ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠬᠠᠤᠯᠢ | ᠴᠠᠭᠠᠵᠠ ᠶᠢᠨ ᠲᠤᠭᠲᠠᠭᠠᠯ ᠨᠢ ᠶᠠᠭᠤ ᠶᠠᠭᠤ ᠪᠠᠶᠢᠬᠤ ᠪᠣᠢ︖ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︵2018 ᠣᠨ ᠳᠤ | ᠵᠠᠰᠠᠪᠤᠷᠢ ᠣᠷᠤᠭᠤᠯᠤᠭᠰᠠᠨ︶ ᠶᠢᠨ ᠠᠷᠪᠠ ᠶᠢᠰᠦᠳᠦᠭᠡᠷ ᠵᠦᠢᠯ ᠳᠤ᠄ ︽ᠤᠯᠤᠰ ᠠᠴᠠ ᠪᠦᠬᠦ ᠤᠯᠤᠰ ᠲᠤ ᠨᠡᠶᠢᠳᠡᠮ | ᠬᠡᠷᠡᠭᠯᠡᠵᠦ ᠪᠠᠶᠢᠭ᠎ᠠ ᠨᠡᠶᠢᠳᠡᠯᠢᠭ ᠬᠡᠯᠡ ᠶᠢ ᠲᠥᠭᠡᠮᠡᠯᠵᠢᠭᠦᠯᠦᠨ᠎ᠡ︾ ᠭᠡᠵᠦ ᠲᠤᠭᠲᠠᠭᠠᠪᠠ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠬᠠᠤᠯᠢ︾ ︵2001 ᠣᠨ ᠠᠴᠠ ᠬᠡᠷᠡᠭᠵᠢᠭᠦᠯᠦᠭᠰᠡᠨ︶ ᠶᠢᠨ ᠭᠤᠷᠪᠠᠳᠤᠭᠠᠷ ᠵᠦᠢᠯ ᠳᠤ᠄ ︽ | ᠤᠯᠤᠰ ᠠᠴᠠ ᠨᠡᠶᠢᠳᠡᠯᠢᠭ ᠬᠡᠯᠡ ᠶᠢ ᠲᠥᠭᠡᠮᠡᠯᠵᠢᠭᠦᠯᠵᠦ᠂ ᠲᠥᠷᠢᠮᠵᠢᠭᠦᠯᠦᠭᠰᠡᠨ ᠬᠢᠲᠠᠳ ᠦᠰᠦᠭ ᠢ ᠬᠡᠷᠡᠭᠵᠢᠭᠦᠯᠦᠨ᠎ᠡ | ︾᠂ ᠳᠥᠷᠪᠡᠳᠦᠭᠡᠷ ᠵᠦᠢᠯ ᠳᠤ᠄ ︽ᠤᠯᠤᠰ ᠠᠴᠠ ᠠᠷᠠᠳ ᠢᠷᠭᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠰᠤᠷᠬᠤ ᠪᠠ ᠬᠡᠷᠡᠭᠯᠡᠬᠦ ᠳᠤ ᠨᠦᠬᠦᠴᠡᠯ ᠬᠠᠩᠭᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠤᠨ ᠵᠢᠴᠢ ᠲᠡᠭᠦᠨ ᠤ ᠬᠤᠯᠪᠤᠭᠳᠠᠬᠤ ᠰᠠᠯᠠᠭ᠎ᠠ ᠮᠦᠴᠢᠷ ᠤᠨ ᠬᠢᠨ ᠠᠷᠭ᠎ᠠ ᠬᠡᠮᠵᠢᠶ᠎ᠡ | ᠠᠪᠴᠤ ᠪᠠᠶᠢᠭᠠᠳ ᠨᠡᠶᠢᠳᠡᠯᠢᠭ ᠬᠡᠯᠡ ᠶᠢ ᠲᠥᠭᠡᠮᠡᠯᠵᠢᠭᠦᠯᠵᠦ᠂ ᠲᠥᠷᠢᠮᠵᠢᠭᠦᠯᠦᠭᠰᠡᠨ ᠬᠢᠲᠠᠳ ᠦᠰᠦᠭ ᠢ | ᠬᠡᠷᠡᠭᠵᠢᠭᠦᠯᠬᠦ ᠬᠡᠷᠡᠭᠲᠡᠢ︾᠂ ᠠᠷᠪᠠᠳᠤᠭᠠᠷ ᠵᠦᠢᠯ ᠳᠤ᠄ ︽ᠰᠤᠷᠭᠠᠭᠤᠯᠢ ᠪᠠ ᠪᠣᠰᠤᠳ ᠰᠤᠷᠭᠠᠨ ᠬᠦᠮᠦᠵᠢᠯ ᠤᠨ | ᠪᠠᠶᠢᠭᠤᠯᠤᠮᠵᠢ ᠨᠤᠭᠤᠳ ᠨᠡᠶᠢᠳᠡᠯᠢᠭ ᠬᠡᠯᠡ ᠪᠠ ᠲᠥᠷᠢᠮᠵᠢᠭᠦᠯᠦᠭᠰᠡᠨ ᠬᠢᠲᠠᠳ ᠦᠰᠦᠭ ᠢᠶᠠᠷ ᠵᠢᠭᠠᠨ | ᠰᠤᠷᠭᠠᠯᠲᠠ ᠶᠢᠨ ᠦᠨᠳᠦᠰᠦᠨ ᠦᠭᠡ ᠬᠡᠯᠡ ᠦᠰᠦᠭ ᠪᠢᠴᠢᠭ ᠪᠣᠯᠭᠠᠨ᠎ᠠ︾ ᠭᠡᠵᠦ ᠲᠤᠭᠲᠠᠭᠠᠪᠠ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠦᠮᠦᠵᠢᠯ ᠤᠨ ᠬᠠᠤᠯᠢ︾ ︵2015 | ᠣᠨ ᠳᠤ ᠵᠠᠰᠠᠪᠤᠷᠢ ᠣᠷᠤᠭᠤᠯᠤᠭᠰᠠᠨ︶ ᠶᠢᠨ ᠠᠷᠪᠠᠨ ᠬᠤᠶᠠᠳᠤᠭᠠᠷ ᠵᠦᠢᠯ ᠳᠤ᠄ ︽ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠪᠣᠯ ᠰᠤᠷᠭᠠᠭᠤᠯᠢ ᠪᠠ ᠪᠣᠰᠤᠳ ᠰᠤᠷᠭᠠᠨ ᠬᠦᠮᠦᠵᠢᠯ ᠤᠨ ᠪᠠᠶᠢᠭᠤᠯᠤᠮᠵᠢ | ᠨᠤᠭᠤᠳ ᠤᠨ ᠦᠨᠳᠦᠰᠦᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡ ᠬᠡᠯᠡ ᠦᠰᠦᠭ ᠪᠢᠴᠢᠭ ᠮᠦᠨ᠂ | ᠰᠤᠷᠭᠠᠭᠤᠯᠢ ᠪᠠ ᠪᠣᠰᠤᠳ ᠰᠤᠷᠭᠠᠨ ᠬᠦᠮᠦᠵᠢᠯ ᠤᠨ ᠪᠠᠶᠢᠭᠤᠯᠤᠮᠵᠢ ᠨᠤᠭᠤᠳ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢᠶᠠᠷ ᠰᠤᠷᠭᠠᠨ ᠬᠦᠮᠦᠵᠢᠯ ᠵᠢᠭᠠᠨ ᠰᠤᠷᠭᠠᠯᠲᠠ ᠬᠢᠬᠦ ᠬᠡᠷᠡᠭᠲᠡᠢ︾ ᠭᠡᠵᠦ ᠲᠤᠭᠲᠠᠭᠠᠪᠠ | ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠲᠤᠬᠠᠢ | ᠲᠥᠷᠦ ᠶᠢᠨ ᠪᠣᠳᠤᠯᠭ᠎ᠠ ᠶᠢᠨ ᠲᠤᠭᠲᠠᠭᠠᠯ ᠳᠤ ᠭᠤᠣᠯᠳᠠᠭᠤ ᠶᠠᠭᠤ ᠶᠠᠭᠤ ᠪᠠᠶᠢᠬᠤ ᠪᠣᠢ︖ | ︽ᠤᠯᠤᠰ ᠤᠨ ᠳᠤᠮᠳᠠ ᠪᠠ ᠤᠷᠲᠤ ᠬᠤᠭᠤᠴᠠᠭᠠᠨ ᠤ ᠦᠭᠡ ᠬᠡᠯᠡ ᠦᠰᠦᠭ ᠪᠢᠴᠢᠭ ᠤᠨ ᠦᠢᠯᠡᠰ ᠤᠨ | ᠦᠭᠡᠷᠡᠴᠢᠯᠡᠯᠲᠡ ᠪᠠ ᠬᠦᠭᠵᠢᠭᠦᠯᠦᠯᠲᠡ ᠶᠢᠨ ᠲᠥᠯᠦᠪᠵᠢᠭᠦᠯᠭᠡ ᠶᠢᠨ ᠬᠦᠲᠦᠯᠪᠦᠷᠢ ︵2012—2020︶︾ ᠳᠤ | ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠥᠭᠡᠮᠡᠯᠵᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ | ᠂ 2020 ᠣᠨ ᠪᠣᠯᠬᠤ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠨᠡᠶᠢᠭᠡᠮ ᠳᠤ | ᠦᠨᠳᠦᠰᠦᠨ ᠳᠡᠭᠡᠨ ᠲᠥᠭᠡᠮᠡᠯᠵᠢᠭᠦᠯᠵᠦ᠂ ᠪᠦᠬᠦ ᠤᠯᠤᠰ ᠤᠨ ᠬᠡᠪᠴᠢᠶᠡᠨ ᠳᠠᠬᠢ ᠬᠡᠯᠡᠨ ᠤ ᠬᠠᠷᠢᠯᠴᠠᠭᠠᠨ ᠤ ᠬᠠᠷᠰᠢ | ᠰᠠᠭᠠᠳ ᠢ ᠦᠨᠳᠦᠰᠦᠨ ᠳᠡᠭᠡᠨ ᠠᠷᠢᠯᠭᠠᠬᠤ ᠬᠡᠷᠡᠭᠲᠡᠢ᠃ ᠴᠦᠬᠡᠨ ᠲᠣᠭᠠᠲᠤ ᠦᠨᠳᠦᠰᠦᠲᠡᠨ ᠤ ᠬᠤᠣᠰ ᠬᠡᠯᠡᠨ ᠤ | ᠪᠠᠭᠰᠢ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ | ᠱᠠᠭᠠᠷᠳᠠᠯᠭ᠎ᠠ ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠦᠬᠡᠨ ᠲᠣᠭᠠᠲᠤ ᠦᠨᠳᠦᠰᠦᠲᠡᠨ ᠤ | ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠬᠦ ᠶᠢ | ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | 2014 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ | ᠬᠤᠷᠢᠶᠠᠨ ᠤ ᠰᠢᠨ᠎ᠡ ᠪᠠᠶᠢᠳᠠᠯ ᠳᠠᠬᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠬᠤᠯᠪᠤᠭᠳᠠᠬᠤ ᠪᠢᠴᠢᠭ ᠮᠠᠲ᠋ᠧᠷᠢᠶᠠᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠢᠴᠢᠶᠡᠯ ᠢ ᠪᠦᠬᠦ ᠲᠠᠯ᠎ᠠ ᠪᠠᠷ ᠨᠡᠬᠡᠭᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ | ᠲᠠᠯ᠎ᠠ ᠪᠠᠷ ᠳᠡᠯᠭᠡᠷᠡᠭᠦᠯᠵᠦ᠂ ᠴᠦᠬᠡᠨ ᠲᠣᠭᠠᠲᠤ ᠦᠨᠳᠦᠰᠦᠲᠡᠨ ᠤ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠦᠨᠳᠦᠰᠦᠨ ᠳᠡᠭᠡᠨ ᠡᠵᠡᠮᠰᠢᠬᠦ ᠪᠠ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | 2015 ᠣᠨ ᠤ ︽ᠲᠥᠷᠦ ᠶᠢᠨ ᠶᠠᠪᠤᠳᠠᠯ ᠤᠨ ᠬᠤᠷᠢᠶᠠᠨ ᠤ ᠦᠨᠳᠦᠰᠦᠲᠡᠨ ᠤ ᠰᠤᠷᠭᠠᠨ ᠬᠦᠮᠦᠵᠢᠯ ᠢ | ᠥᠳᠳᠡᠷ ᠲᠥᠷᠭᠡᠨ ᠬᠦᠭᠵᠢᠭᠦᠯᠬᠦ ᠲᠤᠬᠠᠢ ᠲᠤᠭᠲᠠᠭᠠᠯ︾ ᠳᠤ ᠬᠠᠤᠯᠢ ᠴᠠᠭᠠᠵᠠ ᠶᠢ ᠦᠨᠳᠦᠰᠦᠯᠡᠵᠦ᠂ ᠵᠢᠮ᠎ᠡ | ᠶᠤᠰᠤ ᠶᠢ ᠵᠢᠷᠤᠮᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠡᠷᠡᠰ ᠭᠤᠶᠢᠪᠠᠰᠢ ᠦᠭᠡᠢ ᠬᠡᠷᠡᠭᠵᠢᠭᠦᠯᠵᠦ᠂ ᠴᠦᠬᠡᠨ ᠲᠣᠭᠠᠲᠤ ᠦᠨᠳᠦᠰᠦᠲᠡᠨ ᠤ ᠶᠡᠭᠡ | ᠳᠡᠭᠡᠲᠦ ᠰᠤᠷᠭᠠᠭᠤᠯᠢ ᠲᠡᠭᠦᠰᠦᠭᠰᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠪᠣᠯᠪᠠᠰᠤᠷᠠᠩᠭᠤᠢ ᠡᠵᠡᠮᠰᠢᠨ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | 2020 ᠣᠨ ᠤ 10 ᠰᠠᠷ᠎ᠠ ᠳᠤ ᠬᠤᠷᠠᠯᠳᠤᠭᠤᠯᠤᠭᠰᠠᠨ ᠪᠦᠬᠦ ᠤᠯᠤᠰ ᠤᠨ ᠦᠭᠡ ᠬᠡᠯᠡ ᠦᠰᠦᠭ ᠪᠢᠴᠢᠭ ᠤᠨ | ᠬᠤᠷᠠᠯ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠰᠤᠷᠤᠯᠴᠠᠭ᠎ᠠ ᠪᠠ | ᠰᠤᠯᠢᠯᠴᠠᠭᠠᠨ ᠤ ᠰᠠᠭᠤᠷᠢ ᠮᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠭᠤᠣᠯ | ᠴᠤᠭᠴᠠ ᠶᠢᠨ ᠪᠠᠶᠢᠷᠢ ᠰᠠᠭᠤᠷᠢ ᠶᠢ ᠲᠤᠭ ᠲᠡᠮᠳᠡᠭ ᠲᠤᠳᠤᠷᠬᠠᠢ ᠪᠠᠷ ᠪᠠᠬᠢᠵᠢᠭᠦᠯᠦᠨ ᠴᠢᠩᠭᠠᠳᠬᠠᠵᠤ᠂ | ᠰᠤᠷᠭᠠᠭᠤᠯᠢ ᠶᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ | ᠰᠠᠭᠤᠷᠢ ᠵᠢᠭᠰᠠᠭᠠᠯ ᠤᠨ ᠭᠠᠵᠠᠷ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠴᠠᠭ ᠥᠶ᠎ᠡ ᠶᠢᠨ ᠦᠭᠡ ᠬᠡᠯᠡ | ᠦᠰᠦᠭ ᠪᠢᠴᠢᠭ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠥᠷᠦ ᠶᠢᠨ ᠶᠠᠪᠤᠳᠠᠯ ᠤᠨ ᠬᠤᠷᠢᠶᠠᠨ ᠤ | ᠬᠤᠯᠪᠤᠭᠳᠠᠬᠤ ᠪᠢᠴᠢᠭ ᠮᠠᠲ᠋ᠧᠷᠢᠶᠠᠯ ᠳᠤ ᠴᠦᠬᠡᠨ ᠲᠣᠭᠠᠲᠤ ᠦᠨᠳᠦᠰᠦᠲᠡᠨ ᠤ ᠡᠯ᠎ᠡ ᠰᠤᠷᠤᠯᠭ᠎ᠠ ᠶᠢᠨ ᠱᠠᠲᠤᠨ ᠤ | ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠵᠦ ᠬᠡᠷᠡᠭᠯᠡᠬᠦ ᠲᠤᠬᠠᠢ | ᠲᠣᠳᠤᠷᠬᠠᠢ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠦᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢ ᠲᠤᠭᠲᠠᠭᠠᠬᠤ ᠲᠤᠬᠠᠢ ᠰᠠᠨᠠᠭᠤᠯᠭ᠎ᠠ︾ ᠳᠤ ︽ᠦᠨᠳᠦᠰᠦᠲᠡᠨ ᠤ ᠣᠷᠤᠨ ᠤ ᠰᠤᠷᠭᠠᠨ | ᠬᠦᠮᠦᠵᠢᠯ ᠤᠨ ᠴᠢᠨᠠᠷ ᠴᠢᠨᠰᠠᠭ᠎ᠠ ᠪᠠ ᠬᠢᠷᠢ ᠲᠥᠪᠰᠢᠨ ᠢ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠢ︾ ᠭᠡᠵᠦ ᠲᠣᠳᠤᠷᠬᠠᠢ ᠱᠠᠭᠠᠷᠳᠠᠪᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠲᠤᠬᠠᠢ ᠬᠡᠷᠬᠢᠨ | ᠣᠶᠢᠯᠠᠭᠠᠬᠤ ᠪᠣᠢ︖ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠪᠦᠬᠦ ᠳᠤᠮᠳᠠᠳᠤ ᠤᠯᠤᠰ ᠤᠨ ᠪᠦᠬᠦ | ᠨᠡᠶᠢᠭᠡᠮ ᠤᠨ ᠬᠠᠮᠲᠤ ᠶᠢᠨ ᠦᠭᠡ ᠬᠡᠯᠡ ᠦᠰᠦᠭ ᠪᠢᠴᠢᠭ ᠮᠦᠨ᠂ 56 ᠦᠨᠳᠦᠰᠦᠲᠡᠨ ᠤ ᠶᠠᠪᠤᠯᠴᠠᠭ᠎ᠠ᠂ | ᠰᠤᠯᠢᠯᠴᠠᠭ᠎ᠠ᠂ ᠠᠭᠤᠰᠤᠯᠴᠠᠭ᠎ᠠ ᠶᠢᠨ ᠬᠠᠮᠲᠤ ᠶᠢᠨ ᠬᠤᠯᠪᠤᠭᠠᠰᠤ ᠮᠦᠨ᠂ ᠮᠠᠨ ᠤ ᠤᠯᠤᠰ ᠤᠨ ᠦᠨᠳᠦᠰᠦᠲᠡᠨ | ᠨᠦᠭᠦᠳ ᠤᠨ ᠬᠠᠮᠲᠤ ᠶᠢᠨ ᠤᠯᠠᠮᠵᠢᠯᠠᠯ ᠪᠠ ᠬᠦᠭᠵᠢᠯᠲᠡ ᠶᠢᠨ ᠡᠷᠬᠢᠮ ᠨᠠᠨᠳᠢᠨ ᠥᠪ ᠬᠦᠷᠥᠩᠭᠡ ᠮᠦᠨ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠬᠤ ᠪᠣᠯ ᠮᠠᠨ ᠤ | ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠳᠤ ᠲᠤᠭᠲᠠᠭᠠᠭᠰᠠᠨ ᠦᠨᠳᠦᠰᠦᠲᠡᠨ ᠨᠦᠭᠦᠳ ᠤᠨ | ᠬᠠᠮᠲᠤ ᠶᠢᠨ ᠬᠠᠷᠢᠭᠤᠴᠠᠯᠭ᠎ᠠ ᠪᠠᠶᠢᠵᠤ᠂ ᠦᠨᠳᠦᠰᠦᠲᠡᠨ ᠨᠦᠭᠦᠳ ᠤᠨ ᠣᠯᠠᠨ ᠲᠥᠮᠡᠨ ᠡᠩ ᠲᠡᠷᠢᠭᠦᠨ ᠳᠤ ᠰᠠᠶᠢᠲᠤᠷ | ᠰᠤᠷᠴᠤ᠂ ᠰᠠᠶᠢᠲᠤᠷ ᠬᠡᠷᠡᠭᠯᠡᠬᠦ ᠬᠡᠷᠡᠭᠲᠡᠢ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠲᠥᠭᠡᠮᠡᠯᠵᠢᠭᠦᠯᠬᠦ | ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠰᠤᠶᠤᠯ ᠤᠨ | ᠬᠠᠮᠲᠤ ᠶᠢᠨ ᠲᠠᠨᠢᠯᠲᠠ ᠪᠠ ᠤᠯᠤᠰ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ᠂ ᠦᠷᠭᠡᠨ ᠳᠡᠯᠭᠡᠷ ᠶᠠᠪᠤᠯᠴᠠᠭ᠎ᠠ᠂ | ᠪᠦᠬᠦ ᠲᠠᠯ᠎ᠠ ᠶᠢᠨ ᠰᠤᠯᠢᠯᠴᠠᠭ᠎ᠠ᠂ ᠭᠦᠨᠵᠡᠭᠡᠢ ᠠᠭᠤᠰᠤᠯᠴᠠᠭ᠎ᠠ ᠶᠢ ᠠᠬᠢᠭᠤᠯᠬᠤ ᠳᠤ ᠠᠰᠢᠭᠲᠠᠢ᠂ ᠦᠨᠳᠦᠰᠦᠲᠡᠨ | ᠨᠦᠭᠦᠳ ᠤᠨ ᠠᠷᠠᠳ ᠲᠥᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ︔ ᠤᠯᠤᠰ ᠢᠶᠠᠨ ᠬᠠᠶᠢᠷᠠᠯᠠᠬᠤ | ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠳᠤ ᠠᠰᠢᠭᠲᠠᠢ︔ ᠦᠨᠳᠦᠰᠦᠲᠡᠨ ᠨᠦᠭᠦᠳ ᠤᠨ ᠦᠷᠭᠡᠨ ᠣᠯᠠᠨ | ᠲᠥᠮᠡᠨ ᠤ ᠨᠡᠩ ᠲᠥᠪ ᠭᠤᠣᠯᠴᠢ᠂ ᠨᠡᠩ ᠴᠢᠨᠠᠷ ᠰᠠᠶᠢᠲᠠᠢ ᠰᠤᠷᠭᠠᠨ ᠬᠦᠮᠦᠵᠢᠯ ᠬᠦᠷᠲᠡᠵᠦ᠂ ᠦᠨᠳᠦᠰᠦᠲᠡᠨ | ᠨᠦᠭᠦᠳ ᠤᠨ ᠰᠤᠷᠤᠭᠴᠢᠳ ᠪᠦᠬᠦ ᠤᠯᠤᠰ ᠲᠤ ᠬᠠᠨᠲᠤᠵᠤ᠂ ᠠᠵᠢᠯ ᠣᠯᠬᠤ ᠶᠢ ᠭᠦᠢᠴᠡᠳ ᠠᠬᠢᠭᠤᠯᠵᠤ᠂ | ᠦᠨᠳᠦᠰᠦᠲᠡᠨ ᠨᠦᠭᠦᠳ ᠤᠨ ᠣᠳᠣᠬᠢᠴᠢᠯᠠᠯᠲᠠ ᠲᠡᠶᠢᠰᠢ ᠣᠷᠤᠭᠰᠢᠯᠠᠬᠤ ᠶᠢ ᠠᠬᠢᠭᠤᠯᠬᠤ ᠳᠤ ᠠᠰᠢᠭᠲᠠᠢ ᠶᠤᠮ᠃ | | |