ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠥᠷᠦ ᠶᠢᠨ ᠪᠣᠳᠤᠯᠭ᠎ᠠ ᠶᠢᠨ ᠲᠠᠶᠢᠯᠤᠮᠵᠢ ︵ᠨᠢᠭᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2021/2/9
    ︽ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ︾ ᠭᠡᠵᠦ ᠶᠠᠭᠤ ᠪᠣᠢ︖    ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠦᠵᠡᠯ ᠰᠠᠨᠠᠭ᠎ᠠ ᠤᠯᠤᠰ ᠲᠥᠷᠦ ︵ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︶᠂ ᠬᠡᠯᠡ ᠪᠢᠴᠢᠭ᠂ ᠲᠡᠦᠬᠡ ᠭᠤᠷᠪᠠᠨ ᠬᠢᠴᠢᠶᠡᠯ ᠲᠥᠷᠦᠯ ᠤᠨ ᠵᠢᠭᠠᠬᠤ ᠮᠠᠲ᠋ᠧᠷᠢᠶᠠᠯ ᠢ ᠵᠢᠭᠠᠵᠤ᠂ ᠤᠯᠤᠰ ᠠᠴᠠ ᠨᠢᠭᠡᠳᠦᠯᠲᠡᠢ ᠨᠠᠶᠢᠷᠠᠭᠤᠯᠵᠤ᠂ ᠨᠢᠭᠡᠳᠦᠯᠲᠡᠢ ᠬᠢᠨᠠᠵᠤ᠂ ᠨᠢᠭᠡᠳᠦᠯᠲᠡᠢ ᠬᠡᠷᠡᠭᠡᠯᠡᠬᠦ᠂ ᠰᠢᠨ᠎ᠡ ᠴᠠᠭ ᠥᠶ᠎ᠡ ᠶᠢᠨ ᠨᠠᠮ ᠤᠨ ᠲᠥᠪ ᠬᠤᠷᠢᠶ᠎ᠠ ᠶᠢᠨ ᠰᠤᠷᠭᠠᠨ ᠬᠦᠮᠦᠵᠢᠯ ᠤᠨ ᠠᠵᠢᠯ ᠤᠨ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠃ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠰᠢᠨ᠎ᠡ ᠴᠠᠭ ᠥᠶ᠎ᠡ ᠶᠢᠨ ᠶᠤᠰᠤ ᠰᠤᠷᠲᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠰᠤᠷᠤᠭᠴᠢ ᠶᠢ ᠵᠢᠯᠤᠭᠤᠳᠤᠨ ᠵᠦᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠳᠡᠭ ᠤᠨ ᠦᠵᠡᠯᠲᠡ ᠶᠢ ᠪᠣᠢ ᠪᠣᠯᠭᠠᠬᠤ ᠭᠤᠣᠯᠯᠠᠬᠤ ᠵᠢᠭᠠᠬᠤ ᠮᠠᠲ᠋ᠧᠷᠢᠶᠠᠯ ᠪᠣᠯᠤᠨ᠎ᠠ᠃    ︽ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠠᠴᠠ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠲᠤᠬᠠᠢ ᠬᠡᠷᠬᠢᠨ ᠪᠠᠶᠢᠷᠢᠯᠠᠭᠤᠯᠪᠠ︖    2016 ᠣᠨ ᠳᠤ᠂ ᠨᠠᠮ ᠤᠨ ᠲᠥᠪ ᠬᠤᠷᠢᠶ᠎ᠠ ᠲᠥᠷᠦ ᠶᠢᠨ ᠶᠠᠪᠤᠳᠠᠯ ᠤᠨ ᠬᠤᠷᠢᠶ᠎ᠠ ᠰᠢᠨ᠎ᠡ ᠪᠠᠶᠢᠳᠠᠯ ᠳᠣᠣᠷᠠᠬᠢ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠬᠤ ᠪᠠ ᠠᠬᠢᠭᠤᠯᠬᠤ ᠲᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ ᠵᠢᠭᠠᠵᠤ ᠭᠠᠷᠭᠠᠭᠰᠠᠨ ᠨᠢ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ᠂ ᠬᠡᠯᠡ ᠪᠢᠴᠢᠭ᠂ ᠲᠡᠦᠬᠡ ᠭᠤᠷᠪᠠᠨ ᠬᠢᠴᠢᠶᠡᠯ ᠲᠥᠷᠦᠯ ᠳᠤ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠦᠴᠦᠯᠡᠴᠡ ᠪᠠᠨ ᠴᠢᠩᠭᠠᠳᠬᠠᠵᠤ᠂ 3 ᠵᠢᠯ ᠤᠨ ᠬᠤᠭᠤᠴᠠᠭᠠᠨ ᠳᠤ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦᠨ ᠢ ᠪᠦᠷᠬᠦᠭᠦᠯᠬᠦ ᠪᠠᠷ ᠬᠦᠴᠦᠯᠡᠨ ᠴᠢᠷᠮᠠᠶᠢᠨ᠎ᠠ ᠭᠡᠵᠡᠢ᠃    2019 ᠣᠨ ᠳᠤ᠂ ᠤᠯᠤᠰ ᠤᠨ ᠵᠢᠭᠠᠬᠤ ᠮᠠᠲ᠋ᠧᠷᠢᠶᠠᠯ ᠤᠨ ᠵᠦᠪᠯᠡᠯ ᠠᠴᠠ᠂ ᠦᠨᠳᠦᠰᠦᠲᠡᠨ ᠤ ᠣᠷᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠤᠰ ᠲᠤᠰ 2020 ᠣᠨ᠂ 2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠦᠨᠳᠦᠰᠦᠲᠡᠨ ᠤ ᠣᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ᠂ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    2019 ᠣᠨ ᠤ 12 ᠰᠠᠷ᠎ᠠ ᠳᠤ᠂ ᠰᠤᠷᠭᠠᠨ ᠬᠦᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠤᠪᠴᠢᠶ᠎ᠠ ᠠᠴᠠ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︿ᠰᠦᠭ ᠰᠦᠨᠡᠰᠦ ᠶᠢ ᠱᠤᠭᠤᠬᠤ ᠢᠨᠵᠧᠨᠧᠷᠢᠩ﹀ ᠢ ᠠᠬᠢᠭᠤᠯᠬᠤ ᠬᠡᠷᠡᠭᠵᠢᠭᠦᠯᠬᠦ ᠲᠥᠰᠦᠯ︾ ᠳᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠬᠦ ᠬᠡᠪᠴᠢᠶ᠎ᠡ ᠶᠢ ᠪᠠᠲᠤᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠪᠠᠷᠤᠭᠲᠠᠢ ᠭᠠᠵᠠᠷ ᠣᠷᠤᠨ ᠳᠤ ᠭᠤᠷᠪᠠᠨ ᠬᠢᠴᠢᠶᠡᠯ ᠲᠥᠷᠦᠯ ᠢ ᠰᠠᠶᠢᠲᠤᠷ ᠨᠡᠬᠡᠭᠡᠬᠦ ᠶᠢ ᠪᠦᠬᠦ ᠲᠠᠯ᠎ᠠ ᠪᠠᠷ ᠠᠬᠢᠭᠤᠯᠵᠤ᠂ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠨ᠎ᠡ︔ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠠᠬᠢᠭᠤᠯᠬᠤ ᠲᠥᠯᠦᠪᠯᠡᠭᠡ ᠶᠢ ᠲᠤᠭᠲᠠᠭᠠᠵᠤ᠂ 2022 ᠣᠨ ᠠᠴᠠ ᠡᠮᠦᠨ᠎ᠡ ᠵᠢᠭᠠᠬᠤ ᠮᠠᠲ᠋ᠧᠷᠢᠶᠠᠯ ᠢ ᠠᠰᠢᠭᠯᠠᠯᠲᠠ ᠳᠤ ᠣᠷᠤᠭᠤᠯᠬᠤ ᠶᠢ ᠪᠡᠶᠡᠯᠡᠭᠦᠯᠦᠨ᠎ᠡ︔ 2025 ᠣᠨ ᠪᠣᠯᠬᠤ ᠳᠤ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠳᠤ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠬᠦ ᠶᠢ ᠪᠦᠬᠦᠨ ᠢ ᠪᠦᠷᠬᠦᠭᠦᠯᠦᠨ᠎ᠡ ᠭᠡᠵᠦ ᠳᠤᠷᠠᠳᠴᠠᠢ᠃    ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠡᠷᠬᠢᠨ ᠣᠶᠢᠯᠠᠭᠠᠬᠤ ᠪᠣᠢ︖    ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠨᠢ ᠠᠷᠠᠳ ᠲᠦᠮᠡᠨ ᠤ ᠬᠦᠨᠳᠦ ᠴᠢᠬᠤᠯᠠ ᠠᠩᠬᠠᠷᠤᠯ ᠬᠠᠯᠠᠮᠵᠢᠯᠠᠯ ᠢ ᠲᠤᠰᠬᠠᠵᠤ᠂ ᠳᠤᠮᠳᠠᠳᠤ ᠶᠢᠨ ᠰᠢᠯᠢᠳᠡᠭ ᠰᠣᠶᠤᠯ ᠪᠠ ᠬᠦᠮᠦᠨ ᠲᠥᠷᠦᠯᠬᠢᠲᠡᠨ ᠤ ᠪᠣᠯᠪᠠᠰᠤᠨ ᠤ ᠲᠡᠷᠢᠭᠦᠨ ᠤ ᠥᠷ᠎ᠡ ᠪᠦᠲᠦᠭᠡᠯ ᠢ ᠤᠯᠠᠮᠵᠢᠯᠠᠨ ᠵᠠᠯᠭᠠᠮᠵᠢᠯᠠᠵᠤ᠂ ᠶᠠᠮᠠᠷ ᠬᠦᠮᠦᠨ ᠢ ᠬᠦᠮᠦᠵᠢᠭᠦᠯᠬᠦ᠂ ᠬᠦᠮᠦᠨ ᠢ ᠬᠡᠷᠬᠢᠨ ᠬᠦᠮᠦᠵᠢᠭᠦᠯᠬᠦ᠂ ᠬᠡᠨ ᠤ ᠲᠥᠯᠦᠭᠡ ᠬᠦᠮᠦᠵᠢᠭᠦᠯᠬᠦ ᠡᠨᠡ ᠬᠦ ᠦᠨᠳᠦᠰᠦᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠴᠢᠶᠠᠯᠠᠪᠤᠷᠢ ᠪᠠᠶᠢᠵᠤ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠬᠤ ᠪᠠ ᠰᠤᠷᠭᠠᠨ ᠬᠦᠮᠦᠵᠢᠯ ᠤᠨ ᠬᠠᠷᠠᠯᠲᠠ ᠶᠢ ᠪᠡᠶᠡᠯᠡᠭᠦᠯᠬᠦ ᠲᠠᠢ ᠰᠢᠭᠤᠳ ᠬᠤᠯᠪᠤᠭᠳᠠᠵᠤ ᠪᠠᠶᠢᠳᠠᠭ᠃   ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠤᠯᠤᠰ ᠤᠨ ᠳᠡᠰ ᠤᠨ᠂ ᠦᠨᠳᠦᠷ ᠲᠥᠪᠰᠢᠨ ᠲᠠᠢ᠂ ᠡᠷᠬᠡ ᠰᠦᠷᠲᠦ ᠴᠢᠨᠠᠷ ᠲᠠᠢ ᠵᠢᠭᠠᠬᠤ ᠮᠠᠲ᠋ᠧᠷᠢᠶᠠᠯ ᠪᠣᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠨᠢ ᠦᠨᠳᠦᠰᠦᠲᠡᠨ ᠤ ᠭᠠᠵᠠᠷ ᠣᠷᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠡᠩ ᠲᠥᠪ ᠭᠤᠣᠯᠴᠢ᠂ ᠨᠡᠩ ᠴᠢᠨᠠᠷ ᠰᠠᠶᠢᠲᠠᠢ ᠰᠤᠷᠭᠠᠨ ᠬᠦᠮᠦᠵᠢᠯ ᠢ ᠬᠦᠷᠲᠡᠭᠡᠬᠦ ᠳᠤ ᠠᠰᠢᠭᠲᠠᠢ ᠪᠠᠶᠢᠵᠤ᠂ ᠴᠢᠬᠤᠯᠠ ᠶᠡᠭᠡ ᠪᠠᠶᠢᠯᠳᠤᠬᠤ ᠪᠣᠳᠤᠯᠭ᠎ᠠ ᠶᠢᠨ ᠠᠴᠢ ᠬᠤᠯᠪᠤᠭᠳᠠᠯ ᠪᠠ ᠠᠯᠤᠰ ᠬᠡᠳᠦ ᠶᠢᠨ ᠠᠬᠤᠶᠢᠴᠢ ᠠᠴᠢ ᠬᠤᠯᠪᠤᠭᠳᠠᠯ ᠲᠠᠢ ᠶᠤᠮ᠃    ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠨᠡᠶᠢᠭᠡᠮ ᠵᠢᠷᠤᠮ ᠤᠨ ᠭᠤᠣᠯᠠᠭᠴᠢ ᠥᠷᠳᠡᠭ ᠤᠨ ᠦᠵᠡᠯᠲᠡ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠰᠢᠯᠢᠳᠡᠭ ᠤᠯᠠᠮᠵᠢᠯᠠᠯᠲᠤ ᠰᠣᠶᠤᠯ᠂ ᠬᠤᠪᠢᠰᠬᠠᠯᠲᠤ ᠰᠣᠶᠤᠯ ᠪᠣᠯᠤᠨ ᠨᠡᠶᠢᠭᠡᠮ ᠵᠢᠷᠤᠮ ᠤᠨ ᠰᠣᠶᠤᠯ ᠤᠨ ᠬᠦᠮᠦᠵᠢᠯ ᠢ ᠴᠢᠩᠭᠠᠳᠬᠠᠬᠤ ᠨᠠᠶᠢᠷᠠᠭᠤᠯᠤᠨ ᠪᠢᠴᠢᠬᠦ ᠵᠠᠷᠴᠢᠮ ᠲᠤᠭᠤᠰᠢᠯᠠᠭᠤᠯᠤᠭᠳᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠬᠠᠪᠰᠤᠷᠤᠨ᠂ ᠬᠠᠷᠠᠬᠠᠨ ᠪᠠᠭ᠎ᠠ ᠠᠴᠠ ᠨᠢ ︽ᠳᠤᠮᠳᠠᠳᠤ ᠤᠯᠤᠰ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ︾ ᠦᠵᠡᠯ ᠤᠬᠠᠮᠰᠠᠷ ᠢ ᠵᠢᠷᠦᠬᠡ ᠴᠡᠭᠡᠵᠢᠨ ᠳᠤᠨᠢ ᠤᠷᠭᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠥᠶ᠎ᠡ ᠶᠢᠨ ᠰᠢᠨ᠎ᠡ ᠬᠦᠮᠦᠨ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠦᠭᠡ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠦᠭᠡ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠬᠦ ᠪᠣᠯᠭᠠᠨ᠎ᠠ᠃    ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠤᠭ ᠦᠨᠳᠦᠰᠦ  ᠪᠠᠨ ᠦᠯᠦ ᠮᠠᠷᠲᠠᠬᠤ᠂ ᠬᠠᠷᠢ ᠶᠢᠨ ᠬᠢᠨ ᠢ ᠰᠢᠩᠭᠡᠭᠡᠨ ᠠᠪᠬᠤ᠂ ᠢᠷᠡᠭᠡᠳᠦᠢ ᠳᠤ ᠬᠠᠨᠳᠤᠬᠤ ᠱᠠᠭᠠᠷᠳᠠᠯᠭ᠎ᠠ ᠶᠤᠰᠤᠭᠠᠷ ᠂ ᠠᠭᠤᠯᠭ᠎ᠠ ᠨᠢ ᠥᠶ᠎ᠡ ᠶᠢᠨ ᠥᠶ᠎ᠡ ᠳᠤ ᠤᠯᠠᠮᠵᠢᠯᠠᠭᠳᠠᠬᠤ ᠢ ᠢᠯᠡᠷᠡᠭᠦᠯᠦᠭᠰᠡᠨ ᠮᠦᠷᠲᠡᠭᠡᠨ ᠪᠠᠰᠠ ᠴᠠᠭ ᠥᠶᠡᠴᠢ ᠴᠢᠨᠠᠷ ᠢ ᠢᠯᠡᠷᠡᠭᠦᠯᠵᠦ᠂ ᠠᠵᠤ ᠠᠬᠤᠢ ᠨᠡᠶᠢᠭᠡᠮ ᠤᠨ ᠬᠦᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠪᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠥᠷ᠎ᠡ ᠪᠦᠲᠡᠭᠡᠯ ᠢ ᠲᠤᠰᠬᠠᠵᠤ᠂ ᠪᠠᠰᠠ ᠤᠷᠢᠳᠠᠴᠢ ᠴᠢᠨᠠᠷ ᠪᠠ ᠳᠡᠯᠡᠬᠡᠢ ᠬᠠᠷᠠᠭᠠᠰᠤ ᠲᠠᠢ ᠪᠠᠶᠢᠵᠤ᠂ ᠰᠤᠷᠤᠭᠴᠢᠳ ᠢ ᠳᠡᠯᠡᠬᠡᠢ ᠶᠢᠨ ᠬᠠᠷᠠᠴᠠ ᠲᠠᠢ ᠬᠦᠮᠦᠨ ᠪᠣᠯᠭᠠᠨ ᠬᠦᠮᠦᠵᠢᠭᠦᠯᠬᠦ ᠪᠣᠯᠤᠨ᠎ᠠ᠃    ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠰᠤᠷᠬᠤ  ᠨᠢ ᠰᠤᠷᠤᠭᠴᠢᠳ ᠲᠤ ᠶᠠᠮᠠᠷ ᠰᠠᠶᠢᠨ ᠲᠠᠯ᠎ᠠ ᠲᠠᠢ ᠪᠣᠢ︖    ᠵᠢᠭᠠᠬᠤ ᠮᠠᠲ᠋ᠧᠷᠢᠶᠠᠯ ᠨᠢ ᠵᠠᠯᠠᠭᠤᠴᠤᠳ ᠪᠠᠭᠠᠴᠤᠳ ᠤᠨ ᠲᠠᠨᠢᠨ ᠮᠡᠳᠡᠬᠦᠢ ᠶᠢᠨ ᠵᠢᠮ᠎ᠡ ᠶᠣᠰᠤ ᠪᠠ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠵᠢᠮ᠎ᠡ ᠶᠣᠰᠤ ᠶᠢ ᠵᠢᠷᠤᠮᠯᠠᠨ᠂ ᠰᠤᠷᠤᠭᠴᠢᠳ ᠤᠨ ᠦᠵᠡᠯ ᠰᠠᠨᠠᠭ᠎ᠠ᠂ ᠰᠤᠷᠤᠯᠭ᠎ᠠ᠂ ᠠᠮᠢᠳᠤᠷᠠᠯ ᠶᠢᠨ ᠪᠣᠳᠠᠲᠤ ᠪᠠᠶᠢᠳᠠᠯ ᠲᠠᠢ ᠣᠶᠢᠷᠠᠳᠴᠤ᠂ ᠦᠨᠳᠦᠰᠦᠨ ᠰᠤᠷᠤᠯᠴᠠᠬᠤ ᠠᠭᠤᠯᠭ᠎ᠠ ᠶᠢ ᠨᠠᠷᠢᠨ ᠰᠤᠩᠭᠤᠵᠤ᠂ ᠰᠤᠷᠤᠭᠴᠢᠳ ᠤᠨ ᠪᠦᠬᠦ ᠲᠠᠯ᠎ᠠ ᠪᠠᠷ ᠬᠦᠭᠵᠢᠬᠦ ᠶᠢ ᠠᠩᠬᠠᠷᠤᠭᠰᠠᠨ ᠮᠦᠷᠲᠡᠭᠡᠨ ᠪᠠᠰᠠ ᠰᠤᠷᠤᠭᠴᠢᠳ ᠤᠨ ᠥᠪᠡᠷᠮᠢᠴᠡ ᠬᠦᠭᠵᠢᠯᠲᠡ ᠶᠢ ᠠᠩᠬᠠᠷᠴᠤ᠂ ᠭᠤᠣᠯᠯᠠᠬᠤ ᠬᠡᠪ ᠪᠣᠯᠪᠠᠰᠤᠷᠠᠯ ᠢ ᠬᠦᠴᠦᠯᠡᠨ ᠬᠦᠭᠵᠢᠭᠦᠯᠵᠦ᠂ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠂ ᠨᠠᠰᠤᠨ ᠲᠤᠷᠰᠢᠲᠠ ᠶᠢᠨ ᠬᠦᠭᠵᠢᠯᠲᠡ ᠶᠢ ᠠᠬᠢᠭᠤᠯᠬᠤ ᠪᠣᠯᠤᠨ᠎ᠠ᠃    ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠴᠤ ᠡᠵᠡᠮᠰᠢᠬᠦ ᠳᠤ ᠠᠰᠢᠭᠲᠠᠢ᠃ ᠮᠠᠰᠢ ᠣᠯᠠᠨ ᠴᠦᠬᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠮᠡᠳᠡᠬᠦ ᠦᠭᠡᠢ ᠠᠴᠠ ᠪᠣᠯᠵᠤ ᠬᠤᠪᠢ ᠬᠦᠮᠦᠨ ᠤ ᠬᠦᠭᠵᠢᠯᠲᠡ ᠨᠢ ᠬᠢᠵᠠᠭᠠᠷᠯᠠᠭᠳᠠᠪᠠ᠃ ᠡᠶᠢᠮᠦ ᠠᠴᠠ᠂ ᠬᠠᠷᠠᠬᠠᠨ ᠪᠠᠭ᠎ᠠ ᠠᠴᠠ ᠪᠠᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠤᠷᠤᠯᠴᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠬᠤ  ᠨᠢ ᠠᠵᠢᠯ ᠣᠯᠬᠤ᠂ ᠣᠳᠤ ᠥᠶ᠎ᠡ ᠶᠢᠨ ᠰᠢᠨᠵᠢᠯᠡᠬᠦ ᠤᠬᠠᠭᠠᠨ ᠰᠤᠶᠤᠯ ᠮᠡᠳᠡᠯᠭᠡ ᠶᠢ ᠬᠦᠯᠢᠶᠡᠨ ᠠᠪᠬᠤ᠂ ᠨᠡᠶᠢᠭᠡᠮ ᠳᠤ ᠠᠭᠤᠰᠤᠯᠴᠠᠬᠤ ᠳᠤ ᠴᠦᠮ ᠠᠰᠢᠭᠲᠠᠢ ᠶᠤᠮ᠃ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠤᠯᠤᠰ ᠤᠨ ᠠᠯᠳᠠᠷᠲᠤ ᠲᠤᠰᠬᠠᠢ ᠮᠡᠷᠭᠡᠵᠢᠯᠲᠡᠨ ᠡᠷᠳᠡᠮᠲᠡᠨ᠂ ᠨᠢᠭᠡᠳᠦᠭᠡᠷ ᠹᠷᠤᠨᠲ ᠤᠨ ᠭᠤᠣᠯᠯᠠᠭᠴᠢ ᠪᠠᠭᠰᠢ ᠶᠢ ᠲᠥᠪᠯᠡᠷᠡᠭᠦᠯᠦᠨ ᠨᠠᠶᠢᠷᠠᠭᠤᠯᠤᠨ ᠪᠢᠴᠢᠵᠦ᠂ ᠭᠤᠷᠪᠠᠨ ᠬᠢᠴᠢᠶᠡᠯ ᠲᠥᠷᠦᠯ ᠤᠨ ᠦᠭᠡᠷᠡᠴᠢᠯᠡᠯᠲᠡ ᠶᠢᠨ ᠰᠢᠯᠢᠳᠡᠭ ᠥᠷ᠎ᠡ ᠪᠦᠲᠦᠭᠡᠯ᠂ ᠲᠡᠷᠢᠭᠦᠨ ᠤ ᠤᠶᠢᠯᠠᠭᠠᠭᠳᠠᠬᠤᠨ ᠪᠣᠯᠤᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠰᠢᠩᠭᠡᠭᠡᠵᠦ᠂ ᠵᠢᠭᠠᠬᠤ ᠮᠠᠲ᠋ᠧᠷᠢᠶᠠᠯ ᠤᠨ ᠠᠭᠤᠯᠭ᠎ᠠ ᠨᠢ ᠰᠤᠷᠤᠭᠴᠢᠳ ᠤᠨ ᠰᠣᠨᠤᠰᠬᠤ ᠣᠩᠰᠢᠬᠤ ᠪᠢᠴᠢᠬᠦ ᠴᠢᠳᠠᠪᠤᠷᠢ ᠶᠢ ᠬᠦᠭᠵᠢᠭᠦᠯᠵᠦ᠂ ᠰᠤᠷᠤᠭᠴᠢᠳ ᠤᠨ ᠰᠡᠳᠭᠢᠬᠦᠢ ᠶᠢ ᠬᠦᠭᠵᠢᠭᠦᠯᠬᠦ ᠠᠴᠠ ᠭᠠᠳᠠᠨ᠎ᠠ ᠪᠠᠰᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠤᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠤᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢ ᠱᠤᠭᠤᠬᠤ ᠪᠣᠯᠤᠨ᠎ᠠ᠃ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠰᠤᠷᠬᠤ ᠨᠢ ᠰᠤᠷᠤᠭᠴᠢᠳ ᠤᠨ ᠬᠠᠷᠠᠬᠠᠨ ᠪᠠᠭ᠎ᠠ ᠠᠴᠠ ᠪᠠᠨ ᠰᠠᠶᠢᠨ ᠰᠠᠶᠢᠬᠠᠨ ᠵᠣᠷᠢᠭ ᠰᠠᠨᠠᠭ᠎ᠠ ᠵᠠᠩ ᠴᠢᠨᠠᠷ ᠪᠣᠯᠤᠨ ᠶᠤᠰᠤ ᠰᠤᠷᠲᠠᠬᠤᠨ ᠬᠡᠪ ᠴᠢᠨᠠᠷ ᠢ ᠪᠣᠢ ᠪᠣᠯᠭᠠᠬᠤ ᠳᠤ ᠠᠰᠢᠭᠲᠠᠢ ᠪᠠᠶᠢᠵᠤ᠂ ᠬᠠᠤᠯᠢᠵᠢᠯ ᠤᠨ ᠦᠵᠡᠯᠲᠡ ᠪᠣᠯᠤᠨ ᠨᠡᠶᠢᠭᠡᠮ ᠤᠨ ᠬᠠᠷᠢᠭᠤᠴᠠᠯᠭᠠᠲᠤ ᠰᠡᠳᠭᠢᠯᠭᠡ ᠶᠢ ᠪᠣᠢ ᠪᠣᠯᠭᠠᠨ᠂ ︽ᠳᠥᠷᠪᠡᠨ ᠢᠲᠡᠭᠡᠯ︾ ᠪᠠ ︽ᠲᠠᠪᠤᠨ ᠬᠠᠮᠲᠤ ᠶᠢᠨ ᠲᠠᠨᠢᠯᠲᠠ︾ ᠶᠢ ᠴᠢᠩᠭᠠᠳᠬᠠᠨ᠎ᠠ᠃    ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠲᠦᠢᠯ ᠤᠨ ᠴᠢᠬᠤᠯᠠ ᠮᠦᠷᠲᠡᠭᠡᠨ ᠬᠦᠮᠦᠨ ᠢ ᠬᠦᠮᠦᠵᠢᠭᠦᠯᠬᠦ ᠣᠨᠴᠠᠭᠠᠢ ᠴᠢᠳᠠᠪᠬᠢ ᠲᠠᠢ ᠪᠠᠶᠢᠵᠤ᠂ ᠶᠤᠰᠤ ᠰᠤᠷᠲᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠠᠰᠢᠭᠲᠠᠢ ᠪᠠᠶᠢᠵᠤ᠂ ᠭᠤᠣᠯ ᠰᠢᠵᠢᠮ ᠢ ᠲᠤᠭᠤᠰᠢᠯᠠᠭᠤᠯᠤᠭᠰᠠᠨ᠂ ᠠᠯᠬᠤᠮ ᠳᠠᠷᠠᠭ᠎ᠠ ᠲᠠᠢ ᠠᠬᠢᠭᠤᠯᠤᠭᠰᠠᠨ᠂ ᠡᠷᠭᠢᠭᠦᠯᠭᠡᠨ ᠬᠡᠯᠪᠡᠷᠢ ᠪᠠᠷ ᠳᠡᠭᠡᠭᠰᠢᠯᠡᠭᠰᠡᠨ ᠨᠢᠭᠡ ᠴᠤᠭᠴᠠᠵᠢᠭᠤᠯᠤᠭᠰᠠᠨ ᠴᠢᠳᠠᠪᠤᠷᠢᠲᠠᠨ ᠬᠦᠮᠦᠵᠢᠭᠦᠯᠬᠦ ᠪᠠᠶᠢᠷᠢᠰᠢᠯ ᠢ ᠪᠦᠷᠢᠯᠳᠦᠭᠦᠯᠬᠦ ᠪᠣᠯᠤᠨ᠎ᠠ᠃     ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠦᠨᠳᠦᠷ ᠵᠡᠷᠭᠡ ᠶᠢᠨ ᠳᠤᠮᠳᠠᠳᠤ ᠰᠣᠷᠭᠠᠭᠤᠯᠢ ᠳᠤ ᠳᠡᠪᠰᠢᠬᠦ ᠰᠢᠯᠭᠠᠯᠲᠠ᠂ 2025 ᠣᠨ ᠤ ᠶᠡᠭᠡ ᠳᠡᠭᠡᠲᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠭᠤᠷᠪᠠᠨ ᠬᠢᠴᠢᠶᠡᠯ ᠲᠥᠷᠦᠯ ᠤᠨ ᠰᠢᠯᠭᠠᠯᠲᠠ ᠳᠤ ᠴᠦᠮ ᠤᠯᠤᠰ ᠤᠨ ᠨᠡᠶᠢᠳᠡᠮ ᠬᠡᠷᠡᠭᠡᠯᠡᠬᠦ ᠦᠭᠡ ᠬᠡᠯᠡ ᠦᠰᠦᠭ ᠪᠢᠴᠢᠭ ᠢᠶᠠᠷ ᠬᠠᠷᠢᠭᠤᠯᠪᠠᠯ᠂ ᠰᠢᠯᠭᠠᠭᠤᠯᠤᠭᠴᠢ ᠶᠢᠨ ᠡᠯᠰᠡᠭᠳᠡᠬᠦ ᠳᠤ ᠨᠦᠯᠦᠭᠡ ᠲᠠᠢ ᠤᠤ︖     ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ 2023 ᠣᠨ ᠳᠤ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ᠂ 2025 ᠣᠨ ᠳᠤ ᠶᠡᠭᠡ ᠳᠡᠭᠡᠲᠦ ᠰᠤᠷᠭᠠᠭᠤᠯᠢ ᠳᠤ ᠰᠢᠯᠭᠠᠭᠤᠯᠬᠤ ᠥᠶ᠎ᠡ ᠳᠤ ᠭᠤᠷᠪᠠᠨ ᠬᠢᠴᠢᠶᠡᠯ ᠲᠥᠷᠦᠯ ᠢ ᠴᠦᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠠᠷᠢᠭᠤᠯᠵᠤ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠳᠤ ᠮᠦᠨ ᠬᠦ ᠪᠠᠶᠢᠭ᠎ᠠ ᠠᠶᠢᠮᠠᠭ ᠬᠤᠲᠠ ᠶᠢᠨ ᠠᠳᠠᠯᠢ ᠲᠥᠷᠦᠯ ᠤᠨ ᠰᠢᠯᠭᠠᠭᠤᠯᠤᠭᠴᠢ ᠶᠢᠨ ᠨᠡᠷᠡᠰ ᠤᠨ ᠵᠢᠭᠰᠠᠭᠠᠯᠲᠠ ᠪᠠᠷ ᠰᠤᠷᠤᠭᠴᠢ ᠡᠯᠰᠡᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠮᠦᠨ ᠬᠦ  ᠪᠦᠬᠦ ᠣᠷᠤᠨ ᠤ ᠠᠳᠠᠯᠢ ᠲᠥᠷᠥᠯ ᠤᠨ ᠰᠢᠯᠭᠠᠭᠤᠯᠤᠭᠴᠢ ᠶᠢᠨ ᠨᠡᠷᠡᠰ ᠤᠨ ᠵᠢᠭᠰᠠᠭᠠᠯᠲᠠ ᠪᠠᠷ ᠰᠤᠷᠤᠭᠴᠢ ᠡᠯᠰᠡᠨ᠎ᠡ᠃
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号