ᠣᠯᠠᠨ ᠵᠢᠯ ᠤᠨ ᠲᠣᠷᠰᠢᠬᠢ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠴᠣᠬᠤᠮ ᠶᠠᠭᠤ ᠶᠢ ᠪᠢᠴᠢᠭᠰᠡᠨ ᠪᠣᠢ︖
ᠨᠡᠶᠢᠲᠡᠯᠡᠭᠰᠡᠨ ᠴᠠᠭ᠄
2021/2/23
    21 ᠤ ᠡᠳᠦᠷ᠂ ᠰᠢᠨᠬᠤᠸᠠ ᠬᠤᠷᠢᠶ᠎ᠠ ᠡᠷᠬᠡ ᠣᠯᠭᠤᠯᠲᠠ ᠪᠠᠷ ᠳᠠᠮᠵᠢᠨ ︽ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠬᠦᠳᠡᠭᠡ ᠠᠵᠤ ᠠᠬᠤᠢ ᠬᠦᠳᠡᠭᠡ ᠲᠤᠰᠬᠤᠨ ᠤ ᠣᠳᠤᠬᠢᠴᠢᠯᠠᠯᠲᠠ ᠶᠢ ᠲᠥᠷᠭᠡᠳᠭᠡᠬᠦ ᠲᠣᠬᠠᠢ ᠨᠠᠮ ᠤᠨ ᠲᠥᠪ ᠬᠤᠷᠢᠶ᠎ᠠ ᠲᠥᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠡᠶᠢᠲᠡᠯᠡᠪᠡ᠃ ᠰᠢᠨ᠎ᠡ ᠵᠠᠭᠤᠨ ᠠᠴᠠ ᠠᠭᠠᠰᠢ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ 18 ᠵᠢᠯ ᠳᠠᠷᠠᠭᠠᠯᠠᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠠᠩᠬᠠᠷᠤᠯ ᠢᠶᠠᠨ ᠬᠠᠨᠲᠤᠭᠤᠯᠵᠠᠢ᠂ ᠡᠨᠡ ᠴᠣᠬᠤᠮ ᠶᠠᠮᠠᠷ ᠭᠦᠨ ᠭᠦᠨᠵᠡᠭᠡᠢ ᠤᠳᠬ᠎ᠠ ᠠᠭᠤᠯᠭ᠎ᠠ ᠲᠠᠢ ᠪᠣᠢ︖    ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠭᠡᠳᠡᠭ ᠨᠢ ᠶᠠᠭᠤ ᠪᠣᠢ︖    ᠳᠠᠷᠤᠢ ᠲᠥᠪ ᠬᠤᠷᠢᠶᠠᠨ ᠤ ᠵᠢᠯ ᠪᠦᠷᠢ ᠶᠢᠨ ᠨᠡᠶᠢᠲᠡᠯᠡᠬᠦ ᠨᠢᠭᠡᠳᠦᠭᠡᠷ ᠬᠤᠪᠢ ᠪᠢᠴᠢᠭ ᠮᠠᠲ᠋ᠧᠷᠢᠶᠠᠯ ᠪᠣᠯᠤᠨ᠎ᠠᠶᠡᠷᠦᠳᠡᠭᠡᠨ ᠵᠢᠯ ᠤᠨ ᠡᠬᠢᠨ ᠳᠤ ᠨᠡᠶᠢᠲᠡᠯᠡᠨ᠎ᠡ᠃    ᠣᠶᠢᠷ᠎ᠠ ᠶᠢᠨ ᠵᠢᠯ ᠤᠳ ᠲᠤ᠂ ︽ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︾ ᠨᠢ ᠬᠦᠳᠡᠭᠡ ᠲᠤᠰᠬᠤᠨ ᠤ ᠠᠰᠠᠭᠤᠳᠠᠯ ᠢ ᠴᠢᠬᠤᠯᠠᠴᠢᠯᠠᠬᠤ ᠲᠤᠰᠬᠠᠢ ᠨᠡᠷ᠎ᠡ ᠦᠭᠡ ᠪᠣᠯᠵᠠᠢ᠃   ᠶᠠᠭᠤᠨ ᠳᠤ ᠴᠦᠮ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠠᠩᠬᠠᠷᠤᠯ ᠢᠶᠠᠨ ᠲᠥᠪᠯᠡᠷᠡᠭᠦᠯᠳᠡᠭ ᠪᠣᠢ︖    ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠲᠤᠬᠠᠢ ᠠᠩᠬᠠᠳᠠᠭᠴᠢ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ    1982 ᠣᠨ ᠤ 1 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠣ ᠨᠠᠮ ᠤᠨ ᠲᠥᠪ ᠬᠤᠷᠢᠶ᠎ᠠ ᠠᠴᠠ ᠪᠦᠬᠦ ᠤᠯᠤᠰ ᠤᠨ ᠬᠦᠳᠡᠭᠡ ᠲᠤᠰᠬᠤᠨ ᠤ ᠠᠵᠢᠯ ᠤᠨ ᠬᠤᠷᠠᠯᠳᠤᠭᠠᠨ ᠤ ᠲᠤᠪᠴᠢ ᠲᠡᠮᠲᠡᠭᠯᠡᠯ︾  ᠢ ᠴᠤᠬᠤᠯᠠᠪᠤᠷᠢᠯᠠᠨ ᠤᠯᠠᠮᠵᠢᠯᠠᠵᠤ᠂ ᠬᠤᠷᠢᠶᠠᠯᠲᠠ ᠲᠠᠢ ᠨᠢ ᠬᠤᠯᠪᠤᠭᠳᠠᠭᠤᠯᠤᠨ ᠡᠷᠦᠬᠡ ᠳᠤ ᠳᠠᠭᠠᠭᠠᠴᠢᠯᠠᠭᠤᠯᠬᠤ ᠵᠡᠷᠭᠡ ᠡᠯ᠎ᠡ ᠵᠦᠢᠯ ᠤᠨ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠪᠣᠯ ᠴᠦᠮ ᠨᠡᠶᠢᠭᠡᠮ ᠵᠢᠷᠤᠮ ᠤᠨ ᠬᠠᠮᠲᠤ ᠶᠢᠨ ᠠᠵᠤ ᠠᠬᠤᠢ ᠶᠢᠨ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠮᠦᠨ ᠭᠡᠵᠦ ᠨᠣᠲᠠᠯᠠᠪᠠ᠃ 1982 ᠣᠨ ᠠᠴᠠ 1986 ᠣᠨ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠣ ᠨᠠᠮ ᠤᠨ ᠲᠥᠪ ᠬᠤᠷᠢᠶ᠎ᠠ ᠬᠦᠳᠡᠭᠡ ᠠᠵᠤ ᠠᠬᠤᠢ ᠪᠠ ᠬᠦᠳᠡᠭᠡ ᠲᠤᠰᠬᠤᠨ ᠤ ᠠᠰᠠᠭᠤᠳᠠᠯ ᠤᠨ ᠲᠤᠬᠠᠢ ᠵᠠᠯᠭᠠᠪᠠᠷ 5 ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠠᠭᠤᠯᠭᠠᠵᠤ᠂ ᠬᠦᠳᠡᠭᠡ ᠲᠤᠰᠬᠤᠨ ᠤ ᠥᠭᠡᠷᠡᠴᠢᠯᠡᠯᠲᠡ ᠪᠠ ᠬᠦᠳᠡᠭᠡ ᠠᠵᠤ ᠠᠬᠤᠢ ᠶᠢᠨ ᠬᠦᠭᠵᠢᠯᠲᠡ ᠳᠤ ᠪᠣᠳᠠᠲᠠᠢ ᠪᠠᠶᠢᠷᠢᠯᠠᠭᠤᠯᠤᠯᠲᠠ ᠬᠢᠵᠠᠢ᠃    18 ᠵᠢᠯ ᠤᠨ ᠳᠠᠷᠠᠭ᠎ᠠ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠳᠠᠬᠢᠨᠲᠠ ᠲᠥᠪᠯᠡᠷᠡᠭᠦᠯᠪᠡ    ᠵᠠᠭᠤᠨ ᠤ ᠪᠣᠱᠤᠭᠠᠨ ᠳᠡᠭᠡᠷ᠎ᠡ᠂ ᠮᠠᠨ ᠤ ᠤᠯᠤᠰ ᠤᠨ ᠬᠦᠳᠡᠭᠡ ᠠᠵᠤ ᠠᠬᠤᠢ ᠪᠠ ᠬᠦᠳᠡᠭᠡ ᠲᠤᠰᠬᠤᠨ ᠤ ᠬᠦᠭᠵᠢᠯᠲᠡ ᠳᠤ ᠠᠮᠤ ᠪᠣᠳᠠᠭ᠎ᠠ ᠵᠡᠷᠭᠡ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤᠷᠲᠤ ᠬᠤᠭᠤᠴᠠᠭ᠎ᠠ ᠪᠠᠷ ᠳᠣᠲᠠᠭᠳᠠᠵᠤ ᠪᠠᠶᠢᠭᠰᠠᠨ ᠠᠴᠠ ᠪᠠᠨ ᠶᠡᠭᠡ ᠲᠦᠯᠦᠪ ᠲᠡᠩᠴᠡᠭᠦᠷᠢᠲᠡᠢ᠂ ᠡᠯᠪᠡᠭ ᠬᠤᠷᠢᠶᠠᠯᠲᠠ ᠲᠠᠢ ᠵᠢᠯ ᠳᠤ ᠦᠯᠡᠳᠡᠪᠦᠷᠢ ᠲᠠᠢ ᠰᠢᠨ᠎ᠡ ᠱᠠᠲᠤᠨ ᠳᠤ ᠣᠷᠤᠪᠠ᠃    2004 ᠣᠨ ᠳᠤ᠂ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠭᠤᠣᠯ ᠰᠡᠳᠦᠪ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠳᠠᠬᠢᠨ ᠪᠣᠴᠠᠪᠠ᠃    18 ᠵᠢᠯ ᠳᠠᠷᠠᠭᠠᠯᠠᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠠᠩᠬᠠᠷᠤᠯ ᠢᠶᠠᠨ ᠲᠥᠪᠯᠡᠷᠡᠭᠦᠯᠪᠡ    ᠰᠢᠨ᠎ᠡ ᠵᠠᠭᠤᠨ ᠳᠤ ᠣᠷᠤᠭᠰᠠᠨ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ 18 ᠵᠢᠯ ᠳᠠᠷᠠᠭᠠᠯᠠᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠢᠶᠠᠷ ᠭᠤᠣᠯ ᠰᠡᠳᠦᠪ ᠪᠣᠯᠭᠠᠭᠰᠠᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠪᠡ᠃     ᠦᠩᠭᠡᠷᠡᠭᠰᠡᠨ ᠵᠢᠯ ᠤᠳ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠠᠩᠭᠢᠯᠠᠭ᠎ᠠ ᠶᠢᠨ ᠦᠭᠡ    2004 ᠣᠨ    ᠲᠠᠷᠢᠶᠠᠴᠢᠳ ᠤᠨ ᠣᠷᠤᠯᠭ᠎ᠠ ᠶᠢᠨ ᠨᠡᠮᠡᠭᠳᠡᠯ ᠢ ᠠᠬᠢᠭᠤᠯᠬᠤ    2005 ᠣᠨ    ᠬᠦᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ    2006 ᠣᠨ    ᠨᠡᠶᠢᠭᠡᠮ ᠵᠢᠷᠤᠮᠲᠤ ᠰᠢᠨ᠎ᠡ ᠬᠦᠳᠡᠭᠡ ᠲᠤᠰᠬᠤᠨ    2007 ᠣᠨ    ᠣᠳᠤ ᠥᠶ᠎ᠡ ᠶᠢᠨ ᠬᠦᠳᠡᠭᠡ ᠠᠵᠤ ᠠᠬᠤᠢ᠂ ᠰᠢᠨ᠎ᠡ ᠬᠦᠳᠡᠭᠡ ᠲᠤᠰᠬᠤᠨ    2008 ᠣᠨ    ᠬᠦᠳᠡᠭᠡ ᠠᠵᠤ ᠠᠬᠤᠢ ᠶᠢᠨ ᠰᠠᠭᠤᠷᠢ ᠲᠥᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ                    ᠲᠠᠷᠢᠶᠠᠴᠢᠳ ᠤᠨ ᠣᠷᠤᠯᠭ᠎ᠠ ᠶᠢᠨ ᠨᠡᠮᠡᠭᠳᠡᠯ    2009 ᠣᠨ    ᠬᠦᠳᠡᠭᠡ ᠠᠵᠤ ᠠᠬᠤᠢ ᠶᠢᠨ ᠲᠤᠭᠲᠠᠭᠤᠨ ᠬᠦᠭᠵᠢᠯᠲᠡ    2010 ᠣᠨ    ᠬᠤᠲᠠ ᠬᠦᠳᠡᠭᠡ ᠶᠢᠨ ᠬᠦᠭᠵᠢᠯᠲᠡ ᠶᠢ ᠨᠢᠭᠡᠳᠦᠯᠲᠡᠢ ᠲᠥᠯᠦᠪᠵᠢᠭᠦᠯᠬᠦ    2011 ᠣᠨ    ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠦᠭᠵᠢᠯᠲᠡ    2012 ᠣᠨ    ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ                  ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ    2013 ᠣᠨ    ᠣᠳᠤ ᠥᠶ᠎ᠡ ᠶᠢᠨ ᠬᠦᠳᠡᠭᠡ ᠠᠵᠤ ᠠᠬᠤᠢ    2014 ᠣᠨ    ᠬᠦᠳᠡᠭᠡ ᠲᠤᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ                  ᠬᠦᠳᠡᠭᠡ ᠠᠵᠤ ᠠᠬᠤᠢ ᠶᠢᠨ ᠣᠳᠤᠬᠢᠴᠢᠯᠠᠯᠲᠠ    2015 ᠣᠨ    ᠥᠭᠡᠷᠡᠴᠢᠯᠡᠯᠲᠡ ᠰᠢᠨᠡᠴᠢᠯᠡᠯᠲᠡ ᠶᠢᠨ ᠬᠦᠴᠦᠯᠡᠴᠡ    2016 ᠣᠨ    ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ    2017 ᠣᠨ    ᠬᠦᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ    2018 ᠣᠨ    ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ    2019 ᠣᠨ    ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠭᠦᠯᠬᠦ    2020 ᠣᠨ    ᠲᠤᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ    2021 ᠣᠨ    ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ                  ᠬᠦᠳᠡᠭᠡ ᠠᠵᠤ ᠠᠬᠤᠢ ᠬᠦᠳᠡᠭᠡ ᠲᠤᠰᠬᠤᠨ ᠤ ᠣᠳᠤᠬᠢᠴᠢᠯᠠᠯᠲᠠ ᠶᠢ ᠲᠥᠷᠭᠡᠳᠭᠡᠨ᠎ᠡ    ᠣᠶᠢᠷ᠎ᠠ ᠶᠢᠨ 5 ᠵᠢᠯ ᠳᠠᠬᠢ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠲᠥᠪᠯᠡᠷᠡᠯ ᠤᠨ ᠴᠡᠭ    ᠬᠦᠳᠡᠭᠡ ᠠᠵᠤ ᠠᠬᠤᠢ    ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ        ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ    ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ        ᠣᠳᠤ ᠥᠶ᠎ᠡ ᠶᠢᠨ ᠲᠠᠷᠢᠮᠠᠯ ᠤᠨ ᠦᠢᠯᠡᠰ    ᠲᠠᠷᠢᠶᠠᠨ ᠭᠠᠵᠠᠷ ᠤᠨ ᠠᠮᠤ ᠪᠣᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠣᠳᠠᠭᠠᠨ ᠤ ᠤᠨᠠᠯᠲᠠ ᠶᠢ ᠨᠡᠮᠡᠭᠳᠡᠬᠦᠯᠬᠦ        ᠬᠦᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ    ᠣᠳᠤ ᠥᠶ᠎ᠡ ᠶᠢᠨ ᠬᠦᠳᠡᠭᠡ ᠠᠵᠤ ᠠᠬᠤᠢ ᠶᠢᠨ ᠲᠥᠭᠦᠭᠡᠷᠦᠮᠵᠢ        ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠤᠯᠤᠨ ᠨᠡᠬᠡᠭᠡᠯᠲᠡ        ……    ᠬᠦᠳᠡᠭᠡ ᠲᠤᠰᠬᠤᠨ    ᠣᠷᠤᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ        ᠬᠦᠳᠡᠭᠡ ᠲᠤᠰᠬᠤᠨ ᠤ ᠰᠠᠭᠤᠷᠢ ᠲᠥᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ    ᠬᠦᠳᠡᠭᠡ ᠲᠤᠰᠬᠤᠨ ᠤ ᠣᠯᠠᠨ ᠨᠡᠶᠢᠲᠡ ᠶᠢᠨ ᠦᠢᠯᠡᠴᠢᠯᠡᠭᠡ        ᠬᠡᠪ ᠵᠠᠩᠰᠢᠯ ᠢ ᠥᠭᠡᠷᠡᠴᠢᠯᠡᠬᠦ    ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭ᠎ᠠ        ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠦᠨ ᠮᠠᠨᠳᠤᠭᠤᠯᠬᠤ    ᠬᠤᠲᠠ ᠬᠦᠳᠡᠭᠡ ᠶᠢ ᠠᠭᠤᠰᠤᠯᠴᠠᠭᠤᠯᠤᠨ ᠬᠦᠭᠵᠢᠭᠦᠯᠬᠦ        ᠠᠮᠤᠷ ᠠᠮᠤᠭᠤᠯᠠᠩ ᠬᠦᠳᠡᠭᠡ ᠲᠤᠰᠬᠤᠨ    ᠬᠦᠳᠡᠭᠡ ᠲᠤᠰᠬᠤᠨ ᠤ ᠮᠦᠩᠭᠦᠨ ᠭᠦᠢᠯᠭᠡᠭᠡᠨ ᠤ ᠰᠢᠨ᠎ᠡ ᠶᠢ ᠡᠭᠦᠳᠬᠦ        ᠬᠦᠳᠡᠭᠡ ᠲᠤᠰᠬᠤᠨ ᠤ ᠣᠨᠴᠠᠯᠢᠭᠲᠤ ᠠᠵᠤ ᠦᠢᠯᠡᠰ        ……    ᠲᠠᠷᠢᠶᠠᠴᠢᠨ    ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠢ ᠬᠦᠮᠦᠵᠢᠭᠦᠯᠬᠦ        ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ    ᠲᠠᠷᠢᠶᠠᠴᠢᠳ ᠤᠨ ᠣᠷᠤᠯᠭ᠎ᠠ ᠶᠢ ᠦᠷᠬᠦᠯᠵᠢᠯᠡᠨ ᠨᠡᠮᠡᠭᠳᠡᠭᠦᠯᠬᠦ        ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ    ᠬᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠥᠪᠰᠢᠨ        ᠬᠦᠳᠡᠭᠡ ᠲᠤᠰᠬᠤᠨ ᠤ ᠰᠤᠷᠭᠠᠨ ᠬᠦᠮᠦᠵᠢᠯ    ᠬᠦᠳᠡᠭᠡ ᠲᠤᠰᠬᠤᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ        ᠬᠦᠳᠡᠭᠡ ᠲᠤᠰᠬᠤᠨ ᠤ ᠨᠡᠶᠢᠭᠡᠮ ᠤᠨ ᠪᠠᠲᠤᠯᠠᠭ᠎ᠠ    ᠬᠦᠯᠦᠰᠦᠨ ᠠᠵᠢᠯᠴᠢᠨ ᠤ ᠠᠵᠢᠯ ᠣᠯᠭᠤᠯᠲᠠ ᠶᠢ ᠲᠤᠭᠲᠠᠪᠤᠷᠢᠵᠢᠭᠤᠯᠬᠤ        ……
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号