ᠡᠯᠡᠰᠦᠨ ᠪᠠᠯᠭᠠᠰᠤᠨ ᠤ 2021 ᠣᠨ ᠤ ᠬᠦᠷᠢᠶ᠎ᠡ ᠬᠤᠰᠢᠭᠤᠨ ᠤ ᠠᠮᠢᠲᠠᠨ ᠢ ᠣᠨᠣᠰᠢᠯᠠᠨ ᠡᠮᠨᠡᠬᠦ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2021/12/17
    2021 ᠣᠨ ᠤ ᠬᠦᠷᠢᠶ᠎ᠡ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ︽2021 ᠣᠨ ᠤ ᠬᠦᠷᠢᠶ᠎ᠡ ᠬᠤᠰᠢᠭᠤᠨ ᠤ ᠲᠤᠰᠬᠠᠶ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ︾ ︵ᠭᠦᠷᠢᠶ᠎ᠡ ᠲᠡᠳᠬᠦᠬᠦ ᠳᠤᠭᠤᠶᠢᠯᠠᠩ ᠠᠯᠪᠠᠨ ᠲᠠᠷᠬᠠᠭᠠᠭᠰᠠᠨ [ 2021 ] 18 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ 170 ᠲᠦᠮᠡᠨ ᠲᠥᠭᠦᠷᠢᠭ ᠤᠨ ᠪᠠᠯᠠ ᠮᠥᠩᠭᠦ ᠶᠢ ᠡᠯᠡᠰᠦᠨ ᠪᠠᠯᠭᠠᠰᠤᠨ ᠤ 2021 ᠣᠨ ᠤ ᠬᠦᠷᠢᠶ᠎ᠡ ᠬᠤᠰᠢᠭᠤᠨ ᠤ ᠠᠮᠢᠲᠠᠨ ᠢ ᠣᠨᠣᠰᠢᠯᠠᠨ ᠡᠮᠨᠡᠬᠦ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠬᠡᠷᠡᠭᠯᠡᠵᠦ᠂ ᠡᠮᠦᠨᠡᠬᠢ ᠬᠤᠭᠤᠴᠠᠭᠠᠨ ᠤ ᠭᠦᠢᠴᠡᠳ ᠪᠡᠯᠡᠳᠬᠡᠯ ᠢᠶᠠᠷ ᠳᠡᠮᠵᠢᠨ᠂ ᠣᠲᠣ ᠬᠡᠷᠡᠭᠵᠢᠭᠦᠯᠬᠦ ᠪᠠᠷ ᠪᠡᠯᠡᠳᠬᠡᠵᠦ ᠪᠠᠶᠢᠨ᠎ᠠ᠂ ᠲᠥᠷᠥᠯ ᠵᠦᠢᠯ ᠤᠨ ᠪᠣᠳᠠᠲᠠᠶ ᠪᠠᠶᠢᠳᠠᠯ ᠢ ᠳᠤᠤᠷᠠᠬᠢ ᠮᠡᠲᠦ ᠵᠠᠷᠯᠠᠪᠠ᠄    ᠨᠢᠭᠡ᠂ ᠲᠥᠷᠥᠯ ᠵᠦᠢᠯ ᠤᠨ ᠨᠡᠷᠡᠶᠢᠳᠦᠯ᠄ ᠡᠯᠡᠰᠦᠨ ᠪᠠᠯᠭᠠᠰᠤᠨ ᠤ 2021 ᠣᠨ ᠤ ᠬᠦᠷᠢᠶ᠎ᠡ ᠬᠤᠰᠢᠭᠤᠨ ᠤ ᠠᠮᠢᠲᠠᠨ ᠢ ᠣᠨᠣᠰᠢᠯᠠᠨ ᠡᠮᠨᠡᠬᠦ ᠲᠥᠪ ᠤᠨ ᠪᠥᠲᠥᠭᠡᠨ ᠪᠠᠶᠢᠭᠤᠯᠤᠯᠲᠠ  ᠶᠢᠨᠲᠦᠷᠦᠯ ᠵᠦᠢᠯ     ᠬᠤᠶᠠᠷ᠂ ᠬᠡᠷᠡᠭᠵᠢᠭᠦᠯᠬᠦ ᠨᠢᠭᠡᠴᠡ᠄ ᠡᠯᠡᠰᠦᠨ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ    ᠭᠤᠷᠪᠠ᠂ ᠪᠦᠳᠦᠭᠡᠨ ᠪᠠᠶᠢᠭᠤᠯᠤᠯᠲᠠ ᠶᠢᠨ ᠪᠠᠶᠢᠷᠢᠯᠠᠯ᠄ ᠡᠯᠡᠰᠦᠨ ᠪᠠᠯᠭᠠᠰᠤᠨ ᠤ ᠬᠠᠭᠤᠴᠢᠨ ᠵᠠᠰᠠᠭ ᠤᠨ ᠣᠷᠳᠣᠨ ᠤ ᠲᠣᠨᠣᠯᠵᠢᠨ ᠵᠠᠮ ᠠᠴᠠ ᠡᠮᠦᠨᠡᠰᠢ 50 m᠂ ᠤᠤᠯ ᠤᠨ ᠳᠤᠮᠳᠠᠳᠤ ᠶᠠᠫᠣᠨ ᠤ ᠣᠷᠴᠢᠨ ᠲᠣᠭᠤᠷᠢᠨ ᠤ ᠬᠥᠮᠦᠵᠢᠯ ᠤᠨ ᠦᠢᠯᠡᠳᠦᠯᠭᠡ ᠶᠢᠨ ᠲᠦᠭᠡᠮᠡᠯᠵᠢᠭᠦᠯᠬᠦ ᠲᠥᠪ    ᠳᠥᠷᠪᠡ᠂ ᠶᠡᠷᠦᠩᠬᠡᠶ ᠪᠠᠯᠠ ᠣᠷᠣᠭᠤᠯᠤᠯᠲᠠ ᠶᠢᠨ ᠵᠣᠭᠤᠰ ᠤᠨ ᠲᠤᠭ᠎ᠠ᠄ 170 ᠲᠦᠮᠡᠨ ᠲᠥᠭᠦᠷᠢᠭ    ᠲᠠᠪᠤ᠂ ᠪᠦᠲᠦᠭᠡᠨ ᠪᠠᠶᠢᠭᠤᠯᠬᠤ ᠬᠡᠪᠴᠢᠶ᠎ᠡ ᠵᠢᠴᠢ ᠡᠭᠦᠷᠭᠡ᠄ ᠪᠠᠯᠭᠠᠰᠤᠨ ᠤ ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠠᠮᠢᠲᠠᠨ ᠢ ᠣᠨᠣᠰᠢᠯᠠᠨ ᠡᠮᠨᠡᠬᠦ ᠲᠥᠪ ᠪᠠᠶᠢᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ  ᠂ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠬᠤ᠂ ᠮᠡᠷᠭᠡᠵᠢᠯᠲᠡᠨ ᠲᠣᠮᠢᠯᠠᠨ ᠰᠠᠭᠤᠯᠭᠠᠵᠤ ᠬᠤᠷᠰᠢᠭᠰᠠᠨ ᠲᠠᠯ᠎ᠠ ᠶᠢ ᠬᠠᠪᠰᠤᠷᠤᠨ ᠬᠡᠪ ᠤᠨ ᠠᠵᠢᠯ ᠤᠨ ᠵᠠᠮ ᠳᠤ ᠦᠳᠲᠡᠷ ᠲᠦᠷᠭᠡᠨ ᠣᠷᠣᠭᠤᠯᠵᠤ᠂ ᠠᠮᠢᠲᠠᠨ ᠢ ᠣᠨᠣᠰᠢᠯᠠᠨ ᠡᠮᠨᠡᠬᠦ ᠲᠥᠪ ᠤᠨ ᠠᠵᠢᠯ ᠢᠶᠠᠨ ᠤᠷᠤᠭᠰᠢᠲᠠᠶ ᠡᠬᠢᠯᠡᠭᠦᠯᠦᠨ ᠡᠵᠡᠩᠨᠡᠬᠦ ᠳᠤ ᠴᠢᠬᠤᠯᠠ ᠪᠦᠬᠦᠢ ᠰᠠᠭᠤᠷᠢ ᠨᠥᠬᠦᠴᠡᠯ ᠢ ᠬᠠᠩᠭᠠᠨ᠎ᠠ᠃    ᠵᠢᠷᠭᠤᠭ᠎ᠠ᠂ ᠲᠥᠷᠥᠯ ᠵᠦᠢᠯ ᠢ ᠬᠡᠷᠡᠭᠵᠢᠭᠦᠯᠦᠭᠰᠡᠨ ᠵᠢᠯ᠄ 2021 ᠣᠨ ᠤ 3 ᠰᠠᠷ᠎ᠠ 2021 ᠣᠨ ᠤ 10 ᠰᠠᠷ᠎ᠠ᠃    ᠲᠤᠯᠤᠭ᠎ᠠ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠵᠦ ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠶᠢᠴᠢᠯᠠᠬᠤ ᠲᠣᠭᠲᠠᠴᠠ᠄    ︵ᠨᠢᠭᠡ︶ ᠠᠵᠤ ᠠᠬᠤᠶ ᠶᠢᠨ ᠦᠷ᠎ᠡ ᠠᠰᠢᠭ᠄  ᠲᠣᠰ ᠲᠥᠷᠥᠯ ᠵᠦᠢᠯ ᠨᠢ ᠮᠠᠨ ᠤ ᠪᠠᠯᠭᠠᠰᠤᠨ ᠤ ᠣᠲᠣ ᠪᠠᠶᠢᠭ᠎ᠠ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠲᠤ ᠲᠦᠰᠢᠭᠯᠡᠨ᠂ ᠠᠮᠢᠲᠠᠨ ᠢ ᠣᠨᠣᠰᠢᠯᠠᠨ ᠡᠮᠨᠡᠬᠦ ᠲᠥᠪ ᠢ ᠢᠳᠡᠪᠬᠢᠲᠡᠶ ᠪᠠᠶᠢᠭᠤᠯᠤᠨ ᠲᠡᠭᠦᠯᠳᠡᠷᠵᠢᠭᠦᠯᠵᠦ᠂ ᠮᠠᠯ ᠠᠵᠤ ᠠᠬᠤᠶ ᠶᠢᠨ ᠡᠮᠴᠢᠯᠡᠭᠡᠨ ᠤ ᠦᠢᠯᠡᠴᠢᠯᠡᠭᠡ ᠶᠢᠨ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ᠂ ᠣᠯᠠᠨ ᠨᠡᠶᠢᠲᠡ ᠶᠢᠨ ᠦᠢᠯᠡᠴᠢᠯᠡᠭᠡᠴᠢᠯᠡᠭᠰᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠵᠣᠬᠢᠬᠤ ᠠᠵᠤ ᠠᠬᠤᠶ ᠶᠢᠨ ᠦᠷ᠎ᠡ ᠠᠰᠢᠭ ᠢ ᠪᠡᠶᠡᠯᠡᠭᠦᠯᠵᠦ᠂ ᠲᠣᠰ ᠲᠥᠷᠥᠯ ᠵᠦᠢᠯ ᠨᠢ ᠵᠣᠬᠢᠬᠤ ᠬᠡᠮᠵᠢᠶᠡᠨ ᠤ ᠠᠰᠢᠭ ᠣᠯᠵᠠᠪᠤᠷᠢ ᠶᠢᠨ ᠴᠢᠳᠠᠪᠤᠷᠢ ᠲᠠᠢ ᠪᠠᠶᠢᠳᠠᠭ᠃ ᠲᠥᠷᠥᠯ  ᠵᠦᠢᠯ ᠤᠨ ᠠᠰᠢᠭ ᠣᠯᠵᠠᠪᠤᠷᠢ ᠶᠢᠨ ᠪᠠᠯᠠ ᠮᠥᠩᠭᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠳᠤ ᠦᠷᠭᠦᠯᠵᠢᠯᠡᠨ ᠬᠡᠷᠡᠭᠯᠡᠵᠦ᠂ ᠶᠠᠳᠠᠭᠤ ᠶᠢ ᠲᠡᠳᠬᠦᠬᠦ ᠠᠰᠢᠭ ᠣᠯᠵᠠᠪᠤᠷᠢ ᠶᠢᠨ ᠪᠠᠯᠠ ᠮᠥᠩᠭᠦ ᠶᠢ ᠨᠡᠶᠢᠯᠡᠭᠦᠯᠦᠨ ᠠᠰᠢᠭᠯᠠᠵᠤ᠂ ᠡᠷᠴᠢᠮ ᠢᠶᠠᠨ ᠴᠢᠩᠭᠠᠷᠠᠭᠤᠯᠤᠨ ︽ᠬᠤᠶᠠᠷ ᠲᠥᠷᠥᠯ ᠤᠨ ᠡᠷᠦᠬᠡ︾ ᠶᠢ ᠲᠡᠳᠬᠦᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠦᠷᠭᠦᠯᠵᠢᠯᠡᠨ ᠠᠩᠬᠠᠷᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠲᠣᠭᠲᠠᠭᠤᠨ ᠢᠶᠠᠷ ᠪᠡᠶᠡᠯᠡᠭᠦᠯᠦᠨ᠎ᠡ᠃    ︵ᠬᠤᠶᠠᠷ︶ ᠨᠡᠶᠢᠭᠡᠮ ᠤᠨ ᠦᠷ᠎ᠡ ᠠᠰᠢᠭ᠄ ᠮᠠᠨ ᠤ ᠪᠠᠯᠭᠠᠰᠤᠨ ᠤ ᠰᠢᠷ᠎ᠠ ᠦᠬᠡᠷ ᠲᠡᠵᠢᠭᠡᠨ ᠦᠷᠡᠵᠢᠭᠦᠯᠬᠦ ᠦᠢᠯᠡᠰ ᠲᠤ ᠬᠦᠴᠦᠲᠡᠶ ᠦᠢᠯᠡᠴᠢᠯᠡᠬᠡᠨ ᠤ ᠲᠤᠯᠭᠠᠭᠤᠷᠢᠯᠠᠯ ᠬᠠᠩᠭᠠᠵᠤ᠂ ᠮᠠᠨ ᠤ ᠪᠠᠯᠭᠠᠰᠤᠨ ᠤ ᠰᠢᠷ᠎ᠠ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠥᠷᠢᠰᠥᠯᠳᠦᠬᠦ ᠬᠦᠴᠦᠨ ᠢ ᠴᠢᠩᠭᠠᠷᠠᠭᠤᠯᠵᠤ᠂ ᠰᠢᠷ᠎ᠠ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠨᠡᠮᠡᠷᠢᠯᠡᠵᠦ᠂ ᠮᠠᠰᠢ ᠥᠨᠳᠥᠷ ᠨᠡᠶᠢᠭᠡᠮ ᠤᠨ ᠦᠷ᠎ᠡ ᠠᠰᠢᠭ ᠲᠠᠢ ᠪᠣᠯᠭᠠᠨ᠎ᠠ᠃ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ︽ᠬᠤᠶᠠᠷ ᠲᠥᠷᠥᠯ ᠤᠨ ᠡᠷᠦᠬᠡ︾ ᠶᠢᠨ ᠭᠡᠷ ᠪᠦᠯᠢ ᠶᠢᠨ ᠮᠠᠯ ᠤᠨᠤᠭ᠎ᠠ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠲᠣᠭᠲᠠᠭᠠᠵᠤ᠂ ᠰᠢᠨᠵᠢᠯᠡᠨ ᠰᠢᠯᠭᠠᠵᠤ ᠪᠠᠶᠢᠴᠠᠭᠠᠨ ᠬᠡᠮᠵᠢᠬᠦ ᠲᠥᠷᠥᠯ ᠵᠦᠢᠯ ᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠮᠠᠯ ᠤᠨᠤᠭ᠎ᠠ ᠶᠢᠨ ᠡᠮᠨᠡᠭᠦᠯᠬᠦ ᠵᠠᠷᠤᠳᠠᠯ ᠢ ᠵᠣᠬᠢᠬᠤ ᠬᠠᠷᠢᠴᠠᠯ ᠢᠶᠠᠷ ᠬᠠᠰᠤᠵᠤ ᠬᠡᠯᠲᠦᠷᠢᠭᠦᠯᠦᠨ᠂ ᠶᠠᠳᠠᠭᠤ ᠬᠦᠴᠢᠷᠳᠡᠯᠲᠡᠢ ᠬᠥᠮᠦᠨ ᠠᠮᠠ ᠳᠤ ᠦᠨᠡᠨᠬᠦ ᠪᠣᠳᠠᠲᠤ ᠠᠰᠢᠭ ᠬᠦᠷᠲᠡᠭᠡᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠶᠢᠴᠢᠯᠠᠬᠤ ᠰᠠᠶᠢᠨ ᠴᠢᠳᠠᠪᠤᠷᠢ ᠲᠠᠢ ᠪᠣᠯᠭᠠᠨ᠎ᠠ᠃    ᠲᠣᠰ ᠵᠠᠷᠯᠠᠯ ᠤᠨ ᠬᠢᠨᠠᠯᠲᠠ ᠲᠠᠯᠪᠢᠬᠤ ᠤᠲᠠᠰᠤ᠄ 0475 - 12317    ᠬᠠᠷᠢᠯᠴᠠᠬᠤ ᠬᠥᠮᠦᠨ᠄ ᠸᠧᠶ ᠰᠢ ᠴᠤᠤ    ᠢᠯᠡ ᠨᠡᠶᠢᠲᠡᠯᠡᠬᠦ ᠴᠠᠭ᠄ 2021 ᠣᠨ ᠤ 12 ᠰᠠᠷ᠎ᠠ ᠶᠢᠨ 17 ᠤ ᠡᠳᠦᠷ — 2021 ᠣᠨ ᠤ 12 ᠰᠠᠷ᠎ᠠ ᠶᠢᠨ 23 ᠤ ᠡᠳᠦᠷ                                     ᠡᠯᠡᠰᠦᠨ ᠪᠠᠯᠭᠠᠰᠦ ᠶᠢᠨ ᠠᠷᠠᠳ ᠤᠨ ᠵᠠᠰᠠᠭ ᠤᠨ ᠤᠷᠳᠤᠨ                               2021 ᠣᠨ ᠤ 12 ᠰᠠᠷ᠎ᠠ ᠶᠢᠨ 16 ᠤ ᠡᠳᠦᠷ
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号