ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠠᠴᠠ ᠵᠦᠷᠢᠴᠡᠭᠰᠡᠨ ᠬᠦᠨᠳᠦ | ᠴᠢᠬᠤᠯᠠ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠪᠡᠯ ᠬᠠᠮᠤᠭ ᠦᠨᠳᠦᠷ ᠲᠡᠭᠡᠨ 100 ᠲᠥᠮᠡᠨ | ᠲᠥᠭᠦᠷᠢᠭ ᠢᠶᠠᠷ ᠱᠠᠩᠨᠠᠨ᠎ᠠ | | ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠠᠴᠠ ᠵᠦᠷᠢᠴᠡᠭᠰᠡᠨ ᠬᠦᠨᠳᠦ | ᠴᠢᠬᠤᠯᠠ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠦᠷ ᠬᠡᠷᠡᠭᠵᠢᠭᠦᠯᠬᠦ ᠠᠷᠭ᠎ᠠ︾ ᠶᠢ 12 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠢᠯᠡᠴᠢᠯᠡᠨ ᠮᠡᠳᠡᠭᠦᠯᠬᠦ ᠱᠠᠩᠨᠠᠯ ᠢ ᠭᠤᠷᠪᠠᠨ ᠳᠡᠰ ᠲᠤᠭᠲᠠᠭᠠᠵᠤ᠂ ᠬᠡᠷᠡᠭ | ᠪᠦᠷᠢ ᠶᠢᠨ ᠢᠯᠡᠴᠢᠯᠡᠨ ᠮᠡᠳᠡᠭᠦᠯᠬᠦ ᠱᠠᠩᠨᠠᠯ ᠤᠨ ᠮᠥᠩᠭᠦ ᠬᠠᠮᠤᠭ ᠤᠨ ᠦᠨᠳᠦᠷ ᠲᠡᠭᠡᠨ 100 ᠲᠥᠮᠡᠨ ᠲᠥᠭᠦᠷᠢᠭ | ᠪᠣᠯᠤᠨ᠎ᠠ᠃ | ᠬᠤᠲᠠ ᠶᠢᠨ ᠵᠢᠮᠲᠦ ᠵᠠᠮ ᠬᠠᠷᠢᠯᠴᠠᠭᠠᠨ ᠤ ᠮᠠᠰᠢᠨ ᠳᠡᠭᠡᠷ᠎ᠡ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠨ᠎ᠠ | ︽ᠬᠤᠲᠠ ᠶᠢᠨ ᠵᠢᠮᠲᠦ ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠮᠢᠶᠠᠷᠤᠯᠲᠠ︾ ᠶᠢᠨ ᠤᠯᠤᠰ ᠤᠨ | ᠪᠠᠷᠢᠮᠵᠢᠶ᠎ᠠ ᠶᠢ 12 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠬᠤᠲᠠ ᠶᠢᠨ ᠵᠢᠮᠲᠦ ᠵᠠᠮ | ᠬᠠᠷᠢᠯᠴᠠᠭᠠᠨ ᠤ ᠮᠠᠰᠢᠨ ᠳᠤ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠵᠤ᠂ ᠢᠯᠡ ᠲᠣᠳᠣ ᠰᠡᠷᠡᠮᠵᠢ ᠶᠢᠨ ᠲᠡᠮᠲᠡᠭ | ᠲᠠᠯᠪᠢᠬᠤ ᠬᠡᠷᠡᠭᠲᠡᠢ᠃ | ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ | ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠥᠷᠢᠮ︾ ᠢ 12 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ ᠳᠥᠷᠢᠮ ᠳᠤ ᠭᠠᠵᠠᠷ ᠳᠣᠣᠷᠠᠬᠢ ᠪᠠᠷᠢᠯᠭ᠎ᠠ ᠭᠠᠵᠠᠷ ᠳᠣᠣᠷᠠᠬᠢ ᠤᠰᠤᠨ ᠤ | ᠨᠥᠬᠦᠪᠦᠷᠢᠯᠡᠬᠦ᠂ ᠤᠷᠤᠰᠬᠠᠯ᠂ ᠭᠠᠳᠠᠭᠰᠢᠯᠠᠭᠤᠯᠬᠤ ᠵᠡᠷᠭᠡ ᠳᠤ ᠬᠦᠨᠳᠦ ᠶᠡᠭᠡ ᠮᠠᠭᠤ ᠨᠥᠯᠦᠭᠡ ᠭᠠᠷᠭᠠᠪᠠᠯ᠂ | ᠬᠠᠮᠤᠭ ᠤᠨ ᠦᠨᠳᠦᠷ ᠲᠡᠭᠡᠨ 50 ᠲᠥᠮᠡᠨ ᠲᠥᠭᠦᠷᠢᠭ ᠵᠣᠭᠤᠰ ᠢᠶᠠᠷ ᠲᠣᠷᠭᠠᠨ᠎ᠠ ᠭᠡᠵᠦ ᠲᠣᠭᠲᠠᠭᠠᠵᠠᠢ᠃ | ᠰᠢᠨ᠎ᠡ ᠡᠭᠦᠳᠦᠯᠲᠡ ᠶᠢᠨ ᠡᠮ ᠡᠷᠬᠡᠪᠰᠢ ᠠᠮᠤᠷ ᠲᠥᠪᠰᠢᠨ ᠤ ᠴᠢᠨᠠᠷᠲᠠᠢ ᠮᠡᠳᠡᠭᠦᠯᠦᠯᠲᠡ ᠳᠡᠪᠰᠢᠭᠦᠯᠬᠦ ᠬᠡᠷᠡᠭᠲᠡᠢ | ︽ᠡᠮ ᠤᠨ ᠪᠥᠲᠦᠭᠡᠭᠳᠡᠬᠦᠨ ᠤ ᠴᠢᠨᠠᠷ ᠴᠢᠨᠰᠠᠭ᠎ᠠ ᠶᠢ ᠰᠡᠷᠡᠮᠵᠢᠭᠦᠯᠬᠦ ᠬᠠᠮᠢᠶᠠᠷᠤᠯᠲᠠ ᠶᠢᠨ ᠵᠢᠷᠤᠮᠵᠢᠯ︾ ᠢ 12 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠰᠢᠨ᠎ᠡ ᠡᠭᠦᠳᠦᠯᠲᠡ ᠶᠢᠨ ᠡᠮ ᠪᠠ ᠥᠭᠡᠷᠡᠴᠢᠯᠡᠨ | ᠨᠠᠶᠢᠷᠠᠭᠤᠯᠤᠭᠰᠠᠨ ᠰᠢᠨ᠎ᠡ ᠡᠮ ᠨᠢ ᠵᠦᠪᠰᠢᠶᠡᠷᠡᠭᠰᠡᠨ ᠬᠡᠷᠡᠴᠢᠯᠡᠬᠦ ᠪᠢᠴᠢᠭ ᠮᠠᠲ᠋ᠧᠷᠢᠶᠠᠯ ᠢ ᠣᠯᠤᠭᠰᠠᠨ ᠡᠳᠦᠷ ᠠᠴᠠ | ᠡᠬᠢᠯᠡᠨ ᠪᠦᠬᠦᠯᠢ 1 ᠵᠢᠯ ᠪᠣᠯᠬᠤ ᠪᠦᠷᠢ ᠡᠷᠬᠡᠪᠰᠢ ᠨᠢᠭᠡ ᠤᠳᠠᠭ᠎ᠠ ᠠᠮᠤᠷ ᠲᠥᠪᠰᠢᠨ ᠤ ᠴᠢᠨᠠᠷᠲᠠᠢ | ᠰᠢᠨᠡᠴᠢᠯᠡᠯᠲᠡ ᠶᠢᠨ ᠮᠡᠳᠡᠭᠦᠯᠦᠯᠲᠡ ᠲᠣᠰᠢᠶᠠᠬᠤ ᠬᠡᠷᠡᠭᠲᠡᠢ᠃ | ᠵᠣᠴᠢᠳ ᠤᠨ ᠪᠠᠭᠤᠳᠠᠯ ᠂ ᠬᠤᠳᠠᠯᠳᠤᠭᠠᠨ ᠤ ᠲᠠᠯᠠᠪᠤᠷ ᠵᠡᠷᠭᠡ ᠲᠠᠯᠠᠪᠤᠷ ᠭᠠᠵᠠᠷ ᠠᠮᠤᠷ ᠲᠥᠪᠰᠢᠨ ᠲᠠᠷᠬᠠᠵᠤ | ᠵᠠᠶᠢᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠢ | ︽ᠬᠦᠮᠦᠨ ᠬᠠᠷ᠎ᠠ ᠣᠯᠠᠨ ᠴᠤᠭᠯᠠᠷᠠᠭᠰᠠᠨ ᠲᠠᠯᠠᠪᠤᠷ ᠭᠠᠵᠠᠷ ᠤᠨ ᠠᠮᠤᠷ ᠲᠥᠪᠰᠢᠨ ᠤ ᠬᠠᠮᠢᠶᠠᠷᠤᠯᠲᠠ︾ ᠶᠢᠨ | ᠤᠯᠤᠰ ᠤᠨ ᠪᠠᠷᠢᠮᠵᠢᠶ᠎ᠠ ᠶᠢ 12 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠵᠣᠴᠢᠳ ᠤᠨ | ᠪᠠᠭᠤᠳᠠᠯ᠂ ᠬᠤᠳᠠᠯᠳᠤᠭᠠᠨ ᠤ ᠲᠠᠯᠠᠪᠤᠷ᠂ ᠡᠮᠨᠡᠯᠭᠡ ᠵᠡᠷᠭᠡ ᠲᠠᠯᠠᠪᠤᠷ ᠭᠠᠵᠠᠷ ᠤᠨ ᠡᠯ᠎ᠡ ᠲᠠᠪᠬᠤᠷᠯᠢᠭ ᠲᠤ ᠢᠯᠡ | ᠲᠣᠳᠤᠷᠬᠠᠢ ᠲᠠᠷᠬᠠᠬᠤ ᠵᠠᠮ ᠱᠤᠭᠤᠮ ᠢ ᠵᠢᠭᠠᠭᠰᠠᠨ ᠬᠠᠶᠢᠷᠴᠠᠭ ᠲᠠᠯᠪᠢᠵᠤ᠂ ᠠᠮᠢᠰᠬᠤᠯ ᠤᠨ ᠪᠠᠭᠠᠵᠢ᠂ ᠠᠯᠴᠢᠭᠤᠷ | ᠵᠡᠷᠭᠡ ᠠᠮᠤᠷ ᠲᠥᠪᠰᠢᠨ ᠢᠶᠠᠷ ᠲᠠᠷᠬᠠᠵᠤ ᠵᠠᠶᠢᠯᠠᠬᠤ ᠳᠤ ᠲᠤᠰᠠᠯᠠᠮᠵᠢ ᠪᠣᠯᠬᠤ ᠵᠦᠢᠯ ᠢ ᠪᠡᠯᠡᠳᠭᠡᠵᠦ ᠲᠠᠯᠪᠢᠬᠤ | ᠬᠡᠷᠡᠭᠲᠡᠢ᠃ | 36 ᠵᠦᠢᠯ ᠤᠨ ᠵᠢᠭᠠᠰᠤ ᠠᠩᠨᠠᠬᠠᠤ ᠪᠠᠭᠠᠵᠢ ᠶᠢ ᠬᠥᠬᠡ ᠮᠦᠷᠡᠨ ᠤ ᠰᠠᠪᠠ ᠭᠠᠵᠠᠷ ᠤᠨ ᠭᠤᠣᠯᠳᠠᠯᠭ᠎ᠠ ᠲᠠᠢ | ᠤᠰᠤᠨ ᠣᠷᠤᠨ ᠳᠤ ᠬᠡᠷᠡᠭᠯᠡᠬᠦ ᠶᠢ ᠴᠠᠭᠠᠵᠠᠯᠠᠨ᠎ᠠ | ︽ᠬᠥᠬᠡ ᠮᠦᠷᠡᠨ ᠤ ᠰᠠᠪᠠ ᠭᠠᠵᠠᠷ ᠤᠨ ᠭᠤᠣᠯᠳᠠᠯᠭ᠎ᠠ ᠲᠠᠢ ᠤᠰᠤᠨ ᠣᠷᠤᠨ ᠳᠤ ᠬᠡᠷᠡᠭᠯᠡᠬᠦ ᠶᠢ ᠴᠠᠭᠠᠵᠠᠯᠠᠬᠤ | ᠵᠢᠭᠠᠰᠤ ᠠᠩᠨᠠᠬᠠᠤ ᠪᠠᠭᠠᠵᠢ ᠬᠡᠷᠡᠭᠰᠡᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠲᠤᠬᠠᠢ ᠬᠦᠳᠡᠭᠡ ᠠᠵᠤ ᠠᠬᠤᠢ | ᠬᠦᠳᠡᠭᠡ ᠲᠤᠰᠬᠤᠨ ᠤ ᠶᠠᠮᠤᠨ ᠤ ᠮᠡᠳᠡᠭᠳᠡᠯ︾ ᠢ 12 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ | ᠵᠢᠭᠠᠰᠤ ᠠᠩᠨᠠᠬᠠᠤ ᠲᠣᠣᠷ ᠵᠡᠷᠭᠡ 36 ᠵᠦᠢᠯ ᠤᠨ ᠵᠢᠭᠠᠰᠤ ᠠᠩᠨᠠᠬᠠᠤ ᠪᠠᠭᠠᠵᠢ ᠬᠡᠷᠡᠭᠰᠡᠯ ᠢ ᠬᠥᠬᠡ ᠮᠦᠷᠡᠨ ᠤ ᠰᠠᠪᠠ | ᠭᠠᠵᠠᠷ ᠤᠨ ᠭᠤᠣᠯᠳᠠᠯᠭ᠎ᠠ ᠲᠠᠢ ᠤᠰᠤᠨ ᠣᠷᠤᠨ ᠳᠤ ᠬᠡᠷᠡᠭᠯᠡᠬᠦ ᠶᠢ ᠴᠠᠭᠠᠵᠠᠯᠠᠪᠠ᠃ | ᠪᠦᠬᠦ ᠤᠯᠤᠰ ᠤᠨ ᠲᠠᠮᠢᠷᠴᠢᠨ ᠢ ᠳᠠᠩᠰᠠᠯᠠᠬᠤ ᠠᠵᠢᠯ ᠡᠬᠢᠯᠡᠪᠡ | ︽ᠪᠦᠬᠦ ᠤᠯᠤᠰ ᠤᠨ ᠲᠠᠮᠢᠷᠴᠢᠨ ᠢ ᠳᠠᠩᠰᠠᠯᠠᠬᠤ ᠪᠠ ᠰᠣᠯᠢᠯᠴᠠᠭᠠᠨ ᠤ ᠬᠠᠮᠢᠶᠠᠷᠤᠯᠲᠠ ᠶᠢᠨ ᠠᠷᠭ᠎ᠠ ︵ | ᠲᠣᠷᠰᠢᠨ ᠬᠡᠷᠡᠭᠵᠢᠭᠦᠯᠬᠦ︶︾ ᠳᠤ ᠲᠣᠭᠲᠠᠭᠠᠭᠰᠠᠨ ᠢᠶᠠᠷ᠂ 12 ᠰᠠᠷ᠎ᠠ ᠶᠢᠨ 1 ᠤ ᠡᠳᠦᠷ ᠠᠴᠠ ᠡᠬᠢᠯᠡᠨ 2022 | ᠣᠨ ᠤ ᠪᠦᠬᠦ ᠤᠯᠤᠰ ᠤᠨ ᠲᠠᠮᠢᠷᠴᠢᠨ ᠢ ᠳᠠᠩᠰᠠᠯᠠᠬᠤ ᠠᠵᠢᠯ ᠢ ᠦᠷᠨᠢᠭᠦᠯᠦᠨ᠎ᠡ᠃ | ᠭᠠᠷᠠᠮ ᠤᠨ ᠠᠶᠤᠯᠲᠠᠢ ᠡᠳ᠋ ᠪᠠᠷᠠᠭ᠎ᠠ ᠶᠢᠨ ᠬᠦᠨᠳᠦ ᠶᠡᠭᠡ ᠠᠶᠤᠯ ᠤᠨ ᠡᠬᠢ ᠰᠣᠷᠪᠤᠯᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ | ︽ᠭᠠᠷᠠᠮ ᠤᠨ ᠠᠶᠤᠯᠲᠠᠢ ᠡᠳ᠋ ᠪᠠᠷᠠᠭ᠎ᠠ ᠶᠢᠨ ᠬᠦᠨᠳᠦ ᠶᠡᠭᠡ ᠠᠶᠤᠯ ᠲᠥᠭᠰᠢᠭᠦᠷᠢ ᠶᠢᠨ ᠡᠬᠢ ᠰᠣᠷᠪᠤᠯᠵᠢ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ 12 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠨᠳᠦ | ᠶᠡᠭᠡ ᠠᠶᠤᠯ ᠲᠥᠭᠰᠢᠭᠦᠷᠢ ᠶᠢᠨ ᠡᠬᠢ ᠰᠣᠷᠪᠤᠯᠵᠢ ᠶᠢᠨ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠥᠷᠢᠮ ᠢ | ᠪᠠᠶᠢᠭᠤᠯᠵᠣ᠂ ᠬᠦᠨᠳᠦ ᠶᠡᠭᠡ ᠠᠶᠤᠯ ᠲᠥᠭᠰᠢᠭᠦᠷᠢ ᠶᠢᠨ ᠡᠬᠢ ᠰᠣᠷᠪᠤᠯᠵᠢ ᠶᠢᠨ ᠭᠤᠣᠯ ᠬᠠᠷᠢᠭᠤᠴᠠᠯᠭᠠᠲᠠᠨ᠂ | ᠮᠡᠷᠭᠡᠵᠢᠯ ᠤᠨ ᠬᠠᠷᠢᠭᠤᠴᠠᠯᠭᠠᠲᠠᠨ ᠪᠠ ᠠᠵᠢᠯᠯᠠᠭᠠᠨ ᠤ ᠬᠠᠷᠢᠭᠤᠴᠠᠯᠭᠠᠲᠠᠨ ᠨᠢᠭᠡᠪᠦᠷᠢ ᠶᠢ ᠲᠣᠳᠤᠷᠬᠠᠶᠢᠯᠠᠨ᠎ᠠ᠃ | ᠨᠢᠯᠬ᠎ᠠ ᠬᠡᠦᠬᠡᠳ ᠤᠨ ᠬᠥᠪᠦᠭᠦᠯᠬᠦ ᠬᠦᠴᠦᠨ ᠤ ᠤᠮᠪᠠᠯᠲᠠ ᠶᠢᠨ ᠬᠤᠪᠴᠠᠰᠤ ᠳᠡᠭᠡᠷ᠎ᠡ ᠰᠡᠷᠡᠮᠵᠢᠭᠦᠯᠬᠦ ᠲᠡᠮᠲᠡᠭ | ᠬᠠᠳᠠᠬᠤ ᠬᠡᠷᠡᠭᠲᠡᠢ | ︽ᠨᠢᠯᠬ᠎ᠠ ᠬᠡᠦᠬᠡᠳ ᠤᠨ ᠬᠥᠪᠦᠭᠦᠯᠬᠦ ᠬᠦᠴᠦᠨ ᠤ ᠤᠮᠪᠠᠯᠲᠠ ᠶᠢᠨ ᠬᠤᠪᠴᠠᠰᠤ︾ ᠶᠢᠨ ᠤᠯᠤᠰ ᠤᠨ | ᠪᠠᠷᠢᠮᠵᠢᠶ᠎ᠠ ᠶᠢ 12 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠨᠢᠯᠬ᠎ᠠ ᠬᠡᠦᠬᠡᠳ ᠤᠨ ᠬᠥᠪᠦᠭᠦᠯᠬᠦ | ᠬᠦᠴᠦᠨ ᠤ ᠤᠮᠪᠠᠯᠲᠠ ᠶᠢᠨ ᠬᠤᠪᠴᠠᠰᠤ ᠶᠢᠨ ᠱᠣᠰᠢᠭ᠎ᠠ ᠪᠣᠶᠤ ᠬᠤᠪᠴᠠᠰᠤᠨ ᠳᠡᠭᠡᠷ᠎ᠡ ᠰᠡᠷᠡᠮᠵᠢ ᠶᠢᠨ ᠲᠡᠮᠲᠡᠭ | ᠳᠠᠷᠤᠮᠠᠯᠯᠠᠭᠰᠠᠨ ᠪᠠᠶᠢᠵᠤ᠂ ᠬᠡᠷᠡᠭᠯᠡᠭᠡᠨ ᠤ ᠵᠣᠬᠢᠰᠲᠠᠢ ᠬᠤᠭᠤᠴᠠᠭᠠᠨ ᠳᠣᠲᠤᠷ᠎ᠠ ᠲᠣᠳᠤᠷᠬᠠᠢ ᠬᠠᠷᠠᠭᠳᠠᠬᠤ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠮᠠᠨ ᠤ ᠣᠷᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠨ᠎ᠡ | ︽ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠵᠢᠴᠢ ᠪᠦᠬᠦᠯᠢ ᠡᠳᠦᠷ ᠤᠨ ᠳᠥᠷᠢᠮᠲᠦ ᠪᠣᠰᠤ ᠠᠵᠢᠯᠯᠠᠬᠤ | ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠬᠤ ᠲᠤᠬᠠᠢ ᠮᠡᠳᠡᠭᠳᠡᠯ︾ ᠢ 12 ᠰᠠᠷ᠎ᠠ ᠶᠢᠨ | 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠨᠢᠭᠡᠳᠦᠭᠡᠷ ᠲᠥᠷᠦᠯ ᠤᠨ ᠭᠠᠵᠠᠷ ᠣᠷᠤᠨ ᠤ ᠬᠠᠮᠤᠭ ᠤᠨ ᠳᠣᠣᠷ᠎ᠠ | ᠴᠠᠯᠢᠩ ᠤᠨ ᠪᠠᠷᠢᠮᠵᠢᠶ᠎ᠠ ᠶᠢ ᠰᠠᠷ᠎ᠠ ᠪᠦᠷᠢ 1980 ᠲᠥᠭᠦᠷᠢᠭ᠂ ᠬᠤᠶᠠᠳᠤᠭᠠᠷ ᠲᠥᠷᠦᠯ ᠤᠨ ᠭᠠᠵᠠᠷ ᠣᠷᠤᠨ ᠤ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠰᠠᠷ᠎ᠠ ᠪᠦᠷᠢ 1910 ᠲᠥᠭᠦᠷᠢᠭ᠂ ᠭᠤᠷᠪᠠᠳᠤᠭᠠᠷ ᠲᠥᠷᠦᠯ ᠤᠨ | ᠭᠠᠵᠠᠷ ᠣᠷᠤᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠰᠠᠷ᠎ᠠ ᠪᠦᠷᠢ 1850 ᠲᠥᠭᠦᠷᠢᠭ ᠢᠶᠠᠷ | ᠲᠣᠭᠲᠠᠭᠠᠪᠠ᠃ | |