ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ  ᠤᠨ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠥᠷᠦ ᠶᠢᠨ ᠪᠣᠳᠤᠯᠭ᠎ᠠ ᠶᠢᠨ ᠲᠠᠶᠢᠯᠤᠮᠵᠢ ︵ᠳᠥᠷᠪᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2021/3/1
     ᠶᠠᠭᠤᠨ ᠳᠤ ᠪᠦᠬᠦ ᠣᠷᠤᠨ ᠤ ᠡᠯ᠎ᠡ ᠲᠥᠷᠦᠯ ᠤᠨ ᠬᠡᠦᠬᠡᠳ ᠤᠨ ᠴᠡᠴᠡᠷᠯᠢᠭ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠠᠰᠠᠷᠠᠨ ᠬᠦᠮᠦᠵᠢᠭᠦᠯᠬᠦ ᠬᠦᠮᠦᠵᠢᠯ ᠤᠨ ᠠᠵᠢᠯᠯᠠᠭ᠎ᠠ ᠶᠢ ᠠᠬᠢᠭᠤᠯᠤᠨ ᠬᠡᠷᠡᠭᠵᠢᠭᠦᠯᠬᠦ ᠪᠣᠢ︖      ᠬᠠᠤᠯᠢ ᠴᠠᠭᠠᠵᠠ ᠶᠢᠨ ᠲᠤᠭᠲᠠᠭᠠᠯ ᠲᠠᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ᠶᠢᠨ ᠠᠷᠪᠠᠳᠤᠭᠠᠷ ᠵᠦᠢᠯ ᠳᠤ᠄ ᠰᠤᠷᠭᠠᠭᠤᠯᠢ ᠪᠠ ᠪᠣᠰᠤᠳ ᠰᠤᠷᠭᠠᠨ ᠬᠦᠮᠦᠵᠢᠯ ᠤᠨ ᠪᠠᠶᠢᠭᠤᠯᠤᠮᠵᠢ ᠨᠡᠶᠢᠲᠡᠯᠢᠭ ᠬᠡᠯᠡ ᠪᠠ ᠲᠥᠷᠢᠮᠵᠢᠭᠰᠡᠨ ᠬᠢᠲᠠᠳ ᠦᠰᠦᠭ ᠢᠶᠠᠷ ᠵᠢᠭᠠᠨ ᠰᠤᠷᠭᠠᠯᠲᠠ ᠶᠢᠨ ᠢᠶᠠᠨ ᠦᠨᠳᠦᠰᠦᠨ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠪᠣᠯᠭᠠᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠤᠷᠭᠠᠨ ᠬᠦᠮᠦᠵᠢᠯ ᠤᠨ ᠬᠠᠤᠯᠢ︾ ︵2015 ᠣᠨ ᠳᠤ ᠵᠠᠰᠠᠪᠤᠷᠢ ᠣᠷᠤᠭᠤᠯᠪᠠ︶ ᠶᠢᠨ ᠠᠷᠪᠠᠨ ᠬᠤᠶᠠᠳᠤᠭᠠᠷ ᠵᠦᠢᠯ ᠳᠤ᠄ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠤᠷᠭᠠᠭᠤᠯᠢ ᠪᠠ ᠪᠣᠰᠤᠳ ᠰᠤᠷᠭᠠᠨ ᠬᠦᠮᠦᠵᠢᠯ ᠤᠨ ᠪᠠᠶᠢᠭᠤᠯᠤᠮᠵᠢ  ᠶᠢᠨ ᠦᠨᠳᠦᠰᠦᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡ ᠬᠡᠯᠡ ᠦᠰᠦᠭ ᠪᠢᠴᠢᠭ ᠪᠣᠯᠭᠠᠨ᠎ᠠ᠂ ᠰᠤᠷᠭᠠᠭᠤᠯᠢ ᠪᠠ ᠪᠣᠰᠤᠳ ᠰᠤᠷᠭᠠᠨ ᠬᠦᠮᠦᠵᠢᠯ ᠤᠨ ᠪᠠᠶᠢᠭᠤᠯᠤᠮᠵᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠤᠷᠭᠠᠨ ᠬᠦᠮᠦᠵᠢᠯ ᠵᠢᠭᠠᠨ ᠰᠤᠷᠭᠠᠯᠲᠠ ᠬᠢᠬᠦ ᠬᠡᠷᠡᠭᠲᠡᠢ︾ ᠭᠡᠵᠡᠢ᠃ ᠬᠡᠦᠬᠡᠳ ᠤᠨ ᠴᠡᠴᠡᠷᠯᠢᠭ ᠪᠣᠯ ᠰᠤᠷᠭᠠᠨ ᠬᠦᠮᠦᠵᠢᠯ ᠤᠨ ᠪᠠᠶᠢᠭᠤᠯᠤᠮᠵᠢ ᠪᠣᠯᠬᠤᠷ ᠬᠠᠤᠯᠢ ᠴᠠᠭᠠᠵᠠ ᠶᠢᠨ ᠲᠤᠭᠲᠠᠭᠠᠯ ᠢ ᠭᠦᠢᠴᠡᠳᠭᠡᠬᠦ ᠬᠡᠷᠡᠭᠲᠡᠢ᠃     ᠲᠥᠷᠦ ᠶᠢᠨ ᠪᠣᠳᠤᠯᠭ᠎ᠠ ᠶᠢᠨ ᠱᠠᠭᠠᠷᠳᠠᠯᠭ᠎ᠠ ᠲᠠᠢ᠃ 2018 ᠣᠨ ᠳᠤ ᠲᠥᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠭᠦᠬᠦ ᠠᠯᠪᠠᠨ ᠭᠡᠷ᠂ ᠰᠤᠷᠭᠠᠨ ᠬᠦᠮᠦᠵᠢᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨᠨ ︽︿ᠰᠤᠷᠭᠠᠭᠤᠯᠢ ᠶᠢᠨ ᠨᠠᠰᠤᠨ ᠠᠴᠠ ᠡᠮᠦᠨ᠎ᠡ ᠨᠡᠶᠢᠲᠡᠯᠢᠭ ᠬᠡᠯᠡ ᠶᠢ ᠰᠤᠷᠴᠤ ᠡᠵᠡᠮᠰᠢᠬᠦ﹀ ᠠᠵᠢᠯᠯᠠᠭ᠎ᠠ ᠦᠷᠨᠢᠭᠦᠯᠬᠦ ᠲᠤᠬᠠᠢ ᠮᠡᠳᠡᠭᠳᠡᠯ︾ ᠳᠤ ᠬᠡᠪ ᠤᠨ ᠰᠤᠷᠤᠯᠴᠠᠬᠤ ᠴᠢᠳᠠᠪᠤᠷᠢ ᠲᠠᠢ 3-6 ᠨᠠᠰᠤᠨ ᠤ ᠴᠦᠬᠡᠨ ᠲᠣᠭᠠᠲᠤ ᠦᠨᠳᠦᠰᠦᠲᠡᠨ ᠤ ᠬᠡᠦᠬᠡᠳ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠠᠴᠠ ᠡᠮᠦᠨ᠎ᠡ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠰᠤᠯᠢᠯᠴᠠᠭ᠎ᠠ ᠬᠢᠵᠦ ᠳᠡᠶᠢᠯᠬᠦ ᠶᠢ ᠪᠡᠶᠡᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠰᠡᠳᠭᠢᠬᠦᠢ ᠶᠢᠨ ᠳᠠᠳᠬᠠᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ 2020 ᠣᠨ ᠳᠤ ᠬᠤᠷᠠᠯᠳᠤᠭᠤᠯᠤᠭᠰᠠᠨ ᠪᠦᠬᠦ ᠤᠯᠤᠰ ᠤᠨ ᠦᠭᠡ ᠬᠡᠯᠡ ᠦᠰᠦᠭ ᠪᠢᠴᠢᠭ ᠤᠨ ᠬᠤᠷᠠᠯ ᠠᠴᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠪᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠨᠡᠶᠢᠲᠡᠯᠢᠭ ᠬᠡᠯᠡᠨ ᠤ ᠵᠢᠭᠠᠨ ᠰᠤᠷᠭᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠲᠣᠳᠤᠷᠬᠠᠢ ᠱᠠᠭᠠᠷᠳᠠᠪᠠ᠃     ᠪᠣᠳᠠᠳᠤ ᠠᠬᠤᠢ ᠶᠢᠨ ᠱᠠᠭᠠᠷᠳᠠᠯᠭ᠎ᠠ ᠲᠠᠢ᠃ ᠣᠳᠤᠬᠠᠨ ᠳᠤ᠂ ᠮᠠᠨ ᠤ ᠣᠷᠤᠨ ᠤ ᠰᠤᠷᠭᠠᠭᠤᠯᠢ ᠶᠢᠨ ᠨᠠᠰᠤᠨ  ᠠᠴᠠ ᠡᠮᠦᠨᠡᠬᠢ ᠰᠤᠷᠭᠠᠨ ᠬᠦᠮᠦᠵᠢᠯ ᠤᠨ ᠱᠠᠲᠤᠨ ᠳᠤ᠂ ᠵᠠᠷᠢᠮ ᠨᠢ ᠨᠤᠲᠤᠭ ᠤᠨ ᠠᠶᠠᠯᠭᠤ ᠪᠠᠷ ᠠᠰᠠᠷᠠᠨ ᠬᠦᠮᠦᠵᠢᠭᠦᠯᠬᠦ ᠠᠵᠢᠯᠯᠠᠭ᠎ᠠ ᠬᠢᠵᠦ᠂ ᠵᠠᠷᠢᠮ ᠨᠢ ᠦᠨᠳᠦᠰᠦᠲᠡᠨ ᠤ ᠦᠭᠡ ᠬᠡᠯᠡ ᠪᠠᠷ ᠠᠰᠠᠷᠠᠨ ᠬᠦᠮᠦᠵᠢᠬᠦᠯᠬᠦ ᠠᠵᠢᠯᠯᠠᠭ᠎ᠠ ᠬᠢᠵᠦ ᠪᠠᠶᠢᠨ᠎ᠠ᠂ ᠡᠶᠢᠮᠦᠷᠬᠦ ᠰᠤᠷᠭᠠᠨ ᠬᠦᠮᠦᠵᠢᠯ ᠤᠨ ᠣᠳᠤᠬᠢ ᠪᠠᠶᠢᠳᠠᠯ ᠨᠢ ᠠᠳᠠᠯᠢ ᠪᠣᠰᠤ ᠣᠷᠤᠨ ᠪᠦᠰᠠ᠂ ᠬᠠᠮᠲᠤ ᠨᠡᠶᠢᠲᠡ ᠶᠢᠨ ᠬᠤᠭᠤᠷᠤᠨᠲᠤ ᠪᠠᠨ ᠣᠶᠢᠯᠠᠭᠠᠯᠴᠠᠨ ᠨᠡᠪᠲᠡᠷᠡᠯᠴᠡᠬᠦ ᠳᠤ ᠵᠤᠬᠢᠬᠤ ᠬᠡᠮᠵᠢᠶᠡᠨ ᠤ ᠬᠠᠷᠰᠢ ᠰᠠᠭᠠᠳ ᠣᠴᠠᠷᠠᠭᠤᠯᠵᠤ᠂ ᠪᠠᠰᠠ ᠬᠡᠦᠬᠡᠳ ᠢ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠱᠠᠲᠤᠨ  ᠳᠤ ᠣᠷᠤᠬᠤ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠲᠤ ᠨᠡᠩ ᠰᠠᠶᠢᠲᠤᠷ ᠵᠣᠬᠢᠴᠠᠵᠤ ᠴᠢᠳᠠᠬᠤ ᠦᠭᠡᠢ ᠪᠣᠯᠭᠠᠨ᠎ᠠ᠃ ᠡᠶᠢᠮᠦ ᠠᠴᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠲᠤᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠠᠰᠠᠷᠠᠨ ᠬᠦᠮᠦᠵᠢᠭᠦᠯᠬᠦ ᠠᠵᠢᠯᠯᠠᠭ᠎ᠠ ᠦᠷᠨᠢᠭᠦᠯᠬᠦ ᠨᠢ ᠲᠦᠢᠯ ᠤᠨ ᠴᠢᠬᠤᠯᠠ ᠶᠤᠮ᠃ ᠬᠡᠦᠬᠡᠳ ᠤᠨ ᠴᠡᠴᠡᠷᠯᠢᠭ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠠᠰᠠᠷᠠᠨ ᠬᠦᠮᠦᠵᠢᠭᠦᠯᠬᠦ ᠠᠵᠢᠯᠯᠠᠭ᠎ᠠ ᠦᠷᠨᠢᠭᠦᠯᠬᠦ ᠨᠢ ᠬᠡᠦᠬᠡᠳ ᠤᠨ ᠨᠡᠶᠢᠲᠡᠯᠢᠭ ᠬᠡᠯᠡ ᠪᠠᠷ ᠳᠤᠷᠠᠲᠠᠢ ᠬᠡᠯᠡᠬᠦ᠂ ᠵᠤᠷᠢᠭᠲᠠᠢ ᠬᠡᠯᠡᠬᠦ ᠤᠬᠠᠮᠰᠠᠷ ᠪᠠ ᠳᠠᠳᠬᠠᠯ ᠢ ᠬᠦᠮᠦᠵᠢᠭᠦᠯᠬᠦ ᠳᠤ ᠠᠰᠢᠭᠲᠠᠢ ᠶᠤᠮ᠃ ᠬᠡᠦᠬᠡᠳ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠠᠴᠠ ᠡᠮᠦᠨ᠎ᠡ ᠦᠨᠳᠦᠰᠦᠨ ᠳᠡᠭᠡᠨ ᠨᠡᠶᠢᠲᠡᠯᠢᠭ ᠬᠡᠯᠡ ᠶᠢ ᠣᠶᠢᠯᠠᠭᠠᠵᠤ ᠨᠡᠶᠢᠲᠡᠯᠢᠭ ᠬᠡᠯᠡ ᠪᠠᠷ ᠶᠠᠷᠢᠵᠤ ᠰᠤᠷᠬᠤ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠤᠷᠮ᠎ᠠ ᠪᠠᠬ᠎ᠠ ᠶᠢ ᠨᠢ ᠬᠦᠮᠦᠵᠢᠭᠦᠯᠵᠦ᠂ ᠰᠠᠶᠢᠨ ᠰᠠᠶᠢᠬᠠᠨ ᠦᠭᠡ ᠬᠡᠯᠡᠨ ᠤ ᠳᠠᠳᠬᠠᠯ ᠲᠠᠢ ᠪᠣᠯᠭᠠᠵᠤ᠂ ᠪᠠᠭ᠎ᠠ ᠰᠤᠷᠭᠠᠭᠤᠯᠢ ᠳᠤ ᠣᠷᠤᠪᠠᠯ ᠬᠡᠪ ᠤᠨ ᠰᠤᠷᠤᠯᠴᠠᠯᠭ᠎ᠠ ᠰᠣᠯᠢᠯᠴᠠᠭ᠎ᠠ ᠦᠷᠨᠢᠭᠦᠯᠬᠦ ᠳᠤᠨᠢ ᠰᠠᠭᠤᠷᠢ ᠲᠠᠯᠪᠢᠬᠤ ᠪᠣᠯᠤᠨ᠎ᠠ᠃     ᠮᠠᠨ ᠤ ᠣᠷᠤᠨ ᠬᠡᠦᠬᠡᠳ ᠤᠨ ᠴᠡᠴᠡᠷᠯᠢᠭ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠰᠠᠷᠠᠨ ᠬᠦᠮᠦᠵᠢᠭᠦᠯᠬᠦ ᠰᠤᠷᠭᠠᠨ ᠬᠦᠮᠦᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠪᠣᠳᠠᠲᠠᠢ ᠱᠠᠭᠠᠷᠳᠠᠯᠭ᠎ᠠ ᠨᠢ ᠶᠠᠭᠤ ᠪᠣᠢ︖     ᠬᠠᠤᠯᠢ ᠴᠠᠭᠠᠵᠠ ᠬᠠᠤᠯᠢ ᠲᠤᠭᠲᠠᠭᠠᠯ ᠪᠠ ᠤᠯᠤᠰ ᠤᠨ ᠱᠠᠭᠠᠷᠳᠠᠯᠭ᠎ᠠ ᠶᠢ ᠦᠨᠳᠦᠰᠦᠯᠡᠪᠡᠯ᠂ 2021 ᠣᠨ ᠤ ᠨᠠᠮᠤᠷ ᠤᠨ ᠤᠯᠠᠷᠢᠯ ᠤᠨ ᠰᠣᠷᠣᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦ ᠣᠷᠤᠨ ᠤ ᠡᠯ᠎ᠡ ᠲᠥᠷᠦᠯ ᠤᠨ ᠬᠡᠦᠬᠡᠳ ᠤᠨ ᠴᠡᠴᠡᠷᠯᠢᠭ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠰᠠᠷᠠᠨ ᠬᠦᠮᠦᠵᠢᠭᠦᠯᠬᠦ ᠠᠵᠢᠯᠯᠠᠭ᠎ᠠ ᠶᠢ ᠠᠬᠢᠭᠤᠯᠤᠨ ᠬᠡᠷᠡᠭᠵᠢᠭᠦᠯᠵᠦ᠂ ︽ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨ᠎ᠡ ᠨᠡᠶᠢᠲᠡᠯᠢᠭ ᠬᠡᠯᠡ ᠶᠢ ᠰᠤᠷᠴᠤ ᠡᠵᠡᠮᠰᠢᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠦᠬᠦᠴᠡᠯ ᠲᠠᠢ ᠬᠡᠦᠬᠡᠳ  ᠤᠨ ᠴᠡᠴᠡᠷᠯᠢᠭ ᠢ 2021 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠬᠡᠷᠡᠭᠵᠢᠭᠦᠯᠦᠨ᠎ᠡ᠃     ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠭᠤᠷᠪᠠᠨ ᠬᠢᠴᠢᠶᠡᠯ ᠲᠥᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯᠯᠡᠬᠦ ᠴᠠᠭ ᠢ ᠬᠡᠷᠬᠢᠨ ᠲᠣᠬᠢᠷᠠᠭᠤᠯᠤᠭᠰᠠᠨ ᠪᠣᠢ︖     ᠣᠳᠤᠬᠠᠨ ᠳᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠤ ᠤᠯᠤᠰ ᠤᠨ ᠬᠢᠴᠢᠶᠡᠯ᠂ ᠣᠷᠤᠨ ᠨᠤᠲᠤᠭ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ ᠤᠨ ᠭᠤᠷᠪᠠᠨ ᠱᠠᠲᠤᠨ ᠤ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠨ᠎ᠠ᠃ ᠤᠯᠤᠰ ᠠᠴᠠ ᠬᠢᠴᠢᠶᠡᠯ ᠤᠨ ᠪᠠᠶᠢᠷᠢᠯᠠᠭᠤᠯᠤᠯᠲᠠ ᠪᠣᠯᠤᠨ ᠬᠢᠴᠢᠶᠡᠯ ᠤᠨ ᠴᠠᠭ ᠤᠨ ᠲᠣᠬᠢᠷᠠᠭᠤᠯᠤᠯᠲᠠ  ᠳᠤ ᠴᠦᠮ ᠨᠢᠭᠡᠳᠦᠯᠲᠡᠢ ᠱᠠᠭᠠᠷᠳᠠᠯᠭ᠎ᠠ ᠲᠠᠯᠪᠢᠵᠤ᠂ ᠥᠪᠡᠷᠲᠡᠭᠡᠨ ᠵᠠᠰᠠᠬᠤ ᠣᠷᠤᠨ ᠠᠴᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠤᠯᠤᠰ ᠤᠨ ᠬᠢᠴᠢᠶᠡᠯ ᠤᠨ ᠪᠠᠶᠢᠷᠢᠯᠠᠭᠤᠯᠤᠯᠲᠠ ᠶᠢᠨ ᠲᠥᠰᠦᠯ ᠢ ᠦᠨᠳᠦᠰᠦᠯᠡᠨ᠂ ᠰᠤᠷᠭᠠᠨ ᠬᠦᠮᠦᠵᠢᠯ ᠤᠨ ᠶᠠᠮᠤᠨ ᠤ ᠪᠡᠶ᠎ᠡ ᠶᠢᠨ ᠲᠠᠮᠢᠷ᠂ ᠬᠦᠳᠡᠯᠮᠦᠷᠢ ᠶᠢᠨ ᠬᠦᠮᠦᠵᠢᠯ᠂ ᠰᠢᠨᠵᠢᠯᠡᠬᠦ ᠤᠬᠠᠭᠠᠨ ᠵᠡᠷᠭᠡ ᠬᠢᠴᠢᠶᠡᠯ ᠤᠨ ᠲᠣᠬᠢᠷᠠᠭᠤᠯᠤᠯᠲᠠ ᠶᠢᠨ ᠲᠤᠬᠠᠢ ᠰᠢᠨ᠎ᠡ ᠪᠠᠷ ᠨᠡᠮᠡᠭᠰᠡᠨ ᠬᠢᠴᠢᠶᠡᠯ ᠤᠨ ᠴᠠᠭ ᠤᠨ ᠱᠠᠭᠠᠷᠳᠠᠯᠭ᠎ᠠ ᠶᠢ ᠶᠡᠷᠦᠩᠬᠡᠶᠢᠯᠡᠨ ᠪᠣᠳᠤᠯᠬᠢᠯᠠᠵᠤ᠂ ᠪᠦᠬᠦ ᠣᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠤᠨ ᠬᠢᠴᠢᠶᠡᠯ ᠤᠨ ᠲᠥᠯᠦᠪᠯᠡᠭᠡ ᠳᠤ ᠨᠢᠭᠡᠳᠦᠯᠲᠡᠢ ᠲᠥᠯᠦᠪᠵᠢᠭᠦᠯᠵᠦ ᠲᠣᠬᠢᠷᠠᠭᠤᠯᠤᠯᠲᠠ ᠬᠢᠨ᠎ᠡ᠃ 2021 ᠣᠨ ᠤ ᠨᠠᠮᠤᠷ ᠤᠨ ᠤᠯᠠᠷᠢᠯ ᠤᠨ ᠰᠣᠷᠣᠯᠭ᠎ᠠ ᠶᠢᠨ ᠬᠤᠭᠤᠴᠠᠭ᠎ᠠ ᠠᠴᠠ ᠡᠬᠢᠯᠡᠨ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠪᠠ ᠡᠩ ᠤᠨ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠤᠨ ᠴᠠᠭ ᠤᠨ ᠪᠠᠷᠢᠮᠵᠢᠶ᠎ᠠ ᠶᠢ ᠨᠢᠭᠡᠳᠦᠯᠲᠡᠢ ᠪᠣᠯᠭᠠᠬᠤ ᠶᠢᠨ ᠬᠠᠮᠲᠤ᠂ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ ᠳᠣᠣᠷ᠎ᠠ ᠪᠠᠶᠢᠯᠭᠠᠬᠤ ᠦᠭᠡᠢ ᠶᠤᠰᠤᠭᠠᠷ ᠭᠤᠷᠪᠠᠨ ᠬᠢᠴᠢᠶᠡᠯ ᠲᠥᠷᠦᠯ ᠤᠨ ᠬᠢᠴᠢᠶᠡᠯ ᠤᠨ ᠲᠥᠯᠦᠪᠯᠡᠭᠡ ᠶᠢ ᠲᠣᠬᠢᠷᠠᠭᠤᠯᠤᠨ᠎ᠠ᠃     ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠰᠤᠷᠤᠯᠭ᠎ᠠ ᠶᠢᠨ ᠱᠠᠲᠤᠨ ᠤ ᠬᠤᠭᠤᠷᠤᠨᠳᠤᠬᠢ ᠬᠢᠴᠢᠶᠡᠯ ᠤᠨ ᠵᠢᠭᠠᠨ ᠰᠤᠷᠭᠠᠯᠲᠠ ᠶᠢ ᠵᠣᠯᠭᠠᠭᠤᠯᠬᠤ ᠶᠢ ᠪᠠᠲᠤᠯᠠᠬᠤ ᠪᠣᠢ︖     ᠥᠪᠡᠷᠲᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ ᠲᠢᠩᠬᠢᠮ ᠲᠤᠰᠬᠠᠶᠢᠯᠠᠨ ︽ᠪᠦᠬᠦ ᠣᠷᠤᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠠᠭᠠᠬᠤ ᠶᠢ ᠵᠣᠯᠭᠠᠭᠤᠯᠬᠤ ᠠᠵᠢᠯ  ᠤᠨ ᠵᠢᠯᠤᠭᠤᠳᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠵᠣᠯᠭᠠᠭᠤᠯᠬᠤ᠂ ᠠᠩᠬ᠎ᠠ ᠵᠡᠷᠭᠡ ᠪᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢ ᠵᠣᠯᠭᠠᠭᠤᠯᠬᠤ ᠵᠡᠷᠭᠡ ᠰᠤᠷᠤᠯᠭ᠎ᠠ ᠶᠢᠨ ᠱᠠᠲᠤ ᠥᠶ᠎ᠡ  ᠶᠢᠨ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ ᠲᠣᠭᠤᠷᠢᠨ ᠳᠤ ᠪᠣᠳᠠᠲᠠᠢ ᠪᠠᠲᠤᠯᠠᠬᠤ ᠠᠷᠭ᠎ᠠ ᠬᠡᠮᠵᠢᠶ᠎ᠡ ᠶᠢ ᠲᠣᠳᠤᠷᠬᠠᠶᠢᠯᠠᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠠᠰᠠᠷᠠᠨ ᠬᠦᠮᠦᠵᠢᠭᠦᠯᠬᠦ ᠠᠵᠢᠯᠯᠠᠭ᠎ᠠ ᠦᠷᠨᠢᠭᠦᠯᠬᠦ ᠪᠠᠷ ᠳᠠᠮᠵᠢᠭᠤᠯᠤᠨ᠂ ᠰᠤᠷᠭᠠᠭᠤᠯᠢ ᠶᠢᠨ ᠨᠠᠰᠤᠨ ᠤ ᠬᠡᠦᠬᠡᠳ ᠲᠤ ᠨᠡᠶᠢᠲᠡᠯᠢᠭ ᠬᠡᠯᠡ ᠶᠢ ᠰᠤᠷᠭᠠᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠠᠵᠢᠯ ᠢ ᠰᠠᠶᠢᠲᠤᠷ ᠬᠢᠨ᠎ᠡ︔ ᠤᠯᠤᠰ ᠤᠨ ᠬᠢᠴᠢᠶᠡᠯ ᠤᠨ  ᠪᠠᠷᠢᠮᠵᠢᠶ᠎ᠠ ᠶᠢ ᠦᠨᠳᠦᠰᠦᠯᠡᠨ᠂ ᠨᠥᠬᠦᠪᠦᠷᠢ ᠣᠩᠰᠢᠬᠤ ᠪᠢᠴᠢᠭ ᠶᠢ ᠨᠠᠶᠢᠷᠠᠭᠤᠯᠤᠨ ᠳᠠᠷᠤᠮᠠᠯᠯᠠᠵᠤ᠂ ᠡᠷᠲᠡ ᠶᠢᠨ ᠣᠩᠰᠢᠯᠭ᠎ᠠ᠂ ᠳᠠᠪᠲᠠᠯᠭ᠎ᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠵᠡᠷᠭᠡ ᠴᠠᠭ ᠢ ᠨᠢᠭᠡᠳᠦᠯᠲᠡᠢ ᠲᠥᠯᠦᠪᠯᠡᠨ᠂ ᠰᠤᠷᠤᠭᠴᠢᠳ ᠤᠨ ᠰᠣᠨᠤᠰᠬᠤ᠂ ᠬᠡᠯᠡᠬᠦ᠂ ᠣᠩᠰᠢᠬᠤ᠂ ᠪᠢᠴᠢᠬᠦ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠎ᠠ︔ ᠵᠢᠭᠠᠨ ᠰᠤᠷᠭᠠᠯᠲᠠ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠬᠠᠮᠲᠤᠷᠠᠭᠰᠠᠨ ᠵᠢᠭᠠᠨ ᠰᠤᠷᠭᠠᠯᠲᠠ ᠰᠣᠳᠤᠯᠭᠠᠨ ᠢ ᠦᠷᠨᠢᠭᠦᠯᠦᠨ᠂ ᠰᠦᠯᠵᠢᠶᠡᠨ ᠳᠡᠭᠡᠷᠡᠬᠢ ᠢᠵᠢᠯ ᠠᠯᠬᠤᠮᠲᠤ ᠬᠢᠴᠢᠶᠡᠯ ᠤᠨ ᠡᠬᠢ ᠪᠠᠶᠠᠯᠢᠭ ᠵᠡᠷᠭᠡ ᠶᠢ ᠪᠠᠶᠠᠯᠢᠭᠵᠢᠭᠤᠯᠵᠤ᠂ ᠪᠠᠭ᠎ᠠ ᠰᠤᠷᠭᠠᠭᠤᠯᠢ᠂ ᠠᠩᠬ᠎ᠠ ᠳᠤᠮᠳᠠᠳᠤ᠂ ᠦᠨᠳᠦᠷ ᠳᠤᠮᠳᠠᠳᠤ ᠵᠡᠷᠭᠡ ᠡᠯ᠎ᠡ ᠰᠤᠷᠤᠯᠭ᠎ᠠ ᠶᠢᠨ ᠱᠠᠲᠤᠨ ᠤ ᠬᠢᠴᠢᠶᠡᠯ ᠤᠨ ᠵᠢᠭᠠᠨ ᠰᠤᠷᠭᠠᠯᠲᠠ ᠶᠢ ᠵᠣᠯᠭᠠᠭᠤᠯᠬᠤ ᠠᠵᠢᠯ ᠢ ᠦᠨᠡᠨᠬᠦ ᠰᠠᠶᠢᠲᠤᠷ ᠬᠢᠨ᠎ᠡ᠃
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号