ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠥᠷᠦ ᠶᠢᠨ ᠪᠣᠳᠤᠯᠭ᠎ᠠ ᠶᠢᠨ ᠲᠠᠶᠢᠯᠤᠮᠵᠢ ︵ᠭᠤᠷᠪᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2021/2/11
    ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠭᠤᠷᠪᠠᠨ ᠬᠢᠴᠢᠶᠡᠯ ᠲᠥᠷᠦᠯ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠢᠷᠢ ᠲᠥᠪᠰᠢᠨ ᠪᠣᠯᠤᠨ ᠵᠢᠭᠠᠨ ᠰᠤᠷᠭᠠᠬᠤ ᠴᠢᠳᠠᠪᠤᠷᠢ ᠶᠢ ᠬᠡᠷᠬᠢᠨ ᠳᠡᠭᠡᠭᠰᠢᠯᠡᠭᠦᠯᠬᠦ ᠪᠣᠢ︖    ᠥᠪᠡᠷᠲᠡᠭᠡᠨ ᠵᠠᠰᠠᠬᠤ ᠣᠷᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠭᠤᠷᠪᠠᠨ ᠱᠠᠲᠤᠨ ᠤ ᠵᠢᠭᠠᠬᠤ ᠶᠢ ᠰᠤᠳᠤᠯᠬᠤ ᠶᠢ ᠵᠢᠯᠤᠭᠤᠳᠬᠤ ᠲᠤᠭᠲᠠᠴᠠ ᠶᠢ ᠪᠠᠶᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠱᠠᠲᠤ ᠪᠠ ᠲᠥᠷᠦᠯ ᠬᠤᠪᠢᠶᠠᠵᠤ᠂ ᠪᠠᠭᠰᠢ ᠶᠢᠨ ᠪᠣᠯᠪᠠᠰᠤᠷᠠᠯ ᠢ ᠦᠷᠨᠢᠭᠦᠯᠦᠨ᠎ᠡ᠂ ᠡᠭᠦᠨ ᠳᠤ ᠭᠤᠷᠪᠠᠨ ᠬᠢᠴᠢᠶᠡᠯ ᠲᠥᠷᠦᠯ ᠤᠨ ᠪᠠᠭᠰᠢ ᠨᠠᠷ ᠤᠨ ᠪᠦᠬᠦ ᠪᠠᠭᠰᠢ ᠶᠢᠨ ᠪᠣᠯᠪᠠᠰᠤᠷᠠᠯ᠂ ︽ᠭᠤᠣᠯᠯᠠᠭᠴᠢ︾ ᠪᠠᠭᠰᠢ ᠶᠢᠨ ᠪᠣᠯᠪᠠᠰᠤᠷᠠᠯ᠂ ᠵᠢᠱᠢᠶᠡᠴᠢ ᠪᠠᠭᠰᠢ ᠶᠢᠨ ᠪᠣᠯᠪᠠᠰᠤᠷᠠᠯ᠂ ᠭᠤᠣᠯᠯᠠᠭᠴᠢ ᠠᠩᠭᠢ ᠶᠢᠨ ᠡᠷᠬᠢᠯᠡᠭᠴᠢ ᠶᠢᠨ ᠪᠣᠯᠪᠠᠰᠤᠷᠠᠯ᠂ ᠰᠢᠨ᠎ᠡ ᠪᠠᠭᠰᠢ ᠶᠢᠨ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠪᠣᠯᠪᠠᠰᠤᠷᠠᠯ ᠵᠢᠴᠢ ᠪᠠᠭᠰᠢ ᠶᠢᠨ ᠰᠤᠷᠤᠯᠭ᠎ᠠ ᠶᠢᠨ ᠨᠠᠮᠲᠠᠷ ᠤᠨ ᠳᠡᠪᠲᠡᠨ ᠪᠣᠯᠪᠠᠰᠤᠷᠠᠯ ᠵᠡᠷᠭᠡ ᠶᠢ ᠪᠠᠭᠲᠠᠭᠠᠨ᠎ᠠ᠃ ᠪᠣᠯᠪᠠᠰᠤᠷᠠᠯ ᠤᠨ ᠠᠭᠤᠯᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠵᠡᠷᠭᠡ ᠶᠡᠷᠦᠩᠬᠡᠶᠢᠯᠡᠭᠰᠡᠨ ᠮᠡᠳᠡᠯᠭᠡ ᠶᠢᠨ ᠴᠢᠨᠠᠷᠲᠠᠢ ᠬᠢᠴᠢᠶᠡᠯ᠂ ᠰᠢᠨ᠎ᠡ ᠬᠢᠴᠢᠶᠡᠯ ᠤᠨ ᠪᠠᠷᠢᠮᠵᠢᠶ᠎ᠠ᠂ ᠵᠢᠭᠠᠬᠤ ᠮᠠᠲ᠋ᠧᠷᠢᠶᠠᠯ ᠵᠢᠭᠠᠬᠤ ᠠᠷᠭ᠎ᠠ ᠵᠢᠴᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠳᠠᠪᠤᠷᠢ ᠵᠡᠷᠭᠡ ᠪᠠᠭᠲᠠᠨ᠎ᠠ᠃    ᠰᠤᠷᠭᠠᠨ ᠬᠦᠮᠦᠵᠢᠯ ᠤᠨ ᠲᠢᠩᠬᠢᠮ ᠠᠴᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠵᠡᠷᠭᠡ ᠣᠷᠤᠨ ᠤ ᠭᠠᠳᠠᠨᠠᠬᠢ 14 ᠪᠠᠭᠰᠢ ᠶᠢᠨ ᠶᠡᠭᠡ ᠳᠡᠭᠡᠲᠦ ᠰᠤᠷᠭᠠᠭᠤᠯᠢ ᠪᠣᠯᠤᠨ ᠮᠠᠨ ᠤ ᠣᠷᠤᠨ ᠤ 6 ᠪᠠᠭᠰᠢ ᠶᠢᠨ ᠶᠡᠭᠡ ᠳᠡᠭᠡᠲᠦ ᠰᠤᠷᠭᠠᠭᠤᠯᠢ ᠶᠢ ᠵᠣᠬᠢᠶᠠᠨ ᠪᠠᠶᠢᠭᠤᠯᠵᠤ᠂ ᠵᠡᠭᠦᠨ᠂ ᠳᠤᠮᠳᠠ᠂ ᠪᠠᠷᠠᠭᠤᠨ ᠭᠤᠷᠪᠠᠨ ᠬᠡᠰᠡᠭ ᠬᠤᠪᠢᠶᠠᠨ᠂ ᠪᠦᠬᠦ ᠣᠷᠤᠨ ᠤ 12 ᠠᠶᠢᠮᠠᠭ ᠬᠤᠲᠠ ᠶᠢ ᠳᠠᠭᠠᠭᠠᠴᠢᠯᠠᠨ ᠬᠤᠯᠪᠤᠭᠠᠯᠠᠵᠤ᠂ ᠪᠦᠬᠦ ᠣᠷᠤᠨ ᠤ ᠣᠳᠤ ᠪᠠᠶᠢᠭ᠎ᠠ ᠭᠤᠷᠪᠠᠨ ᠬᠢᠴᠢᠶᠡᠯ ᠲᠥᠷᠦᠯ ᠤᠨ ᠪᠠᠭᠰᠢ ᠨᠠᠷ ᠢ ᠬᠡᠰᠡᠭ ᠪᠦᠯᠦᠭ ᠬᠤᠪᠢᠶᠠᠨ᠂ ᠪᠦᠬᠦᠨ ᠢ ᠪᠣᠯᠪᠠᠰᠤᠷᠠᠯ ᠳᠤ ᠣᠷᠤᠯᠴᠠᠭᠤᠯᠤᠨ᠎ᠠ᠃ 1 ᠰᠠᠷ᠎ᠠ ᠶᠢᠨ ᠳᠤᠮᠳᠠᠴᠢ ᠠᠴᠠ ᠪᠣᠯᠪᠠᠰᠤᠷᠠᠭᠤᠯᠬᠤ ᠠᠵᠢᠯ ᠢ ᠨᠢᠭᠡᠨᠲᠡ ᠵᠠᠯᠭᠠᠭ᠎ᠠ ᠪᠠᠷ ᠡᠬᠢᠯᠡᠭᠦᠯᠪᠡ᠃    ᠪᠦᠬᠦ ᠣᠷᠤᠨ ᠤ ᠣᠳᠤ ᠪᠠᠶᠢᠭ᠎ᠠ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠭᠤᠷᠪᠠᠨ ᠬᠢᠴᠢᠶᠡᠯ ᠲᠥᠷᠦᠯ ᠤᠨ ᠪᠠᠭᠰᠢ ᠨᠠᠷ ᠠᠴᠠ 300 ᠨᠡᠷᠡᠰ ᠭᠤᠣᠯᠯᠠᠭᠴᠢ ᠪᠠᠭᠰᠢ ᠶᠢ ᠰᠢᠯᠢᠨ ᠰᠤᠩᠭᠤᠵᠤ᠂ ᠵᠢᠱᠢᠶ᠎ᠡ ᠦᠵᠡᠭᠦᠯᠬᠦ ᠪᠣᠯᠪᠠᠰᠤᠷᠠᠯ ᠦᠷᠨᠢᠭᠦᠯᠦᠨ᠎ᠡ᠂ ᠪᠣᠯᠪᠠᠰᠤᠷᠠᠯ ᠤᠨ ᠬᠤᠭᠤᠴᠠᠭ᠎ᠠ ᠨᠢ 2 ᠵᠢᠯ ᠪᠣᠯᠤᠨ᠎ᠠ᠃ ᠡᠯ᠎ᠡ ᠭᠠᠵᠠᠷ ᠣᠷᠤᠨ᠂ ᠡᠯ᠎ᠡ ᠰᠤᠷᠭᠠᠭᠤᠯᠢ ᠨᠢ ᠭᠤᠣᠯᠯᠠᠭᠴᠢ ᠪᠠᠭᠰᠢ ᠨᠠᠷ ᠲᠤ ᠲᠥᠰᠢᠭᠯᠡᠨ᠂ ᠰᠤᠷᠭᠠᠭᠤᠯᠢ ᠶᠢᠨ ᠳᠣᠲᠤᠭᠠᠳᠤ ᠶᠢᠨ ᠪᠣᠯᠪᠠᠰᠤᠷᠠᠯ᠂ ᠵᠢᠭᠠᠨ ᠰᠤᠷᠭᠠᠯᠲᠠ ᠶᠢᠨ ᠵᠢᠯᠤᠭᠤᠳᠤᠯᠭ᠎ᠠ᠂ ᠵᠢᠭᠠᠨ ᠰᠤᠷᠭᠠᠯᠲᠠ ᠶᠢᠨ ᠰᠣᠳᠤᠯᠭᠠᠨ ᠢ ᠪᠠᠶᠢᠩᠭᠤᠵᠢᠭᠤᠯᠤᠨ ᠦᠷᠨᠢᠭᠦᠯᠵᠦ᠂ ᠭᠤᠷᠪᠠᠨ ᠬᠢᠴᠢᠶᠡᠯ ᠲᠥᠷᠦᠯ ᠤᠨ ᠪᠠᠭᠰᠢ ᠶᠢᠨ ᠪᠦᠬᠦᠯᠢ ᠴᠤᠭᠴᠠ ᠶᠢᠨ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠵᠢᠱᠢᠶ᠎ᠡ ᠦᠵᠡᠭᠦᠯᠵᠦ ᠬᠦᠲᠦᠯᠡᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠤᠨ᠎ᠠ᠃    ᠪᠣᠯᠪᠠᠰᠤᠷᠠᠯ ᠳᠤ ᠣᠷᠤᠯᠴᠠᠭᠰᠠᠨ ᠤ ᠳᠠᠷᠠᠭ᠎ᠠ ᠭᠤᠷᠪᠠᠨ ᠬᠢᠴᠢᠶᠡᠯ ᠲᠥᠷᠦᠯ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠮᠦᠨ ᠬᠦ ᠡᠭᠦᠷᠭᠡᠯᠡᠵᠦ ᠳᠡᠶᠢᠯᠬᠦ ᠦᠭᠡᠢ ᠪᠠᠭᠰᠢ ᠳᠤ ᠶᠠᠮᠠᠷ ᠲᠥᠷᠦ ᠶᠢᠨ ᠪᠣᠳᠤᠯᠭ᠎ᠠ ᠶᠢ ᠠᠪᠬᠤ ᠪᠣᠢ︖    ᠪᠠᠭᠰᠢ ᠶᠢ ᠬᠠᠯᠠᠮᠵᠢᠯᠠᠨ ᠬᠠᠶᠢᠷᠠᠯᠠᠵᠤ᠂ ᠪᠠᠭᠰᠢ ᠨᠠᠷ ᠪᠦᠷᠢᠨ ᠭᠦᠢᠴᠡᠳ ᠪᠣᠯᠪᠠᠰᠤᠷᠠᠯ ᠬᠦᠷᠲᠡᠵᠦ ᠳᠡᠭᠡᠭᠰᠢᠯᠡᠬᠦ ᠴᠠᠭ ᠢ ᠪᠠᠲᠤᠯᠠᠬᠤ ᠶᠢᠨ ᠲᠥᠯᠦᠭᠡ᠂ ᠪᠠᠭ᠎ᠠ ᠰᠤᠷᠭᠠᠭᠤᠯᠢ ᠶᠢᠨ 6 ᠵᠢᠯ ᠪᠣᠯᠤᠨ ᠳᠤᠮᠳᠠᠳᠤ ᠰᠤᠷᠭᠠᠭᠤᠯᠢ ᠶᠢᠨ 6 ᠵᠢᠯ ᠤᠨ ᠰᠤᠷᠤᠯᠭ᠎ᠠ ᠶᠢᠨ ᠲᠥᠷᠢᠮ ᠤᠨ ᠲᠤᠬᠢᠷᠠᠭᠤᠯᠤᠯᠲᠠ ᠶᠢ ᠨᠢᠭᠡᠳᠦᠯᠲᠡᠢ ᠲᠥᠯᠦᠪᠯᠡᠨ ᠪᠣᠳᠤᠯᠬᠢᠯᠠᠵᠤ᠂ ᠵᠡᠷᠴᠢᠮ ᠳᠡᠭᠡᠷ᠎ᠡ ᠪᠠᠨ 6 ᠵᠢᠯ ᠤᠨ ᠰᠢᠯᠵᠢᠯᠲᠡ ᠶᠢᠨ ᠬᠤᠭᠤᠴᠠᠭ᠎ᠠ ᠲᠠᠢ ᠪᠠᠶᠢᠯᠭᠠᠬᠤ ᠪᠠᠷ ᠲᠤᠰᠬᠠᠶᠢᠷᠠᠭᠤᠯᠪᠠ᠃ ᠰᠢᠯᠵᠢᠯᠲᠡ ᠶᠢᠨ ᠬᠤᠭᠤᠴᠠᠭᠠᠨ ᠳᠤ ᠪᠠᠭᠰᠢ ᠶᠢᠨ ᠪᠡᠶ᠎ᠡ ᠶᠢᠨ ᠭᠠᠷᠤᠯ᠂ ᠣᠳᠤ ᠤᠷᠢᠵᠤ ᠬᠡᠷᠡᠭᠯᠡᠵᠦ ᠪᠠᠶᠢᠭ᠎ᠠ ᠮᠡᠷᠭᠡᠵᠢᠯ ᠤᠨ ᠵᠡᠷᠭᠡ ᠳᠡᠰ᠂ ᠴᠠᠯᠢᠩ ᠬᠦᠯᠦᠰᠦ ᠶᠢ ᠨᠢ ᠬᠤᠪᠢᠷᠠᠭᠤᠯᠬᠤ ᠦᠭᠡᠢ᠃    ᠡᠯ᠎ᠡ ᠵᠦᠢᠯ ᠤᠨ ᠪᠣᠯᠪᠠᠰᠤᠷᠠᠯ ᠢᠶᠠᠷ ᠳᠠᠮᠵᠢᠭᠠᠳ ᠵᠢᠭᠠᠨ ᠰᠤᠷᠭᠠᠬᠤ ᠠᠵᠢᠯ ᠤᠨ ᠪᠠᠶᠢᠷᠢ ᠳᠤ ᠮᠦᠨ ᠲᠤᠬᠢᠷᠠᠯᠴᠠᠵᠤ ᠳᠡᠶᠢᠯᠬᠦ ᠦᠭᠡᠢ ᠪᠣᠯ᠂ ᠡᠯ᠎ᠡ ᠠᠶᠢᠮᠠᠭ ᠬᠤᠲᠠ ᠠᠴᠠ ᠠᠵᠢᠯ ᠤᠨ ᠪᠠᠶᠢᠷᠢ ᠶᠢ ᠨᠢ ᠰᠢᠯᠵᠢᠭᠦᠯᠵᠦ ᠰᠣᠯᠢᠬᠤ ᠠᠷᠭ᠎ᠠ ᠲᠤᠭᠲᠠᠭᠠᠵᠤ᠂ ᠪᠠᠭᠰᠢ ᠨᠠᠷ ᠤᠨ ᠥᠪᠡᠷ ᠤᠨ ᠬᠦᠰᠡᠯ ᠪᠣᠳᠤᠯ ᠵᠢᠴᠢ ᠲᠤᠬᠠᠢ ᠶᠢᠨ ᠭᠠᠵᠠᠷ ᠤᠨ ᠪᠣᠳᠠᠳᠤ ᠪᠠᠶᠢᠳᠠᠯ ᠢᠶᠠᠨ ᠦᠨᠳᠦᠰᠦᠯᠡᠵᠦ᠂ ︽ᠬᠦᠮᠦᠨ ᠪᠠ ᠠᠵᠢᠯ ᠤᠨ ᠪᠠᠶᠢᠷᠢ ᠶᠢ ᠵᠣᠬᠢᠴᠠᠭᠤᠯᠬᠤ︾ ᠵᠠᠷᠴᠢᠮ ᠢᠶᠠᠷ ᠰᠤᠷᠭᠠᠨ ᠬᠦᠮᠦᠵᠢᠯ ᠤᠨ ᠰᠢᠰᠲ᠋ᠧᠮ ᠤᠨ ᠳᠣᠲᠤᠷ᠎ᠠ ᠪᠠᠨ ᠲᠣᠬᠢᠷᠠᠭᠤᠯᠤᠨ᠎ᠠ᠃ ᠬᠦᠨᠳᠦ ᠡᠪᠡᠳᠴᠢᠨ ᠲᠠᠢ ᠪᠤᠶᠤ ᠠᠵᠢᠯ ᠠᠴᠠ ᠪᠠᠨ ᠠᠮᠠᠷᠠᠬᠤ ᠨᠠᠰᠤᠨ ᠳᠤ ᠣᠶᠢᠷᠠᠳᠤᠭᠰᠠᠨ ᠪᠠᠭᠰᠢ ᠨᠠᠷ ᠢ ᠲᠤᠬᠠᠢ ᠶᠢᠨ ᠭᠠᠵᠠᠷ ᠣᠷᠤᠨ ᠤ ᠪᠣᠳᠠᠳᠣ ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠠᠭᠠᠢ ᠲᠥᠷᠦ ᠶᠢᠨ ᠪᠣᠳᠤᠯᠭ᠎ᠠ ᠶᠢ ᠲᠤᠭᠲᠠᠭᠠᠵᠤ᠂ ᠲᠤᠬᠢᠷᠠᠮᠵᠢᠲᠠᠢ ᠲᠥᠪᠬᠢᠨᠡᠭᠦᠯᠦᠨ᠎ᠡ᠃   ᠭᠤᠷᠪᠠᠨ ᠬᠢᠴᠢᠶᠡᠯ ᠲᠥᠷᠦᠯ ᠤᠨ ᠪᠠᠭᠰᠢ ᠨᠠᠷ ᠤᠨ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠪᠣᠶᠤ ᠳᠠᠪᠲᠠᠨ ᠪᠣᠯᠪᠠᠰᠤᠷᠠᠬᠤ ᠶᠢ ᠳᠡᠮᠵᠢᠬᠦ ᠶᠠᠮᠠᠷ ᠲᠥᠷᠦ ᠶᠢᠨ ᠪᠣᠳᠤᠯᠭ᠎ᠠ ᠪᠠᠶᠢᠬᠤ ᠪᠣᠢ︖   ᠭᠤᠷᠪᠠᠨ ᠬᠢᠴᠢᠶᠡᠯ ᠲᠥᠷᠦᠯ ᠤᠨ ᠪᠠᠭᠰᠢ ᠨᠠᠷ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠪᠣᠶᠤ ᠲᠤᠰᠬᠠᠢ ᠮᠡᠷᠭᠡᠵᠢᠯ ᠳᠡᠭᠡᠨ ᠲᠤᠬᠢᠷᠠᠭᠰᠠᠨ ᠰᠤᠷᠤᠯᠭ᠎ᠠ ᠶᠢᠨ ᠨᠠᠮᠲᠠᠷ ᠤᠨ ᠳᠠᠪᠲᠠᠨ ᠪᠣᠯᠪᠠᠰᠤᠷᠠᠯ ᠢ ᠬᠦᠷᠲᠡᠵᠦ ᠪᠠᠶᠢᠭ᠎ᠠ ᠬᠤᠭᠤᠴᠠᠭᠠᠨ ᠳᠤ ᠣᠣᠯ ᠤᠨ ᠠᠵᠢᠯ ᠤᠨ ᠪᠠᠶᠢᠷᠢ ᠶᠢᠨ ᠴᠠᠯᠢᠩ ᠬᠦᠯᠦᠰᠦ ᠶᠢ ᠨᠢ ᠬᠤᠪᠢᠷᠠᠭᠤᠯᠬᠤ ᠦᠭᠡᠢ᠂ ᠰᠤᠷᠤᠯᠭ᠎ᠠ ᠶᠢᠨ ᠰᠦᠢᠳᠭᠡᠯ᠂ ᠬᠢᠴᠢᠶᠡᠯ ᠤᠨ ᠮᠠᠲ᠋ᠧᠷᠢᠶᠠᠯ ᠤᠨ ᠰᠦᠢᠳᠭᠡᠯ᠂ ᠵᠢᠭᠠᠬᠤ ᠮᠠᠲ᠋ᠧᠷᠢᠶᠠᠯ ᠤᠨ ᠰᠦᠢᠳᠭᠡᠯ ᠵᠡᠷᠭᠡ ᠶᠢ ᠰᠤᠷᠤᠯᠴᠠᠵᠤ ᠪᠠᠶᠢᠭ᠎ᠠ ᠰᠤᠷᠭᠠᠭᠤᠯᠢ ᠨᠢ ᠬᠦᠩᠭᠡᠷᠡᠭᠦᠯᠬᠦ ᠪᠠ ᠬᠡᠯᠲᠦᠷᠢᠭᠦᠯᠬᠦ᠂ ᠠᠵᠢᠯᠯᠠᠵᠤ ᠪᠠᠶᠢᠭ᠎ᠠ ᠰᠤᠷᠭᠠᠭᠤᠯᠢ ᠵᠢᠴᠢ ᠬᠤᠪᠢ ᠬᠦᠮᠦᠨ ᠨᠢ ᠵᠤᠬᠢᠬᠤ ᠬᠠᠷᠢᠴᠠᠯ ᠢᠶᠠᠷ ᠡᠭᠦᠷᠭᠡᠯᠡᠬᠦ ᠵᠡᠷᠭᠡ ᠠᠷᠭ᠎ᠠ ᠪᠠᠷ ᠳᠠᠮᠵᠢᠭᠤᠯᠵᠤ ᠰᠢᠢᠳᠪᠦᠷᠢᠯᠡᠨ᠎ᠡ᠃    ᠰᠦᠯᠵᠢᠶᠡᠨ ᠢᠵᠢᠯ ᠠᠯᠬᠤᠮ ᠤᠨ ᠬᠢᠴᠢᠶᠡᠯ ᠤᠨ ᠡᠬᠢ ᠪᠠᠶᠠᠯᠢᠭ ᠢᠶᠠᠷ ᠳᠠᠮᠵᠢᠭᠤᠯᠵᠤ ᠪᠠᠭᠰᠢ ᠨᠠᠷ ᠤᠨ ᠪᠡᠶ᠎ᠡ  ᠪᠠᠨ ᠳᠠᠭᠠᠭᠠᠵᠤ ᠰᠤᠷᠬᠤ ᠴᠢᠳᠠᠪᠤᠷᠢ ᠶᠢ ᠬᠡᠷᠬᠢᠨ ᠴᠢᠩᠭᠠᠳᠬᠠᠬᠤ ᠪᠣᠢ︖    ᠮᠠᠨ ᠤ ᠣᠷᠤᠨ 200 ᠭᠠᠷᠤᠢ ᠵᠢᠭᠠᠬᠤ ᠶᠢ ᠰᠣᠳᠤᠯᠤᠭᠴᠢ ᠪᠣᠯᠤᠨ ᠭᠤᠣᠯᠯᠠᠭᠴᠢ ᠪᠠᠭᠰᠢ ᠶᠢ ᠵᠣᠬᠢᠶᠠᠨ ᠪᠠᠶᠢᠭᠤᠯᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠢ ᠡᠬᠢᠯᠡᠨ ᠵᠢᠭᠠᠬᠤ ᠣᠨ ᠳᠤ ᠬᠡᠷᠡᠭᠯᠡᠬᠦ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠯᠡ ᠪᠢᠴᠢᠭ ᠤᠨ ᠰᠦᠯᠵᠢᠶᠡᠨ ᠤ ᠢᠵᠢᠯ ᠠᠯᠬᠤᠮ ᠤᠨ ᠬᠢᠴᠢᠶᠡᠯ ᠤᠨ ᠡᠬᠢ ᠪᠠᠶᠠᠯᠢᠭ᠂ ᠰᠦᠯᠵᠢᠶᠡᠨ ᠤ ᠵᠢᠭᠠᠬᠤ ᠠᠷᠭ᠎ᠠ ᠶᠢᠨ ᠲᠠᠶᠢᠯᠤᠮᠵᠢ ᠵᠡᠷᠭᠡ ᠶᠢ ᠰᠢᠩᠭᠡᠭᠡᠨ ᠦᠢᠯᠡᠳᠴᠦ ᠂ ᠤᠯᠤᠰ ᠤᠨ ᠢᠵᠢᠯ ᠠᠯᠬᠤᠮ ᠤᠨ ᠬᠢᠴᠢᠶᠡᠯ ᠤᠨ ᠡᠬᠢ ᠪᠠᠶᠠᠯᠢᠭ ᠲᠠᠢ ᠨᠢᠭᠡᠳᠭᠡᠵᠦ᠂ ᠪᠠᠭᠰᠢ ᠰᠤᠷᠤᠭᠴᠢᠳ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠢᠵᠢᠯ ᠠᠯᠬᠤᠮ ᠬᠢᠴᠢᠶᠡᠯ ᠤᠨ ᠡᠬᠢ ᠪᠠᠶᠠᠯᠢᠭ ᠤᠨ ᠲᠠᠪᠴᠠᠩ ︵ᠰᠦᠯᠵᠢᠶᠡᠨ ᠬᠠᠶᠠᠭ᠄ http:t.pep.com.cn/ssmzyw︶᠂ ᠥᠪᠦᠷ ᠮᠣᠩᠭᠤᠯ ᠤᠨ ᠰᠤᠷᠭᠠᠨ ᠬᠦᠮᠦᠵᠢᠯ ᠤᠨ ᠡᠭᠦᠯᠡᠨ ᠲᠠᠪᠴᠠᠩ ︵ᠰᠦᠯᠵᠢᠶᠡᠨ ᠬᠠᠶᠠᠭ᠄ http://www.nmgjyyun.cn/︶᠂ ᠮᠣᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠵᠡᠷᠭᠡ ᠪᠠᠷ ᠳᠠᠮᠵᠢᠭᠤᠯᠵᠤ ᠠᠰᠢᠭᠯᠠᠨ ᠬᠡᠷᠡᠭᠯᠡᠵᠦ ᠪᠣᠯᠤᠨ᠎ᠠ᠃ ᠡᠯ᠎ᠡ ᠠᠶᠢᠮᠠᠭ ᠬᠤᠲᠠ ᠶᠢᠨ ᠵᠢᠭᠠᠬᠤ ᠶᠢ ᠰᠣᠳᠤᠯᠬᠤ ᠲᠠᠰᠤᠭ ᠨᠢ ᠠᠳᠠᠯᠢ ᠪᠣᠰᠤ ᠣᠨ ᠤ ᠱᠠᠲᠤᠨ ᠤ ᠣᠷᠤᠨ ᠨᠤᠲᠤᠭ ᠤᠨ ᠴᠢᠨᠠᠷᠲᠠᠢ ᠵᠢᠭᠠᠨ ᠰᠤᠷᠭᠠᠯᠲᠠ ᠶᠢᠨ ᠲᠤᠰᠠᠯᠠᠬᠤ ᠪᠠᠭᠠᠵᠢ ᠶᠢ ᠰᠣᠳᠤᠯᠤᠨ ᠭᠠᠷᠭᠠᠪᠠ
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号