᠮ ᠳᠤ ᠪᠠᠶᠢᠯᠭᠠᠨ᠎ᠠ ; | ᠨᠢᠭᠡᠴᠢ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ ᠲᠠᠬᠢ ᠡᠨᠧᠷᠬᠢ ᠶᠢᠨ ᠬᠤᠷᠤᠭᠳᠠᠯ ᠢ | 3% ᠪᠠᠭᠤᠷᠠᠭᠤᠯᠤᠨ᠎ᠠ᠃ | ᠠᠮᠤ ᠪᠤᠳᠠᠭᠠᠨ ᠤ ᠤᠨᠠᠯᠲᠠ ᠶᠢ 700 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ᠃ | ᠠᠵᠤ ᠠᠬᠤᠢ ᠶᠢᠨ ᠲᠤᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠤᠨ᠎ᠠ | ᠡᠯ᠎ᠡ ᠲᠥᠷᠦᠯ ᠤᠨ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ ᠲᠥᠷᠦ ᠶᠢᠨ ᠪᠣᠳᠤᠯᠭ᠎ᠠ ᠶᠢ | ᠨᠠᠶᠢᠳᠠᠪᠤᠷᠢᠵᠢᠭᠤᠯᠵᠤ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠪ ᠵᠠᠭᠪᠤᠷ ᠲᠤ ᠰᠢᠨ᠎ᠡ ᠶᠢ ᠡᠭᠦᠳᠴᠦ᠂ ᠠᠵᠤ | ᠠᠬᠤᠶᠢᠯᠠᠯ ᠤᠨ ᠡᠯ᠎ᠡ ᠲᠠᠯ᠎ᠠ ᠶᠢᠨ ᠬᠦᠴᠢᠷᠳᠡᠯ ᠢ ᠰᠠᠶᠢᠲᠤᠷ ᠰᠢᠢᠳᠪᠦᠷᠢᠯᠡᠵᠦ ᠦᠭᠭᠦᠨ᠎ᠡ᠃ | ᠪᠣᠳᠠᠲᠤ ᠴᠤᠭᠴᠠ ᠶᠢᠨ ᠬᠤᠳᠠᠯᠳᠤᠭ᠎ᠠ ᠶᠢᠨ ᠰᠢᠨ᠎ᠡ ᠶᠢ ᠡᠭᠦᠳᠴᠦ ᠬᠡᠯᠪᠡᠷᠢ ᠪᠠᠨ ᠬᠤᠪᠢᠷᠠᠭᠤᠯᠬᠤ ᠶᠢ | ᠲᠥᠷᠭᠡᠳᠭᠡᠵᠦ᠂ ︽ᠥᠪᠦᠷ ᠮᠣᠩᠭᠤᠯ ᠤᠨ ᠥᠨᠦᠷ ᠠᠮᠲᠠ︾ ᠰᠢᠷᠢᠰ ᠠᠵᠢᠯᠯᠠᠭ᠎ᠠ ᠶᠢ ᠦᠷᠬᠦᠯᠵᠢᠯᠡᠨ ᠰᠠᠶᠢᠲᠤᠷ | ᠦᠷᠨᠢᠭᠦᠯᠵᠦ᠂ ︽ᠬᠤᠯᠢᠰᠢᠨ ᠢᠳᠡᠭᠡᠨ︾ ᠲᠤ ᠬᠤᠲᠠ ᠶᠢᠨ ᠳᠠᠷᠤᠭ᠎ᠠ ᠬᠠᠷᠢᠭᠤᠴᠠᠬᠤ ᠲᠥᠷᠢᠮ ᠢ ᠬᠢᠨᠠᠮᠠᠭᠠᠢ | ᠨᠠᠶᠢᠳᠠᠪᠤᠷᠢᠵᠢᠭᠤᠯᠤᠨ᠎ᠠ᠃ | ᠵᠠᠮ ᠬᠠᠷᠢᠯᠴᠠᠭ᠎ᠠ ᠤᠰᠤᠨ ᠠᠰᠢᠭᠯᠠᠯᠲᠠ᠂ ᠬᠤᠲᠠ ᠶᠢᠨ ᠶᠠᠪᠤᠳᠠᠯ ᠤᠨ ᠪᠠᠷᠢᠯᠭ᠎ᠠ᠂ ᠭᠠᠮᠰᠢᠭ ᠢ ᠰᠡᠷᠭᠡᠶᠢᠯᠡᠵᠦ᠂ | ᠭᠠᠮᠰᠢᠭ ᠢ ᠪᠠᠭᠠᠰᠠᠬᠠᠬᠤ ᠵᠡᠷᠭᠡ ᠨᠢᠭᠡ ᠪᠦᠯᠦᠭ ᠴᠢᠬᠤᠯᠠ ᠶᠡᠭᠡ ᠲᠥᠷᠦᠯ ᠵᠦᠢᠯ ᠢ ᠬᠡᠷᠡᠭᠵᠢᠭᠦᠯᠦᠨ᠎ᠡ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠦᠷ ᠮᠣᠩᠭᠤᠯ ᠢᠶᠠᠨ ᠬᠦᠭᠵᠢᠭᠦᠯᠦᠨ ᠮᠠᠨᠳᠤᠭᠤᠯᠬᠤ︾ | ᠠᠵᠢᠯᠯᠠᠭᠠᠨ ᠢ ᠭᠦᠨᠵᠡᠭᠡᠢ ᠬᠡᠷᠡᠭᠵᠢᠭᠦᠯᠦᠨ᠎ᠡ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠶᠠᠮᠤᠨ ᠵᠦᠪᠯᠡᠯ ᠪᠠ | ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠬᠦᠷᠢᠶᠡᠯᠡᠩ ᠯᠦᠭᠡ ᠪᠤᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠬᠢᠬᠦ ᠪᠠᠨ ᠦᠷᠬᠦᠯᠵᠢᠯᠡᠨ ᠴᠢᠩᠭᠠᠳᠬᠠᠨ᠎ᠠ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠤᠭᠴᠠ ᠶᠢᠨ ᠦᠢᠯᠡᠳᠦᠯ ᠢ ᠪᠠᠳᠠᠷᠠᠭᠤᠯᠵᠤ᠂ ᠳᠡᠭᠡᠲᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠢ ᠪᠣᠯᠭᠠᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ | ᠬᠠᠮᠠᠭᠠᠯᠠᠯᠲᠠ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠷᠬᠦᠯᠵᠢᠯᠡᠨ | ᠭᠦᠨᠵᠡᠭᠡᠶᠢᠷᠡᠭᠦᠯᠵᠦ᠂ ᠵᠠᠰᠠᠭ ᠤᠨ ᠣᠷᠳᠤᠨ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠣᠷᠤᠭᠤᠯᠤᠯᠲᠠ | ᠬᠢᠬᠦ ᠪᠠᠲᠤᠯᠠᠭᠠᠲᠤ ᠨᠡᠮᠡᠭᠳᠡᠯ ᠤᠨ ᠲᠤᠭᠲᠠᠴᠠ ᠪᠠ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠶᠢ ᠤᠷᠮᠠᠰᠢᠭᠤᠯᠤᠨ᠂ | ᠴᠢᠳᠠᠪᠤᠷᠢᠲᠠᠨ ᠤ ᠲᠠᠯ᠎ᠠ ᠪᠠᠷ ᠬᠢ ᠡᠯ᠎ᠡ ᠵᠦᠢᠯ ᠤᠨ ᠲᠥᠷᠦ ᠶᠢᠨ ᠪᠣᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | ᠠᠵᠤ ᠦᠢᠯᠡᠰ ᠤᠨ ᠬᠡᠯᠬᠢᠶ᠎ᠡ ᠪᠠ ᠥᠷᠳᠡᠭ ᠤᠨ ᠬᠡᠯᠬᠢᠶᠡᠨ ᠤ ᠲᠥᠪᠰᠢᠨ ᠢ ᠳᠡᠭᠡᠭᠰᠢᠯᠡᠭᠦᠯᠦᠨ᠎ᠡ | ᠤᠯᠠᠮᠵᠢᠯᠠᠯᠲᠤ ᠠᠵᠤ ᠦᠢᠯᠡᠰ ᠤᠨ ᠳᠡᠭᠡᠲᠦ ᠳᠡᠰᠵᠢᠬᠦ᠂ ᠤᠶᠤᠨᠴᠢᠯᠠᠬᠤ ᠪᠠ ᠪᠣᠬᠢᠷᠲᠠᠯ ᠦᠭᠡᠢ ᠪᠣᠯᠭᠠᠨ | ᠦᠭᠡᠷᠡᠴᠢᠯᠡᠵᠦ ᠳᠡᠰ ᠳᠡᠪᠰᠢᠭᠦᠯᠬᠦ ᠪᠠᠨ ᠲᠥᠷᠭᠡᠳᠭᠡᠨ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠨ᠎ᠠ᠃ | ᠣᠳᠤ ᠥᠶ᠎ᠡ ᠶᠢᠨ ᠡᠨᠧᠷᠬᠢ ᠶᠢᠨ ᠠᠵᠤ ᠠᠬᠤᠢ ᠶᠢ ᠰᠢᠯᠢᠳᠡᠭᠵᠢᠭᠦᠯᠦᠨ ᠬᠦᠴᠦᠷᠭᠡᠭᠵᠢᠭᠦᠯᠦᠨ᠎ᠡ᠃ | ᠠᠮᠢᠳᠤ ᠪᠣᠳᠠᠰ ᠤᠨ ᠡᠮ ᠡᠮᠨᠡᠯᠭᠡ ᠶᠢᠨ ᠣᠨᠴᠠᠯᠢᠭ ᠲᠠᠢ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ | ᠃ | ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ ᠠᠵᠤ ᠦᠢᠯᠡᠰ ᠤᠨ | ᠬᠦᠭᠵᠢᠯᠲᠡ ᠶᠢ ᠲᠥᠷᠭᠡᠳᠭᠡᠨ᠎ᠡ᠃ | ᠲᠤᠭᠠᠴᠢᠯᠠᠭᠰᠠᠨ ᠠᠵᠤ ᠠᠬᠤᠢ ᠶᠢ ᠬᠦᠭᠵᠢᠭᠦᠯᠵᠦ᠂ ᠲᠤᠭᠠᠴᠢᠯᠠᠭᠰᠠᠨ ᠵᠠᠰᠠᠭ ᠤᠨ ᠣᠷᠳᠤᠨ᠂ ᠲᠤᠭᠠᠴᠢᠯᠠᠭᠰᠠᠨ | ᠨᠡᠶᠢᠭᠡᠮ ᠢ ᠪᠠᠶᠢᠭᠤᠤᠯᠨᠠ᠃ | ᠣᠳᠤ ᠥᠶ᠎ᠡ ᠶᠢᠨ ᠪᠠᠷᠠᠭᠠᠨ ᠤ ᠭᠦᠢᠯᠭᠡᠭᠡ᠂ ᠰᠣᠳᠤᠯᠤᠨ ᠨᠡᠭᠡᠭᠡᠵᠦ ᠵᠢᠷᠤᠭᠯᠠᠨ ᠲᠥᠯᠦᠪᠯᠡᠬᠦ᠂ ᠪᠠᠶᠢᠴᠠᠭᠠᠨ | ᠰᠢᠯᠭᠠᠵᠤ ᠬᠡᠷᠡᠴᠢᠯᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠵᠡᠷᠭᠡ ᠣᠳᠤ ᠥᠶ᠎ᠡ ᠶᠢᠨ | ᠦᠢᠯᠡᠴᠢᠯᠡᠭᠡᠨ ᠤ ᠦᠢᠯᠡᠰ ᠢ ᠬᠦᠭᠵᠢᠭᠦᠯᠦᠨ᠎ᠡ᠃ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ | ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠤᠨ ᠢ ᠡᠩ ᠲᠡᠷᠢᠭᠦᠨ ᠳᠤ ᠬᠦᠭᠵᠢᠭᠦᠯᠬᠦ ᠶᠢ | ᠪᠠᠷᠢᠮᠲᠠᠯᠠᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠥᠷ᠎ᠡ ᠪᠦᠲᠦᠭᠡᠯ ᠢ ᠪᠠᠬᠢᠵᠢᠭᠦᠯᠦᠨ | ᠥᠷᠭᠡᠳᠭᠡᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ | ᠰᠠᠶᠢᠲᠤᠷ ᠬᠢᠵᠦ᠂ ᠬᠠᠪᠰᠤᠷᠤᠨ ᠳᠡᠳᠭᠦᠬᠦ ᠲᠠᠯ᠎ᠠ ᠶᠢᠨ ᠭᠤᠣᠯ ᠪᠣᠯᠬᠤ ᠲᠥᠷᠦ ᠶᠢᠨ ᠪᠣᠳᠤᠯᠭ᠎ᠠ ᠶᠡᠷᠦᠩᠬᠡᠢ ᠳᠡᠭᠡᠨ | ᠲᠤᠭᠲᠠᠭᠤᠨ ᠪᠠᠶᠢᠯᠭᠠᠬᠤ ᠶᠢ ᠪᠠᠲᠤᠯᠠᠨ᠎ᠠ᠃ | ᠭᠠᠵᠠᠷ ᠰᠢᠷᠤᠢ ᠪᠠᠷ ᠠᠮᠤ ᠲᠠᠷᠢᠶ᠎ᠠ ᠶᠢ ᠪᠠᠲᠤᠯᠠᠵᠤ ᠤᠷ᠎ᠠ ᠮᠡᠷᠭᠡᠵᠢᠯ ᠢᠶᠠᠷ ᠪᠤᠳᠠᠭᠠᠨ ᠤ ᠤᠨᠠᠯᠲᠠ ᠪᠠᠨ | ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠳᠤ ᠥᠶ᠎ᠡ ᠶᠢᠨ ᠲᠠᠷᠢᠶᠠᠯᠠᠩ ᠮᠠᠯ ᠠᠵᠤ ᠠᠬᠤᠢ ᠳᠠᠬᠢ ᠰᠢᠨᠵᠢᠯᠡᠭᠡ ᠮᠡᠷᠭᠡᠵᠢᠯ | ᠪᠠ ᠲᠤᠨᠤᠭ ᠲᠥᠭᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠳᠠᠬᠢ ᠮᠧᠬᠠᠨᠢᠭᠵᠢᠭᠤᠯᠤᠯᠲᠠ ᠶᠢ ᠠᠬᠢᠭᠤᠯᠤᠨ᠎ᠠ᠃ | ᠮᠠᠯ ᠲᠠᠷᠢᠶᠠᠯᠠᠩ ᠤᠨ ᠪᠣᠬᠢᠷᠲᠤᠯ ᠦᠭᠡᠢ ᠬᠦᠭᠵᠢᠯᠲᠡ ᠶᠢ ᠪᠠᠷᠢᠮᠲᠠᠯᠠᠵᠤ᠂ ᠴᠢᠨᠠᠷ ᠰᠠᠶᠢᠲᠠᠢ ᠪᠦᠭᠡᠳ ᠪᠣᠬᠢᠷᠲᠤᠯ | ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃ | ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠦᠳᠡᠭᠡ ᠲᠤᠰᠬᠤᠨ ᠤ | ᠲᠥᠯᠦᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠤᠬᠢᠶᠠᠵᠤ᠂ ᠰᠢᠶᠠᠨ ᠤ ᠲᠥᠪ᠂ ᠰᠢᠶᠠᠩ ᠪᠠᠯᠭᠠᠰᠤᠨ ᠤ ᠣᠯᠠᠨ | ᠨᠡᠶᠢᠲᠡ ᠶᠢᠨ ᠶᠡᠷᠦᠩᠬᠡᠢ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠎ᠠ᠃ | ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ ᠳᠠᠭᠠᠭᠠᠴᠢᠯᠠᠨ ᠡᠵᠡᠩᠨᠡᠬᠦ ᠬᠤᠭᠤᠴᠠᠭ᠎ᠠ ᠲᠤᠯᠤᠭᠰᠠᠨ ᠤ | ᠳᠠᠷᠠᠭ᠎ᠠ 30 ᠵᠢᠯ ᠤᠷᠲᠤᠳᠬᠠᠬᠤ ᠲᠤᠷᠰᠢᠯᠲᠠ ᠶᠢᠨ ᠴᠡᠭ ᠢ ᠡᠮᠬᠢ ᠵᠢᠷᠤᠮ ᠲᠠᠢ ᠦᠷᠨᠢᠭᠦᠯᠵᠦ᠂ ᠭᠠᠵᠠᠷ ᠰᠢᠷᠤᠢ | ᠡᠵᠡᠩᠨᠡᠬᠦ ᠡᠷᠬᠡ ᠶᠢ ᠰᠢᠯᠵᠢᠭᠦᠯᠬᠦ ᠳᠤ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠦᠨ᠎ᠡ᠃ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠤᠨ᠎ᠠ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠰᠠᠶᠢᠲᠤᠷ ᠠᠳᠬᠤᠵᠤ᠂ ᠡᠷᠭᠢ | ᠳᠠᠭᠠᠤ ᠣᠷᠤᠨ ᠤ ᠠᠮᠢ ᠠᠬᠤᠢ ᠶᠢᠨ ᠴᠢᠳᠠᠮᠵᠢ ᠶᠢ ᠰᠡᠷᠭᠦᠭᠡᠨ᠎ᠡ᠃ | ᠡᠨᠧᠷᠬᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ | ᠬᠠᠲᠤᠨ ᠭᠤᠣᠯ ᠤᠨ ᠰᠣᠶᠤᠯ ᠢ ᠬᠠᠮᠠᠭᠠᠯᠠᠬᠤ᠂ ᠤᠯᠠᠮᠵᠢᠯᠠᠬᠤ ᠪᠠ ᠪᠠᠳᠠᠷᠠᠭᠤᠯᠵᠤ᠂ ᠤᠷᠲᠤ ᠴᠠᠭᠠᠨ ᠬᠡᠷᠡᠮ ᠤᠨ | ᠤᠯᠤᠰ ᠤᠨ ᠰᠣᠶᠤᠯ ᠤᠨ ᠴᠡᠴᠡᠷᠯᠢᠭ᠂ ᠬᠠᠲᠤᠨ ᠭᠤᠣᠯ ᠤᠨ ᠤᠯᠤᠰ ᠤᠨ ᠰᠣᠶᠤᠯ ᠤᠨ ᠴᠡᠴᠡᠷᠯᠢᠭ ᠢ ᠪᠦᠲᠦᠭᠡᠨ | ᠪᠠᠶᠢᠭᠤᠯᠬᠤ ᠠᠵᠢᠯ ᠢ ᠠᠬᠢᠭᠤᠯᠵᠤ᠂ ᠳᠡᠯᠡᠬᠡᠢ ᠨᠡᠶᠢᠲᠡ ᠳᠤ ᠨᠦᠯᠦᠭᠡᠯᠡᠬᠦ ᠬᠦᠴᠦᠨ ᠲᠠᠢ ᠬᠠᠲᠤᠨ ᠭᠤᠣᠯ ᠤᠨ | ᠲᠤᠬᠤᠢ ᠶᠢᠨ ᠰᠣᠶᠤᠯ ᠵᠢᠭᠤᠯᠴᠢᠯᠠᠯ ᠤᠨ ᠪᠦᠰᠡ ᠶᠢ ᠴᠤᠭᠴᠠᠯᠠᠨ ᠪᠠᠶᠢᠭᠤᠯᠤᠨ᠎ᠠ᠃ | ᠦᠭᠡᠷᠡᠴᠢᠯᠡᠯᠲᠡ ᠨᠡᠬᠡᠭᠡᠯᠲᠡ ᠶᠢ ᠨᠡᠩ ᠡᠷᠴᠢᠮᠲᠡᠢ ᠠᠬᠢᠭᠤᠯᠤᠨ᠎ᠠ | ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ | ᠨᠦᠬᠦᠴᠡᠯ ᠢ ᠬᠦᠴᠦᠯᠡᠨ ᠪᠣᠢ ᠪᠣᠯᠭᠠᠨ᠎ᠠ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ | ᠭᠦᠨᠵᠡᠭᠡᠢ ᠬᠡᠷᠡᠭᠵᠢᠭᠦᠯᠵᠦ᠂ ᠬᠤᠯᠢᠮᠠᠭ ᠥᠮᠴᠢᠯᠡᠯᠲᠦ ᠲᠥᠷᠢᠮ ᠤᠨ ᠦᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠵᠤ᠂ ᠣᠳᠤ ᠥᠶ᠎ᠡ ᠶᠢᠨ ᠠᠵᠤ ᠠᠬᠤᠶᠢᠯᠠᠯ ᠤᠨ ᠲᠥᠷᠢᠮ ᠢ ᠪᠠᠶᠢᠭᠤᠯᠬᠤ ᠪᠠᠨ ᠲᠥᠷᠭᠡᠳᠭᠡᠨ᠎ᠡ᠃ | ᠲᠥᠰᠦᠪ ᠤᠨ ᠬᠢᠵᠠᠭᠠᠷᠯᠠᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠴᠢᠬᠤᠯᠠ ᠶᠡᠭᠡ | ᠪᠠᠶᠢᠯᠳᠤᠬᠤ ᠪᠣᠳᠤᠯᠭ᠎ᠠ ᠶᠢᠨ ᠡᠭᠦᠷᠭᠡ ᠪᠠ ᠦᠨᠳᠦᠰᠦᠨ ᠱᠠᠳᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠡᠳ᠋ ᠤᠨ | ᠶᠠᠪᠤᠳᠠᠯ ᠤᠨ ᠬᠦᠴᠦᠨ ᠤ ᠪᠠᠲᠤᠯᠠᠭ᠎ᠠ ᠶᠢ ᠨᠡᠮᠡᠭᠳᠡᠭᠦᠯᠦᠨ᠂ ᠵᠠᠰᠠᠭ ᠤᠨ ᠣᠷᠳᠤᠨ ᠤ ᠪᠡᠯᠡ ᠣᠷᠤᠭᠤᠯᠤᠯᠲᠠ ᠶᠢᠨ | ᠰᠠᠭᠤᠷᠢ ᠮᠦᠩᠭᠦ ᠶᠢ ᠬᠡᠷᠡᠭᠯᠡᠬᠦ ᠥᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠪᠣᠳᠠᠲᠤ ᠴᠤᠭᠴᠠ ᠶᠢᠨ ᠠᠵᠤ ᠠᠬᠤᠢ ᠶᠢ ᠮᠦᠩᠭᠦᠨ ᠭᠦᠢᠯᠭᠡᠭᠡ ᠪᠠᠷ ᠳᠡᠮᠵᠢᠬᠦ ᠪᠦᠲᠦᠮᠵᠢᠲᠡᠢ ᠲᠤᠭᠲᠠᠴᠠ ᠶᠢ | ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯᠲᠤ ᠮᠦᠩᠭᠦᠨ ᠭᠦᠢᠯᠭᠡᠭᠡ᠂ ᠪᠣᠬᠢᠷᠲᠤᠯ ᠦᠭᠡᠢ | ᠮᠦᠩᠭᠦᠨ ᠭᠦᠢᠯᠭᠡᠭᠡ ᠶᠢ ᠬᠦᠭᠵᠢᠭᠦᠯᠦᠨ᠎ᠡ᠃ | ᠬᠦᠬᠡᠬᠤᠲᠠ ᠪᠣᠭᠤᠲᠤ ᠣᠷᠳᠤᠰ ᠦᠬᠠᠢ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠪᠠᠨ ᠬᠦᠴᠦᠯᠡᠨ | ᠠᠬᠢᠭᠤᠯᠤᠨ᠎ᠠ᠃ | ᠤᠯᠠᠭᠠᠨᠬᠠᠳᠠ᠂ ᠲᠦᠩᠯᠢᠶᠤᠤ ᠶᠢᠨ ᠣᠷᠤᠨ ᠪᠦᠰᠠ ᠶᠢᠨ ᠲᠥᠪ ᠪᠣᠯᠬᠤ ᠬᠤᠲᠠ ᠶᠢ ᠪᠦᠲᠦᠭᠡᠨ ᠪᠠᠶᠢᠭᠤᠯᠵᠤ᠂ | ᠵᠡᠭᠦᠨ ᠬᠡᠰᠡᠭ ᠤᠨ ᠠᠶᠢᠮᠠᠭ ᠬᠤᠲᠠ ᠳᠤ ᠪᠣᠬᠢᠷᠲᠤᠯ ᠦᠭᠡᠢ | ᠠᠵᠤ ᠦᠢᠯᠡᠰ ᠤᠨ ᠰᠢᠰᠲ᠋ᠧᠮ ᠢ ᠴᠤᠭᠴᠠᠯᠠᠨ ᠪᠠᠶᠢᠭᠤᠯᠬᠤ ᠪᠠᠨ ᠲᠥᠷᠭᠡᠳᠭᠡᠨ᠎ᠡ᠃ | ᠦᠬᠠᠢ ᠵᠢᠴᠢ ᠡᠷᠭᠢᠨ ᠲᠤᠭᠤᠷᠢᠨ ᠤ ᠭᠠᠵᠠᠷ ᠣᠷᠤᠨ ᠢ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠲᠥᠷᠭᠡᠳᠭᠡᠨ᠂ ᠣᠷᠤᠨ ᠪᠦᠰᠠ ᠶᠢᠨ ᠬᠦᠭᠵᠢᠯᠲᠡ ᠶᠢᠨ ᠦᠷᠢᠰᠦᠯᠳᠦᠬᠦ ᠬᠦᠴᠦᠨ ᠢ | ᠴᠢᠩᠭᠠᠷᠠᠭᠤᠯᠤᠨ᠎ᠠ᠃ | ᠪᠡᠭᠡᠵᠢᠩ ᠲᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠣᠣᠮᠧᠨ ᠤ ᠲᠤᠮᠤ ᠪᠣᠯᠤᠩ ᠤᠨ ᠣᠷᠤᠨ ᠵᠡᠷᠭᠡ ᠭᠠᠵᠠᠷ ᠣᠷᠤᠨ ᠯᠤᠭ᠎ᠠ ᠶᠢᠨ ᠬᠠᠮᠳᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ | ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠦᠭᠵᠢᠭᠦᠯᠦᠨ᠎ᠡ᠃ | ᠠᠮᠢ ᠠᠬᠤᠢ ᠣᠷᠴᠢᠨ ᠲᠤᠭᠤᠷᠢᠨ ᠤ ᠶᠠᠰᠤ ᠴᠢᠨᠠᠷ ᠢ ᠦᠷᠬᠦᠯᠵᠢᠯᠡᠨ ᠰᠠᠶᠢᠵᠢᠷᠠᠭᠤᠯᠤᠨ᠎ᠠ | ᠤᠯᠤᠰ ᠤᠨ ᠨᠤᠲᠤᠭ ᠳᠡᠪᠢᠰᠭᠡᠷ ᠤᠨ ᠣᠷᠤᠨ ᠵᠠᠢ ᠶᠢᠨ ᠲᠥᠯᠦᠪᠵᠢᠭᠦᠯᠭᠡ ᠶᠢ ᠲᠤᠭᠲᠠᠭᠤᠨ ᠬᠡᠷᠡᠭᠵᠢᠭᠦᠯᠵᠦ᠂ ︽ | ᠭᠤᠷᠪᠠᠨ ᠱᠣᠭᠤᠮ ᠨᠢᠭᠡ ᠨᠠᠷᠢᠨ ᠳᠠᠩᠰᠠ︾ ᠶᠢᠨ ᠠᠮᠢ ᠠᠬᠤᠢ ᠣᠷᠴᠢᠨ ᠲᠤᠭᠤᠷᠢᠨ ᠤ ᠪᠦᠰᠡ ᠬᠤᠪᠢᠶᠠᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠣᠢ ᠰᠢᠭᠤᠢ ᠶᠢᠨ ᠳᠠᠷᠤᠭ᠎ᠠ ᠪᠠ ᠨᠤᠲᠤᠭ ᠪᠡᠯᠴᠢᠭᠡᠷ ᠤᠨ ᠳᠠᠷᠤᠭ᠎ᠠ ᠶᠢᠨ ᠲᠥᠷᠢᠮ ᠢ ᠪᠦᠬᠦ ᠲᠠᠯ᠎ᠠ ᠪᠠᠷ | ᠬᠡᠷᠡᠭᠵᠢᠭᠦᠯᠦᠨ᠎ᠡ ᠃ | ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ ᠠᠵᠢᠯᠯᠠᠭᠠᠨ ᠢ ᠦᠷᠬᠦᠯᠵᠢᠯᠡᠨ ᠦᠷᠨᠢᠭᠦᠯᠦᠨ᠎ᠡ᠃ | ᠤᠯᠤᠰ ᠤᠨ ᠴᠡᠴᠡᠷᠯᠢᠭ ᠢᠶᠠᠷ ᠭᠤᠶᠤᠴᠢᠯᠠᠨ ᠮᠡᠳᠡᠭᠦᠯᠬᠦ ᠠᠵᠢᠯ ᠢ ᠠᠬᠢᠭᠤᠯᠤᠨ᠎ᠠ᠃ | ᠨᠠᠭᠦᠷᠡᠰᠤᠲᠦ᠋ᠷᠦᠭᠴᠢ ᠭᠠᠳᠠᠭᠰᠢᠯᠠᠭᠤᠯᠬᠤ ᠦᠨᠳᠦᠷ ᠬᠡᠮᠵᠢᠭᠳᠡᠯ ᠢ ᠪᠠᠭᠤᠷᠠᠭᠤᠯᠬᠤ ᠪᠠ ᠨᠠᠭᠦᠷᠡᠰᠤᠲᠦ᠋ᠷᠦᠭᠴᠢ | ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ ᠠᠵᠢᠯ ᠢ ᠰᠠᠶᠢᠲᠤᠷ ᠬᠢᠵᠦ᠂ ᠡᠨᠧᠷᠬᠢ ᠠᠷᠪᠢᠯᠠᠨ ᠪᠣᠬᠢᠷᠲᠤᠯ ᠢ | ᠪᠠᠭᠠᠰᠬᠠᠵᠤ ᠨᠠᠭᠦᠷᠡᠰᠤᠲᠦ᠋ᠷᠦᠭᠴᠢ ᠪᠠᠭ᠎ᠠ ᠭᠠᠳᠠᠭᠰᠢᠯᠠᠭᠤᠯᠬᠤ ᠶᠢ ᠵᠡᠷᠭᠡ ᠳᠤ ᠨᠢ ᠠᠬᠢᠭᠤᠯᠤᠨ᠎ᠠ᠃ | ᠡᠨᠧᠷᠬᠢ ᠶᠢᠨ ᠬᠤᠷᠤᠭᠳᠠᠯ ᠤᠨ ᠶᠡᠷᠦᠩᠬᠡᠢ ᠬᠡᠮᠵᠢᠶ᠎ᠡ ᠪᠠ ᠡᠨᠧᠷᠬᠢ ᠶᠢᠨ ᠬᠤᠷᠤᠭᠳᠠᠯ ᠤᠨ ᠬᠦᠴᠦᠯᠡᠴᠡ ᠶᠢ | ᠴᠢᠩᠭ᠎ᠠ ᠡᠵᠡᠮᠳᠡᠨ᠎ᠡ᠃ | ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠤᠨ᠎ᠠ᠃ | ᠪᠠᠶᠢᠭᠠᠯᠢ ᠶᠢᠨ ᠡᠬᠢ ᠪᠠᠶᠠᠯᠢᠭ ᠲᠤ ᠦᠷᠢᠲᠦᠯ ᠲᠠᠢ ᠡᠳ᠋ ᠬᠦᠷᠦᠩᠭᠡ ᠶᠢᠨ ᠬᠦᠰᠦᠨᠦᠭᠲᠦ ᠶᠢ ᠨᠠᠶᠢᠷᠠᠭᠤᠯᠤᠨ | ᠵᠤᠬᠢᠶᠠᠵᠤ᠂ ᠡᠷᠬᠡ ᠶᠢ ᠲᠣᠳᠤᠯᠤᠨ ᠲᠤᠭᠲᠠᠭᠠᠵᠤ ᠳᠠᠩᠰᠠᠯᠠᠨ ᠲᠡᠮᠲᠡᠭᠯᠡᠬᠦ ᠠᠵᠢᠯ ᠢᠶᠠᠨ ᠨᠢᠭᠡᠳᠭᠡᠨ᠎ᠡ᠃ | ᠪᠣᠯᠪᠠᠰᠤᠨ ᠥᠪᠦᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ | ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠪᠠᠷ ᠣᠳᠤᠷᠢᠳᠤᠮᠵᠢ ᠪᠣᠯᠭᠠᠵᠤ᠂ ᠤᠯᠤᠰ ᠢᠶᠠᠨ | ᠬᠠᠶᠢᠷᠠᠯᠠᠬᠤ ᠬᠦᠮᠦᠵᠢᠯ ᠪᠠ ᠠᠷᠠᠳ ᠢᠷᠭᠡᠳ ᠤᠨ ᠶᠣᠰᠤ ᠰᠤᠷᠲᠠᠬᠤᠨ ᠤ ᠪᠠᠶᠢᠭᠤᠯᠤᠯᠲᠠ ᠶᠢ ᠭᠦᠨᠵᠡᠭᠡᠢ | ᠦᠷᠨᠢᠭᠦᠯᠦᠨ᠎ᠡ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠤᠯ ᠢ ᠤᠯᠠᠮᠵᠢᠯᠠᠨ ᠪᠠᠳᠠᠷᠠᠭᠤᠯᠵᠤ᠂ ᠬᠤᠪᠢᠰᠬᠠᠯᠲᠤ ᠰᠣᠶᠤᠯ ᠢ | ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠤᠯ ᠢ ᠬᠦᠭᠵᠢᠭᠦᠯᠦᠨ᠎ᠡ᠃ | ᠤᠯᠠᠭᠠᠨᠬᠤᠲᠠ— ᠷᠠᠰᠢᠶᠠᠨ— ᠬᠠᠶᠢᠯᠠᠷ— ᠮᠠᠨᠵᠤᠤᠷ ᠵᠡᠷᠭᠡ ᠵᠢᠭᠤᠯᠴᠢᠯᠠᠯ ᠤᠨ ᠰᠣᠳᠤᠨ ᠵᠠᠮ ᠱᠠᠭᠤᠮ ᠢ | ᠪᠦᠲᠦᠭᠡᠨ ᠪᠠᠶᠢᠭᠤᠯᠤᠨ᠎ᠠ᠂ ᠬᠤᠪᠢᠰᠬᠠᠯᠲᠤ ᠵᠢᠭᠤᠯᠴᠢᠯᠠᠯ᠂ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠵᠦ᠂ | ᠵᠦᠷᠢᠶᠡᠵᠢᠯ ᠲᠠᠢ ᠣᠨᠴᠠᠯᠢᠭ ᠲᠠᠢ ᠵᠢᠭᠤᠯᠴᠢᠯᠠᠯ ᠢ ᠠᠩᠬᠠᠷᠤᠨ ᠴᠢᠬᠤᠯᠠᠴᠢᠯᠠᠨ᠎ᠠ᠃ | ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠲᠤᠭᠲᠠᠪᠤᠷᠢᠵᠢᠭᠤᠯᠬᠤ ᠪᠠ ᠦᠷᠭᠡᠳᠭᠡᠨ᠎ᠡ | ᠃ | ᠡᠷᠡᠭᠦᠯ ᠡᠩᠬᠡ ᠥᠪᠦᠷ ᠮᠣᠩᠭᠤᠯ ᠢ ᠪᠠᠶᠢᠭᠤᠯᠬᠤ ᠠᠵᠢᠯᠯᠠᠭᠠᠨ ᠢ ᠭᠦᠨᠵᠡᠭᠡᠢ ᠠᠬᠢᠭᠤᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠲᠤᠭᠤᠷᠢᠭ ᠤᠨ ᠲᠤᠤᠷᠵᠢᠯ ᠬᠠᠮᠢᠶᠠᠷᠤᠯᠲᠠ ᠶᠢ | ᠴᠢᠩᠭᠠᠳᠬᠠᠨ᠎ᠠ᠃ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠬᠦᠯᠵᠢᠯᠡᠨ ᠦᠷᠭᠡᠳᠭᠡᠨ᠎ᠡ᠃ | ᠲᠦᠭᠡᠮᠡᠯ ᠬᠠᠷᠠᠭᠠᠯᠵᠠᠬᠤ ᠴᠢᠨᠠᠷᠲᠠᠢ ᠬᠡᠦᠬᠡᠳ ᠤᠨ ᠴᠡᠴᠡᠷᠯᠢᠭ ᠢ ᠬᠦᠭᠵᠢᠭᠦᠯᠦᠨ᠂ ᠦᠨᠳᠦᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤ ᠬᠡᠯᠪᠡᠷᠢ ᠲᠠᠢ ᠬᠦᠭᠵᠢᠬᠦ ᠶᠢ ᠨᠢ | ᠵᠣᠷᠢᠭᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠢᠯᠡᠳᠪᠦᠷᠢᠯᠡᠬᠦ ᠬᠢᠭᠡᠳ ᠵᠢᠭᠠᠨ | ᠰᠤᠷᠭᠠᠯᠲᠠ ᠶᠢ ᠠᠭᠤᠰᠤᠯᠴᠠᠭᠤᠯᠵᠤ᠂ ᠰᠤᠷᠭᠠᠭᠤᠯᠢ ᠬᠢᠭᠡᠳ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠳᠡᠮᠵᠢᠬᠦ | ᠠᠷᠭ᠎ᠠ ᠬᠡᠮᠵᠢᠶ᠎ᠡ ᠨᠦᠭᠦᠳ ᠢ ᠲᠡᠭᠦᠯᠳᠡᠷᠵᠢᠭᠦᠯᠦᠨ᠎ᠡ᠃ ᠶᠡᠭᠡ ᠳᠡᠭᠡᠲᠦ ᠰᠤᠷᠭᠠᠭᠤᠯᠢ ᠶᠢᠨ ︽ᠬᠤᠣᠰ ᠲᠡᠷᠢᠭᠦᠨ ᠳᠡᠰ︾ | ᠤᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠳᠡᠮᠵᠢᠬᠦ ᠪᠠ | ᠵᠢᠷᠤᠮᠵᠢᠭᠤᠯᠤᠨ᠎ᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠪᠠ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢᠶᠠᠨ ᠰᠠᠶᠢᠲᠤᠷ ᠬᠢᠨ᠎ᠡ᠃ | ᠨᠡᠶᠢᠭᠡᠮ ᠤᠨ ᠵᠦᠷᠢᠴᠡᠯ ᠢ ᠶᠡᠷᠦᠩᠬᠡᠶᠢᠯᠡᠨ ᠵᠠᠰᠠᠬᠤ ᠲᠤᠭᠲᠠᠴᠠ ᠪᠠᠨ ᠲᠡᠭᠦᠯᠳᠡᠷᠵᠢᠭᠦᠯᠦᠨ᠎ᠡ᠃ | ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠬᠦᠮᠦᠡᠯᠢᠭ ᠠᠪᠤᠷᠠᠯᠲᠠ ᠲᠤᠰᠠᠯᠠᠮᠵᠢ᠂ ᠰᠠᠶᠢᠨ ᠲᠤᠷ᠎ᠠ ᠶᠢᠨ | ᠦᠢᠯᠡᠴᠢᠯᠡᠭᠡ᠂ ᠨᠢᠭᠦᠯᠡᠰᠦᠩᠭᠦᠢ ᠶᠢᠨ ᠦᠢᠯᠡᠰ ᠢ ᠬᠦᠭᠵᠢᠭᠦᠯᠬᠦ ᠶᠢ ᠨᠢ ᠳᠡᠮᠵᠢᠵᠦ᠂ ᠡᠮᠡᠭᠲᠡᠶᠢᠴᠦᠳ᠂ ᠬᠡᠦᠬᠡᠳ᠂ | ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠤᠨ ᠤ ᠡᠷᠬᠡ ᠠᠰᠢᠭ ᠢ ᠪᠠᠲᠤᠯᠠᠨ᠎ᠠ᠃ | ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠱᠠᠰᠢᠨ ᠰᠤᠷᠲᠠᠬᠤᠨ ᠤ ᠬᠢᠨ ᠢ ᠢᠳᠡᠪᠬᠢᠲᠡᠢ ᠬᠦᠲᠦᠯᠦᠨ ᠵᠢᠯᠤᠭᠤᠳᠴᠤ ᠨᠡᠶᠢᠭᠡᠮ ᠵᠢᠷᠤᠮᠲᠤ | ᠨᠡᠶᠢᠭᠡᠮ ᠯᠦᠭᠡ ᠵᠤᠬᠢᠴᠠᠯᠳᠤᠭᠤᠯᠤᠨᠠ᠃ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠦᠮᠦᠵᠢᠯ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠨ᠎ᠠ᠃ |