2022 ᠣᠨ ᠤ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/10/15
ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ ᠲᠥᠪ᠂ ᠬᠤᠰᠢᠭᠤᠨ ᠤ ᠬᠠᠷᠢᠶ᠎ᠠ ᠵᠢᠴᠢ ᠬᠦᠷᠢᠶ᠎ᠡ ᠳᠤ ᠰᠠᠭᠤᠭ᠎ᠠ ᠲᠥᠪ ᠣᠷᠤᠨ ᠬᠤᠲᠠ ᠶᠢᠨ ᠰᠢᠭᠤᠳ ᠬᠠᠷᠢᠶ᠎ᠠ ᠨᠢᠭᠡᠴᠡ᠄    2022 ᠣᠨ ᠤ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠵᠢᠴᠢ ᠬᠤᠪᠢ ᠬᠥᠮᠦᠨ ᠤ ᠰᠦᠢᠳᠬᠡᠯ ᠲᠤᠰᠢᠶᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠬᠦ ᠶᠢᠨ ᠬᠠᠮᠲᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ︽ᠲᠦᠩᠯᠢᠶᠣᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠲᠦᠩᠯᠢᠶᠣᠤ ᠵᠠᠰᠠᠭ ᠠᠯᠪᠠᠨ ᠲᠠᠷᠬᠠᠭᠠᠭᠰᠠᠨ [ 2016 ] 379 ᠳ᠋ᠤᠬᠡᠷ ᠲᠣᠭᠠᠲᠤ︶ ᠪᠠ ︽ᠲᠦᠩᠯᠢᠶᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠦᠩᠯᠢᠶᠣᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠦᠩᠯᠢᠶᠣᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠳᠠᠮᠵᠢᠭᠤᠯᠤᠨ ᠲᠠᠷᠬᠠᠭᠠᠭᠰᠠᠨ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠲᠦᠩᠯᠢᠶᠤᠤ ᠡᠮᠨᠡᠯᠭᠡ ᠳᠠᠭᠠᠳᠬᠠᠯ ᠠᠯᠪᠠᠨ ᠲᠠᠷᠬᠠᠭᠠᠭᠰᠠᠨ [ 2021 ] 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠪᠠᠷ᠂ ᠮᠠᠨ ᠤ ᠬᠤᠰᠢᠭᠤ ᠨᠢᠭᠡᠨᠲᠡ 2022 ᠣᠨ ᠤ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠲᠤᠰᠢᠶᠠᠬᠤ ᠠᠵᠢᠯ ᠢ ᠡᠬᠢᠯᠡᠭᠦᠯᠪᠡ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠳᠠᠭᠠᠳᠬᠠᠯ ᠳᠤ ᠣᠷᠣᠯᠴᠠᠬᠤ ᠡᠲᠡᠭᠡᠳ    ︵ᠨᠢᠭᠡ︶ ᠬᠦᠷᠢᠶ᠎ᠡ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠤᠷᠠᠬᠢ ᠲᠣᠰ ᠬᠤᠰᠢᠭᠤᠨ ᠤ ᠡᠷᠦᠬᠡ ᠠᠮᠠ ᠲᠠᠢ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠣᠰᠣᠲᠠᠶ ᠠᠴᠠ ᠪᠤᠰᠤᠳ ᠪᠣᠶ ᠪᠥᠬᠦᠶ ᠬᠤᠲᠠ ᠬᠥᠳᠡᠭᠡ ᠶᠢᠨ ᠰᠠᠭᠤᠭᠠᠯᠢ ᠠᠷᠠᠳ᠃   ︵ᠬᠤᠶᠠᠷ︶ ᠬᠦᠷᠢᠶ᠎ᠡ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠲᠥᠷᠥᠯ ᠤᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠬᠠᠷᠢᠶᠠᠯᠠᠭᠳᠠᠬᠤ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠨ᠎ᠠ᠃     ︵ᠭᠤᠷᠪᠠ︶ ᠬᠦᠷᠢᠶ᠎ᠡ ᠬᠤᠰᠢᠭᠤᠨ ᠤ ᠣᠷᠣᠰᠢᠨ ᠰᠠᠭᠤᠬᠤ ᠦᠨᠡᠮᠯᠡᠯ ᠢ ᠣᠯᠤᠭᠰᠠᠨ ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠪᠤᠰᠤ ᠬᠥᠮᠦᠰ᠃    ᠬᠤᠶᠠᠷ᠂ ᠰᠦᠢᠳᠬᠡᠯ ᠲᠤᠰᠢᠶᠠᠬᠤ ᠪᠠᠷᠢᠮᠵᠢᠶ᠎ᠠ    ︵ᠨᠢᠭᠡ︶ 2022 ᠣᠨ ᠤ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 370 ᠲᠥᠭᠦᠷᠢᠭ᠃    ︵ᠬᠤᠶᠠᠷ︶ ︽ᠲᠦᠩᠯᠢᠶᠣᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠵᠠᠰᠠᠭ ᠠᠯᠪᠠᠨ ᠥᠰᠥᠭ [ 2016 ] 379 ᠳ᠋ᠤᠬᠡᠷ ᠲᠣᠭᠠᠲᠤ︶ ᠶᠢᠨ ᠲᠣᠭᠲᠠᠭᠠᠯ ᠶᠣᠰᠣᠭᠠᠷ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠰᠠᠭᠤᠭᠠᠯᠢ ᠠᠷᠠᠳ᠂ ᠬᠠᠷᠠᠭᠠᠯᠵᠠᠯ ᠭᠥᠷᠳᠡᠭᠰᠡᠳ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠨᠠᠰᠤᠨ ᠳᠤ ᠥᠯᠥ ᠬᠦᠷᠦᠭᠰᠡᠨ ᠵᠡᠮᠳᠡᠭ ᠬᠦᠮᠦᠨ ᠪᠠ ᠵᠡᠮᠳᠡᠭ ᠤᠨ ᠬᠡᠮᠵᠢᠶ᠎ᠡ ᠨᠢ 1-2 ᠳ᠋ᠤᠭᠠᠷ ᠲᠠᠰ ᠤᠨ ᠨᠠᠰᠤᠨ ᠳᠤ ᠭᠦᠷᠦᠭᠰᠡᠳ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠳᠤ ᠬᠠᠷᠢᠶᠠᠯᠠᠭᠳᠠᠬᠤ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠬᠤᠰᠢᠭᠤᠨ ᠤ ᠵᠠᠰᠠᠭ ᠤᠨ ᠣᠷᠳᠣᠨ ᠠᠴᠠ ᠬᠥᠮᠦᠨ ᠳᠤᠮᠳᠠᠴᠢ ᠪᠠᠷ 100 ᠲᠥᠭᠦᠷᠢᠭ ᠤᠨ ᠪᠠᠷᠢᠮᠵᠢᠶ᠎ᠠ ᠶᠣᠰᠣᠭᠠᠷ ᠨᠥᠬᠦᠪᠥᠷᠢ ᠥᠭᠴᠦ᠂ ᠬᠤᠪᠢ ᠬᠥᠮᠦᠨ 270 ᠲᠥᠭᠦᠷᠢᠭ ᠲᠤᠰᠢᠶᠠᠨ᠎ᠠ᠃      ︵ᠭᠤᠷᠪᠠ︶ ᠣᠨᠴᠠ ᠬᠦᠴᠢᠷᠳᠡᠯᠲᠡᠶ ᠠᠪᠤᠷᠠᠨ ᠲᠤᠰᠠᠯᠠᠵᠤ ᠠᠰᠠᠷᠠᠨ ᠲᠡᠵᠢᠭᠡᠵᠦ ᠪᠠᠶᠢᠭ᠎ᠠ ᠬᠥᠮᠦᠰ ᠪᠠ ᠥᠨᠥᠴᠢᠨ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠵᠠᠷᠤᠳᠠᠯ ᠢ ᠬᠤᠰᠢᠭᠤᠨ ᠵᠠᠰᠠᠭ ᠤᠨ ᠣᠷᠳᠣᠨ ᠠᠴᠠ ᠪᠥᠬᠦ ᠲᠤᠭ᠎ᠠ ᠪᠠᠷ ᠲᠤᠰᠠᠯᠠᠨ᠎ᠠ᠃    ︵ᠳᠥᠷᠪᠡ︶ ᠨᠢᠯᠬ᠎ᠠ ᠬᠡᠦᠬᠡᠳ ᠲᠥᠷᠥᠭᠰᠡᠨ ᠤ ᠳᠠᠷᠠᠭ᠎ᠠ ᠡᠴᠢᠭᠡ ᠡᠬᠡ ︵ᠪᠤᠶᠤ ᠬᠢᠨᠠᠨ ᠬᠠᠮᠠᠭᠠᠯᠠᠭᠴᠢ︶ ᠨᠢ ᠳᠠᠭᠠᠳᠬᠠᠯ ᠳᠤ ᠣᠷᠣᠯᠴᠠᠬᠤ ᠳᠠᠩᠰᠠᠯᠠᠯ ᠢ ᠭᠦᠶ᠋ᠴᠡᠳᠬᠡᠵᠦ᠂ ᠲᠣᠰ ᠵᠢᠯ ᠤᠨ ᠬᠤᠪᠢ ᠬᠥᠮᠦᠨ ᠤ ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠠᠴᠠ ᠬᠡᠯᠲᠦᠷᠢᠭᠦᠯᠦᠨ᠎ᠡ᠃    ᠭᠤᠷᠪᠠ᠂ ᠰᠦᠢᠳᠬᠡᠯ ᠲᠤᠰᠢᠶᠠᠬᠤ ᠬᠤᠭᠤᠴᠠᠭ᠎ᠠ ᠵᠢᠴᠢ ᠬᠠᠷᠠᠭᠠᠯᠵᠠᠯᠠᠯ ᠤᠨ ᠬᠤᠭᠤᠴᠠᠭ᠎ᠠ    ︵ᠨᠢᠭᠡ︶ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠤᠭᠤᠴᠠᠭ᠎ᠠ᠄ 2021 ᠣᠨ ᠤ 9 ᠰᠠᠷ᠎ᠠ ᠶᠢᠨ 1 ᠤ ᠡᠳᠦᠷ ᠠᠴᠠ 2021 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠬᠤᠭᠤᠴᠠᠭ᠎ᠠ ᠨᠢ ᠬᠡᠲᠦᠷᠡᠪᠡᠯ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠭᠠᠷᠳᠠᠮ ᠢ ᠳᠠᠭᠢᠵᠤ ᠭᠦᠢᠴᠡᠳᠬᠡᠭᠦ ᠥᠬᠡᠶ᠃    ︵ᠬᠤᠶᠠᠷ︶ ᠬᠠᠷᠠᠭᠠᠯᠵᠠᠯ ᠭᠥᠷᠳᠡᠬᠦ ᠬᠤᠭᠤᠴᠠᠭ᠎ᠠ᠄ 2022 ᠣᠨ ᠤ 1ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 31 ᠤ ᠡᠳᠦᠷ᠃ ᠬᠤᠲᠠ ᠬᠥᠳᠡᠭᠡ ᠶᠢᠨ ᠰᠠᠭᠤᠭᠠᠯᠢ ᠠᠷᠠᠳ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠬᠤᠪᠢ ᠬᠥᠮᠦᠨ ᠤ ᠰᠦᠢᠳᠬᠡᠯ ᠲᠤᠰᠢᠶᠠᠬᠤ ᠶᠢ ᠪᠡᠶᠡᠯᠡᠭᠦᠯᠪᠡᠯ ᠰᠠᠶ᠋ᠢ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠵᠦ ᠪᠣᠯᠤᠨ᠎ᠠ᠂ ᠬᠤᠭᠤᠴᠠᠭ᠎ᠠ ᠬᠡᠲᠦᠷᠡᠵᠦ ᠰᠦᠢᠳᠬᠡᠯ ᠲᠤᠰᠢᠶᠠᠭᠰᠠᠨ ᠥᠬᠡᠶ ᠪᠠᠶᠢᠪᠠᠯ ᠳᠠᠭᠠᠳᠬᠠᠯ ᠳᠤ ᠣᠷᠣᠯᠴᠠᠭᠰᠠᠨ ᠥᠬᠡᠶ ᠪᠠᠷ ᠦᠵᠡᠵᠦ᠂ ᠲᠤᠬᠠᠶ ᠶᠢᠨ ᠵᠢᠯ ᠳᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠥᠬᠦᠶ ᠬᠠᠷᠠᠭᠠᠯᠵᠠᠯ ᠢ ᠭᠥᠷᠳᠡᠵᠦ ᠳᠡᠶᠢᠯᠬᠦ ᠥᠬᠡᠶ᠃    ︵ᠭᠤᠷᠪᠠ︶ 2022 ᠣᠨ ᠤ ᠲᠦᠩᠯᠢᠶᠣᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠶᠢ ᠪᠣᠭᠤᠨᠢᠰᠬᠠᠵᠤ᠂ ᠥᠩᠭᠡᠷᠡᠭᠰᠡᠨ ᠤ ᠵᠢᠯ ᠠᠯᠤᠰᠯᠠᠨ ᠰᠦᠢᠳᠬᠡᠯ ᠲᠤᠰᠢᠶᠠᠬᠤ ᠵᠠᠭᠪᠤᠷ ᠢ ᠳᠠᠭᠢᠵᠤ ᠬᠡᠷᠡᠭᠵᠢᠭᠦᠯᠬᠦ ᠥᠬᠡᠶ ᠃ ᠳᠤᠮᠳᠠ ᠠᠴᠠ ᠨᠢ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ ᠣᠨᠴᠣᠭᠤᠶ ᠬᠥᠮᠦᠰ ᠪᠣᠯᠤᠨ ᠨᠢᠯᠬ᠎ᠠ ᠬᠡᠦᠬᠡᠳ ᠠᠴᠠ ᠭᠠᠳᠠᠨ᠎ᠠ᠂ ᠪᠤᠰᠤᠳ ᠳᠠᠭᠠᠳᠬᠠᠯ ᠳᠤ ᠣᠷᠣᠯᠴᠠᠭᠴᠢ ᠰᠦᠢᠳᠬᠡᠯ ᠲᠤᠰᠢᠶᠠᠬᠤ ᠬᠤᠭᠤᠴᠠᠭ᠎ᠠ ᠠᠴᠠ ᠪᠠᠨ ᠬᠡᠲᠦᠷᠡᠭᠡᠳ ᠳᠤᠮᠳᠠ ᠠᠴᠠ ᠨᠢ ᠳᠠᠭᠠᠳᠬᠠᠯ ᠳᠤ ᠣᠷᠣᠯᠴᠠᠵᠤ ᠪᠣᠯᠬᠤ ᠦᠭᠡᠶ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠪᠠᠨ ᠵᠣᠭᠰᠣᠭᠠᠭᠰᠠᠨ 3 ᠰᠠᠷ᠎ᠠ ᠶᠢᠨ ᠳᠣᠲᠣᠷ᠎ᠠ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ᠂ ᠵᠢᠴᠢ ᠨᠢᠯᠬ᠎ᠠ ᠬᠡᠦᠬᠡᠳ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠵᠡᠷᠭᠡ ᠣᠨᠴᠣᠭᠤᠶ ᠬᠥᠮᠦᠰ ᠲᠤ ᠬᠠᠷᠠᠭᠠᠯᠵᠠᠯ ᠬᠦᠷᠲᠡᠭᠡᠬᠦ ᠬᠦᠯᠢᠶᠡᠯᠲᠡ ᠶᠢᠨ ᠬᠤᠭᠤᠴᠠᠭ᠎ᠠ ᠭᠡᠵᠦ ᠲᠣᠬᠢᠷᠠᠭᠤᠯᠬᠤ ᠥᠬᠡᠶ᠃    ︵ᠳᠥᠷᠪᠡ︶ ᠨᠢᠯᠬ᠎ᠠ ᠬᠡᠦᠬᠡᠳ ᠲᠥᠷᠥᠭᠰᠡᠨ ᠤ ᠳᠠᠷᠠᠭᠠᠬᠢ 90 ᠡᠳᠦᠷ ᠤᠨ ᠳᠣᠲᠣᠷ᠎ᠠ ᠳᠠᠭᠠᠳᠬᠠᠯ ᠳᠤ ᠣᠷᠣᠬᠤ ᠳᠡᠩᠰᠡᠯᠡᠯᠲᠡ ᠬᠢᠯᠭᠡᠵᠦ᠂ ᠲᠥᠷᠥᠭᠰᠡᠨ ᠡᠳᠦᠷ ᠠᠴᠠ ᠪᠠᠨ ᠡᠬᠢᠯᠡᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠨ᠎ᠡ᠂ ᠡᠰᠡ ᠲᠡᠭᠡᠪᠡᠯ ᠳᠠᠭᠠᠳᠬᠠᠯ ᠳᠤ ᠣᠷᠣᠬᠤ ᠳᠡᠩᠰᠡᠯᠡᠯᠲᠡ ᠬᠢᠯᠭᠡᠭᠰᠡᠨ ᠡᠳᠦᠷ ᠠᠴᠠ ᠡᠬᠢᠯᠡᠨ 12 ᠰᠠᠷ᠎ᠠ ᠶᠢᠨ 31 ᠤ ᠡᠳᠦᠷ ᠪᠣᠯᠲᠠᠯ᠎ᠠ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠨ᠎ᠡ᠃    ᠳᠥᠷᠪᠡ᠂ ᠰᠦᠢᠳᠬᠡᠯ ᠲᠤᠰᠢᠶᠠᠬᠤ ᠠᠷᠭ᠎ᠠ ᠮᠠᠶ᠋ᠢᠭ ᠵᠢᠴᠢ ᠴᠤᠪᠤᠷᠠᠯ   ︵ᠨᠢᠭᠡ︶ 2022 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠪᠥᠬᠦ ᠲᠤᠭ᠎ᠠ ᠪᠠᠷ ᠲᠤᠰᠢᠶᠠᠬᠤ ᠡᠩ ᠤᠨ ᠰᠠᠭᠤᠭᠠᠯᠢ ᠠᠷᠠᠳ᠂ ᠰᠢᠭᠤᠳ ᠸᠢᠴᠠᠲ᠂ ᠲᠣᠭᠠᠴᠠᠭ᠎ᠠ ᠬᠢᠬᠦ ᠡᠷᠳᠡᠨᠢ᠂ ᠮᠥᠩᠬᠡ ᠰᠤᠪᠠᠭ᠂ ᠭᠠᠶᠢᠯᠢ ᠶᠢᠨ ᠶᠠᠪᠤᠳᠠᠯ ᠤᠨ App ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠲᠤᠰᠢᠶᠠᠨ᠎ᠠ᠃    ︵ᠬᠤᠶᠠᠷ︶ 2022 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠪᠥᠬᠦ ᠲᠤᠭ᠎ᠠ ᠪᠠᠷ ᠨᠢ ᠥᠯᠥ ᠲᠤᠰᠢᠶᠠᠬᠤ ᠣᠨᠴᠣᠭᠤᠶ ᠬᠥᠮᠦᠰ ᠢ ᠤᠷᠢᠳᠠᠪᠠᠷ ᠡᠯ᠎ᠡ ᠰᠤᠮᠤ ᠰᠢᠶᠠᠩ ᠪᠠᠯᠭᠠᠰᠤ ᠪᠣᠯᠤᠨ ᠨᠡᠶᠢᠭᠡᠮ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠭᠦ ᠠᠵᠢᠯᠲᠠᠳ ᠠᠴᠠ ᠬᠢᠨᠠᠨ ᠲᠣᠭᠲᠠᠭᠠᠵᠤ᠂ ᠳᠠᠷᠠᠭ᠎ᠠ ᠨᠢ ᠸᠢᠴᠠᠲ᠂ ᠲᠣᠭᠠᠴᠠᠭ᠎ᠠ ᠬᠢᠬᠦ ᠡᠷᠳᠡᠨᠢ᠂ ᠮᠥᠩᠬᠡ ᠰᠤᠪᠠᠭ᠂ ᠭᠠᠶᠢᠯᠢ ᠶᠢᠨ ᠶᠠᠪᠤᠳᠠᠯ ᠤᠨ App ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠲᠤᠰᠢᠶᠠᠨ᠎ᠠ᠃    ︵ᠭᠤᠷᠪᠠ︶ ᠡᠯ᠎ᠡ ᠰᠤᠮᠤ ᠰᠢᠶᠠᠩ ᠪᠠᠯᠭᠠᠰᠤ ᠪᠠ ᠨᠡᠶᠢᠭᠡᠮ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠭᠦ ᠠᠵᠢᠯᠲᠠᠳ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠳᠤ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠣᠷᠣᠭᠤᠯᠬᠤ ᠳᠠᠭᠠᠨ ᠡᠷᠬᠡᠪᠰᠢ ᠳᠠᠩᠰᠠᠯᠠᠵᠤ ᠺᠠᠷᠲᠯᠠᠭᠰᠠᠨ᠂ ᠠᠰᠠᠷᠠᠨ ᠬᠠᠷᠠᠭᠠᠯᠵᠠᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠵᠡᠮᠳᠡᠭ ᠵᠡᠷᠭᠡ ᠣᠨᠴᠣᠭᠤᠶ ᠬᠥᠮᠦᠰ ᠤᠨ ᠪᠡᠶ᠎ᠡ ᠭᠠᠷᠤᠯ ᠢ ᠣᠨᠣᠪᠴᠢᠲᠠᠶ ᠬᠢᠨᠠᠨ ᠬᠠᠷᠭᠤᠭᠤᠯᠬᠤ ᠬᠡᠷᠡᠭᠲᠡᠶ᠃    ︵ᠳᠥᠷᠪᠡ︶ ᠪᠣᠳᠠᠲᠠᠶ ᠲᠤᠰᠢᠶᠠᠭᠰᠠᠨ ᠢ ᠨᠢ ᠨᠤᠲᠠᠯᠠᠭᠰᠠᠨ ᠤ ᠳᠠᠷᠠᠭ᠎ᠠ᠂ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠭᠦ ᠠᠵᠢᠯᠲᠠᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠰᠠᠭᠤᠭᠠᠯᠢ ᠠᠷᠠᠳ ᠤᠨ ᠨᠡᠷᠡᠰ ᠢ ᠳᠠᠷᠤᠮᠠᠯᠯᠠᠵᠤ᠂ ᠭᠠᠴᠠᠭ᠎ᠠ ᠲᠣᠰᠬᠤᠨ ᠤ ᠵᠠᠬᠢᠷᠭ᠎ᠠ ᠪᠤᠶᠤ ᠨᠡᠶᠢᠭᠡᠮ ᠲᠣᠭᠤᠷᠢᠭ ᠲᠤ ᠵᠠᠷᠯᠠᠨ ᠨᠡᠶᠢᠲᠡᠯᠡᠨ᠎ᠡ᠃    ᠲᠠᠪᠤ  ᠂ ᠠᠵᠢᠯ ᠤᠨ ᠱᠠᠭᠠᠷᠳᠠᠯᠭ᠎ᠠ    ︵ᠨᠢᠭᠡ︶ ᠥᠷᠭᠡᠨ ᠳᠡᠯᠭᠡᠷ ᠤᠬᠠᠭᠤᠯᠵᠤ᠂ ᠳᠠᠭᠠᠳᠬᠠᠯ ᠳᠤ ᠣᠷᠤᠬᠤ ᠵᠣᠬᠢᠰᠲᠠᠢ ᠪᠦᠬᠦᠨ ᠢ ᠳᠠᠭᠠᠳᠬᠠᠯ ᠳᠤ ᠣᠷᠤᠭᠤᠯᠬᠤ ᠶᠢ ᠪᠡᠶᠡᠯᠡᠭᠦᠯᠬᠦ ᠬᠡᠷᠡᠭᠲᠡᠶ᠃ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ ᠲᠥᠪ ᠨᠢ ᠳᠠᠭᠠᠳᠬᠠᠯ ᠳᠤ ᠣᠷᠣᠯᠴᠠᠬᠤ ᠬᠡᠪᠴᠢᠶ᠎ᠡ᠂ ᠰᠦᠢᠳᠬᠡᠯ ᠲᠤᠰᠢᠶᠠᠬᠤ ᠪᠠᠷᠢᠮᠵᠢᠶ᠎ᠠ᠂ ᠰᠦᠢᠳᠬᠡᠯ ᠲᠤᠰᠢᠶᠠᠬᠤ ᠠᠷᠭ᠎ᠠ ᠮᠠᠶ᠋ᠢᠭ᠂ ᠰᠦᠢᠳᠬᠡᠯ ᠲᠤᠰᠢᠶᠠᠬᠤ ᠬᠤᠭᠤᠴᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠵᠡᠷᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠷᠦᠬᠡ ᠪᠦᠷᠢ ᠳᠤ ᠮᠡᠳᠡᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠡᠷᠬᠡᠪᠰᠢ ᠳᠠᠭᠠᠳᠬᠠᠯ ᠳᠤ ᠣᠷᠣᠯᠴᠠᠬᠤ ᠨᠣᠷᠮ᠎ᠠ ᠶᠢ ᠡᠷᠦᠬᠡ ᠠᠮᠠ ᠶᠢᠨ ᠳᠠᠩᠰᠠ ᠲᠠᠢ ᠬᠦᠮᠦᠨ ᠠᠮᠠ ᠶᠢᠨ 95 % ᠠᠴᠠ ᠳᠡᠭᠡᠭᠰᠢ ᠳᠤ ᠬᠦᠷᠭᠡᠬᠦ ᠬᠡᠷᠡᠭᠲᠡᠶ᠃ ᠢᠯᠠᠩᠭᠤᠶ᠎ᠠ ᠨᠢᠯᠬ᠎ᠠ ᠬᠡᠦᠬᠡᠳ᠂ ᠳᠠᠩᠰᠠᠯᠠᠵᠤ ᠺᠠᠷᠲᠯᠠᠭᠰᠠᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠠᠰᠠᠷᠠᠨ ᠬᠠᠷᠠᠭᠠᠯᠵᠠᠬᠤ᠂ ᠵᠡᠮᠳᠡᠭ ᠵᠡᠷᠭᠡ ᠣᠨᠴᠠᠭᠠᠶ ᠬᠥᠮᠦᠰ ᠤᠨ ᠬᠠᠮᠲᠤᠯᠢᠭ ᠢᠶᠠᠷ ᠭᠤᠤᠯᠳᠠᠯᠭ᠎ᠠ ᠪᠣᠯᠭᠠᠵᠤ᠂ ᠳᠠᠭᠠᠳᠬᠠᠯ ᠠᠴᠠ ᠭᠤᠭᠤᠵᠢᠭᠳᠠᠬᠤ᠂ ᠳᠠᠭᠠᠳᠬᠠᠯ ᠠᠴᠠ ᠲᠠᠰᠤᠯᠳᠠᠬᠤ ᠶᠢ ᠰᠡᠷᠭᠡᠶᠢᠯᠡᠨ ᠬᠤᠷᠢᠭᠯᠠᠵᠤ᠂ ᠡᠷᠬᠡᠪᠰᠢ ᠳᠠᠭᠠᠳᠬᠠᠯ ᠳᠤ ᠣᠷᠣᠯᠴᠠᠬᠤ ᠶᠢ ᠪᠦᠷᠢᠨ ᠪᠥᠷᠬᠦᠭᠦᠯᠬᠦ ᠬᠡᠷᠡᠭᠲᠡᠶ᠃    ︵ᠬᠤᠶᠠᠷ︶ ᠤᠳᠤᠷᠢᠳᠤᠯᠭ᠎ᠠ ᠪᠠᠨ ᠴᠢᠩᠭᠠᠷᠠᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ ᠲᠥᠪ ᠨᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠤ᠂ ᠪᠠᠯᠭᠠᠰᠤᠨ ᠳᠠᠷᠤᠭ᠎ᠠ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ ᠲᠥᠪ ᠤᠨ ᠡᠷᠬᠢᠯᠡᠭᠴᠢ ᠪᠠᠷ ᠭᠤᠤᠯ ᠬᠠᠷᠢᠭᠤᠴᠠᠯᠭᠠᠲᠠᠨ ᠪᠣᠯᠭᠠᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠰᠢᠭᠤᠳ ᠬᠠᠷᠢᠭᠤᠴᠠᠯᠭᠠᠲᠠᠨ ᠪᠣᠯᠭᠠᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠬᠠᠮᠲᠤ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ ᠪᠣᠳᠠᠲᠠᠶᠢᠵᠢᠭᠤᠯᠬᠤ ᠬᠡᠷᠡᠭᠲᠡᠶ᠃    ︵ᠭᠤᠷᠪᠠ︶ ᠠᠵᠢᠯ ᠢᠶᠠᠨ ᠬᠤᠪᠢᠳᠠᠨ ᠬᠠᠷᠢᠭᠤᠴᠠᠯᠭ᠎ᠠ ᠬᠤᠪᠢᠶᠠᠵᠤ᠂ ᠮᠥᠷᠳᠡᠵᠦ ᠬᠢᠨᠠᠨ ᠵᠢᠯᠣᠭᠤᠳᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ ᠲᠥᠪ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠳᠡᠩᠰᠡᠯᠡᠨ ᠬᠢᠨᠠᠨ ᠪᠠᠶᠢᠴᠠᠭᠠᠬᠤ ᠰᠢᠰᠲ᠋ᠧᠮ ᠤᠨ ᠲᠤᠭ᠎ᠠ ᠪᠠᠷᠢᠮᠲᠠ ᠶᠢ ᠴᠤᠭᠯᠠᠭᠤᠯᠤᠨ ᠳᠡᠩᠰᠡᠯᠡᠵᠦ ᠬᠥᠮᠥᠷᠭᠡ ᠳᠤ ᠣᠷᠣᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2021 ᠣᠨ ᠤ 12 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠤᠨ ᠰᠢᠯᠲᠠᠭᠠᠨ ᠢ ᠲᠣᠳᠣᠷᠬᠠᠶᠢᠯᠠᠨ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠴᠠᠭ ᠲᠤᠬᠠᠶ ᠳᠤᠨᠢ ᠰᠢᠮᠳᠠᠭᠤᠯᠵᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ ᠲᠥᠪ ᠢ ᠬᠠᠪᠰᠤᠷᠤᠨ ᠰᠦᠢᠳᠬᠡᠯ ᠲᠤᠰᠢᠶᠠᠬᠤ ᠥᠬᠡᠶ ᠪᠤᠶᠤ ᠬᠠᠰᠤᠵᠤ ᠬᠡᠯᠲᠦᠷᠢᠭᠦᠯᠬᠦ ᠵᠡᠷᠭᠡ ᠣᠨᠴᠠᠭᠠᠶ ᠬᠥᠮᠦᠰ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠢᠨᠠᠨ ᠬᠠᠷᠭᠤᠭᠤᠯᠵᠤ ᠰᠢᠨᠡᠳᠭᠡᠨ᠂ ᠬᠥᠮᠦᠰ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠬᠤ ᠶᠢᠨ ᠬᠠᠮᠲᠤ ᠮᠥᠷᠳᠡᠨ ᠬᠢᠨᠠᠨ ᠵᠢᠯᠣᠭᠤᠳᠬᠤ ᠶᠢ ᠰᠠᠶᠢᠲᠤᠷ ᠬᠢᠵᠦ᠂ ᠣᠨᠴᠠᠭᠠᠶ ᠬᠥᠮᠦᠰ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 100 % ᠳᠤ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠥᠬᠦ ᠬᠤᠰᠢᠭᠤᠨ ᠤ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠰᠦᠢᠳᠬᠡᠯ ᠲᠤᠰᠢᠶᠠᠬᠤ ᠬᠤᠭᠤᠴᠠᠭᠠᠨ ᠳᠤ ᠰᠦᠢᠳᠬᠡᠯ ᠲᠤᠰᠢᠶᠠᠭᠰᠠᠨ ᠥᠬᠡᠶ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠴᠠᠭ ᠲᠤᠬᠠᠶ ᠳᠤᠨᠢ ᠰᠢᠪᠠᠳᠠᠨ ᠳᠠᠭᠠᠳᠬᠠᠯ ᠳᠤ ᠣᠷᠤᠯᠴᠠᠭᠤᠯᠤᠨ ᠰᠦᠢᠳᠬᠡᠯ ᠲᠤᠰᠢᠶᠠᠯᠭᠠᠵᠤ᠂ ᠪᠥᠬᠦ ᠬᠤᠰᠢᠭᠤᠨ ᠤ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 100 % ᠳᠤ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2021 ᠣᠨ ᠤ 9 ᠰᠠᠷ᠎ᠠ ᠶᠢᠨ 1 ᠤ ᠡᠳᠦᠷ
 
ᠢᠷᠡᠯᠲᠡ᠄ ᠰᠠᠭᠤᠭᠳᠠᠯᠳᠦ ᠭᠦᠷᠢᠶ᠎ᠡ ᠸᠢᠴᠠᠲ ᠲᠠᠪᠴᠠᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号