2021 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠡᠳᠡᠭᠡᠷ ᠠᠷᠭ᠎ᠠ ᠬᠡᠮᠵᠢᠶ᠎ᠡ ᠶᠢ ᠳᠤᠷᠠᠳᠪᠠ︕
ᠨᠡᠶᠢᠲᠡᠯᠡᠭᠰᠡᠨ ᠴᠠᠭ᠄
2021/2/23
     ᠵᠣᠯᠭᠠᠯᠴᠠᠭᠤᠯᠬᠤ ᠰᠢᠯᠵᠢᠯᠲᠡ ᠶᠢᠨ ᠬᠤᠭᠤᠴᠠᠭ᠎ᠠ ᠲᠣᠬᠢᠷᠠᠭᠤᠯᠤᠨ᠎ᠠ    ᠶᠠᠳᠠᠭᠤ ᠠᠴᠠ ᠠᠩᠭᠢᠵᠢᠷᠠᠭᠰᠠᠨ ᠰᠢᠶᠠᠨ ᠳᠤ ᠶᠠᠳᠠᠭᠤ ᠠᠴᠠ ᠠᠩᠭᠢᠵᠢᠷᠠᠭᠰᠠᠨ ᠡᠳᠦᠷ ᠠᠴᠠ ᠡᠬᠢᠯᠡᠨ 5 ᠵᠢᠯ ᠤᠨ ᠰᠢᠯᠵᠢᠯᠲᠡ ᠶᠢᠨ ᠬᠤᠭᠤᠴᠠᠭ᠎ᠠ ᠲᠣᠬᠢᠷᠠᠭᠤᠯᠤᠨ᠎ᠠ᠃ ᠰᠢᠯᠵᠢᠯᠲᠡ ᠶᠢᠨ ᠬᠤᠭᠤᠴᠠᠭᠠᠨ ᠳᠤ ᠣᠳᠤ ᠶᠢᠨ ᠭᠤᠣᠯ ᠪᠣᠯᠬᠤ ᠬᠠᠪᠰᠤᠷᠤᠨ ᠳᠡᠳᠭᠦᠬᠦ ᠲᠥᠷᠦ ᠶᠢᠨ ᠪᠣᠳᠤᠯᠭ᠎ᠠ ᠶᠢ ᠶᠡᠷᠦᠩᠬᠡᠢ ᠳᠡᠭᠡᠨ ᠲᠤᠭᠲᠠᠭᠤᠨ ᠪᠠᠶᠢᠯᠭᠠᠨ᠎ᠠ᠃    ᠶᠠᠳᠠᠭᠤ ᠠᠴᠠ ᠠᠩᠭᠢᠵᠢᠷᠠᠭᠰᠠᠨ ᠭᠠᠵᠠᠷ ᠣᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠦᠷᠬᠦᠯᠵᠢᠯᠡᠨ ᠠᠬᠢᠭᠤᠯᠤᠨ᠎ᠠ    ᠶᠠᠳᠠᠭᠤ ᠠᠴᠠ ᠠᠩᠭᠢᠵᠢᠷᠠᠭᠰᠠᠨ ᠭᠠᠵᠠᠷ ᠣᠷᠤᠨ ᠳᠤ ᠨᠢᠭᠡ ᠪᠦᠯᠦᠭ ᠣᠷᠤᠨ ᠪᠦᠰᠠ ᠶᠢᠨ ᠴᠢᠨᠠᠷᠲᠠᠢ ᠪᠠ ᠣᠷᠤᠨ ᠪᠦᠰᠠ ᠠᠯᠤᠰᠯᠠᠭᠰᠠᠨ ᠴᠢᠬᠤᠯᠠ ᠶᠡᠭᠡ ᠰᠠᠭᠤᠷᠢ ᠲᠥᠭᠦᠭᠡᠷᠦᠮᠵᠢ ᠶᠢᠨ ᠢᠨᠵᠧᠨᠧᠷᠢᠩ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠰᠠᠨ ᠰᠢᠶᠠᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃    ᠠᠮᠤ ᠪᠣᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ    ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠤᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠨᠥᠬᠦᠪᠦᠷᠢ ᠶᠢ ᠲᠤᠭᠲᠠᠪᠤᠷᠢᠵᠢᠭᠤᠯᠤᠨ᠎ᠠ᠃ ᠳᠣᠲᠤᠷᠭ᠎ᠠ᠂ ᠪᠣᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢᠨ ᠲᠥᠷᠦ ᠶᠢᠨ ᠪᠣᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠦᠷᠢ ᠦᠭᠬᠦ ᠲᠥᠷᠦ ᠶᠢᠨ ᠪᠣᠳᠤᠯᠭ᠎ᠠ ᠶᠢ ᠲᠡᠭᠦᠯᠳᠡᠷᠵᠢᠭᠦᠯᠦᠨ᠎ᠡ᠃    ᠥᠷ᠎ᠡ ᠪᠠ ᠡᠭᠦᠯᠳᠡᠷ ᠤᠨ ᠦᠢᠯᠡᠰ ᠢ ᠬᠦᠭᠵᠢᠭᠦᠯᠦᠨ᠎ᠡ    ᠲᠠᠷᠢᠶᠠᠯᠠᠩ ᠤᠨ ᠥᠷ᠎ᠡ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠵᠤ ᠨᠡᠬᠡᠭᠡᠨ ᠠᠰᠢᠭᠯᠠᠬᠤ ᠶᠢ ᠴᠢᠩᠭᠠᠳᠬᠠᠨ᠎ᠠ᠃ ᠲᠠᠷᠢᠮᠠᠯ ᠪᠠ ᠮᠠᠯ ᠵᠢᠬᠦᠷᠲᠡᠨ ᠤ ᠰᠠᠶᠢᠨ ᠡᠭᠦᠯᠳᠡᠷ ᠤᠨ ᠪᠣᠭᠤᠮᠲᠠ ᠰᠢᠪᠲᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠨᠢᠭᠡᠨ ᠡᠭᠡᠯᠵᠢ ᠶᠢᠨ ᠮᠠᠯ ᠵᠢᠭᠦᠷᠲᠡᠨ ᠤ ᠤᠳᠤᠮᠯᠠᠯ ᠢ ᠰᠠᠶᠢᠵᠢᠷᠠᠭᠤᠯᠬᠤ ᠲᠥᠯᠦᠪᠵᠢᠭᠦᠯᠭᠡ ᠪᠠ ᠣᠳᠤ ᠥᠶ᠎ᠡ ᠶᠢᠨ ᠥᠷ᠎ᠡ ᠪᠠ ᠡᠭᠦᠯᠳᠡᠷ ᠤᠨ ᠦᠢᠯᠡᠰ ᠤᠨ ᠲᠥᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠥᠷ᠎ᠡ ᠪᠣᠶᠢᠵᠢᠭᠤᠯᠬᠤ ᠰᠠᠭᠤᠷᠢᠨ ᠭᠠᠵᠠᠷ ᠪᠣᠯᠤᠨ ᠰᠠᠶᠢᠨ ᠡᠭᠦᠯᠳᠡᠷ ᠪᠣᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃    18 ᠳ᠋ᠥᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠨ᠎ᠠ    ᠭᠠᠵᠠᠷ ᠰᠢᠷᠤᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃ ᠲᠥᠪ ᠪᠠ ᠣᠷᠤᠨ ᠨᠤᠲᠤᠭ ᠤᠨ ᠬᠢᠨ ᠬᠠᠮᠲᠤᠪᠠᠷ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠤᠨ ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠣᠷᠤᠭᠤᠯᠤᠯᠲᠠ ᠪᠠᠨ ᠨᠡᠮᠡᠭᠳᠡᠭᠦᠯᠵᠦ᠂ 2021 ᠣᠨ ᠳᠤ ᠭᠠᠩᠳᠠᠵᠤ ᠤᠰᠤᠳᠤᠭᠰᠠᠨ ᠴᠦ ᠬᠤᠷᠢᠶᠠᠯᠲᠠ ᠶᠢ ᠪᠠᠲᠤᠯᠠᠬᠤ᠂ ᠦᠨᠳᠦᠷ ᠲᠤᠭᠲᠠᠭᠤᠨ ᠬᠤᠷᠢᠶᠠᠯᠲᠠ ᠲᠠᠢ 1 ᠳ᠋ᠥᠩᠰᠢᠭᠤᠷ ᠮᠦ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠨ᠎ᠠ᠃    ᠣᠳᠤ ᠥᠶ᠎ᠡ ᠶᠢᠨ ᠬᠦᠳᠡᠭᠡ ᠲᠤᠰᠬᠤᠨ ᠤ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ    ᠬᠦᠳᠡᠭᠡ ᠲᠤᠰᠬᠤᠨ ᠤ ᠣᠨᠴᠠᠯᠢᠭᠲᠤ ᠳᠠᠪᠠᠭᠤᠯᠢᠭ ᠡᠬᠢ ᠪᠠᠶᠠᠯᠢᠭ ᠲᠤ ᠲᠥᠰᠢᠭᠯᠡᠨ᠂ ᠬᠦᠳᠡᠭᠡ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ 2025 ᠣᠨ ᠪᠣᠯᠬᠤ ᠳᠤ 500 ᠣᠷᠴᠢᠮ ᠤᠨ ᠬᠦᠳᠡᠭᠡ ᠠᠵᠤ ᠠᠬᠤᠢ ᠶᠢᠨ ᠣᠳᠤᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠤᠨ ᠢ ᠡᠭᠦᠳᠦᠨ ᠪᠠᠶᠢᠭᠤᠯᠤᠨ᠎ᠠ᠃    ᠬᠦᠳᠡᠭᠡ ᠲᠤᠰᠬᠤᠨ ᠤ ᠣᠯᠠᠨ ᠨᠡᠶᠢᠲᠡ ᠶᠢᠨ ᠰᠠᠭᠤᠷᠢ ᠲᠥᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ    ᠬᠦᠳᠡᠭᠡ ᠲᠤᠰᠬᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ᠂ ᠬᠦᠳᠡᠭᠡ ᠲᠤᠰᠬᠤᠨ ᠤ ᠤᠰᠤᠨ ᠬᠠᠩᠭᠠᠯᠭ᠎ᠠ ᠶᠢ ᠪᠠᠲᠤᠯᠠᠬᠤ ᠢᠨᠵᠧᠨᠧᠷᠢᠩ᠂ ᠬᠦᠳᠡᠭᠡ ᠲᠤᠰᠬᠤᠨ ᠤ ᠴᠡᠪᠡᠷ ᠡᠨᠧᠷᠬᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠲᠣᠭᠠᠴᠢᠯᠠᠭᠰᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠬᠦᠭᠵᠢᠭᠦᠯᠬᠦ ᠢᠨᠵᠧᠨᠧᠷᠢᠩ᠂ ᠲᠤᠰᠬᠤᠨ ᠤ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠭᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃     ᠬᠦᠳᠡᠭᠡ ᠲᠤᠰᠬᠤᠨ ᠢ ᠤᠷᠢᠳ ᠢᠶᠠᠷ ᠬᠦᠭᠵᠢᠭᠦᠯᠬᠦ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ    ᠬᠦᠳᠡᠭᠡ ᠲᠤᠰᠬᠤᠨ ᠢ ᠦᠷᠬᠦᠯᠵᠢᠯᠡᠨ ᠡᠩ ᠤᠨ ᠣᠯᠠᠨ ᠨᠡᠶᠢᠲᠡ ᠶᠢᠨ ᠲᠥᠰᠦᠪ ᠤᠨ ᠤᠷᠢᠳ ᠢᠶᠠᠷ ᠪᠠᠲᠤᠯᠠᠬᠤ ᠬᠦᠷᠢᠶ᠎ᠡ ᠬᠡᠪᠴᠢᠶᠡᠨ ᠳᠤ ᠣᠷᠤᠭᠤᠯᠵᠤ᠂ ᠲᠥᠪ ᠤᠨ ᠲᠥᠰᠦᠪ ᠤᠨ ᠳᠣᠲᠤᠷᠠᠬᠢ ᠪᠡᠯᠡ ᠣᠷᠤᠭᠤᠯᠤᠯᠲᠠ ᠶᠢ ᠬᠦᠳᠡᠭᠡ ᠲᠤᠰᠬᠤᠨ ᠲᠠᠶᠢᠰᠢ ᠣᠯᠠᠮ ᠨᠢᠭᠡ ᠠᠯᠬᠤᠮ ᠬᠡᠯᠪᠡᠶᠢᠯᠭᠡᠨ᠂ ᠡᠳ᠋ ᠤᠨ ᠵᠠᠰᠠᠭ ᠤᠨ ᠣᠷᠤᠭᠤᠯᠤᠯᠲᠠ ᠶᠢᠨ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠬᠡᠯᠪᠡᠷᠢ ᠪᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠰᠠᠭᠤᠷᠢ ᠮᠦᠩᠭᠦ ᠪᠠᠶᠢᠭᠤᠯᠬᠤ ᠶᠢ ᠳᠡᠮᠵᠢᠨ᠎ᠡ᠃   ᠲᠠᠪᠤᠨ ᠱᠠᠲᠤᠨ ᠤ ᠱᠦᠵᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠳᠬᠤᠬᠤ ᠠᠵᠢᠯ ᠤᠨ ᠲᠤᠭᠲᠠᠴᠠ ᠶᠢ ᠴᠢᠩᠭᠠᠳᠬᠠᠨ᠎ᠠ    ᠳᠡᠭᠡᠲᠦ ᠳᠣᠣᠷᠠᠲᠤ ᠱᠠᠲᠤ ᠨᠡᠪᠲᠡᠷᠡᠯᠴᠡᠭᠰᠡᠨ᠂ ᠣᠨᠤᠪᠴᠢᠲᠠᠢ ᠪᠠᠷ ᠠᠷᠭ᠎ᠠ ᠪᠣᠳᠤᠯᠭ᠎ᠠ ᠬᠡᠷᠡᠭᠵᠢᠭᠦᠯᠦᠭᠰᠡᠨ᠂ ᠡᠴᠦᠰ ᠲᠤᠨᠢ ᠲᠤᠯᠲᠠᠯ᠎ᠠ ᠠᠳᠬᠤᠭᠰᠠᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号