ᠳᠤᠮᠳᠠᠳᠤ ᠶᠢᠨ ᠦᠨᠳᠦᠰᠦᠳᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2021/10/29
    ᠰᠤᠷᠪᠤᠯᠵᠢᠯᠠᠭᠰᠠᠨ ᠵᠣᠴᠢᠨ᠄ ᠬᠦᠷᠢᠶ᠎ᠡ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ  ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ   ᠸᠠᠩ ᠱᠠᠨ ᠬᠤ᠋    ᠭᠤᠤᠯ ᠠᠭᠤᠯᠭ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠶ᠎ᠠ    ᠬᠥᠲᠥᠯᠥᠭᠴᠢ᠄ ᠸᠠᠩ ᠡᠷᠬᠢᠯᠡᠭᠴᠢ ᠲᠠ ᠰᠠᠶᠢᠨ ᠤᠤ︖ ᠬᠦᠷᠢᠶ᠎ᠡ ᠬᠤᠰᠢᠭᠤ ᠶᠠᠭ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠶ ᠡᠭᠦᠳᠦᠨ ᠪᠠᠶᠢᠭᠤᠯᠵᠤ ᠪᠠᠶᠢᠨ᠎ᠠ᠂ ᠲᠡᠭᠡᠪᠡᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠣᠳᠠᠲᠠᠶ ᠠᠵᠢᠯ ᠤᠨ ᠬᠠᠷᠠᠯᠲᠠ ᠨᠢ ᠶᠠᠭᠤ ᠪᠣᠶ︖    ᠸᠠᠩ ᠱᠠᠨ ᠬᠤ᠋᠄ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ  ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠨᠠᠩ ᠪᠠᠲᠤ ᠪᠠᠬᠢ ᠪᠤᠯᠵᠦ᠂ ᠦᠨᠳᠦᠰᠦᠲᠡᠨ ᠨᠦᠭᠦᠳ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠢᠯᠡᠳᠲᠡ  ᠲᠡᠬᠡᠭᠰᠢᠯᠡᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠲᠡᠶ  ᠠᠬᠢᠭᠤᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ  ᠶᠢᠨ ᠣᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠵᠦ᠂ ᠮᠠᠨ ᠤ ᠬᠤᠰᠢᠭᠤ ᠪᠠᠨ ᠦᠨᠳᠦᠰᠦᠲᠡᠨ  ᠨᠦᠭᠦᠳ ᠤᠨ ᠣᠯᠠᠨ ᠲᠦᠮᠡᠨ ︽ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠭᠰᠡᠨ︾ ᠰᠠᠶᠢᠨ ᠰᠠᠶᠢᠬᠠᠨ ᠭᠡᠷ ᠣᠷᠣᠨ ᠪᠣᠯᠭᠠᠨ ᠪᠦᠲᠦᠭᠡᠨ ᠪᠠᠶᠢᠭᠤᠯᠵᠦ᠂ ᠲᠤᠰ ᠭᠠᠵᠠᠷ ᠣᠷᠣᠨ ᠤ ᠠᠵᠤ ᠠᠬᠤᠶ ᠨᠡᠶᠢᠭᠡᠮ  ᠤᠨ ᠴᠢᠨᠠᠷ ᠰᠠᠶᠢᠲᠠᠶ ᠬᠥᠭᠵᠢᠯᠲᠡ ᠳᠤ ᠡᠶ᠎ᠡ ᠵᠣᠬᠢᠴᠠᠩᠭᠤᠶ ᠲᠣᠭᠲᠠᠭᠤᠨ ᠣᠷᠴᠢᠨ ᠲᠣᠭᠤᠷᠢᠨ ᠢ ᠴᠢᠷᠮᠠᠶᠢᠨ ᠡᠭᠦᠳᠴᠦ ᠥᠭᠭᠦᠨ᠎ᠡ᠃ ᠡᠭᠦᠳᠦᠨ ᠪᠠᠶᠢᠭᠤᠯᠬᠤ ᠪᠠᠷ ᠲᠠᠮᠵᠢᠨ᠂ ᠦᠨᠳᠦᠰᠦᠲᠡᠨ ᠤ ᠭᠠᠵᠠᠷ ᠣᠷᠣᠨ ᠤ ᠲᠡᠩᠴᠡᠭᠦᠷᠢᠲᠡᠢ ᠬᠥᠭᠵᠢᠯᠲᠡ ᠶᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠢᠯᠡᠳᠲᠡ ᠰᠠᠶᠢᠵᠢᠷᠠᠭᠤᠯᠤᠨ᠂ ᠦᠨᠳᠦᠰᠦᠲᠡᠨ ᠤ ᠭᠠᠵᠠᠷ ᠣᠷᠣᠨ ᠤ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠲᠠᠪᠰᠢᠭᠤᠯᠵᠦ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ  ᠢ ᠦᠨᠡᠨ ᠬᠦ ᠪᠠᠲᠤᠯᠠᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠢᠯᠡᠳᠲᠡ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠬᠥᠮᠦᠰ  ᠤᠨ ᠰᠡᠳᠬᠢᠯ ᠢ ᠨᠢᠭᠲᠠᠷᠠᠭᠤᠯᠤᠨ ᠬᠦᠴᠦᠨ ᠴᠢᠳᠠᠯ ᠢ ᠲᠦᠪᠯᠡᠷᠡᠭᠦᠯᠦᠨ᠎ᠡ᠃    ᠬᠥᠲᠥᠯᠥᠭᠴᠢ᠄ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠤᠤᠯ ᠡᠭᠦᠷᠭᠡ ᠨᠢ ᠶᠠᠭᠤ ᠪᠣᠶ︖    ᠸᠠᠩ ᠱᠠᠨ ᠬᠤ᠋᠄ ᠡᠭᠦᠳᠦᠨ ᠪᠠᠶᠢᠭᠤᠯᠬᠤ ᠠᠵᠢᠯ ᠢ 2020 ᠣᠨ ᠳᠤ ᠡᠬᠢᠯᠡᠭᠦᠯᠦᠭᠰᠡᠨ ᠠᠴᠠ ᠨᠠᠰᠢ᠂ ᠮᠠᠨ ᠤ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠢᠭᠡ ᠵᠦᠶᠯ ᠤᠨ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ ᠪᠤᠰᠤᠳ ᠭᠤᠤᠯᠳᠠᠯᠭ᠎ᠠ ᠲᠠᠢ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠳᠥᠯᠭᠢᠨ ᠠᠬᠢᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠲᠥᠰᠦᠯ ᠲᠣᠭᠲᠠᠭᠠᠨ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠢᠵᠦ ᠲᠣᠬᠢᠷᠠᠭᠤᠯᠤᠨ᠂ ᠰᠢᠪᠠᠳᠠᠨ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠵᠤ᠂ ᠥᠨᠳᠥᠷ ᠪᠠᠶᠢᠷᠢᠨ ᠠᠴᠠ ᠳᠥᠯᠭᠢᠨ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠲᠡᠭᠡᠪᠡᠯ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠤᠤᠯ ᠡᠭᠦᠷᠭᠡ ᠶᠢ ᠳᠡᠭᠡᠳᠦ ᠬᠡᠮᠵᠢᠶ᠎ᠡ ᠪᠠᠷ ᠬᠤᠷᠢᠶᠠᠩᠭᠤᠶᠢᠯᠠᠪᠠᠯ ᠳᠣᠤᠷᠠᠬᠢ ᠬᠡᠳᠦᠨ ᠲᠠᠯ᠎ᠠ ᠪᠣᠶ᠄ ᠨᠢᠭᠡ ᠳᠤ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ᠎ᠠ︔ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠦᠨ᠎ᠡ︔ ᠭᠤᠷᠪᠠ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠤᠨ᠎ᠠ︔ ᠳᠥᠷᠪᠡ ᠳᠤ᠂ ᠰᠢᠬᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠤᠨ᠎ᠠ︔ ᠲᠠᠪᠤ  ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠬᠡᠷᠡᠭᠯᠡᠯᠲᠡ ᠶᠢ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠠᠬᠢᠭᠤᠯᠤᠨ᠎ᠠ︔ ᠵᠢᠷᠭᠤᠭ᠎ᠠ ᠳᠤ᠂ ᠬᠥᠭᠵᠢᠯᠲᠡ ᠶᠢᠨ ᠤᠢᠢᠯᠠᠭᠠᠭᠲᠠᠬᠤᠨ ᠢ ᠲᠠᠰᠤᠷᠠᠯᠲᠠ ᠦᠭᠡᠢ ᠰᠢᠨᠡᠴᠢᠯᠡᠵᠦ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︔ ᠳᠣᠯᠤᠭ᠎ᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ︔ ᠨᠠᠢᠮᠠ ᠳᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠳᠤᠯᠠᠨ᠎ᠠ᠃    ᠬᠥᠲᠥᠯᠥᠭᠴᠢ᠄ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠤᠤᠯᠳᠠᠯᠭ᠎ᠠ ᠨᠢ ︽ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ᠂ ᠰᠤᠷᠭᠠᠭᠤᠯᠢ᠂ ᠰᠤᠮᠤᠨ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠲᠣᠤᠷ ᠰᠦᠯᠵᠢᠶ᠎ᠡ︾ ᠵᠡᠷᠭᠡ ᠬᠦᠷᠢᠶᠡᠨ ᠳᠤ ︽ᠨᠠᠶᠮᠠ ᠳᠤ ᠣᠷᠣᠭᠤᠯᠬᠤ︾ ᠠᠵᠢᠯᠯᠠᠭ᠎ᠠ ᠶᠢ ᠦᠷᠨᠢᠭᠦᠯᠭᠦ ᠪᠤᠯᠤᠨ᠎ᠠ᠃ ᠲᠡᠭᠡᠪᠡᠯ᠂ ᠡᠯ᠎ᠡ ᠬᠦᠷᠢᠶᠡᠨ ᠳᠤ ᠡᠭᠦᠳᠦᠨ ᠪᠠᠶᠢᠭᠤᠯᠬᠤ ᠠᠵᠢᠯ ᠤᠨ ᠭᠤᠤᠯᠳᠠᠯᠭ᠎ᠠ ᠶᠢ ᠬᠡᠷᠬᠢᠨ ᠡᠵᠡᠮᠰᠢᠵᠦ ᠠᠵᠢᠯ  ᠢᠶᠠᠨ ᠥᠷᠨᠢᠭᠦᠯᠬᠦ ᠪᠣᠶ︖    ᠸᠠᠩ ᠱᠠᠨ ᠬᠤ᠋᠄ ︽ᠪᠠᠶᠢᠭᠤᠯᠭ᠎ᠠ ᠳᠤ ᠤᠷᠤᠭᠤᠯᠬᠤ︾ ᠪᠣᠯ ᠭᠤᠤᠯᠳᠠᠭᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠤᠨ᠎ᠠ᠃ ︽ᠪᠦᠯᠬᠦᠮᠳᠡᠯ ᠢ ᠡᠷᠬᠢᠮᠯᠡᠬᠦ᠂ ᠳᠦᠷᠢ ᠲᠥᠷᠬᠦ ᠶᠢ ᠪᠣᠶ ᠪᠣᠯᠭᠠᠬᠤ᠂ ᠬᠥᠭᠵᠢᠯᠲᠡ ᠶᠢ ᠠᠬᠢᠭᠤᠯᠬᠤ᠂ ᠲᠣᠭᠲᠠᠭᠤᠨ ᠢ ᠪᠠᠲᠤᠯᠠᠬᠤ︾ ᠭᠤᠤᠯ ᠰᠡᠳᠦᠪᠲᠦ ᠬᠥᠮᠦᠵᠢᠯ ᠪᠠ ᠨᠡᠶᠢᠭᠡᠮ ᠤᠨ ᠦᠶᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠰᠣᠶᠣᠯ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠣᠳᠠᠲᠠᠶ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠵᠦ᠂ ᠦᠨᠳᠦᠰᠦᠲᠡᠨ ᠤ ᠭᠠᠵᠠᠷ ᠣᠷᠣᠨ ᠤ ᠰᠠᠭᠤᠷᠢ ᠲᠥᠬᠦᠭᠡᠷᠦᠮᠵᠢ ᠪᠠ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ︔ ︽ᠠᠵᠤ ᠠᠬᠤᠶᠢᠯᠠᠯ ᠳᠤ ᠤᠷᠤᠭᠤᠯᠬᠤ︾ ᠭᠡᠳᠡᠭ ᠨᠢ ᠭᠤᠣᠯᠳᠠᠭᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠵᠤ ᠠᠬᠤᠶᠢᠯᠠᠯ ᠤᠨ ᠬᠠᠮᠢᠶᠠᠷᠤᠯᠲᠠ ᠪᠠ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠳᠤ ᠠᠭᠤᠰᠬᠠᠨ ᠣᠷᠣᠭᠤᠯᠵᠤ᠂ ᠪᠦᠯᠬᠦᠮᠳᠡᠯ  ᠢ ᠡᠷᠬᠢᠮᠯᠡᠬᠦ  ᠨᠠᠶᠢᠯᠠᠮᠠᠯ ᠬᠦᠴᠦᠨ ᠢ ᠨᠢᠭᠲᠠᠷᠠᠭᠤᠯᠬᠤ᠂ ᠰᠢᠨ᠎ᠡ ᠶᠢ ᠡᠭᠦᠳᠬᠦ ᠶᠢ ᠡᠷᠬᠢᠮᠯᠡᠵᠦ ᠬᠥᠭᠵᠢᠯᠲᠡ ᠶᠢ ᠠᠬᠢᠭᠤᠯᠬᠤ᠂ ᠦᠨᠡᠨᠴᠢ ᠢᠲᠡᠭᠡᠮᠵᠢ ᠶᠢ ᠡᠷᠬᠢᠮᠯᠡᠵᠦ ᠳᠦᠷᠢ ᠲᠥᠷᠬᠦ ᠶᠢ ᠪᠤᠢ ᠪᠣᠯᠭᠠᠬᠤ᠂ ᠬᠠᠷᠢᠭᠤᠴᠠᠯᠭ᠎ᠠ ᠶᠢ ᠡᠷᠬᠢᠮᠯᠡᠵᠦ ︽ᠳᠦᠷᠪᠡ ᠶᠢ ᠡᠷᠬᠢᠮᠯᠡᠬᠦ ᠳᠤ ᠵᠤᠷᠢᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠢᠯ ᠣᠯᠭᠤᠯᠲᠠ ᠶᠢ ᠢᠳᠡᠪᠬᠢᠲᠡᠢ ᠪᠠᠷ ᠬᠦᠯᠢᠶᠡᠨ ᠠᠪᠴᠤ᠂ ᠦᠨᠳᠦᠰᠦᠲᠡᠨ ᠨᠦᠭᠦᠳ ᠤᠨ ᠠᠵᠢᠯᠳᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ ᠦᠢᠯᠡᠰ ᠢ ᠲᠤᠬᠢᠷᠠᠭᠤᠯᠵᠤ᠂ ᠨᠡᠶᠢᠭᠡᠮ ᠤᠨ ᠦᠢᠯᠡᠴᠢᠯᠡᠭᠡ ᠶᠢ ᠥᠷᠨᠢᠭᠦᠯᠬᠦ ᠳᠡᠭᠡᠨ ᠤᠯᠠᠨ ᠲᠦᠮᠡᠨ ᠤ ᠠᠰᠢᠭ ᠲᠤᠰᠠ  ᠶᠢ ᠭᠦᠢᠴᠡᠳ ᠪᠣᠳᠣᠯᠬᠢᠯᠠᠬᠤ ᠬᠡᠷᠡᠭᠲᠡᠢ︔ ︽ᠨᠡᠶᠢᠭᠡᠮ ᠲᠣᠭᠤᠷᠢᠭ ᠲᠤ ᠤᠷᠤᠭᠤᠯᠬᠤ︾ ᠨᠢ ᠭᠤᠣᠯᠳᠠᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠤᠨ ᠴᠢᠬᠤᠯᠠ ᠠᠭᠤᠯᠭ᠎ᠠ ᠪᠣᠯᠭᠠᠵᠤ᠂ ︽ᠦᠨᠳᠦᠰᠦᠲᠡᠨ ᠨᠦᠭᠦᠳ ᠨᠢᠬᠡ ᠭᠡᠷ ᠤᠨ ᠬᠥᠮᠦᠨ︾᠂ ︽ᠨᠠᠮ ᠪᠠ ᠣᠯᠠᠨ ᠲᠦᠮᠡᠨ ᠰᠡᠳᠬᠢᠯ ᠵᠢᠷᠦᠬᠡ ᠪᠠᠨ ᠬᠤᠯᠪᠣᠬᠤ︾᠂ ︽ᠬᠥᠷᠰᠢ ᠵᠡᠷᠭᠡᠯᠡᠳᠡᠭᠡ ᠨᠢ ᠨᠢᠭᠡ ᠭᠡᠷ ᠤᠨ ᠬᠥᠮᠦᠨ︾ ᠵᠡᠷᠭᠡ ᠠᠵᠢᠯᠯᠠᠭ᠎ᠠ ᠶᠢᠨ ᠲᠠᠪᠴᠠᠩ ᠢ ᠪᠠᠶᠢᠭᠤᠯᠬᠤ ᠪᠠᠷ ᠳᠠᠮᠵᠢᠨ᠂ ︽ᠬᠡᠪ ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠠᠮᠢᠶᠠᠷᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ  ᠳᠤ ᠠᠰᠢᠭ ᠬᠦᠷᠲᠡᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠢᠳᠡᠪᠬᠢᠲᠡᠢ ᠬᠦᠲᠦᠯᠦᠨ ᠵᠢᠯᠣᠭᠤᠳᠤᠨ᠎ᠠ᠃ ᠬᠠᠷᠢᠶ᠎ᠠ ᠣᠷᠣᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠲᠡᠨ ᠨᠦᠭᠦᠳ ᠤᠨ ᠤᠯᠠᠨ ᠲᠦᠮᠡᠨ  ᠳᠤ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ  ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ︔ ︽ᠰᠤᠮᠤ ᠰᠢᠶᠠᠩ ᠪᠠᠯᠭᠠᠰᠤ ᠳᠤ ᠤᠷᠤᠭᠤᠯᠬᠤ︾ ᠨᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠤ ᠲᠠᠪᠴᠠᠩ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠪᠠ ᠠᠮᠤᠷ ᠠᠮᠤᠭᠤᠯᠠᠩ ᠰᠤᠮᠤ ᠰᠢᠶᠠᠩ ᠪᠠᠯᠭᠠᠰᠤᠨ ᠤ ᠪᠠᠶᠢᠭᠤᠯᠤᠯᠲᠠ  ᠪᠠᠷ ᠠᠴᠢᠶᠠᠯᠠᠪᠤᠷᠢ ᠪᠣᠯᠭᠠᠵᠤ᠂ ︽ᠬᠥᠷᠰᠢ ᠵᠡᠷᠭᠡᠯᠡᠳᠡᠭᠡ ᠡᠶ᠎ᠡ ᠨᠠᠶᠢᠷᠲᠠᠶ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠴᠡᠴᠡᠭᠯᠡᠨ ᠬᠥᠭᠵᠢᠬᠦ᠂ ᠴᠢᠨᠡᠭᠡᠯᠢᠭ ᠨᠡᠶᠢᠭᠡᠮ ᠢ ᠬᠠᠮᠲᠤ ᠪᠠᠷ ᠪᠥᠲᠥᠭᠡᠨ ᠪᠠᠶᠢᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠠᠭᠤᠰᠤᠯᠴᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠥᠭᠵᠢᠯᠲᠡ ᠪᠠᠷ ᠬᠠᠷᠢᠴᠠᠩᠭᠤᠶ ᠬᠤᠴᠣᠷᠤᠩᠭᠤᠶ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠲᠣᠰᠬᠤᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠡᠶᠡᠵᠢᠨ ᠴᠢᠨᠡᠭᠡᠯᠢᠭᠵᠢᠬᠦ ᠶᠢ ᠪᠡᠶᠡᠯᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ  ᠶᠢ ᠠᠬᠢᠭᠤᠯᠤᠨ᠎ᠠ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠶᠳᠪᠦᠷᠢᠯᠡᠬᠦ ᠶᠢ ᠢᠳᠡᠪᠬᠢᠲᠡᠶ ᠥᠷᠨᠢᠭᠦᠯᠵᠦ᠂ ᠡᠯ᠎ᠡ ᠵᠦᠶᠯ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠶ ᠰᠢᠶᠳᠪᠦᠷᠢᠯᠡᠵᠦ᠂ ᠬᠠᠷᠢᠶ᠎ᠠ ᠣᠷᠣᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ︽ᠰᠤᠷᠭᠠᠭᠤᠯᠢ ᠳᠤ ᠤᠷᠤᠭᠤᠯᠬᠤ︾ ᠨᠢ ︽ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ᠂ ᠦᠵᠡᠰᠬᠦᠯᠡᠩᠲᠦ ᠰᠠᠶᠢᠬᠠᠨ ᠰᠤᠷᠭᠠᠭᠤᠯᠢ ᠶᠢᠨ ᠬᠦᠷᠢᠶ᠎ᠡ︾ ᠶᠢ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ︽ᠳᠣᠯᠣᠭᠠᠨ ᠨᠢᠭᠡ︾ ᠶᠢᠨ ᠠᠵᠢᠯᠯᠠᠭ᠎ᠠ ᠶᠢ ᠥᠷᠭᠡᠨ ᠢᠶᠠᠷ ᠦᠷᠨᠢᠭᠦᠯᠵᠦ᠂ ᠲᠤᠬᠠᠶᠢᠯᠠᠪᠠᠯ ᠵᠢᠯ ᠪᠦᠷᠢ ᠨᠢᠭᠡ ᠤᠳᠠᠭ᠎ᠠ ᠭᠤᠣᠯ ᠰᠡᠳᠦᠪᠲᠦ ᠠᠩᠭᠢ ᠶᠢᠨ ᠬᠤᠷᠠᠯ ᠬᠤᠷᠠᠯᠳᠤᠭᠤᠯᠵᠤ᠂ ᠰᠤᠷᠤᠭᠴᠢ ᠨᠢᠭᠡᠪᠦᠷᠢ ᠨᠢᠭᠡ ᠤᠳᠠᠭ᠎ᠠ ᠦᠢᠯᠡᠳᠦᠯᠭᠡ  ᠶᠢᠨ ᠠᠵᠢᠯᠯᠠᠭ᠎ᠠ ᠳᠤ ᠣᠷᠣᠯᠴᠠᠵᠤ᠂ ᠨᠢᠭᠡ ᠨᠡᠶᠢᠲᠡᠯᠢᠭ ᠵᠢᠱᠢᠶᠡᠴᠢ ᠠᠴᠠ ᠰᠤᠷᠤᠯᠴᠠᠵᠤ᠂ ᠨᠢᠭᠡ ᠦᠯᠢᠭᠡᠷ ᠶᠠᠷᠢᠵᠤ᠂ ᠨᠢᠭᠡ ᠳᠠᠭᠤᠤ ᠳᠠᠭᠤᠯᠠᠵᠤ᠂ ᠨᠢᠭᠡ ᠵᠣᠬᠢᠶᠠᠯ ᠪᠢᠴᠢᠵᠦ᠂ ᠨᠢᠭᠡ ᠤᠳᠠᠭᠠᠨ ᠤ ᠦᠵᠡᠭᠦᠯᠦᠯᠭᠡ ᠶᠢ ᠲᠣᠭᠤᠷᠢᠨ ᠦᠵᠡᠵᠦ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ  ᠳᠤ ᠣᠷᠣᠭᠤᠯᠬᠤ᠂ ᠰᠤᠷᠤᠭᠴᠢᠳ ᠤᠨ ᠲᠠᠷᠢᠬᠢ ᠲᠣᠯᠣᠭᠠᠶ ᠳᠤ ᠣᠷᠣᠭᠤᠯᠬᠤ ᠶᠢ ᠠᠬᠢᠭᠤᠯᠤᠨ᠎ᠠ︔ ︽ᠰᠤᠮᠤᠨ ᠠᠩᠭᠢ ᠳᠤ ᠤᠷᠤᠭᠤᠯᠬᠤ︾ ᠨᠢ ︽ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠥᠨᠳᠥᠷ ᠪᠦᠲᠦᠮᠵᠢᠲᠡᠶ ᠦᠶᠯᠡᠴᠢᠯᠡᠭᠡ ᠶᠢ ᠳᠡᠭᠡᠭᠰᠢᠯᠡᠭᠦᠯᠬᠦ︾ ᠪᠠᠷ ᠠᠴᠢᠶᠠᠯᠠᠪᠤᠷᠢ ᠪᠣᠯᠭᠠᠵᠤ᠂ ᠤᠯᠤᠰ ᠢᠶᠠᠨ ᠬᠠᠶᠢᠷᠠᠯᠠᠵᠤ ᠬᠢᠯᠢ ᠪᠠᠨ ᠰᠠᠬᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠡᠷᠢᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠬᠦ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ ᠪᠠᠬᠢᠵᠢᠭᠦᠯᠵᠦ᠂ ᠲᠣᠰ ᠭᠠᠵᠠᠷ ᠣᠷᠣᠨ ᠤ ᠠᠵᠤ ᠠᠬᠤᠶ ᠨᠡᠶᠢᠭᠡᠮ  ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠵᠤ᠂ ᠡᠬᠡ ᠤᠯᠤᠰ ᠤᠨ ᠤᠮᠠᠷᠠᠲᠤ ᠬᠢᠯᠢ ᠶᠢ ᠬᠠᠮᠲᠤ ᠪᠠᠷ ᠰᠠᠬᠢᠨ ᠬᠠᠮᠠᠭᠠᠯᠠᠨ᠎ᠠ︔ ︽ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠤᠷᠤᠭᠤᠯᠬᠤ︾ ᠨᠢ ᠭᠤᠣᠯᠳᠠᠭᠤ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠨᠡᠶᠢᠭᠡᠮ ᠤᠨ ᠡᠶ᠎ᠡ ᠵᠣᠬᠢᠴᠠᠯ᠂ ᠴᠠᠭ ᠦᠶ᠎ᠡ ᠶᠢᠨ ᠳᠠᠪᠰᠢᠯᠲᠠ᠂ ᠡᠷᠡᠭᠦᠯ ᠪᠣᠯᠪᠠᠰᠤᠨ ᠳᠤ ᠠᠰᠢᠭᠲᠠᠢ ᠠᠭᠤᠯᠭ᠎ᠠ ᠶᠢ ᠭᠦᠨᠵᠡᠭᠡᠢ ᠠᠭᠤᠳᠠᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠦᠨ᠎ᠡ᠃ ᠡᠬᠡ ᠣᠷᠣᠨᠴᠢ ᠦᠵᠡᠯ ᠤᠨ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠨ᠎ᠠ᠃
 
ᠢᠷᠡᠯᠲᠡ᠄ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号