ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/3/18
    — 2021 ᠤᠨ ᠤ 3 ᠰᠠᠷ᠎ᠠ ᠶᠢᠨ 5 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠬᠡᠷ ᠬᠤᠷᠠᠯᠳᠤᠭᠠᠨ ᠳᠡᠭᠡᠷ᠎ᠡ    ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠶᠢᠳ ᠯᠢ ᠺᠧ ᠴᠢᠶᠠᠩ    ᠲᠥᠯᠥᠭᠡᠯᠡᠭᠴᠢᠳ ᠡ᠄    ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠ ᠤᠤ᠃    ᠨᠢᠭᠡ᠂ 2020 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠪᠤᠯ ᠰᠢᠨ᠎ᠡ ᠳᠤᠮᠳᠠᠳᠤ ᠤᠯᠤᠰ ᠤᠨ ᠲᠡᠦᠬᠡᠨ ᠳᠡᠭᠡᠷᠡᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠤᠯᠬᠤ ᠶᠤᠮ᠃ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠳᠡᠯᠡᠬᠡᠶ ᠶᠢᠨ ᠠᠵᠤ ᠠᠬᠤᠢ ᠶᠢᠨ ᠭᠦᠨᠵᠡᠭᠡᠶ ᠪᠠᠭᠤᠷᠠᠯᠲᠠ ᠵᠡᠷᠭᠡ ᠣᠯᠠᠨ ᠳᠠᠪᠬᠤᠷ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢᠷᠭᠠᠭᠤ ᠬᠠᠲᠠᠭᠤᠵᠢᠯᠲᠠᠶ ᠴᠢᠷᠮᠠᠶᠢᠨ ᠲᠡᠮᠡᠴᠡᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠵᠤ᠂ ᠪᠦᠬᠦ ᠳᠡᠯᠡᠬᠡᠶ ᠶᠢᠨ ᠭᠤᠤᠯ ᠭᠤᠤᠯ ᠠᠵᠤ ᠠᠬᠤᠶ ᠶᠢᠨ ᠴᠣᠭᠴᠠ ᠶᠢᠨ ᠳᠤᠮᠳᠠ ᠮᠠᠨ ᠤ ᠠᠵᠤ ᠠᠬᠤᠶ ᠯᠡ ᠡᠶᠡᠷᠬᠦ ᠨᠡᠮᠡᠭᠳᠡᠯ ᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠪᠦᠬᠦ ᠲᠠᠯ᠎ᠠ ᠶᠢᠨ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠤᠯᠬᠤ ᠶᠠᠪᠤᠳᠠᠯ ᠳᠤ ᠰᠢᠢᠳᠪᠦᠷᠢᠯᠡᠭᠴᠢ ᠴᠢᠨᠠᠷᠲᠠᠶ ᠠᠮᠵᠢᠯᠲᠠ ᠪᠦᠲᠦᠮᠵᠢ ᠶᠢ ᠣᠯᠤᠭᠠᠳ᠂ ᠠᠷᠠᠳ ᠲᠦᠮᠡᠨ ᠳᠤ ᠲᠠᠭᠠᠰᠢᠶᠠᠭᠳᠠᠭᠰᠠᠨ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠦᠰᠢᠲᠡᠢ ᠬᠠᠷᠢᠭᠤᠯᠲᠠ ᠶᠢ ᠲᠤᠰᠢᠶᠠᠪᠠ᠃ ᠪᠦᠬᠦ ᠵᠢᠯ ᠤᠨ ᠬᠥᠭᠵᠢᠯᠲᠡ ᠶᠢᠨ ᠭᠤᠤᠯ ᠭᠤᠤᠯ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠪᠠᠰᠠ ᠰᠢᠨ᠎ᠡ ᠴᠢᠬᠤᠯᠠ ᠶᠡᠭᠡ ᠠᠬᠢᠯᠲᠠ ᠲᠠᠢ ᠪᠣᠯᠪᠠ᠃    ᠬᠢᠵᠢᠭ ᠢ ᠡᠰᠡᠷᠭᠦᠴᠡᠬᠦ ᠬᠠᠲᠠᠭᠤ ᠪᠡᠷᠬᠡᠰᠢᠶᠡᠯᠲᠦ ᠶᠠᠪᠤᠴᠠ ᠳᠤ᠂ ᠨᠠᠮ ᠤᠨ ᠲᠥᠪ ᠬᠤᠷᠢᠶ᠎ᠠ ᠢᠮᠠᠭᠲᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠪᠡᠶ᠎ᠠ ᠪᠠᠷ ᠢᠶᠠᠨ ᠵᠢᠯᠤᠭᠤᠳᠤᠨ᠂ ᠪᠡᠶ᠎ᠠ ᠪᠠᠷ ᠢᠶᠠᠨ ᠪᠠᠶᠢᠷᠢᠯᠠᠭᠤᠯᠵᠤ᠂ ᠡᠯ᠎ᠠ ᠲᠠᠯ᠎ᠠ ᠶᠢᠨ ᠬᠢᠨ ᠦᠷᠬᠦᠯᠵᠢᠯᠡᠨ ᠴᠢᠷᠮᠡᠶᠢᠵᠤ᠂ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢᠶᠠᠨ ᠲᠠᠰᠤᠷᠠᠯᠳᠡ ᠦᠭᠡᠢ ᠪᠠᠬᠢᠵᠢᠭᠦᠯᠪᠡ᠃ ᠪᠢᠳᠡ ᠬᠢᠵᠢᠭ ᠤᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠰᠡᠷᠭᠡᠶᠢᠯᠡᠨ ᠬᠢᠵᠠᠭᠠᠷᠯᠠᠬᠤ ᠠᠷᠭ᠎ᠠ ᠪᠣᠳᠣᠯᠭ᠎ᠠ ᠪᠠᠨ ᠴᠠᠭ ᠲᠤᠬᠠᠶ ᠳᠤᠨᠢ ᠲᠣᠬᠢᠷᠠᠭᠤᠯᠵᠤ᠂ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠦᠨ᠂ ᠬᠡᠰᠡᠭ ᠭᠠᠵᠠᠷ ᠣᠷᠣᠨ ᠤ ᠪᠦᠭᠡᠮᠨᠡᠷᠡᠯ ᠤᠨ ᠰᠢᠨᠵᠢᠲᠠᠶ ᠬᠢᠵᠢᠭ ᠤᠨ ᠪᠠᠶᠢᠳᠠᠯ ᠢ ᠪᠦᠲᠦᠮᠵᠢᠲᠡᠶ ᠰᠢᠢᠳᠪᠦᠷᠢᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠂ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠰᠡᠷᠭᠦᠭᠡᠬᠦ ᠳᠤ ᠴᠢᠬᠤᠯᠠ ᠪᠦᠬᠦᠢ ᠨᠥᠬᠦᠴᠡᠯ ᠢ ᠪᠦᠷᠢᠯᠳᠦᠭᠦᠯᠵᠦ ᠥᠭᠪᠡ᠃ᠨᠢᠭᠡ ᠵᠢᠯ ᠤᠨ ᠲᠤᠷᠰᠢ᠂ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠶᠠᠪᠤᠳᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠳᠤ ᠭᠤᠤᠯᠳᠠᠭᠤ  ᠳᠣᠤᠷᠠᠬᠢ  ᠮᠡᠲᠦ  ᠶᠢᠨ ᠠᠵᠢᠯ ᠤᠳ ᠢ ᠬᠢᠵᠡᠶ᠃    ᠨᠢᠭᠡ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠠᠴᠢᠮ ᠬᠡᠷᠡᠭᠴᠡᠭᠡ ᠲᠠᠢ ᠤᠶᠠᠯᠳᠤᠭᠤᠯᠤᠨ ᠬᠤᠷᠸ᠎ᠠ ᠲᠦᠷᠦ ᠶᠢᠨ ᠪᠤᠳᠤᠯᠭ᠎ᠠ ᠶᠢ ᠲᠣᠭᠲᠠᠭᠠᠨ ᠬᠡᠷᠡᠭᠵᠢᠭᠦᠯᠵᠦ᠂ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠪᠠ᠃ ᠲᠡᠦᠬᠡᠨ ᠳᠤ ᠬᠤᠪᠣᠷᠬᠠᠨ ᠳᠤᠬᠢᠶᠠᠯᠳᠤᠬᠤ ᠳᠠᠭᠠᠷᠢᠯᠲᠠ ᠶᠢᠨ ᠡᠮᠦᠨ᠎ᠡ᠂ ᠪᠢᠳᠡ ︽ᠵᠢᠷᠭᠤᠭ᠎ᠠ ᠶᠢ ᠲᠣᠭᠲᠠᠭᠤᠨ  ᠪᠠᠶᠢᠯᠭᠠᠬᠤ︾  ᠠᠵᠢᠯ  ᠤᠨ  ᠰᠠᠭᠤᠷᠢᠨ  ᠳᠡᠭᠡᠷ᠎ᠡ᠂  ︽ᠵᠢᠷᠭᠤᠭ᠎ᠠ  ᠶᠢ ᠪᠠᠲᠤᠯᠠᠬᠤ︾ ᠡᠭᠦᠷᠭᠡ᠂ ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠵᠢᠴᠢ ᠪᠠᠲᠤᠯᠠᠬᠤ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠡᠭᠦᠷᠭᠡ ᠶᠢ ᠲᠣᠳᠣᠷᠬᠠᠶ ᠳᠤᠷᠠᠳᠪᠠ᠃ ᠤᠯᠤᠰ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠴᠠᠭ ᠲᠤᠬᠠᠶ ᠳᠤᠨᠢ᠂ ᠡᠷᠡᠰ ᠰᠢᠭᠤᠷᠬᠠᠶ ᠮᠥᠷᠲᠡᠭᠡᠨ ᠪᠠᠰᠠ ᠪᠠᠲᠤ ᠬᠦᠴᠦᠨ ᠢᠶᠠᠨ ᠬᠠᠳᠠᠭᠠᠯᠠᠬᠤ᠂ ︽ᠨᠡᠯᠦ᠋ᠢᠯᠭᠡᠨ ᠤᠰᠤᠯᠠᠬᠤ︾ ᠦᠭᠡᠢ ᠪᠠᠶᠢᠬᠤ ᠶᠢ ᠪᠠᠷᠢᠮᠲᠠᠯᠠᠵᠤ᠂ ᠬᠡᠪᠴᠢᠶᠡᠲᠦ ᠴᠢᠨᠠᠷᠲᠠᠶ ᠲᠦᠷᠦ ᠶᠢᠨ ᠪᠤᠳᠤᠯᠭ᠎ᠠ ᠶᠢᠨ ᠲᠡᠩᠴᠡᠭᠦᠷᠢ ᠶᠢᠨ ᠴᠡᠭ ᠢ ᠰᠢᠨᠵᠢᠯᠡᠬᠦ ᠤᠬᠠᠭᠠᠨᠴᠢ ᠪᠠᠷ ᠡᠵᠡᠮᠰᠢᠪᠡ᠃ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠠᠷᠭ᠎ᠠ ᠶᠢ ᠴᠢᠬᠤᠯᠠᠴᠢᠯᠠᠨ ᠬᠡᠷᠡᠭᠯᠡᠵᠦ᠂ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ᠠᠮᠢᠵᠢᠷᠠᠯ ᠤᠨ ᠬᠦᠴᠦᠨ ᠢ ᠨᠢ ᠬᠥᠭᠵᠢᠭᠡᠬᠦ ᠶᠢ ᠵᠡᠷᠭᠡ ᠪᠠᠷ ᠴᠢᠬᠤᠯᠠᠴᠢᠯᠠᠵᠤ᠂ ᠬᠠᠮᠤᠭ ᠤᠨ ᠰᠢᠭᠤᠳ ᠪᠦᠭᠡᠳ ᠬᠡᠮᠵᠢᠶ᠎ᠡ ᠬᠡᠪᠴᠢᠶ᠎ᠡ ᠶᠡᠬᠡᠲᠡᠢ ᠳᠠᠭᠠᠷᠢᠯᠲᠠ ᠳᠤ ᠤᠴᠠᠷᠠᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠬᠦᠴᠢᠷ ᠪᠡᠷᠬᠡ ᠶᠢ ᠲᠤᠭᠤᠯᠤᠭᠤᠯᠪᠠ᠃ ᠱᠠᠲᠤ ᠦᠶᠡᠴᠢ ᠴᠢᠨᠠᠷᠲᠠᠶ ᠶᠡᠭᠡ ᠬᠡᠪᠴᠢᠶᠡᠨ ᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠬᠡᠷᠡᠭᠵᠢᠭᠦᠯᠵᠦ᠂ ᠳᠦᠷᠢᠮ ᠤᠨ ᠴᠢᠨᠠᠷᠲᠠᠶ ᠲᠣᠬᠢᠷᠠᠭᠤᠯᠤᠯᠲᠠ ᠲᠠᠢ ᠤᠶᠠᠯᠳᠤᠭᠤᠯᠤᠨ᠂ ᠪᠦᠬᠦ ᠵᠢᠯ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠳᠠᠷᠤᠭᠠᠰᠤ ᠶᠢ 2.6 ᠲᠦᠮᠡᠨ ᠳ᠋ᠦᠩᠰᠢᠭᠤᠷ ᠭᠠᠷᠤᠢ ᠲᠥᠭᠦᠷᠢᠭ ᠬᠥᠩᠭᠡᠷᠡᠭᠦᠯᠵᠦ᠂ ᠡᠭᠦᠨ ᠳᠤ 1.7 ᠲᠦᠮᠡᠨ ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠪᠡ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠢᠨ᠎ᠡ ᠪᠠᠷ ᠨᠡᠮᠡᠭᠳᠡᠭᠦᠯᠬᠦ 2 ᠲᠦᠮᠡᠨ ᠳ᠋ᠦᠩᠰᠢᠭᠤᠷ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠳᠤ ᠰᠢᠭᠤᠳ ᠪᠠᠭᠤᠯᠭᠠᠬᠤ ᠲᠣᠭᠲᠠᠴᠠ ᠶᠢ ᠪᠠᠶᠢᠭᠤᠯᠵᠤ᠂ ᠮᠤᠵᠢ ᠶᠢᠨ ᠱᠠᠲᠤᠨ ᠤ ᠡᠳ᠋ ᠤᠨ ᠵᠠᠰᠠᠭ ᠨᠢ ᠪᠡᠯᠡ ᠮᠥᠩᠭᠦ ᠶᠢ ᠳᠣᠷᠣᠭᠰᠢ ᠪᠠᠭᠤᠯᠭᠠᠬᠤ ᠡᠷᠴᠢᠮ ᠢᠶᠠᠨ ᠴᠢᠩᠭᠠᠷᠠᠭᠤᠯᠦᠨ᠂ ᠬᠤᠲᠠ ᠰᠢᠶᠠᠨ ᠤ ᠦᠨᠳᠦᠰᠦᠨ ᠱᠠᠲᠤᠨ ᠤ ᠬᠢᠨ ᠤ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠦᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠴᠠᠭ ᠲᠤᠬᠠᠶ ᠳᠤᠨᠢ ᠬᠠᠮᠲᠤ ᠪᠠᠷ ᠡᠳ᠋ ᠤᠨ ᠬᠦᠴᠦᠨ ᠨᠥᠬᠦᠪᠥᠷᠢᠯᠡᠪᠡ᠃ ᠪᠠᠩᠬᠢ ᠶᠢᠨ ᠬᠠᠨᠳᠤᠯᠭ᠎ᠠ ᠲᠠᠢ ᠪᠠᠷ ᠵᠢᠭᠡᠯᠡᠯᠭᠡ ᠶᠢ ᠨᠡᠮᠡᠭᠳᠡᠭᠦᠯᠬᠦ ᠶᠢᠨ ᠬᠠᠮᠲᠤ ᠬᠦᠦ ᠮᠦᠩᠭᠦ ᠶᠢᠨ ᠨᠣᠷᠮ᠎ᠠ ᠶᠢᠨ ᠲᠦᠪᠰᠢᠨ ᠢ ᠪᠠᠭᠤᠷᠠᠭᠤᠯᠬᠤ ᠶᠢ ᠳᠠᠮᠵᠢᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠳᠤ ᠡᠬᠡ ᠬᠦᠦ ᠶᠢ ᠨᠢ ᠬᠤᠶᠢᠰᠢᠯᠠᠭᠤᠯᠤᠨ ᠪᠤᠴᠠᠭᠠᠨ ᠲᠦᠯᠦᠬᠦ ᠶᠢ ᠬᠡᠷᠡᠭᠵᠢᠭᠦᠯᠦᠨ᠂ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ 50% ᠠᠴᠠ ᠳᠡᠭᠡᠭᠰᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠰᠢᠰᠲ᠋ᠧᠮ ᠠᠴᠠ ᠪᠣᠳᠠᠲᠤ ᠴᠣᠭᠴᠠ ᠶᠢᠨ ᠠᠵᠤ ᠠᠬᠤᠶ ᠳᠤ 1.5 ᠲᠦᠮᠡᠨ ᠳ᠋ᠦᠩᠰᠢᠭᠤᠷ ᠲᠥᠭᠦᠷᠢᠭ ᠤᠨ ᠠᠰᠢᠭ ᠬᠦᠷᠲᠡᠭᠡᠪᠠ᠃ ᠲᠤᠮᠤ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠠᠩᠭᠠᠬᠤ ︽ᠴᠡᠭ ᠠᠴᠠ ᠴᠡᠭ ᠲᠤ ᠬᠦᠷᠬᠦ︾ ᠦᠢᠯᠡᠴᠢᠯᠡᠭᠡ ᠶᠢ ᠴᠢᠩᠭᠠᠳᠬᠠᠪᠠ᠃ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠨ᠂ ᠪᠢᠳᠡ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠦᠭᠦᠯᠡᠨ ᠪᠡᠶᠡᠯᠡᠭᠦᠯᠵᠦ᠂ ᠠᠵᠤ ᠠᠬᠤᠶ ᠶᠢᠨ ᠰᠡᠷᠭᠦᠯᠲᠡ ᠵᠢᠱᠢᠯᠲᠡ ᠠᠴᠠ ᠰᠠᠶᠢᠨ ᠪᠠᠶᠢᠵᠤ᠂ ᠪᠦᠬᠦ ᠵᠢᠯ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ 2.3% ᠪᠠᠷ ᠨᠡᠮᠡᠭᠳᠡᠵᠦ᠂ ᠬᠤᠷᠸ᠎ᠠ ᠳᠤᠬᠢᠷᠠᠭᠤᠯᠤᠯ ᠡᠵᠡᠮᠳᠠᠯ ᠰᠢᠨ᠎ᠠ ᠳᠤᠷᠰᠢᠯᠭ᠎ᠠ ᠶᠢ ᠬᠤᠷᠠᠮᠳᠤᠭᠤᠯᠤᠨ᠂ ᠵᠦᠶ ᠵᠣᠬᠢᠰᠲᠠᠶ ᠦᠨ᠎ᠡ ᠦᠷᠳᠡᠭ ᠢᠶᠠᠷ ᠨᠡᠯᠢᠶᠡᠳ ᠶᠡᠭᠡ ᠦᠷ᠎ᠡ ᠪᠦᠲᠦᠮᠵᠢ ᠶᠢ ᠤᠯᠪᠠ᠃    ᠬᠤᠶᠠᠷ ᠲᠤ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠬᠤ ᠶᠢ ᠲᠡᠷᠢᠭᠦᠨ ᠳᠤ ᠲᠠᠯᠪᠢᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠪᠠ᠃ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠨᠢ ᠪᠠᠰᠠ ᠴᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠶᠢᠨ ᠲᠥᠯᠥᠭᠡ ᠶᠤᠮ᠃ ᠡᠯ᠎ᠡ ᠭᠠᠵᠠᠷ ᠤᠨ ᠬᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠵᠣᠷᠢᠬᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠪᠣᠯᠤᠨ ᠠᠵᠢᠯᠳᠠᠨ ᠠᠵᠢᠯᠴᠢᠨ ᠬᠠᠮᠲᠤ ᠪᠠᠷ ᠬᠦᠴᠢᠷ ᠪᠡᠷᠬᠡᠰᠢᠶᠡᠯ ᠢ ᠢᠯᠠᠨ ᠳᠠᠪᠠᠪᠠ᠃ ᠭᠤᠤᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠠᠵᠢᠯ ᠢ ᠤᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠪᠠᠷ ᠠᠵᠢᠯ ᠣᠯᠭᠤᠯᠲᠠ ᠶᠢ ᠲᠠᠶᠢᠴᠢᠯᠠᠬᠤ ᠶᠢ ᠳᠡᠮᠵᠢᠪᠡ᠃ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠲᠦᠷᠭᠡᠨ ᠨᠡᠮᠡᠭᠳᠡᠯ ᠢᠶᠠᠨ ᠰᠡᠷᠭᠦᠭᠡᠵᠦ᠂ ᠶᠡᠭᠡ ᠬᠡᠮᠵᠢᠶᠡᠨ ᠤ ᠠᠵᠢᠯ ᠤᠨ ᠪᠠᠶᠢᠷᠢ ᠶᠢ ᠡᠭᠦᠳᠪᠡ᠃ ᠬᠤᠲᠠ ᠪᠠᠯᠭᠠᠰᠤᠨ ᠳᠤ ᠠᠵᠢᠯ ᠤᠯᠤᠭᠰᠠᠨ ᠬᠦᠮᠦᠨ 1186 ᠲᠦᠮᠡ ᠰᠢᠨ᠎ᠡ ᠪᠠᠷ ᠨᠡᠮᠡᠭᠳᠡᠵᠦ᠂ ᠵᠢᠯ ᠤᠨ ᠡᠴᠦᠰ ᠲᠤ ᠪᠦᠬᠦ ᠤᠯᠤᠰ ᠤᠨ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ 5.2% ᠪᠣᠯᠲᠠᠯ᠎ᠠ ᠪᠠᠭᠤᠷᠠᠪᠠ᠃ ᠬᠠᠮᠤᠭ ᠤᠨ ᠲᠤᠮᠤ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ᠂ ᠯᠤᠲᠤ ᠶᠡᠭᠡ ᠲᠠᠭᠠᠷᠢᠯᠳᠠ ᠳᠣᠣᠷ᠎ᠠ ᠠᠵᠢᠯ ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ ᠳᠡᠶᠢᠯᠬᠦ ᠨᠢ ᠨᠡᠩ ᠴᠤ ᠬᠢᠯᠪᠠᠷ ᠪᠤᠰᠤ ᠶᠠᠪᠤᠳᠠᠯ ᠪᠣᠯᠬᠤ ᠶᠤᠮ᠃ ᠠᠮᠢᠳᠤᠷᠠᠯ ᠤᠨ ᠴᠢᠬᠤᠯᠠ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠭᠤᠨ ᠪᠠᠶᠢᠯᠭᠠᠬᠤ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ 2.5% ᠪᠠᠷ ᠥᠰᠪᠡ᠃ ᠰᠦᠯᠵᠢᠶᠡᠨ ᠳᠡᠭᠡᠷ᠎ᠡ ᠠᠯᠪᠠᠯᠠᠬᠤ᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ᠂ ᠬᠦᠷᠦᠯᠴᠡᠯ ᠥᠬᠡᠶ ᠲᠣᠬᠢᠷᠠᠭᠤᠯᠤᠨ ᠬᠦᠷᠭᠡᠬᠦ ᠵᠡᠷᠭᠡ ᠶᠢ ᠥᠷᠭᠡᠨ ᠢᠶᠠᠷ ᠥᠷᠨᠢᠭᠦᠯᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠶᠡᠭᠡ ᠬᠡᠮᠵᠢᠶ᠎ᠡ ᠪᠠᠷ ᠥᠷᠭᠡᠳᠬᠡᠪᠡ᠃ ᠬᠢᠵᠢᠭ ᠠᠴᠠ ᠪᠣᠯᠵᠤ ᠬᠦᠴᠢᠷᠳᠡᠯ ᠳᠤ ᠤᠴᠠᠷᠠᠭᠰᠠᠨ ᠣᠯᠠᠨ ᠲᠦᠮᠡᠨ ᠢ ᠴᠠᠭ ᠲᠤᠬᠠᠶ ᠳᠤᠨᠢ ᠠᠪᠤᠷᠠᠨ ᠲᠤᠰᠠᠯᠠᠵᠤ᠂ 600 ᠲᠦᠮᠡ ᠰᠢᠬᠠᠮ ᠬᠥᠮᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠ ᠣᠨᠴᠠ ᠬᠦᠴᠢᠷᠳᠡᠯ ᠲᠠᠢ ᠬᠦᠮᠦᠰ ᠢ ᠠᠰᠠᠷᠠᠨ ᠲᠡᠵᠢᠭᠡᠬᠦ ᠬᠡᠪᠴᠢᠶᠡᠨ ᠳᠤ ᠰᠢᠨ᠎ᠡ ᠪᠠᠷ ᠣᠷᠣᠭᠤᠯᠵᠤ᠂ ᠲᠦᠷ ᠴᠠᠭ ᠠᠪᠤᠷᠠᠨ ᠲᠤᠰᠠᠯᠠᠭᠰᠠᠨ ᠨᠢ 800 ᠲᠦᠮᠡᠨ ᠬᠥᠮᠦᠨ ᠤᠳᠠᠭ᠎ᠠ ᠶᠢ ᠳᠠᠪᠠᠪᠠ᠃ ᠬᠦᠨᠳᠦ ᠨᠣᠴᠢᠲᠠᠶ ᠦᠶᠡᠷ ᠤᠰᠤᠲᠤᠯ᠂ ᠲᠠᠶᠢᠹᠧᠩ ᠰᠠᠯᠬᠢ ᠵᠡᠷᠭᠡ ᠪᠠᠶᠢᠭᠠᠯᠢ ᠶᠢᠨ ᠭᠠᠮᠰᠢᠭ ᠢ ᠡᠰᠡᠷᠭᠦᠴᠡᠨ᠂ ᠪᠦᠬᠦ ᠬᠦᠴᠦᠨ ᠢᠶᠠᠷ ᠢᠶᠠᠨ ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠠᠪᠤᠷᠠᠨ ᠲᠤᠰᠠᠯᠠᠵᠤ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠶ ᠲᠥᠪᠬᠢᠨᠡᠭᠦᠯᠦᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ ᠢ ᠪᠠᠲᠤᠯᠠᠪᠠ᠃    ᠭᠤᠷᠪᠠ ᠳᠤ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠢ ᠡᠷᠡᠰ ᠰᠠᠶᠢᠲᠤᠷ ᠬᠢᠵᠦ᠂ ᠭᠤᠣᠯ ᠭᠤᠤᠯ ᠬᠠᠷᠠᠯᠲᠠ ᠡᠭᠦᠷᠭᠡ ᠶᠢ ᠬᠤᠭᠤᠴᠠᠭ᠎ᠠ ᠶᠤᠰᠤᠭᠠᠷ ᠪᠡᠶᠡᠯᠡᠭᠦᠯᠪᠡ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢ ᠨᠡᠯᠢᠶᠡᠳ ᠶᠡᠭᠡ ᠬᠡᠮᠵᠢᠶ᠎ᠡ ᠪᠠᠷ ᠨᠡᠮᠡᠭᠳᠡᠭᠦᠯᠪᠡ᠃ ᠠᠵᠢᠯ ᠤᠨ ᠬᠦᠴᠢᠷᠳᠡᠯ ᠶᠡᠬᠡᠲᠡᠶ ᠶᠠᠳᠠᠭᠤ ᠬᠦᠴᠢᠷᠳᠡᠯ ᠲᠠᠢ ᠰᠢᠶᠠᠨ ᠪᠣᠯᠤᠨ ᠶᠠᠳᠠᠭᠤ ᠬᠦᠴᠢᠷᠳᠡᠯ ᠲᠠᠢ ᠲᠣᠰᠬᠤᠨ ᠳᠤ ᠫᠠᠶᠢᠰᠠ ᠡᠯᠭᠦᠨ ᠠᠵᠢᠯ ᠢ ᠰᠢᠪᠠᠳᠠᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠨᠠᠶᠢᠳᠠᠪᠤᠷᠢᠵᠢᠭᠤᠯᠪᠠ᠃ ᠶᠠᠳᠠᠭᠤ ᠬᠦᠴᠢᠷᠳᠡᠯ ᠲᠠᠢ ᠬᠥᠳᠡᠯᠮᠦᠷᠢ ᠬᠦᠴᠦᠨ ᠤ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠤᠨ ᠠᠵᠢᠯ ᠣᠯᠬᠤ ᠶᠢ ᠡᠩ ᠲᠡᠷᠢᠭᠦᠨ ᠳᠤ ᠳᠠᠮᠵᠢᠵᠤ᠂ ᠨᠤᠲᠤᠭ ᠲᠠᠭᠠᠨ ᠪᠤᠴᠠᠭᠰᠠᠨ ᠶᠠᠳᠠᠭᠤ ᠬᠦᠴᠢᠷᠳᠡᠯ ᠲᠠᠢ ᠬᠥᠳᠡᠯᠮᠦᠷᠢ ᠬᠦᠴᠦᠨ ᠤ ᠳᠠᠬᠢᠨ ᠠᠵᠢᠯ ᠣᠯᠬᠤ ᠳᠤ ᠬᠠᠪᠰᠤᠷᠤᠨ᠂ ᠬᠦᠯᠦᠰᠦᠨ ᠠᠵᠢᠯ ᠬᠢᠬᠦ ᠣᠷᠣᠯᠭ᠎ᠠ ᠶᠢ ᠴᠢᠷᠮᠠᠶᠢᠨ ᠲᠣᠭᠲᠠᠪᠤᠷᠢᠵᠢᠭᠤᠯᠪᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶ ᠥᠷᠨᠢᠭᠦᠯᠪᠡ᠃ ᠬᠢᠯᠪᠠᠷᠬᠠᠨ ᠳᠠᠬᠢᠭᠠᠳ ᠶᠠᠳᠠᠭᠤᠷᠠᠬᠤ ᠪᠠ ᠶᠠᠳᠠᠭᠤᠷᠠᠵᠤ ᠮᠡᠳᠡᠬᠦ ᠬᠥᠮᠦᠨ ᠠᠮᠠ ᠶᠢ ᠬᠢᠨᠠᠨ ᠰᠢᠯᠭᠠᠬᠤ ᠪᠠ ᠬᠠᠪᠰᠤᠷᠤᠨ ᠲᠡᠳᠬᠦᠬᠦ ᠶᠢ ᠴᠢᠩᠭᠠᠳᠬᠪᠠ᠃ ᠵᠢᠯ ᠤᠨ ᠡᠬᠢᠨ ᠳᠤ ᠦᠯᠡᠳᠡᠬᠡᠳ ᠪᠠᠶᠢᠭᠰᠠᠨ 551 ᠲᠦᠮᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠳᠡ ᠶᠢ ᠶᠠᠳᠠᠭᠤ ᠠᠴᠠ ᠠᠩᠭᠢᠵᠢᠷᠠᠭᠤᠯᠵᠤ᠂ 52 ᠶᠠᠳᠠᠭᠤ ᠬᠦᠴᠢᠷᠳᠡᠯ ᠲᠠᠢ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠤ ᠱᠠᠳᠤ ᠦᠶᠡᠴᠢ ᠴᠢᠨᠠᠷᠲᠠᠢ ᠬᠠᠷᠠᠯᠲᠠ ᠡᠭᠦᠷᠭᠡ ᠶᠢ ᠪᠡᠶᠡᠯᠡᠭᠦᠯᠪᠡ᠃ ᠬᠥᠬᠡᠮᠥ᠋ᠷᠡᠨ ᠂ ᠬᠠᠳᠤᠨ ᠭᠤᠤᠯ᠂ ᠳᠠᠯᠠᠢ ᠶᠢᠨ ᠡᠷᠭᠢ ᠶᠢᠨ ᠪᠦᠰᠡ ᠵᠡᠷᠭᠡ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ᠂ ᠮᠥᠩᠭᠦᠨ ᠭᠦᠢᠯᠭᠡᠭᠡᠨ ᠤ ᠨᠢᠭᠡ ᠪᠦᠯᠦᠭ ᠬᠦᠨᠳᠦ ᠶᠡᠭᠡ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠶ ᠳᠤᠨᠢ ᠰᠢᠢᠳᠪᠦᠷᠢᠯᠡᠪᠡ᠃    ᠳᠥᠷᠪᠡ ᠳᠤ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠳᠣᠲᠣᠭᠠᠳᠤ ᠬᠥᠳᠡᠯᠭᠡᠭᠴᠢ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠪᠠ᠃ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢ ᠴᠢᠩᠭᠠᠳᠬᠠᠪᠠ᠃ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠦᠷᠢᠮ ᠢ ᠬᠡᠷᠡᠭᠵᠢᠭᠦᠯᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠡᠶᠢᠲᠡᠯᠡᠪᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠲᠡᠮᠵᠢᠪᠡ᠃ ᠬᠦᠷᠦᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠲᠡᠭᠦᠯᠳᠡᠷᠵᠢᠭᠦᠯᠪᠡ᠃ ᠲᠠᠷᠢᠶᠠᠯᠠᠩ ᠬᠥᠳᠡᠭᠡ ᠲᠣᠰᠬᠤᠨ᠂ ᠨᠡᠶᠢᠭᠡᠮ ᠤᠨ ᠦᠢᠯᠡᠰ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠪᠡ᠃ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ᠂ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠢ ᠠᠮᠵᠢᠯᠲᠠ ᠲᠠᠢ ᠡᠷᠬᠢᠯᠡᠪᠡ᠃ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠠᠬᠢᠭᠤᠯᠪᠠ᠃ ᠳᠤᠮᠳᠠᠳᠤ ᠤᠯᠤᠰ ᠪᠤᠯᠤᠨ ᠧᠦ᠋ᠷᠣᠫᠠ ᠶᠢᠨ ᠬᠤᠯᠪᠤᠭᠠᠨ ᠤ ᠪᠡᠯᠡ ᠣᠷᠣᠭᠤᠯᠤᠯᠲᠠ ᠶᠢᠨ ᠵᠦᠪᠳᠡᠯᠴᠡᠭᠡᠷ ᠤᠨ ᠬᠡᠯᠡᠯᠴᠡᠭᠡ ᠶᠢ ᠳᠠᠭᠤᠰᠬᠠᠪᠡ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠬᠠᠮᠠᠭᠠᠯᠠᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠠᠰᠢᠭᠯᠠᠬᠤ ᠠᠵᠢᠯ ᠨᠡᠮᠡᠭᠳᠡᠯ ᠢᠶᠠᠨ ᠪᠠᠲᠤᠯᠠᠪᠠ᠃    ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠬᠦᠯᠬᠦ ᠠᠯᠬᠤᠴᠠ ᠶᠢ ᠲᠦᠷᠭᠡᠳᠬᠡᠪᠡ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠶᠡᠷᠦᠩᠬᠡᠶᠢᠯᠡᠭᠰᠡᠨ ᠴᠢᠨᠠᠷᠲᠠᠶ ᠤᠯᠤᠰ ᠤᠨ ᠰᠢᠨᠵᠢᠯᠡᠬᠦ ᠤᠬᠠᠭᠠᠨ ᠤ ᠲᠥᠪ ᠢ ᠪᠠᠶᠢᠭᠤᠯᠵᠤ᠂ ᠠᠩᠬᠠᠳᠠᠭᠴᠢ ᠪᠦᠯᠦᠭ ᠤᠯᠤᠰ ᠤᠨ ᠲᠤᠷᠰᠢᠯᠲᠠ ᠶᠢᠨ ᠲᠠᠰᠤᠭ ᠢ ᠠᠮᠵᠢᠯᠲᠠ ᠲᠠᠢ ᠪᠠᠷ ᠪᠠᠶᠢᠭᠤᠯᠪᠠ᠃ ︽ᠲᠩᠷᠢ ᠠᠴᠠ ᠠᠰᠠᠭᠤᠬᠤᠢ ᠨᠢᠭᠡᠳᠦᠭᠡᠷ︾᠂ ︽ᠴᠠᠩ ᠧ ᠲᠠᠪᠤᠳᠤᠭᠠᠷ︾᠂ ︽ᠲᠡᠮᠡᠴᠡᠭᠴᠢ︾ ᠵᠡᠷᠭᠡ ᠰᠢᠪᠲᠤᠯᠤᠯᠲᠠ ᠶᠢᠨ ᠴᠢᠨᠠᠷᠲᠠᠶ ᠦᠷ᠎ᠡ ᠪᠦᠲᠦᠭᠡᠯ ᠲᠠᠰᠤᠷᠠᠯᠳᠠ ᠦᠭᠡᠢ ᠤᠨᠳᠤᠷᠤᠨ ᠭᠠᠷᠪᠠ ᠃ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠴᠢᠩᠭᠠᠳᠬᠠᠪᠠ᠃ ᠮᠡᠳᠡᠯᠭᠡ ᠶᠢᠨ ᠦᠮᠴᠢᠯᠡᠯ ᠤᠨ ᠡᠷᠭᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠳᠠᠮᠵᠢᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠨᠡᠶᠢᠯᠡᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠤᠨ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠳᠡᠯᠭᠡᠷᠡᠭᠦᠯᠪᠡ᠃ ᠠᠵᠤ ᠦᠢᠯᠡᠰ ᠤᠨ ᠳ᠋ᠢᠵᠢᠲ᠋ᠠᠯᠴᠢᠯᠠᠬᠤ ᠤᠶᠤᠨᠴᠢᠯᠠᠬᠤ ᠥᠭᠡᠷᠡᠴᠢᠯᠡᠯᠲᠡ  ᠶᠢ  ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ  ᠦᠢᠯᠡᠰ ᠤᠨ  ᠲᠦᠷᠭᠡᠨ  ᠬᠥᠭᠵᠢᠯᠲᠡ ᠶᠢᠨ ᠬᠠᠨᠳᠤᠰᠢ ᠶᠢ ᠪᠠᠲᠤᠯᠠᠪᠠ᠃    ᠵᠢᠷᠭᠤᠭ᠎ᠠ ᠳᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠵᠤ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ ᠬᠤᠲᠠ ᠶᠢᠨ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠠᠪᠴᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠪᠡᠶᠡᠯᠡᠭᠦᠯᠦᠨ᠂ ᠭᠠᠭ᠋ᠠᠶ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠯᠡᠨ ᠰᠡᠷᠭᠦᠭᠡᠵᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠥᠷᠨᠢᠭᠦᠯᠵᠦ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠨᠡᠭᠦᠷᠡᠰᠦ ᠴᠠᠬᠢᠯᠭᠠᠨ ᠲᠤᠰᠤ ᠬᠡᠢ ᠶᠢᠨ ᠦᠢᠯᠡᠳᠪᠦᠷᠢᠯᠡᠬᠦ ᠬᠠᠩᠭᠠᠬᠤ ᠬᠠᠳᠠᠭᠠᠯᠠᠬᠤ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠯ᠎ᠠ ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ ᠨᠡᠶᠢᠲᠡᠯᠡᠪᠡ᠃    ᠲᠤᠯᠤᠭ᠎ᠠ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠪᠠᠲᠤᠯᠠᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 9 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ 37 ᠬᠤᠪᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠭᠰᠠᠨ ᠪᠤᠶᠤ ᠵᠠᠰᠠᠨ ᠲᠤᠭᠲᠠᠭᠠᠪᠠ᠃ ᠠᠷᠠᠳ ᠤᠨ ᠲᠦᠯᠦᠭᠡᠯᠡᠭᠴᠢ ᠶᠢᠨ ᠰᠠᠨᠠᠯ ᠵᠦᠪᠯᠡᠯᠭᠡ ᠪᠠ ᠤᠯᠤᠰ ᠲᠦᠷᠦ ᠶᠢᠨ ᠵᠦᠪᠯᠡᠯᠬᠡᠨ ᠤ ᠭᠡᠰᠢᠬᠦᠨ ᠤ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ ᠪᠠᠷ ᠰᠢᠢᠳᠪᠦᠷᠢᠯᠡᠪᠡ᠃ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠥᠷᠭᠡᠨ ᠳᠡᠯᠭᠡᠷ ᠥᠷᠨᠢᠭᠦᠯᠵᠦ᠂ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠳᠤ ᠰᠤᠷᠤᠯᠭ᠎ᠠ ᠪᠠᠨ ᠪᠦᠬᠦ ᠲᠠᠯ᠎ᠠ ᠪᠠᠷ ᠰᠡᠷᠭᠦᠭᠡᠵᠦ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ 1000 ᠭᠠᠷᠤᠶ ᠲᠦᠮᠡᠨ ᠰᠤᠷᠤᠭᠴᠢ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠤᠷᠤᠭᠰᠢᠲᠠᠶ ᠤᠷᠤᠯᠴᠠᠪᠡ᠃ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ 100 ᠲᠦᠮᠡᠨ ᠬᠥᠮᠦᠨ ᠨᠡᠮᠡᠵᠦ ᠡᠯᠰᠡᠬᠦ ᠬᠠᠷᠠᠯᠲᠠ ᠶᠢ ᠪᠡᠶᠡᠯᠡᠭᠦᠯᠪᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠪᠠ᠃ ᠶᠡᠭᠡ ᠬᠡᠪᠴᠢᠶ᠎ᠡ ᠪᠠᠷ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠯᠤᠭᠰᠠᠨ ᠡᠪᠡᠳᠴᠢᠲᠡᠨ ᠢ ᠡᠮᠨᠡᠨ ᠵᠠᠰᠠᠬᠤ ᠵᠠᠷᠤᠳᠠᠯ ᠢ ᠴᠥᠮ ᠤᠯᠤᠰ ᠠᠴᠠ ᠡᠭᠦᠷᠭᠡᠯᠡᠪᠡ᠃ ᠠᠵᠢᠯ ᠤᠨ ᠠᠮᠠᠷᠠᠯᠲᠠ ᠪᠠᠨ ᠠᠪᠤᠭᠰᠠᠠ ᠬᠦᠮᠦᠰ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠦᠰᠭᠡᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠠᠭᠠᠲᠦ ᠵᠠᠬ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ᠂ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠤᠵᠢ ᠶᠢᠨ ᠱᠠᠲᠤᠨ ᠠᠴᠠ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ ᠶᠢ ᠪᠡᠶᠡᠯᠡᠭᠦᠯᠪᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠴᠢᠩᠭᠠᠳᠬᠠᠪᠠ᠃ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠪᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠬᠢᠨᠠᠨ ᠪᠤᠳᠤᠯᠲᠠ ᠶᠢᠨ ᠬᠢᠨᠠᠯᠲᠠ ᠶᠢᠨ ᠦᠢᠯᠡᠳᠦᠯ ᠢ ᠪᠠᠳᠠᠷᠠᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠪᠡ᠃ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠴᠢᠩᠭᠠᠳᠬᠠᠪᠠ᠃ ᠢᠳᠡᠭᠡᠨ ᠤ ᠵᠦᠢᠯ ᠡᠮ ᠤᠨ ᠵᠦᠢᠯ ᠪᠠ ᠸᠠᠺᠼᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠷ᠎ᠠ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠭᠦᠯᠵᠢᠯᠡᠨ ᠠᠬᠢᠭᠤᠯᠵᠤ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃    ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠶ ᠨᠠᠮ ᠤᠨ ᠲᠥᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ︽ᠲᠤᠯᠭᠤᠷ ᠵᠤᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠪᠡ᠃    ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠲᠤᠪᠤᠶᠢᠮ᠎ᠠ ᠦᠷ᠎ᠡ ᠪᠦᠲᠦᠮᠵᠢ ᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠦᠰ ᠸᠢᠳᠢᠣ᠋ ᠬᠡᠯᠪᠡᠷᠢ ᠪᠠᠷ ᠳᠤᠮᠳᠠᠳᠤ ᠠᠹᠷᠢᠺᠠ ᠶᠢᠨ ᠪᠦᠯᠬᠦᠮᠳᠡᠨ ᠬᠢᠵᠢᠭ ᠢ ᠡᠰᠡᠷᠭᠦᠴᠡᠬᠦ ᠣᠨᠴᠠᠭᠠᠢ ᠲᠦᠷᠦᠭᠦᠴᠦᠳ ᠤᠨ ᠬᠤᠷᠠᠯ ᠢ ᠡᠷᠬᠢᠯᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠰᠢᠷᠢᠰ ᠳᠡᠭᠡᠳᠦ ᠲᠡᠰ ᠤᠨ ᠬᠤᠷᠠᠯᠳᠤᠭᠠᠨ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠶᠡᠭᠡ ᠬᠤᠷᠠᠯ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠳᠤᠮᠳᠠᠳᠤ ᠤᠯᠤᠰ — ᠧᠦ᠋ᠷᠣᠫᠠ ᠶᠢᠨ ᠬᠤᠯᠪᠣᠭ᠎ᠠ ᠶᠢᠨ ᠤᠳᠤᠷᠢᠳᠬᠤ ᠬᠥᠮᠦᠰ ᠤᠨ ᠠᠭᠤᠯᠵᠠᠯᠲᠠ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠦᠰ ᠤᠨ ᠰᠢᠷᠢᠰ ᠬᠤᠷᠠᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠ᠃ ᠣᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠶᠢ ᠳᠡᠮᠵᠢᠵᠦ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ  ᠶᠢᠨ  ᠴᠣᠭᠴᠠ ᠶᠢ ᠪᠠᠶᠢᠭᠤᠯᠬᠤ ᠶᠢ ᠰᠠᠨᠠᠭᠠᠴᠢᠯᠠᠪᠠ᠃  ᠳᠤᠮᠳᠠᠳᠤ ᠤᠯᠤᠰ ᠳᠡᠯᠡᠬᠡᠶ ᠶᠢᠨ ᠡᠩᠭᠡ ᠲᠠᠶᠢᠪᠤᠩ ᠪᠠ ᠬᠥᠭᠵᠢᠯᠲᠡ ᠶᠢ ᠠᠬᠢᠭᠤᠯᠬᠤ  ᠳᠤ ᠴᠢᠬᠤᠯᠠ ᠬᠤᠪᠢ ᠨᠡᠮᠡᠷᠢ ᠦᠵᠡᠭᠦᠯᠪᠡ᠃    ᠨᠢᠭᠡ ᠵᠢᠯ ᠤᠨ ᠲᠤᠷᠰᠢᠬᠢ ᠠᠵᠢᠯ ᠲᠦᠢᠯ ᠤᠨ ᠬᠢᠯᠪᠠᠷ ᠪᠤᠰᠤ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠶᠢ ᠬᠠᠷᠠᠭᠠᠯᠵᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳ᠋ᠦᠩᠰᠢᠭᠤᠷ ᠭᠠᠷᠤᠶ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠠᠭᠠᠷᠢᠯᠲᠠ ᠶᠢ ᠠᠷᠭᠠᠴᠠᠬᠤ ᠶᠠᠪᠤᠴᠠ ᠳᠤ ᠪᠠᠲᠤ ᠴᠢᠩᠭ᠎ᠠ ᠤᠶᠠᠨ ᠬᠠᠳᠠᠨ ᠴᠢᠨᠠᠷ ᠢ ᠢᠯᠡᠷᠡᠭᠦᠯᠦᠨ᠂ ᠥᠷᠭᠡᠨ ᠣᠯᠠᠨ ᠠᠷᠠᠳ ᠲᠦᠮᠡᠨ ᠰᠢᠷᠭᠠᠭᠤ ᠬᠠᠳᠠᠭᠤᠵᠢᠯᠲᠠᠢ ᠴᠢᠷᠮᠠᠶᠢᠨ ᠵᠢᠳᠬᠦᠵᠦ᠂ ᠴᠠᠭ ᠤᠨ ᠪᠡᠷᠬᠡ ᠶᠢ ᠬᠠᠮᠲᠤ ᠪᠠᠷ ᠲᠤᠭᠤᠯᠤᠨ᠂ ᠨᠤᠭᠤᠷᠠᠰᠢ ᠦᠭᠡᠢ ᠦᠨᠳᠦᠰᠦᠲᠡᠨ ᠤ ᠵᠣᠷᠢᠭ ᠰᠠᠨᠠᠭ᠎ᠠ ᠶᠢ ᠲᠠᠶᠢᠯᠪᠤᠷᠢᠯᠠᠨ ᠬᠠᠷᠠᠭᠤᠯᠵᠤ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠪᠣᠯᠬᠤ ᠶᠢ ᠢᠯᠡᠷᠡᠭᠦᠯᠪᠡ᠂ ᠡᠨᠡ ᠪᠣᠯ ᠪᠢᠳᠡᠨ ᠤ ᠠᠯᠢᠪᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠢᠯᠠᠨ ᠳᠠᠪᠠᠭ᠋ᠤ ᠶᠢᠨ ᠬᠦᠴᠦᠨ ᠴᠢᠳᠠᠯ ᠤᠨ ᠡᠬᠢ ᠪᠤᠯᠠᠭ ᠮᠥᠨ᠃    ᠲᠥᠯᠥᠭᠡᠯᠡᠭᠴᠢᠳ ᠡ︕    ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠤᠯ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠣᠯᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠲᠠᠶᠢᠸᠠᠨ ᠤ ᠠᠬ᠎ᠠ ᠳᠡᠭᠦᠦ ᠨᠡᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡ ᠪᠠᠷ᠂ ᠪᠢᠳᠡ ᠪᠠᠰᠠ ᠲᠤᠯᠭᠠᠷᠠᠵᠤ ᠪᠠᠶᠢᠭ᠎ᠠ ᠪᠡᠷᠬᠡᠰᠢᠶᠠᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠮᠥᠨ ᠯᠡ ᠪᠥᠮᠪᠥᠷᠴᠡᠭ ᠳᠠᠶᠠᠭᠠᠷ ᠲᠤ ᠳᠡᠯᠭᠡᠷᠡᠵᠦ᠂ ᠳᠡᠯᠡᠬᠡᠶ ᠶᠢᠨ ᠪᠠᠶᠢᠳᠠᠯ ᠳᠠᠬᠢ ᠲᠣᠭᠲᠠᠭᠤᠨ ᠪᠤᠰᠤ ᠳᠤᠭᠳᠠᠭᠰᠠᠨ ᠪᠤᠰᠤ ᠬᠦᠴᠦᠨ ᠵᠦᠢᠯ ᠤᠯᠠᠰᠢᠷᠠᠨ᠂ ᠳᠠᠯᠠᠬᠡᠢ ᠶᠢᠨ ᠠᠵᠤ ᠠᠬᠤᠢ ᠶᠢᠨ ᠪᠠᠶᠢᠳᠠᠯ ᠲᠦᠪᠡᠭ ᠪᠤᠳᠤᠯᠢᠶᠠᠨᠳᠠᠢ ᠪᠦᠬᠡᠳ ᠬᠦᠨᠳᠦ ᠬᠡᠴᠡᠬᠦᠦ ᠪᠠᠶᠢᠨ᠎ᠠ᠃ ᠤᠯᠤᠰ ᠤᠨ ᠳᠣᠲᠣᠭᠠᠳᠤ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠮᠦᠨ ᠯᠡ ᠪᠠᠭᠤᠷᠠᠶ ᠭᠤᠭᠴᠤᠭ᠎ᠠ ᠤᠷᠤᠰᠢᠵᠤ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠢᠰᠢ᠂ ᠰᠠᠭᠤᠭᠠᠯᠢ ᠠᠷᠠᠳ ᠤᠨ ᠬᠡᠷᠡᠭᠯᠡᠭᠡ ᠮᠥᠨ ᠯᠡ ᠬᠢᠵᠠᠭᠠᠷᠯᠠᠭᠳᠠᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠰᠡᠯᠭᠦᠬᠦ ᠬᠦᠴᠦᠨ ᠰᠤᠯᠠ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠨᠡᠯᠢᠶᠡᠳ ᠣᠯᠠᠨ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠵᠠᠩᠭᠢᠯᠠᠭ᠎ᠠ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ ᠪᠠᠶᠢᠨ᠎ᠠ᠃ ᠵᠠᠷᠢᠮ ᠭᠠᠵᠠᠷ ᠣᠷᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠶ ᠪᠠᠶᠢᠨ᠎ᠠ᠃ ᠠᠮᠢ ᠠᠬᠤᠢ ᠶᠢᠨ ᠣᠷᠴᠢᠨ ᠨᠦᠬᠦᠴᠡᠯ ᠤᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠴᠥᠭᠡᠨ ᠲᠣᠭᠠᠨ ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠠᠵᠢᠯ ᠬᠢᠬᠦ ᠳᠡᠭᠡᠨ ᠴᠢᠳᠠᠮᠠᠭᠠᠢ ᠪᠢᠰᠢ ᠪᠠᠶᠢᠨ᠎ᠠ᠃ ᠵᠠᠷᠢᠮ ᠬᠦᠷᠢᠶᠡᠨ ᠳᠤ ᠢᠯᠵᠠᠷᠠᠯ ᠤᠨ ᠠᠰᠠᠭᠤᠳᠠᠯ ᠮᠥᠨ ᠯᠡ ᠭᠠᠷᠴᠤ ᠪᠠᠶᠢᠨ᠎ᠠ᠃ ᠪᠢᠳᠡ ᠵᠠᠪᠠᠯ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠨ᠂ ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠠᠵᠢᠯ ᠢᠶᠠᠨ ᠰᠠᠶᠢᠵᠢᠷᠠᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ︕    ᠬᠤᠶᠠᠷ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢᠨ ᠠᠮᠵᠢᠯᠲᠠ ᠪᠦᠲᠦᠮᠵᠢ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠤᠯ ᠭᠤᠤᠯ ᠬᠠᠷᠠᠯᠲᠠ ᠡᠭᠦᠷᠭᠡ    ᠥᠩᠭᠡᠷᠡᠭᠰᠡᠨ ᠲᠠᠪᠤᠨ ᠵᠢᠯ ᠳᠤ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠶ ᠰᠢᠨ᠎ᠡ ᠠᠮᠵᠢᠯᠲᠠ ᠪᠦᠲᠦᠮᠵᠢ ᠤᠯᠪᠠ᠃ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠠᠬᠤᠶ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ 70 ᠲᠦᠮᠡᠨ ᠳ᠋ᠦᠩᠰᠢᠭᠤᠷ ᠲᠥᠭᠦᠷᠢᠭ ᠬᠦᠷᠬᠦ ᠦᠭᠡᠢ ᠪᠠᠶᠢᠭᠰᠠᠨ ᠠᠴᠠ ᠪᠠᠨ 100 ᠲᠦᠮᠨ ᠭᠠᠷᠤᠢ ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠪᠡ᠃ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠣᠷᠣᠨ ᠤ ᠪᠦᠳᠦᠭᠡᠨ ᠪᠠᠶᠢᠭᠤᠯᠤᠯᠲᠠ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ᠂ ᠭᠦᠨ ᠳᠠᠯᠠᠢ ᠶᠢᠨ ᠢᠨᠵᠧᠨᠧᠷᠢᠩ᠂ ᠭᠡᠳᠤ ᠪᠤᠳᠤᠯᠳᠠ᠂ ᠺᠸᠠᠨ᠋ᠲ ᠮᠡᠳᠡᠭᠡ ᠵᠠᠩᠭᠢ ᠵᠡᠷᠭᠡ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠳᠡᠯᠡᠬᠡᠶ ᠳ᠋ᠠᠬᠢᠨ ᠤ ᠠᠩᠬᠠᠷᠤᠯ ᠢ ᠲᠠᠲᠠᠵᠤ᠂ ᠬᠥᠳᠡᠭᠡ ᠲᠣᠰᠬᠤᠨ ᠤ 5575 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠨ᠂ ᠡᠪᠬᠡᠮᠡᠯ ᠪᠠᠶᠢᠭᠤᠯᠤᠨ ᠺᠠᠷᠳ᠋ᠯᠠᠨ ᠲᠠᠩᠰᠠᠯᠠᠭᠰᠠᠨ 960 ᠭᠠᠷᠤᠶ ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠠᠷ ᠳᠡᠮᠵᠢᠨ ︽ᠨᠤᠲᠤᠭ ᠤᠰᠤ ᠨᠢ ᠬᠦᠮᠦᠨ ᠠᠷᠠᠳ ᠢᠶᠠᠨ ᠳᠠᠵᠢᠬᠡᠬᠦ ᠳᠤ ᠪᠡᠷᠬᠡᠳᠡᠢ ᠪᠠᠶᠢᠬᠤ︾ ᠬᠦᠴᠢᠷᠳᠡᠯ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠲᠠᠶ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠢᠳᠪᠦᠷᠢᠯᠡᠨ᠂ ᠲᠦᠢᠯ ᠤᠨ ᠶᠠᠳᠠᠭᠤ ᠬᠦᠴᠢᠷᠳᠡᠯ ᠲᠠᠢ ᠪᠠᠶᠢᠳᠠᠯ ᠢ ᠠᠷᠢᠯᠭᠠᠬᠤ ᠬᠠᠲᠠᠭᠤ ᠪᠡᠷᠬᠡ ᠡᠭᠦᠷᠭᠡ ᠶᠢ ᠪᠡᠶᠡᠯᠡᠭᠦᠯᠪᠡ᠃ ᠲᠠᠷᠢᠶᠠᠯᠠᠩ ᠤᠨ ᠣᠳᠣᠬᠢᠴᠢᠯᠠᠯᠲᠠ ᠯᠠᠪᠳᠠᠭᠤᠨ ᠢᠶᠠᠷ ᠠᠬᠢᠵᠤ᠂ ᠠᠮᠤ ᠪᠤᠳᠠᠭᠠᠨ ᠤ ᠦᠢᠯᠡᠳᠪᠦᠷᠢᠯᠡᠯ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃ 1 ᠳ᠋ᠦᠩᠰᠢᠭᠤᠷ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠪᠠ ᠪᠤᠰᠤᠳ ᠪᠠᠶᠢᠩᠭᠤ ᠰᠠᠭᠤᠭ᠎ᠠ ᠬᠥᠮᠦᠨ ᠠᠮᠠ ᠶᠢ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠬᠠᠷᠠᠯᠲᠠ ᠶᠢ ᠤᠷᠤᠭᠰᠢᠲᠠᠶ ᠪᠡᠶᠡᠯᠡᠭᠦᠯᠵᠦ᠂ ᠬᠤᠳᠠ ᠪᠠᠯᠭᠠᠰᠤᠨ ᠤ ᠲᠦᠬᠦᠮ ᠪᠦᠳᠦᠴᠡᠳᠤ ᠣᠷᠣᠨ ᠰᠠᠭᠤᠴᠠ ᠶᠢᠨ ᠲᠣᠭᠤᠷᠢᠭ ᠤᠨ 2100 ᠲᠦᠮᠡᠨ ᠢᠵᠢ ᠣᠷᠣᠨ ᠰᠠᠭᠤᠴᠠ ᠶᠢ ᠥᠭᠡᠷᠡᠴᠢᠯᠡᠨ ᠵᠠᠰᠠᠪᠡ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠶ ᠠᠬᠢᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠡᠬᠢ ᠪᠠᠶᠠᠯᠢᠭ ᠡᠨᠧᠷᠭᠢ ᠶᠢᠨ ᠰᠤᠷᠪᠤᠯᠵᠢ ᠶᠢᠨ ᠠᠰᠢᠡᠡᠯᠠᠮᠵᠢ ᠶᠢ ᠢᠯᠡᠳᠲᠡ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠠᠵᠢᠯ ᠱᠠᠳᠤ ᠦᠶᠡᠴᠢ ᠴᠢᠨᠠᠷᠲᠠᠶ ᠴᠢᠬᠤᠯᠠ ᠦᠷ᠎ᠡ ᠪᠦᠲᠦᠭᠡᠯ ᠤᠯᠪᠠ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠭᠠᠳᠠᠭᠰᠢ ᠨᠡᠭᠡᠭᠡᠯᠲᠡ ᠶᠢ ᠦᠷᠭᠦᠯᠵᠢᠯᠡᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠡᠯᠪᠡᠭ ᠳᠡᠯᠪᠡᠭ ᠦᠷ᠎ᠡ ᠪᠦᠲᠦᠭᠡᠯ ᠤᠯᠪᠠ᠃ ᠠᠷᠠᠳ ᠤᠨ ᠠᠮᠢᠳᠤᠷᠠᠯ ᠤᠨ ᠲᠦᠪᠰᠢᠨ ᠢ ᠢᠯᠡᠳᠲᠡ ᠳᠡᠭᠡᠭᠰᠢᠯᠡᠭᠦᠯᠵᠦ ᠂ ᠬᠤᠲᠠ ᠪᠠᠯᠭᠠᠰᠤᠨ ᠳᠤ ᠠᠵᠢᠯ ᠤᠯᠤᠭᠰᠠᠨ ᠬᠦᠮᠦᠨ ᠢ 6000 ᠲᠦᠮᠡ ᠰᠢᠨ᠎ᠡ ᠪᠠᠷ ᠨᠡᠮᠡᠭᠳᠡᠭᠦᠯᠦᠨ᠂ ᠳᠡᠯᠡᠬᠡᠶ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠪᠠ᠃ ᠶᠠᠳᠠᠭᠤ ᠬᠦᠴᠢᠷᠳᠡᠯ ᠲᠠᠢ ᠵᠡᠮᠳᠡᠭ ᠬᠦᠮᠦᠰ ᠲᠤ ᠠᠮᠢᠳᠤᠷᠠᠯ ᠤᠨ ᠨᠦᠬᠦᠪᠤᠷᠢ ᠤᠯᠭᠤᠬᠤ ᠪᠠ ᠬᠦᠨᠳᠤ ᠵᠡᠮᠳᠡᠭ ᠬᠦᠮᠦᠰ ᠲᠤ ᠠᠰᠠᠷᠠᠨ ᠬᠠᠷᠠᠭᠠᠯᠵᠠᠬᠤ ᠨᠦᠬᠦᠪᠤᠷᠢ ᠤᠯᠭᠤᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠤᠨ ᠬᠡᠷᠡᠭᠵᠢᠭᠦᠯᠪᠡ᠃ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠰᠤᠶᠤᠯ ᠵᠡᠷᠬᠡ ᠬᠦᠷᠢᠶᠠᠨ ᠤ ᠬᠦᠭᠵᠢᠯᠳᠠ ᠰᠢᠨ᠎ᠡ ᠠᠮᠵᠢᠯᠳᠠ ᠪᠦᠳᠦᠮᠵᠢ ᠤᠯᠵᠤ᠂ ᠰᠤᠷᠭᠠᠨ ᠬᠥᠮᠦᠵᠢᠯ ᠤᠨ ᠭᠤᠤᠯᠴᠢ ᠳᠡᠭᠰᠢ ᠪᠠᠶᠢᠬᠤ ᠶᠠᠪᠤᠳᠠᠯ ᠪᠠ ᠶᠠᠰᠤ ᠴᠢᠨᠠᠷ ᠢ ᠨᠡᠯᠢᠶᠡᠳ ᠶᠡᠭᠡ ᠪᠠᠷ ᠳᠡᠭᠡᠭᠰᠢᠯᠡᠭᠦᠯᠦᠨ᠂ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠲᠦᠷᠭᠡᠯᠡᠨ ᠬᠥᠭᠵᠢᠭᠦᠯᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ᠤᠯᠤᠰ ᠤᠨ ᠠᠮᠤᠷ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠲᠠᠪᠤᠨ ᠵᠢᠯ ᠦᠷᠬᠦᠯᠵᠢᠯᠡᠨ ᠲᠡᠮᠡᠴᠡᠬᠦ ᠪᠠᠷ ᠳᠠᠮᠵᠢᠨ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠭᠤᠤᠯ ᠭᠤᠤᠯ ᠬᠠᠷᠠᠯᠲᠠ ᠡᠭᠦᠷᠭᠡ ᠶᠢ ᠢᠯᠠᠯᠲᠠ ᠲᠠᠢ ᠪᠠᠷ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠦᠢᠯᠡᠰ ᠤᠷᠤᠭᠰᠢ ᠪᠠᠨ ᠲᠤᠮᠤ ᠨᠢᠭᠡ ᠰᠢᠨ᠎ᠡ ᠠᠯᠬᠤᠮ ᠢ ᠠᠯᠬᠤᠪᠠ᠃    ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠠᠩᠬᠠᠨ ᠤ ᠲᠠᠪᠤᠨ ᠵᠢᠯ ᠮᠥᠨ᠃ ᠮᠠᠨ ᠤ ᠤᠯᠤᠰ ᠤᠨ ᠬᠥᠭᠵᠢᠯᠲᠡ ᠮᠥᠨ ᠯᠡ ᠴᠢᠬᠤᠯᠠ ᠪᠠᠶᠢᠯᠳᠤᠬᠤ ᠪᠤᠳᠤᠯᠭ᠎ᠠ ᠶᠢᠨ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠭ᠎ᠠ ᠪᠤᠯᠪᠠᠴᠤ ᠲᠣᠬᠢᠶᠠᠯ ᠪᠠ ᠰᠢᠯᠭᠠᠯᠲᠠ ᠳᠤ ᠴᠥᠮ ᠰᠢᠨ᠎ᠡ ᠬᠥᠭᠵᠢᠯᠲᠡ ᠬᠤᠪᠢᠷᠠᠯᠲᠠ ᠭᠠᠷᠴᠤ ᠪᠠᠶᠢᠨ᠎ᠠ᠃ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠰᠢᠵᠦ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠤᠢ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠡᠬᠢᠯᠡᠯᠳᠠ ᠤᠷᠤᠭᠰᠢᠳᠠᠢ ᠭᠠᠷᠤᠭ᠎ᠠ ᠰᠠᠶᠢᠳᠠᠢ ᠪᠠᠶᠢᠯᠭᠠᠬᠤ ᠬᠡᠷᠡᠭᠲᠡᠢ᠃    ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ  ᠠᠯᠤᠰ  ᠤᠨ ᠬᠠᠷᠠᠯᠲᠠ  ᠶᠢᠨ  ᠲᠣᠪᠴᠢ ︵ᠲᠥᠰᠦᠯ︶︾ ᠶᠢ ᠨᠠᠶᠢᠷᠠᠭᠤᠯᠤᠨ ᠵᠣᠬᠢᠶᠠᠪᠠ᠃  ︽ᠲᠤᠪᠴᠢ ᠶᠢᠨ ᠲᠥᠰᠦᠯ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠭᠤᠤᠯ ᠬᠠᠷᠠᠯᠲᠠ ᠪᠠ ᠴᠢᠬᠤᠯᠠ ᠶᠡᠭᠡ ᠡᠭᠦᠷᠭᠡ ᠶᠢ ᠪᠣᠳᠠᠲᠠᠶᠢᠵᠢᠭᠤᠯᠤᠨ ᠬᠡᠮᠵᠢᠶᠡᠵᠢᠬᠦᠯᠪᠡ᠂ ᠪᠦᠬᠦ ᠠᠭᠤᠯᠭ᠎ᠠ ᠶᠢ ᠶᠡᠭᠡ ᠬᠤᠷᠠᠯ ᠳᠤ ᠳᠡᠪᠰᠢᠬᠦᠯᠵᠦ ᠬᠢᠨᠠᠨ ᠪᠠᠶᠢᠴᠠᠭᠠᠯᠭᠠᠨ᠎ᠠ᠂ ᠠᠳᠠ ᠬᠡᠳᠦᠨ ᠲᠠᠯ᠎ᠠ ᠶᠢ ᠳᠦᠢᠮᠦᠴᠢᠯᠡᠨ ᠦᠬᠦᠯᠡᠶ᠎ᠠ᠃    — ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ ᠬᠥᠭᠵᠢᠯᠲᠡ ᠪᠣᠯ ᠮᠠᠨ ᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ ᠮᠥᠨ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠥᠭᠵᠢᠯᠲᠡ ᠶᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ ᠳᠤ ᠪᠦᠷᠢᠨ ᠳᠡᠬᠦᠯᠳᠡᠷ᠂ ᠵᠦᠪ ᠤᠨᠤᠪᠴᠢᠳᠠᠢ ᠪᠦᠬᠡᠳ ᠪᠦᠬᠦ ᠲᠠᠯ᠎ᠠ ᠪᠠᠷ ᠲᠤᠭᠤᠰᠢᠯᠠᠭᠤᠯᠤᠨ᠂ ᠡᠯ᠎ᠡ ᠲᠠᠯ᠎ᠠ ᠶᠢᠨ ᠬᠢᠨ ᠤ ᠠᠵᠢᠯ ᠤᠨ ᠭᠤᠤᠯᠳᠠᠯᠭ᠎ᠠ ᠪᠠᠨ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠳᠡᠭᠡᠷ᠎ᠡ ᠲᠠᠯᠪᠢᠬᠤ ᠶᠢ ᠬᠥᠲᠥᠯᠥᠨ ᠵᠢᠯᠣᠭᠤᠳᠴᠤ᠂ ᠨᠡᠮᠡᠭᠳᠡᠯ ᠤᠨ ᠲᠠᠯᠳᠠ ᠬᠦᠴᠦᠨ ᠢ ᠭᠦᠢᠴᠡᠳ ᠪᠠᠳᠠᠷᠠᠭᠤᠯᠬᠤ ᠶᠢ ᠠᠬᠢᠭᠤᠯᠤᠨ᠎ᠠ᠃ ᠠᠵᠤ ᠠᠬᠤᠢ ᠶᠢᠨ ᠠᠵᠢᠯᠯᠠᠭᠠᠨ ᠢ ᠢᠮᠠᠭᠲᠠ ᠵᠦᠶ ᠵᠣᠬᠢᠰᠲᠠᠶ ᠬᠡᠪᠴᠢᠶᠡᠨ ᠳᠤ ᠪᠠᠶᠢᠯᠭᠠᠵᠤ᠂ ᠡᠯ᠎ᠡ ᠣᠨ ᠵᠢᠯ ᠳᠤ ᠪᠠᠶᠢᠳᠠᠯ ᠢ ᠦᠨᠳᠦᠰᠦᠯᠡᠨ ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠳᠤᠷᠠᠳᠴᠤ᠂ ᠪᠦᠬᠦ ᠠᠵᠢᠯᠲᠠᠨ ᠤ ᠬᠦᠳᠡᠯᠮᠦᠷᠢ ᠶᠢᠨ ᠦᠢᠯᠡᠳᠪᠦᠷᠢᠯᠡᠯ ᠤᠨ ᠨᠤᠷᠮ᠎ᠠ ᠶᠢᠨ ᠨᠡᠮᠡᠭᠳᠡᠯ ᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠥᠷᠲᠡᠭ ᠤᠨ ᠨᠡᠮᠡᠭᠳᠡᠯ ᠠᠴᠠ ᠦᠨᠳᠦᠷ ᠪᠠᠶᠢᠯᠭᠠᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5.5% ᠶᠢᠨ ᠳᠤᠳᠤᠷ᠎ᠠ ᠬᠢᠵᠠᠭᠠᠷᠯᠠᠵᠤ᠂ ᠪᠠᠷᠠᠭᠠᠨ ᠤ ᠦᠨ᠎ᠡ ᠶᠢᠨ ᠲᠦᠪᠰᠢᠨ ᠢ ᠶᠡᠷᠦᠩᠬᠡᠢ ᠳᠡᠭᠡᠨ ᠳᠤᠭᠳᠠᠪᠤᠷᠢᠳᠠᠢ ᠪᠠᠶᠢᠯᠭᠠᠵᠤ᠂ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ ᠭᠤᠤᠯᠴᠢ᠂ ᠨᠠᠩ ᠦᠷᠭᠦᠯᠵᠢᠯᠡᠬᠦ᠋ᠢᠴᠡ᠂ ᠨᠠᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠦᠨ᠎ᠡ᠃    — ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠬᠥᠭᠵᠢᠭᠦᠯᠦᠨ᠎ᠡ᠃ ᠰᠢᠨ᠎ᠡ ᠶᠢ ᠡᠭᠦᠳᠬᠦ ᠶᠢᠨ ᠮᠠᠨ ᠤ ᠤᠯᠤᠰ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ ᠭᠤᠤᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢ ᠪᠣᠯᠭᠠᠨ᠎ᠠ᠃ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠦᠨ᠂ ᠤᠯᠤᠰ ᠤᠨ ᠲᠤᠷᠰᠢᠯᠲᠠ ᠶᠢᠨ ᠲᠠᠰᠤᠭ ᠢᠶᠠᠷ ᠬᠦᠲᠦᠯᠦᠨ ᠳᠠᠭᠠᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠲᠦᠷᠭᠡᠯᠡᠨ ᠪᠠᠶᠢᠭᠤᠯᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠢ ᠰᠠᠶᠢᠲᠤᠷ ᠬᠢᠵᠦ᠂ ᠰᠠᠭᠤᠷᠢ ᠰᠤᠳᠤᠯᠭᠠᠨ ᠤ ᠠᠷᠪᠠᠨ ᠵᠢᠯ ᠤᠨ ᠠᠵᠢᠯᠯᠠᠭᠠᠨ ᠤ ᠲᠥᠰᠦᠯ ᠢ ᠲᠣᠭᠲᠠᠭᠠᠨ ᠬᠡᠷᠡᠭᠵᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠵᠢᠯ ᠳᠤᠮᠳᠠᠴᠢ ᠪᠠᠷ 7% ᠠᠴᠠ ᠳᠡᠬᠡᠭᠰᠢ ᠨᠡᠮᠡᠭᠳᠡᠬᠦᠯᠦᠨ᠂ ᠤᠷᠤᠭᠤᠯᠤᠯᠳᠠ ᠶᠢᠨ ᠡᠷᠴᠢᠮ ᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠪᠤᠳᠠᠳᠠᠢ ᠬᠡᠮᠵᠢᠶᠠᠨ ᠠᠴᠠ ᠴᠢᠩᠭᠠᠷᠠᠭᠤᠯᠬᠤ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠡᠨ ᠳᠡᠯᠭᠡᠷ ᠦᠷᠨᠢᠭᠦᠯᠦᠨ᠎ᠠ᠃ ᠠᠵᠤ ᠠᠬᠤᠶ ᠶᠢ ᠬᠥᠭᠵᠢᠭᠦᠯᠬᠦ ᠬᠦᠴᠦᠯᠡᠬᠦ ᠴᠡᠭ ᠢᠶᠠᠨ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠳᠡᠰᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠶᠢ ᠠᠬᠢᠭᠤᠯᠤᠨ᠂ ᠦᠢᠯᠡᠳᠬᠦ ᠦᠢᠯᠡᠰ ᠤᠨ ᠬᠤᠪᠢ ᠶᠢᠨ ᠵᠢᠩ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠦᠢᠯᠡᠴᠢᠯᠡᠭᠡᠨ ᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠤᠯᠠᠮᠵᠢᠯᠠᠯᠲᠤ ᠰᠠᠭᠤᠷᠢ ᠲᠦᠬᠦᠭᠡᠷᠦᠮᠵᠢ ᠪᠣᠯᠤᠨ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠳ᠋ᠢᠵᠢᠲ᠋ᠠᠯ ᠬᠥᠭᠵᠢᠯᠲᠡ ᠶᠢ ᠲᠦᠷᠭᠡᠳᠬᠡᠵᠦ᠂ ᠳ᠋ᠢᠵᠢᠲ᠋ᠠᠯ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠤᠢ ᠪᠣᠯᠭᠠᠵᠤ᠂ ᠳ᠋ᠢᠵᠢᠲ᠋ᠠᠯ ᠠᠵᠤ ᠦᠢᠯᠡᠰᠵᠢᠯᠲᠡ ᠪᠣᠯᠤᠨ ᠠᠵᠤ ᠦᠢᠯᠡᠰ ᠤᠨ ᠬᠡᠯᠪᠡᠷᠢ ᠶᠢᠨ ᠳ᠋ᠢᠵᠢᠲ᠋ᠠᠯ ᠬᠤᠪᠢᠷᠠᠭᠤᠯᠤᠯᠲᠠ ᠶᠢ ᠬᠠᠮᠵᠢᠯᠴᠠᠭᠤᠯᠤᠨ ᠠᠬᠢᠭᠤᠯᠵᠤ᠂ ᠳ᠋ᠢᠵᠢᠲ᠋ᠠᠯ ᠨᠡᠶᠢᠭᠡᠮ ᠤᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠳ᠋ᠢᠵᠢᠲ᠋ᠠᠯ ᠠᠮᠢ ᠠᠬᠤᠢ ᠶᠢ ᠪᠤᠢ ᠪᠣᠯᠭᠠᠵᠤ᠂ ᠳ᠋ᠢᠵᠢᠲ᠋ᠠᠯ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃    — ᠬᠦᠴᠦᠷᠬᠡᠭ ᠶᠡᠭᠡ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠪᠦᠷᠢᠯᠳᠦᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠨ᠎ᠠ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠰᠢᠨ᠎ᠡ ᠶᠢ ᠡᠭᠦᠳᠬᠦ ᠬᠥᠳᠡᠯᠭᠡᠭᠦᠷ᠂ ᠴᠢᠨᠠᠷ ᠰᠠᠶᠢᠲᠠᠶ ᠬᠠᠩᠭᠠᠯᠭ᠎ᠠ ᠪᠠᠷ ᠰᠢᠨ᠎ᠡ ᠬᠡᠷᠡᠭᠴᠡᠭᠡ ᠶᠢ ᠬᠥᠲᠥᠯᠥᠨ ᠳᠠᠭᠠᠭᠤᠯᠬᠤ ᠪᠠ ᠡᠭᠦᠳᠦᠨ ᠪᠦᠲᠦᠭᠡᠨ᠎ᠡ᠃ ᠡᠯᠧᠮᠧᠨ᠋ᠲ ᠤᠨ ᠵᠦᠶ ᠵᠣᠬᠢᠰᠲᠠᠶ ᠰᠢᠯᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠢ ᠠᠷᠢᠯᠭᠠᠵᠤ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠦᠨ᠂ ᠤᠯᠤᠰ ᠠᠷᠠᠳ ᠤᠨ ᠠᠵᠤ ᠠᠬᠤᠢ ᠶᠢᠨ ᠰᠠᠶᠢᠨ ᠤᠷᠴᠢᠯ ᠢ ᠪᠤᠢ ᠪᠤᠯᠭᠠᠨ᠎ᠠ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠰᠠᠭᠤᠷᠢᠯᠠᠨ᠂ ᠬᠦᠴᠦᠷᠬᠡᠭ ᠶᠡᠭᠡ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠪᠠ ᠠᠷᠠᠯᠵᠢᠶᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠭᠤᠯᠤᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠣᠷᠴᠢᠯ ᠤᠨ ᠰᠢᠰᠲ᠋ᠧᠮ ᠳᠤ ᠲᠦᠰᠢᠭᠯᠡᠨ ᠪᠦᠬᠦ ᠪᠥᠮᠪᠥᠷᠴᠡᠭ ᠤᠨ ᠡᠯᠧᠮᠧᠨ᠋ᠲ ᠤᠨ ᠡᠬᠢ ᠪᠠᠶᠠᠯᠢᠭ ᠲᠤ ᠦᠵᠡᠭᠦᠯᠬᠦ ᠬᠦᠴᠦᠷᠬᠡᠭ ᠶᠡᠭᠡ ᠲᠠᠲᠠᠬᠤ ᠬᠦᠴᠦᠨ ᠢ ᠪᠤᠢ ᠪᠤᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢ ᠠᠬᠢᠭᠤᠯᠤᠨ᠎ᠠ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠦᠲᠦᠮᠵᠢᠲᠡᠶ ᠲᠦᠷᠢᠮ ᠢ ᠪᠠᠶᠢᠭᠤᠯᠵᠤ᠂ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠤᠨ᠂ ᠪᠡᠯᠡ ᠣᠷᠣᠭᠤᠯᠤᠯᠲᠠ ᠶᠢᠨ ᠣᠷᠣᠨ ᠵᠠᠶ ᠶᠢ ᠥᠷᠭᠡᠳᠬᠡᠵᠦ᠂ ᠳᠣᠲᠣᠭᠠᠳᠤ ᠬᠡᠷᠡᠭᠴᠡᠭᠡ ᠶᠢᠨ ᠪᠦᠷᠢᠨ ᠪᠦᠲᠦᠨ ᠰᠢᠰᠲ᠋ᠧᠮ ᠢ ᠲᠦᠷᠭᠡᠯᠡᠨ ᠪᠤᠶᠢᠵᠢᠭᠤᠯᠤᠨ᠎ᠠ᠃    — ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠬᠠᠷ᠎ᠠ ᠬᠥᠷᠥᠰᠥᠲᠦ ᠭᠠᠵᠠᠷ ᠰᠢᠷᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠦᠷ᠎ᠡ ᠶᠢᠨ ᠢᠷᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠵᠤ᠂ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠲᠦᠷᠭᠡᠳᠬᠡᠨ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 65% ᠪᠣᠯᠲᠠᠯ᠎ᠠ ᠳᠡᠭᠡᠭᠰᠢᠯᠡᠭᠦᠯᠵᠦ᠂ ᠬᠤᠲᠠ ᠶᠢᠨ ᠪᠦᠬᠡᠬᠡᠨᠡᠷᠠᠯ ᠪᠠ ᠶᠡᠭᠡ ᠬᠤᠲᠠ ᠶᠢᠨ ᠴᠠᠭᠠᠷᠢᠭ ᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠲᠠ ᠶᠢ ᠰᠢᠨᠡᠴᠢᠯᠡᠬᠦ ᠠᠵᠢᠯᠯᠠᠭ᠎ᠠ ᠶᠢ ᠬᠡᠷᠡᠭᠵᠢᠭᠦᠯᠦᠨ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠰᠢᠰᠲ᠋ᠧᠮ ᠪᠠ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠪᠠᠯᠭᠠᠰᠤᠵᠢᠯᠳᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃    — ᠣᠷᠣᠨ ᠪᠦᠰᠡ ᠶᠢᠨ ᠠᠵᠤ ᠠᠬᠤᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠣᠷᠣᠨ ᠪᠦᠰᠡ ᠶᠢᠨ ᠠᠵᠤ ᠠᠬᠤᠶ ᠶᠢᠨ ᠪᠠᠶᠢᠷᠢᠰᠢᠯ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠤᠨ᠎ᠠ᠃ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ᠂ ᠬᠥᠬᠡᠮᠦ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠵᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠤᠨ᠂ ᠳᠤᠮᠳᠠ ᠬᠡᠰᠡᠭ ᠤᠨ ᠭᠠᠵᠠᠷ ᠣᠷᠣᠨ ᠤ ᠲᠦᠷᠭᠡᠨ ᠬᠥᠭᠵᠢᠯᠲᠡ ᠶᠢ ᠠᠬᠢᠭᠤᠯᠵᠤ᠂ ᠵᠡᠭᠦᠨ ᠬᠡᠰᠡᠭ ᠤᠨ ᠭᠠᠵᠠᠷ ᠣᠷᠣᠨ ᠤ ᠣᠳᠣᠬᠢᠴᠢᠯᠠᠯᠲᠠ ᠪᠠᠨ ᠲᠦᠷᠭᠡᠯᠡᠨ ᠠᠬᠢᠭᠤᠯᠬᠤ ᠶᠢ ᠵᠣᠷᠢᠬᠵᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠯᠠᠢ ᠲᠠᠩᠭᠢᠰ ᠤᠨ ᠠᠵᠤ ᠠᠬᠤᠶ ᠶᠢᠨ ᠬᠥᠭᠵᠢᠯᠲᠡ ᠶᠢᠨ ᠣᠷᠣᠨ ᠵᠠᠶ ᠶᠢ ᠢᠳᠡᠪᠬᠢᠲᠡᠶ ᠥᠷᠭᠡᠳᠬᠡᠨ᠎ᠡ᠃    — ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ ᠥᠨᠳᠥᠷ ᠲᠦᠪᠰᠢᠨ ᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠵᠦ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠥᠮᠴᠢᠯᠡᠯ ᠤᠨ ᠡᠷᠬᠡ ᠶᠢᠨ ᠳᠦᠷᠢᠮ ᠢ ᠪᠦᠬᠦ ᠲᠠᠯ᠎ᠠ ᠪᠠᠷ ᠲᠡᠭᠦᠯᠳᠡᠷᠵᠢᠭᠦᠯᠦᠨ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠥᠷᠢᠰᠥᠯᠳᠦᠭᠡᠨ ᠤ ᠲᠦᠷᠦ ᠶᠢᠨ ᠪᠤᠳᠤᠯᠭ᠎ᠠ ᠶᠢᠨ ᠰᠠᠭᠤᠷᠢ ᠪᠣᠯᠬᠤ ᠪᠠᠶᠢᠷᠢ ᠰᠠᠭᠤᠷᠢ ᠶᠢ ᠴᠢᠩᠭᠠᠳᠬᠠᠨ᠎ᠠ᠃ ᠤᠳᠤ ᠦᠶ᠎ᠡ ᠶᠢᠨ ᠡᠳ᠋ ᠤᠨ ᠵᠠᠰᠠᠭ ᠭᠠᠶᠢᠯᠢ ᠲᠠᠳᠠᠪᠤᠷᠢ ᠮᠥᠩᠭᠦᠨ ᠭᠦᠢᠯᠭᠡᠭᠡᠨ ᠤ ᠪᠠᠶᠢᠭᠤᠯᠤᠯ ᠢ ᠪᠠᠶᠢᠭᠤᠯᠵᠤ᠂ ᠵᠠᠰᠠᠭ ᠤᠨ ᠣᠷᠳᠣᠨ ᠤ ᠠᠵᠤ ᠠᠬᠤᠶ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠵᠠᠰᠠᠭ ᠢ ᠴᠤᠮᠬᠠᠳᠬᠠᠨ ᠡᠷᠬᠡ ᠶᠢ ᠳᠠᠯᠪᠢᠬᠤ᠂ ᠳᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠡᠷᠢᠭᠦᠨ ᠳᠡᠰ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠤᠢ ᠪᠤᠯᠭᠠᠨ᠎ᠠ᠃ ᠨᠠᠩ ᠥᠨᠳᠥᠷ ᠲᠦᠪᠰᠢᠨ ᠤ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠪᠥᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ ᠤ ᠰᠦᠯᠵᠢᠶ᠎ᠡ ᠶᠢ ᠪᠠᠶᠢᠭᠤᠯᠤᠨ᠎ᠠ᠃    — ᠪᠤᠬᠢᠷᠳᠤᠯ ᠦᠬᠡᠢ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ ᠬᠦᠬᠡ ᠠᠭᠤᠯᠠ ᠭᠦᠭᠡᠮᠳᠦᠭ ᠤᠰᠤ ᠪᠤᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠣᠢ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠴᠢᠩᠭᠠᠳᠬᠠᠨ᠂ ᠴᠢᠬᠤᠯᠠ ᠠᠮᠢ ᠠᠬᠤᠢ ᠶᠢᠨ ᠬᠠᠯᠬᠠᠪᠴᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠤᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 24.1% ᠳᠤ ᠬᠦᠷᠭᠡᠨ᠎ᠡ᠃ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠪᠠ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ 2030 ᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ ᠬᠠᠷᠠᠯᠲᠠ ᠶᠢ ᠨᠠᠶᠢᠳᠠᠪᠤᠷᠢᠵᠢᠭᠤᠯᠤᠨ᠎ᠠ᠃ ᠬᠥᠭᠵᠢᠯᠲᠡ ᠶᠢᠨ ᠠᠷᠭ᠎ᠠ ᠮᠠᠶ᠋ᠢᠭ ᠤᠨ ᠪᠤᠬᠢᠷᠳᠤᠯ ᠦᠬᠡᠢ ᠬᠡᠯᠪᠡᠷᠢ ᠳᠡᠶᠢᠰᠢ ᠬᠤᠪᠢᠷᠠᠬᠤ ᠶᠢ ᠲᠦᠷᠭᠡᠳᠬᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠥᠨᠳᠥᠷ ᠲᠦᠪᠰᠢᠨ ᠤ ᠬᠠᠮᠠᠭᠠᠯᠠᠯᠲᠠ ᠶᠢ ᠬᠠᠮᠵᠢᠯᠴᠠᠭᠤᠯᠤᠨ ᠠᠬᠢᠭᠤᠯᠵᠤ᠂ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠲᠤᠰ ᠲᠤᠰ 13.5% ᠪᠠ 18% ᠪᠠᠷ ᠪᠠᠭᠤᠷᠠᠭᠤᠯᠤᠨ᠎ᠠ᠃    — ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠴᠢᠳᠠᠯ ᠢᠶᠠᠷ ᠢᠶᠠᠨ ᠴᠢᠷᠮᠠᠶᠢᠬᠤ ᠪᠠ ᠴᠢᠳᠠᠯ ᠤᠨ ᠢᠶᠠᠨ ᠭᠢᠷᠢ ᠪᠠᠷ ᠭᠢᠭᠦ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠠᠵᠢᠯᠯᠠᠭᠠᠨ ᠤ ᠬᠦᠳᠦᠯᠪᠦᠷᠢ ᠶᠢ ᠲᠣᠭᠲᠠᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ᠎ᠡ᠃ ᠣᠷᠣᠯᠭ᠎ᠠ ᠪᠠᠭᠠᠲᠠᠶ ᠬᠦᠮᠦᠰ ᠤᠨ ᠣᠷᠣᠯᠭ᠎ᠠ ᠶᠢ ᠬᠦᠴᠦᠯᠡᠨ ᠳᠡᠭᠡᠭᠰᠢᠯᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠦᠰ ᠢ ᠤᠯᠠᠰᠢᠷᠠᠭᠤᠯᠵᠦ᠂ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠤᠨ ᠨᠡᠮᠡᠭᠳᠡᠯ ᠯᠤᠭ᠎ᠠ ᠦᠨᠳᠦᠰᠦᠨ ᠳᠡᠭᠡᠨ ᠢᠵᠢᠯ ᠠᠯᠬᠤᠮ ᠲᠠᠢ ᠪᠠᠶᠢᠯᠭᠠᠨ᠎ᠠ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠵᠦ᠂ ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ ᠰᠤᠷᠭᠠᠨ ᠬᠥᠮᠦᠵᠢᠯ ᠬᠦᠷᠳᠡᠬᠦ ᠳᠤᠮᠳᠠᠴᠢ ᠵᠢᠯ ᠬᠤᠭᠤᠴᠠᠭ᠎ᠠ ᠶᠢ 11.3 ᠵᠢᠯ ᠪᠣᠯᠲᠠᠯ᠎ᠠ ᠳᠡᠭᠡᠭᠰᠢᠯᠡᠭᠦᠯᠦᠨ᠎ᠡ᠃ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠴᠦᠷᠬᠡᠭ ᠶᠡᠭᠡ ᠰᠢᠰᠲ᠋ᠧᠮ ᠢ ᠪᠠᠶᠢᠭᠤᠯᠤᠨ ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷ ᠥᠷᠨᠢᠭᠦᠯᠵᠦ᠂ ᠬᠥᠮᠦᠨ ᠳᠤᠮᠳᠠᠴᠢ ᠶᠢᠨ ᠵᠢᠱᠢᠯᠲᠡ ᠨᠠᠰᠤᠨ ᠬᠤᠲᠤᠭ ᠢ ᠳᠠᠬᠢᠨ 1 ᠨᠠᠰᠤ ᠳᠡᠭᠡᠭᠰᠢᠯᠡᠭᠦᠯᠦᠨ᠎ᠡ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠪᠠᠷ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠨᠠᠰᠤᠲᠠᠶᠢᠴᠤᠳ ᠪᠠ ᠬᠡᠦᠬᠡᠳ ᠢᠶᠠᠷ ᠭᠤᠤᠯᠳᠠᠯᠭ᠎ᠠ ᠪᠣᠯᠭᠠᠨ ᠬᠥᠮᠦᠨ ᠠᠮᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠳᠤᠬᠢᠷᠠᠮᠵᠢᠲᠠᠢ ᠦᠷᠡᠵᠢᠯ ᠤᠨ ᠲᠦᠪᠰᠢᠨ ᠢ ᠪᠡᠶᠡᠯᠡᠭᠦᠯᠬᠦ ᠶᠢ ᠠᠬᠢᠭᠤᠯᠤᠨ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠪᠣᠯᠲᠠᠯ᠎ᠠ ᠳᠡᠭᠡᠭᠰᠢᠯᠡᠭᠦᠯᠦᠨ᠂ ᠨᠡᠶᠢᠭᠡᠮ ᠤᠨ ᠠᠪᠤᠷᠠᠨ ᠲᠤᠰᠠᠯᠠᠬᠤ ᠪᠠ ᠨᠢᠭᠦᠯᠡᠰᠦᠩᠭᠦᠶ ᠶᠢᠨ ᠲᠦᠷᠢᠮ ᠢ ᠰᠢᠯᠢᠳᠡᠭᠵᠢᠭᠦᠯᠦᠨ᠎ᠡ᠃ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠢ ᠪᠦᠷᠢᠨᠰᠢᠭᠦᠯᠦᠨ᠎ᠡ᠃    — ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠨᠡᠩ ᠥᠨᠳᠥᠷ ᠲᠦᠪᠰᠢᠨ ᠤ ᠠᠮᠤᠷ ᠠᠮᠤᠭᠤᠯᠠᠩ ᠳᠤᠮᠳᠠᠳᠤ ᠤᠯᠤᠰ ᠢ ᠪᠦᠳᠦᠭᠡᠨ ᠪᠠᠶᠢᠭᠤᠯᠤᠨ᠎ᠠ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ᠂ ᠮᠥᠩᠭᠦᠨ ᠭᠦᠢᠯᠭᠡᠭᠡ ᠶᠢᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 1.3 ᠲᠦᠮᠡᠨ ᠳ᠋ᠦᠡᠭᠰᠢᠭᠤᠷ ᠵᠢᠩ ᠠᠴᠠ ᠳᠡᠬᠡᠭᠰᠢ ᠬᠡᠮᠵᠢᠶᠠᠨ ᠳᠤ ᠪᠠᠶᠢᠯᠭᠠᠵᠤ᠂ ᠡᠨᠧᠷᠭᠢ ᠶᠢᠨ ᠰᠤᠷᠪᠤᠯᠵᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠦᠪᠰᠢᠨ ᠢ ᠬᠠᠮᠠᠭᠠᠯᠠᠨ᠎ᠠ᠃    ᠢᠷᠡᠭᠡᠳᠦᠶ ᠪᠠᠨ ᠪᠠᠷᠠᠯᠠᠬᠤᠶ᠎ᠠ᠂ ᠪᠢᠳᠡᠨ ᠳᠤ ᠤᠷᠤᠭᠰᠢᠯᠠᠯᠲᠠ ᠶᠢᠨ ᠵᠠᠮ ᠳᠡᠭᠡᠷᠡᠬᠢ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠦᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠳᠦ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠢᠲᠡᠭᠡᠯ ᠪᠠ ᠴᠢᠳᠠᠪᠤᠷᠢ ᠪᠠᠶᠢᠨ᠎ᠠ︕    ᠭᠤᠷᠪᠠ᠂ 2021 ᠣᠨ ᠤ ᠭᠤᠤᠯᠳᠠᠯᠭ᠎ᠠ ᠲᠠᠢ ᠠᠵᠢᠯ    ᠡᠨᠡ ᠵᠢᠯ ᠪᠣᠯ ᠮᠠᠨ ᠤ ᠤᠯᠤᠰ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠠᠬᠢᠴᠠ ᠳᠠᠬᠢ ᠣᠨᠴᠠᠭᠠᠶ ᠴᠢᠬᠤᠯᠠ ᠴᠢᠨᠠᠷ ᠲᠠᠢ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠲᠤᠬᠲᠠᠭᠤᠨ ᠪᠠᠶᠢᠯᠭᠠᠬᠤ ᠶᠢᠨ ᠵᠡᠷᠭᠡ ᠳᠤ ᠣᠷᠣᠭᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠭᠴᠢ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠨ ᠨᠢᠭᠡᠳᠦᠯᠲᠡᠶ ᠲᠥᠯᠥᠪᠵᠢᠭᠦᠯᠦᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠦᠭᠡᠳ ᠨᠠᠷᠢᠯᠢᠭ ᠣᠨᠣᠴᠠᠲᠠᠶ ᠬᠡᠷᠡᠭᠵᠢᠭᠦᠯᠵᠦ᠂ ᠠᠵᠤ ᠠᠬᠤᠶ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠠᠨ ᠳᠤ ᠶᠠᠪᠤᠭᠳᠠᠬᠤ ᠶᠢ ᠴᠢᠷᠮᠠᠶᠢᠨ ᠪᠠᠲᠤᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢ ᠥᠷᠭᠡᠳᠬᠡᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠤᠷᠤᠭᠰᠢᠳᠠᠢ ᠭᠠᠷᠤᠭ᠎ᠠ ᠰᠠᠶᠢᠳᠠᠢ ᠪᠠᠶᠢᠬᠤ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ᠃    ᠡᠨᠡ ᠵᠢᠯ ᠮᠠᠨ ᠤ ᠤᠯᠤᠰ ᠤᠨ ᠬᠥᠭᠵᠢᠯᠲᠡ ᠳᠤ ᠮᠥᠨ ᠴᠥᠭᠡᠨ ᠪᠤᠰᠤ ᠲᠦᠭᠰᠢᠭᠦᠷᠢ ᠪᠠ ᠰᠢᠯᠭᠠᠯᠲᠠ ᠲᠤᠯᠭᠠᠷᠠᠵᠤ ᠪᠠᠶᠢᠭ᠎ᠠ ᠪᠣᠯᠪᠠᠴᠤ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ ᠶᠤᠮ᠃ ᠪᠢᠳᠡ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠡᠷᠭᠦᠯᠲᠡ ᠶᠢᠨ ᠴᠢᠨᠠᠷᠲᠠᠶ  ᠨᠡᠮᠡᠭᠳᠡᠯ ᠤᠨ ᠰᠠᠭᠤᠷᠢ ᠶᠢ ᠪᠠᠬᠢᠵᠢᠭᠦᠯᠦᠨ᠂ ᠠᠵᠤ ᠠᠬᠤᠶ ᠨᠡᠶᠢᠭᠡᠮ ᠤᠨ  ᠦᠷᠭᠦᠯᠵᠢᠯᠡᠨ ᠡᠷᠡᠭᠦᠯ  ᠢᠶᠠᠷ  ᠬᠥᠭᠵᠢᠬᠦ ᠶᠢ ᠴᠢᠷᠮᠠᠶᠢᠨ ᠪᠠᠲᠤᠯᠠᠬᠤ ᠬᠡᠷᠡᠭᠲᠡᠶ᠃    ᠡᠨᠡ ᠵᠢᠯ ᠤᠨ ᠬᠥᠭᠵᠢᠯᠲᠡ ᠶᠢᠨ ᠭᠤᠤᠯ ᠪᠤᠯᠬᠤ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ ᠤᠯᠤᠭᠰᠠᠨ ᠬᠦᠮᠦᠨ ᠤ ᠲᠤᠭ᠎ᠠ ᠶᠢ 1100 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠬᠤᠳᠠ ᠪᠠᠯᠭᠠᠰᠤᠨ ᠤ ᠪᠠᠶᠢᠴᠠᠭᠠᠬᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠬᠡᠮᠵᠢᠶ᠎ᠡ ᠶᠢ ᠲᠤᠭᠲᠠᠪᠤᠷᠢᠵᠢᠭᠤᠯᠦᠨ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠠᠮᠢ ᠠᠬᠤᠶ ᠶᠢᠨ ᠣᠷᠴᠢᠨ ᠨᠥᠬᠦᠴᠡᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 3% ᠣᠷᠴᠢᠮ ᠢᠶᠠᠷ ᠪᠠᠭᠤᠷᠠᠭᠤᠯᠤᠨ᠂ ᠭᠤᠤᠯ ᠪᠤᠯᠬᠤ ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠤᠨ᠎ᠠ︔ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠡ᠃    ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠪᠣᠯ ᠶᠡᠷᠦᠩᠬᠡᠶᠢᠯᠡᠭᠰᠡᠨ ᠴᠢᠨᠠᠷᠲᠠᠶ ᠭᠦᠢᠴᠡᠳᠬᠡᠬᠦ ᠲᠤᠭ᠎ᠠ ᠪᠣᠯᠤᠨ᠎ᠠ ᠂ ᠠᠵᠤ ᠠᠬᠤᠶ ᠶᠢᠨ ᠠᠵᠢᠯᠯᠠᠭᠠᠨ ᠤ ᠰᠡᠷᠭᠦᠯᠲᠡ ᠶᠢᠨ ᠪᠠᠶᠢᠳᠠᠯ ᠢ ᠪᠣᠳᠣᠯᠬᠢᠯᠠᠵᠤ᠂ ᠡᠨᠡ ᠵᠢᠯ ᠤᠨ ᠵᠢᠱᠢᠭᠰᠡᠨ ᠬᠠᠷᠠᠯᠲᠠ ᠶᠢ 6% ᠠᠴᠠ ᠳᠡᠭᠡᠭᠰᠢ ᠪᠠᠷ ᠲᠤᠭᠲᠠᠭᠠᠪᠠ᠂ ᠡᠨᠡ ᠨᠢ ᠡᠯ᠎ᠡ ᠲᠠᠯ᠎ᠠ ᠶᠢᠨ ᠬᠢᠨ ᠢ ᠬᠦᠲᠦᠯᠦᠨ ᠵᠢᠯᠤᠭᠤᠳᠴᠤ ᠤᠶᠤᠨ ᠴᠢᠳᠠᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠰᠢᠭᠲᠠᠶ ᠶᠤᠮ᠃ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠂ ᠠᠵᠢᠯ ᠣᠯᠭᠤᠯᠲᠠ᠂ ᠪᠠᠷᠠᠭᠠᠨ ᠤ ᠦᠨ᠎ᠡ ᠵᠡᠷᠭᠡ ᠵᠢᠱᠢᠭᠰᠡᠨ ᠬᠠᠷᠠᠯᠲᠠ ᠨᠢ ᠠᠵᠤ ᠠᠬᠤᠶ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠡᠨ ᠳᠤ ᠶᠠᠪᠤᠭᠳᠠᠬᠤ ᠶᠢ ᠪᠠᠲᠤᠯᠠᠬᠤ ᠱᠠᠭᠠᠷᠳᠠᠯᠭ᠎ᠠ ᠶᠢ ᠬᠠᠷᠠᠭᠤᠯᠵᠤ᠂ ᠬᠤᠶᠢᠰᠢᠳᠠ ᠶᠢᠨ ᠬᠠᠷᠠᠯᠳᠠ ᠲᠠᠢ ᠲᠤᠭᠲᠠᠭᠤᠨ ᠢᠶᠠᠷ ᠠᠪᠴᠠᠯᠳᠤᠵᠤ ᠪᠠᠶᠢᠭ᠎ᠠ ᠪᠤᠯᠬᠤᠷ ᠦᠷᠬᠦᠯᠵᠢᠯᠡᠨ ᠡᠷᠡᠭᠦᠯ ᠢᠶᠠᠷ ᠬᠦᠭᠵᠢᠭᠦᠯᠬᠦ ᠳᠤ ᠠᠰᠢᠭᠳᠠᠢ ᠶᠤᠮ᠃    ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠬᠢᠵᠠᠭᠠᠷᠯᠠᠬᠤ ᠪᠠ ᠬᠡᠰᠡᠭ ᠭᠠᠵᠠᠷ ᠲᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠭᠠᠳᠠᠭᠠᠳᠤ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠬᠦ ᠪᠠ ᠳᠤᠳᠤᠭᠠᠳᠤ ᠳᠠᠭᠠᠨ ᠳᠠᠬᠢᠨ ᠬᠠᠯᠳᠠᠪᠤᠷᠢᠯᠠᠬᠤ ᠶᠢ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠤᠤᠯᠳᠠᠯᠭ᠎ᠠ ᠲᠠᠢ ᠣᠷᠣᠨ ᠪᠦᠰᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠠᠬᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠵᠤ᠂ ᠳᠤᠲᠠᠭᠤᠳᠠᠯ ᠪᠠ ᠠᠯᠳᠠᠰᠢ ᠪᠠᠨ ᠨᠥᠬᠦᠪᠥᠷᠢᠯᠡᠨ᠂ ᠪᠦᠭᠡᠮᠨᠡᠷᠡᠯ ᠤᠨ ᠰᠢᠨᠵᠢᠲᠡᠢ ᠬᠢᠵᠢᠭ ᠤᠨ ᠪᠠᠶᠢᠳᠠᠯ ᠪᠠ ᠲᠠᠷᠠᠬᠠᠢ ᠪᠤᠳᠠᠷᠬᠠᠢ ᠡᠭᠦᠰᠦᠭᠰᠡᠨ ᠡᠪᠡᠳᠴᠢᠨ ᠤ ᠵᠢᠱᠢᠶ᠎ᠡ ᠶᠢᠨ ᠲᠠᠷᠬᠠᠬᠤ ᠶᠢ ᠴᠢᠩᠭ᠎ᠠ ᠰᠡᠷᠭᠡᠶᠢᠯᠡᠵᠦ᠂ ᠸᠠᠺᠼᠢᠨ ᠢ ᠰᠤᠳᠤᠯᠤᠨ ᠦᠢᠯᠡᠳᠬᠦ ᠪᠠ ᠦᠨ᠎ᠡ ᠲᠦᠯᠦᠪᠦᠷᠢ ᠦᠭᠡᠢ ᠪᠠᠷ ᠲᠠᠷᠢᠯᠭ᠎ᠠ ᠲᠠᠷᠢᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠰᠢᠨᠵᠢᠯᠡᠬᠦ ᠤᠬᠠᠭᠠᠨᠴᠢ ᠪᠦᠭᠡᠳ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃    ᠡᠨᠡ ᠵᠢᠯ ᠳᠣᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃    ︵ᠨᠢᠭᠡ︶ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠲᠣᠭᠲᠠᠭᠤᠨ ᠴᠢᠨᠠᠷ ᠦᠷᠭᠦᠯᠵᠢᠯᠡᠬᠦ᠋ᠢᠴᠡ ᠴᠢᠨᠠᠷ ᠢ ᠪᠠᠲᠤᠯᠠᠵᠤ᠂ ᠠᠵᠤ ᠠᠬᠤᠶ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠡᠨ ᠳᠤ ᠶᠠᠪᠤᠭᠳᠠᠬᠤ ᠶᠢ ᠠᠬᠢᠭᠤᠯᠤᠨ᠎ᠠ᠃ ᠬᠡᠪᠴᠢᠶᠡᠲᠦ ᠲᠤᠬᠢᠷᠠᠭᠤᠯᠤᠯ ᠡᠵᠡᠮᠳᠡᠯ ᠤᠨ ᠰᠠᠭᠤᠷᠢᠨ ᠳᠡᠭᠡᠷ᠎ᠡ ᠬᠠᠨᠳᠤᠯᠭᠠᠲᠤ ᠲᠤᠬᠢᠷᠠᠭᠤᠯᠤᠯ ᠡᠵᠡᠮᠳᠡᠯ᠂ ᠲᠣᠬᠢᠶᠠᠯᠲᠤ ᠲᠤᠬᠢᠷᠠᠭᠤᠯᠤᠯ ᠡᠵᠡᠮᠳᠡᠯ᠂ ᠨᠠᠷᠢᠯᠢᠭ ᠣᠨᠣᠴᠠᠲᠤ ᠲᠤᠬᠢᠷᠠᠭᠤᠯᠤᠯ ᠡᠵᠡᠮᠳᠡᠯ ᠢ ᠴᠢᠩᠭᠠᠳᠬᠠᠨ᠎ᠠ᠃ ᠬᠤᠷᠸ᠎ᠠ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠴᠢᠷᠳᠡᠯ ᠢ ᠦᠷᠭᠦᠯᠵᠢᠯᠡᠨ ᠰᠢᠢᠳᠪᠦᠷᠢᠯᠡᠵᠦ᠂ ᠴᠢᠬᠤᠯᠠ ᠪᠦᠬᠦᠢ ᠳᠡᠮᠵᠢᠯᠭᠡ ᠶᠢᠨ ᠡᠷᠴᠢᠮ ᠢᠶᠠᠨ ᠪᠠᠲᠤᠯᠠᠨ᠂ ᠤᠭᠵᠤᠮ ᠡᠷᠭᠢᠬᠦ ᠦᠭᠡᠢ ᠪᠠᠶᠢᠵᠤ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠂ ᠠᠵᠤ ᠠᠬᠤᠶ ᠶᠢᠨ ᠦᠨᠳᠦᠰᠦᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠢ᠃    ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠨᠡᠩ ᠦᠷᠭᠦᠯᠵᠢᠯᠡᠬᠦ᠋ᠢᠴᠡ ᠪᠤᠯᠭᠠᠬᠤ ᠬᠡᠷᠡᠭᠲᠡᠶ᠃ ᠬᠢᠵᠢᠭ ᠢ ᠪᠦᠲᠦᠮᠵᠢᠲᠡᠶ ᠬᠢᠵᠠᠭᠠᠷᠯᠠᠭᠰᠠᠨ ᠪᠠ ᠠᠵᠤ ᠠᠬᠤᠶ ᠠᠯᠬᠤᠮ ᠠᠯᠬᠤᠮ ᠢᠶᠠᠷ ᠰᠡᠷᠭᠦᠵᠦ ᠪᠠᠶᠢᠭ᠎ᠠ ᠪᠠᠶᠢᠳᠠᠯ ᠢ ᠪᠣᠳᠣᠯᠬᠢᠯᠠᠵᠤ᠂ ᠡᠨᠡ ᠵᠢᠯ ᠤᠯᠠᠭᠠᠨ ᠲᠤᠭ᠎ᠠ ᠶᠢᠨ ᠨᠤᠷᠮ᠎ᠠ ᠶᠢ 3.2% ᠣᠷᠴᠢᠮ ᠢᠶᠠᠷ ᠲᠣᠬᠢᠷᠠᠭᠤᠯᠵᠤ᠂ ᠨᠢᠳᠤᠨᠤᠨ ᠤ ᠬᠢ ᠠᠴᠠ ᠡᠳᠦᠶ ᠲᠡᠳᠦᠶ ᠪᠠᠭᠤᠷᠠᠭᠤᠯᠤᠨ᠂ ᠬᠢᠵᠢᠭ ᠢ ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ ᠶᠢ ᠲᠠᠬᠢᠨ ᠲᠠᠷᠬᠠᠭᠠᠬᠤ ᠦᠭᠡᠢ ᠪᠠᠷ ᠲᠦᠯᠦᠪᠯᠡᠵᠦ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠶᠢᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠠᠴᠠ ᠪᠣᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠶᠡᠷᠦᠩᠬᠡᠶ ᠬᠡᠪᠴᠢᠶ᠎ᠡ ᠶᠢ ᠨᠢᠳᠤᠨᠤᠨ ᠤ ᠬᠢ ᠠᠴᠠ ᠨᠡᠮᠡᠭᠳᠡᠭᠦᠯᠬᠦ ᠪᠦᠭᠡᠳ ᠡᠭᠦᠨ ᠤ ᠭᠤᠤᠯᠳᠠᠯᠭ᠎ᠠ ᠨᠢ ᠮᠥᠨ ᠬᠦ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠠᠪᠤᠳᠠᠯ ᠪᠣᠯᠤᠨ᠎ᠠ᠃ ᠲᠥᠪ ᠤᠨ ᠲᠤᠰ ᠱᠠᠲᠤᠨ ᠤ ᠵᠠᠷᠤᠯᠭ᠎ᠠ ᠶᠢ ᠦᠷᠭᠦᠯᠵᠢᠯᠡᠨ ᠰᠥᠭᠡᠷᠭᠦ ᠪᠠᠷ ᠨᠡᠮᠡᠭᠳᠡᠭᠦᠯᠬᠦ ᠪᠠᠷ ᠲᠣᠬᠢᠷᠠᠭᠤᠯᠵᠤ᠂ ᠪᠠᠴᠢᠮ ᠬᠡᠷᠡᠭᠴᠡᠭᠡᠨ ᠤ ᠪᠤᠰᠤ ᠵᠠᠶᠢᠯᠠᠰᠢ ᠦᠭᠡᠢ ᠪᠤᠰᠤ ᠵᠠᠷᠤᠯᠭ᠎ᠠ ᠶᠢ ᠤᠯᠠᠮ ᠨᠢᠭᠡ ᠠᠯᠬᠤᠮ ᠶᠡᠭᠡ ᠬᠡᠮᠵᠢᠶ᠎ᠡ ᠪᠠᠷ ᠪᠠᠭᠠᠰᠬᠠᠨ᠂ ᠣᠷᠣᠨ ᠨᠤᠲᠤᠭ ᠲᠤ ᠡᠩ ᠤᠨ ᠴᠢᠨᠠᠷᠲᠠᠶ ᠪᠠᠷ ᠰᠢᠯᠵᠢᠭᠦᠯᠦᠨ ᠥᠭᠬᠦ ᠵᠠᠷᠤᠯᠭ᠎ᠠ ᠶᠢ 7.8% ᠪᠠᠷ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ ᠨᠢᠳᠤᠨᠤᠨ ᠤ ᠬᠢ ᠠᠴᠠ ᠢᠯᠡᠳᠲᠡ ᠥᠨᠳᠥᠷ ᠪᠣᠯᠭᠠᠨ᠎ᠠ᠂ ᠡᠭᠦᠨ ᠳᠤ ᠲᠡᠩᠴᠡᠭᠦᠷᠢᠲᠦ ᠴᠢᠨᠠᠷᠲᠠᠶ ᠰᠢᠯᠵᠢᠭᠦᠯᠦᠨ ᠥᠭᠬᠦᠯᠲᠡ᠂ ᠰᠢᠶᠠᠨ ᠤ ᠱᠠᠲᠤᠨ ᠤ ᠦᠨᠳᠦᠰᠦᠨ ᠡᠳ᠋ ᠤᠨ ᠬᠦᠴᠦᠨ ᠤ ᠪᠠᠲᠤᠯᠠᠭ᠎ᠠ ᠶᠢᠨ ᠲᠣᠭᠲᠠᠴᠠ ᠶᠢᠨ ᠱᠠᠩᠨᠠᠯ ᠨᠥᠬᠦᠪᠥᠷᠢ ᠶᠢᠨ ᠪᠡᠯᠡ ᠮᠥᠩᠭᠦ ᠵᠡᠷᠭᠡ ᠶᠢᠨ ᠨᠡᠮᠡᠭᠳᠡᠯ ᠤᠨ ᠬᠡᠮᠵᠢᠶ᠎ᠡ ᠶᠢ ᠴᠥᠮ 10% ᠠᠴᠠ ᠳᠠᠪᠠᠭᠤᠯᠤᠨ᠎ᠠ᠃ ᠪᠠᠶᠢᠩᠭᠤ ᠶᠢᠨ ᠴᠢᠨᠠᠷᠲᠠᠢ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠪᠠᠭᠤᠯᠭᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠬᠦᠷᠢᠶ᠎ᠡ ᠬᠡᠪᠴᠢᠶ᠎ᠡ ᠶᠢ ᠨᠢ ᠥᠷᠭᠡᠳᠬᠡᠵᠦ᠂ 2.8 ᠲᠦᠮᠡᠨ ᠳ᠋ᠦᠩᠰᠢᠭᠤᠷ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠪᠠᠭᠤᠯᠭᠠᠬᠤ ᠲᠣᠭᠲᠠᠴᠠ ᠳᠤ ᠣᠷᠣᠭᠤᠯᠤᠨ᠂ ᠬᠡᠪᠴᠢᠶ᠎ᠠ ᠶᠢ ᠨᠢ ᠨᠢᠳᠤᠨᠤᠨ ᠤ ᠬᠢ ᠠᠴᠠ ᠢᠯᠡᠳᠳᠠ ᠶᠡᠭᠡ ᠪᠠᠶᠢᠯᠭᠠᠵᠤ᠂ ᠬᠤᠳᠠ ᠰᠢᠶᠠᠨ ᠤ ᠦᠨᠳᠦᠰᠦᠨ ᠱᠠᠲᠤᠨ ᠤ ᠠᠵᠤ ᠠᠬᠤᠶᠢᠯᠠᠯ ᠳᠤ ᠬᠠᠷᠠᠭᠠᠯᠵᠠᠯ ᠦᠵᠡᠬᠦᠯᠦᠨ ᠠᠷᠠᠳ ᠲᠤ ᠠᠰᠢᠭ ᠬᠦᠷᠲᠡᠭᠡᠬᠦ ᠠᠵᠢᠯ ᠳᠤ ᠨᠡᠩ ᠴᠠᠭ ᠲᠤᠬᠠᠶᠢᠴᠢ ᠪᠦᠭᠡᠳ ᠬᠦᠴᠦᠲᠡᠶ ᠡᠳ᠋ ᠤᠨ ᠬᠦᠴᠦᠨ ᠤ ᠳᠡᠮᠵᠢᠯᠭᠡ ᠬᠠᠩᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠠᠷᠠᠳ ᠤᠨ ᠲᠥᠯᠥᠭᠡ ᠠᠷᠪᠢᠯᠠᠨ ᠬᠡᠷᠡᠭᠯᠡᠵᠦ᠂ ᠠᠷᠪᠢᠯᠠᠨ ᠭᠠᠮᠨᠠᠬᠤ ᠶᠢ ᠪᠠᠷᠢᠮᠲᠠᠯᠠᠨ᠂ ᠠᠷᠠᠳ ᠤᠨ ᠦᠨᠳᠦᠰᠦᠨ ᠠᠮᠢᠳᠤᠷᠠᠯ ᠤᠨ ᠵᠠᠷᠤᠯᠭ᠎ᠠ ᠶᠢᠨ ᠨᠡᠮᠡᠭᠳᠡᠬᠦ ᠠᠴᠠ ᠪᠢᠰᠢ ᠬᠠᠰᠤᠭᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢᠶᠠᠨ ᠪᠠᠳᠤᠯᠠᠬᠤ ᠳᠤ ᠬᠦᠴᠦᠨ ᠨᠡᠮᠡᠷᠢᠯᠡᠬᠦ ᠬᠡᠷᠡᠭᠲᠡᠢ᠃    ᠭᠠᠶᠢᠯᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠬᠦᠴᠦ ᠲᠠᠮᠢᠷ ᠢᠶᠠᠨ ᠰᠡᠷᠭᠦᠭᠡᠨ᠂ ᠠᠮᠢᠵᠢᠷᠠᠯ ᠤᠨ ᠬᠦᠴᠦᠨ ᠢᠶᠠᠨ ᠴᠢᠩᠭᠠᠷᠠᠭᠤᠯᠬᠤ ᠳᠤ ᠳᠡᠳᠡᠨ ᠢ ᠮᠦᠨ ᠯᠡ ᠪᠠᠰᠠ ᠬᠠᠪᠰᠤᠷᠬᠤ ᠴᠢᠬᠤᠯᠠᠲᠠᠢ ᠪᠠᠶᠢᠨ᠎ᠠ᠃ ᠳᠦᠷᠢᠮ ᠤᠨ ᠴᠢᠨᠠᠷᠲᠠᠶ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠳᠤ ᠥᠷᠲᠡᠭ ᠨᠡᠮᠡᠭᠳᠡᠯ ᠤᠨ ᠭᠠᠶᠢᠯᠢ ᠶᠢᠨ ᠬᠠᠷᠠᠭᠠᠯᠵᠠᠯ ᠦᠵᠡᠭᠦᠯᠬᠦ ᠵᠡᠷᠭᠡ ᠬᠡᠰᠡᠭ ᠱᠠᠲᠤ ᠦᠶᠡᠴᠢ ᠴᠢᠨᠠᠷᠲᠠᠶ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠨ᠂ ᠪᠦᠲᠦᠴᠡ ᠶᠢᠨ ᠴᠢᠨᠠᠷᠲᠠᠶ ᠭᠠᠶᠢᠯᠢ ᠬᠥᠩᠭᠡᠯᠡᠬᠦ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠰᠡᠭ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠠᠴᠠ ᠪᠤᠯᠤᠭᠰᠠᠨ ᠨᠥᠯᠥᠭᠡ ᠶᠢ ᠠᠷᠢᠯᠭᠠᠨ᠎ᠠ᠃ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠡᠭ ᠢ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 10 ᠲᠦᠮᠡᠨ ᠲᠥᠭᠦᠷᠢᠭ ᠪᠠᠶᠢᠭᠰᠠᠨ ᠠᠴᠠ 15 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠲᠤ ᠬᠦᠷᠬᠦ ᠦᠭᠡᠢ ᠬᠡᠰᠡᠭ ᠠᠴᠠ᠂ ᠣᠳᠣ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠠᠰᠢᠭ ᠣᠷᠣᠯᠭ᠎ᠠ ᠶᠢᠨ ᠭᠠᠶᠢᠯᠢ ᠶᠢ ᠳᠠᠬᠢᠭᠠᠳ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ᠡᠯ᠎ᠡ ᠭᠠᠵᠠᠷ ᠤᠨ ᠬᠢᠨ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠳ᠋ᠯᠡᠬᠦ ᠶᠣᠰᠣᠲᠠᠶ ᠪᠠᠨ ᠪᠦᠭᠦᠳᠡ ᠶᠢ ᠡᠳ᠋ᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃    ᠵᠣᠭᠤᠰᠣᠨ ᠤ ᠯᠠᠪᠲᠠᠭᠤᠨ ᠲᠦᠷᠦ ᠶᠢᠨ ᠪᠤᠳᠤᠯᠭ᠎ᠠ ᠶᠢ ᠠᠮᠢᠳᠤᠯᠢᠭ ᠪᠦᠭᠡᠳ ᠨᠠᠷᠢᠯᠢᠭ ᠣᠨᠣᠴᠠᠲᠠᠶ᠂ ᠵᠦᠶ ᠵᠣᠬᠢᠰᠲᠠᠶ ᠪᠦᠭᠡᠳ ᠳᠤᠬᠢᠷᠠᠮᠵᠢᠲᠠᠢ ᠪᠠᠶᠢᠯᠭᠠᠬᠤ ᠬᠡᠷᠡᠭᠲᠡᠶ᠃ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠶᠠᠪᠤᠳᠠᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠶ ᠶᠢ ᠰᠡᠷᠭᠦᠭᠡᠬᠦ ᠪᠠ ᠲᠦᠭᠰᠢᠭᠦᠷᠢ ᠶᠢ ᠰᠡᠷᠭᠡᠶᠢᠯᠡᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠎ᠡ᠃ ᠵᠣᠭᠤᠰ ᠤᠨ ᠬᠠᠨᠭ᠍ᠭᠠᠯᠭ᠎ᠠ ᠶᠢᠨ ᠬᠡᠮᠵᠢᠶ᠎ᠠ ᠪᠠ ᠨᠡᠶᠢᠬᠡᠮ ᠤᠨ ᠪᠡᠯᠡ ᠲᠤᠬᠢᠷᠠᠭᠤᠯᠭ᠎ᠠ ᠶᠢᠨ ᠬᠡᠪᠴᠢᠶ᠎ᠠ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠲᠠᠢ ᠦᠨᠳᠤᠰᠤᠨ ᠳᠡᠭᠡᠨ ᠵᠤᠬᠢᠴᠠᠯᠳᠤᠭᠤᠯᠤᠨ᠂ ᠭᠦᠢᠯᠭᠡᠭᠡᠨ ᠤ ᠴᠢᠨᠠᠷ ᠤᠨ ᠵᠦᠢ ᠵᠤᠬᠢᠰᠲᠠᠢ ᠪᠦᠭᠡᠳ ᠭᠦᠢᠴᠡᠳ ᠲᠡᠭᠦᠯᠳᠡᠷ ᠪᠠᠶᠢᠬᠤ ᠶᠢ ᠪᠠᠲᠤᠯᠠᠵᠤ᠂ ᠬᠤᠷᠸ᠎ᠠ ᠬᠦᠰᠢᠭᠦᠷᠭᠡ ᠶᠢᠨ ᠨᠤᠷᠮ᠎ᠠ ᠶᠢᠨ ᠦᠨᠳᠤᠰᠤᠨ ᠳᠡᠭᠡᠨ ᠲᠤᠭᠳᠠᠭᠤᠨ ᠪᠠᠶᠢᠬᠤ ᠶᠢ ᠪᠠᠳᠤᠯᠠᠨ᠎ᠠ᠃ ᠠᠷᠠᠳ ᠤᠨ ᠵᠤᠭᠤᠰ ᠤᠨ ᠭᠤᠪᠢᠭᠤᠯᠭ᠎ᠠ ᠶᠢᠨ ᠨᠤᠷᠮ᠎ᠠ ᠶᠢ ᠵᠦᠢ ᠵᠤᠬᠢᠰᠳᠠᠢ ᠪᠦᠭᠡᠳ ᠲᠡᠩᠴᠡᠬᠦᠷᠢᠳᠠᠢ ᠲᠦᠪᠰᠢᠨ ᠳᠤ ᠦᠨᠳᠤᠰᠤᠨ ᠳᠡᠭᠡᠨ ᠲᠤᠬᠳᠠᠭᠤᠨ ᠪᠠᠶᠢᠬᠤ ᠶᠢ ᠪᠠᠳᠤᠯᠠᠨ᠎ᠠ᠃ ᠵᠢᠵᠢᠭ ᠪᠢᠴᠢᠯ ᠠᠵᠤ ᠠᠬᠤᠢᠢᠯᠠᠯ ᠤᠨ ᠪᠡᠯᠡ ᠲᠤᠬᠢᠷᠠᠭᠤᠯᠭ᠎ᠠ ᠶᠢᠨ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠢᠢᠳᠪᠤᠷᠢᠯᠡᠨ᠎ᠠ᠃ ᠲᠦᠭᠡᠮᠡᠯ ᠬᠠᠷᠠᠭᠠᠯᠵᠠᠯᠳᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠥᠥ ᠶᠢ ᠬᠤᠶᠢᠰᠢᠯᠠᠭᠤᠯᠣᠨ ᠪᠤᠴᠠᠭᠠᠠ ᠲᠦᠯᠦᠬᠦ ᠲᠥᠷᠥ ᠶᠢᠨ ᠪᠣᠳᠣᠯᠭ᠎ᠠ ᠶᠢ ᠦᠷᠬᠦᠯᠵᠢᠯᠡᠬᠦᠯᠵᠤ᠂ ᠳᠠᠬᠢᠨ ᠵᠢᠭᠡᠯᠡᠯᠭᠡ ᠥᠭᠬᠦ ᠳᠠᠬᠢᠨ ᠰᠠᠭᠤᠳᠬᠠᠯ ᠲᠠᠢ ᠪᠡᠯᠡᠨ ᠵᠣᠭᠤᠰ ᠰᠣᠯᠢᠬᠤ ᠪᠠᠷ ᠲᠦᠭᠡᠮᠡᠯ ᠬᠠᠷᠠᠭᠠᠯᠵᠠᠯᠲᠤ ᠮᠦᠡᠭᠬᠦᠨ ᠬᠦᠢᠯᠭᠡᠭᠡ ᠶᠢ ᠲᠡᠮᠵᠢᠬᠦ ᠡᠷᠴᠢᠮ ᠢ ᠴᠢᠩᠭᠠᠷᠠᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠵᠠᠷᠤᠳᠠᠯ ᠢ ᠪᠠᠭᠤᠷᠠᠭᠤᠯᠬᠤ ᠳᠤ ᠱᠠᠩᠨᠡᠯ ᠨᠦᠬᠦᠪᠤᠷᠢ ᠤᠯᠭᠤᠬᠤ ᠲᠥᠷᠥ ᠶᠢᠨ ᠪᠣᠳᠣᠯᠭ᠎ᠠ ᠶᠢᠨ ᠭᠡᠷᠡᠭᠵᠢᠬᠦᠯᠬᠦ ᠬᠤᠭᠤᠴᠠᠭ᠎ᠠ ᠶᠢ ᠤᠷᠳᠤᠳᠬᠠᠵᠤ᠂ ᠵᠢᠭᠡᠯᠡᠯᠭᠡ ᠶᠢᠨ ᠳᠦᠭᠰᠢᠬᠦᠷᠢ ᠶᠢ ᠬᠤᠪᠢᠶᠠᠨ ᠡᠬᠦᠷᠭᠡᠯᠡᠵᠤ ᠨᠦᠬᠦᠪᠤᠷᠢᠯᠡᠬᠦ ᠲᠤᠬᠳᠠᠴᠠ ᠶᠢ ᠲᠡᠬᠦᠯᠳᠡᠷᠵᠢᠬᠦᠯᠤᠨ᠎ᠠ᠃ ᠢᠳᠡᠭᠡᠮᠵᠢ ᠶᠢᠨ ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ ᠠᠯᠬᠤᠴᠠ ᠶᠢ ᠲᠦᠷᠭᠡᠳᠭᠡᠨ᠎ᠠ᠃ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠢᠨᠠᠨ ᠰᠢᠯᠭᠠᠬᠤ᠂ ᠦᠨᠡᠯᠡᠬᠦ ᠪᠠ ᠲᠤᠰᠢᠶᠡᠯ ᠬᠠᠷᠢᠭᠤᠴᠠᠯᠭ᠎ᠠ ᠪᠠᠨ ᠬᠦᠢᠴᠡᠳᠭᠡᠭᠰᠡᠳ ᠢ ᠬᠠᠷᠢᠭᠤᠴᠠᠯᠭ᠎ᠠ ᠠᠴᠠ ᠬᠡᠯᠳᠤᠷᠢᠬᠦᠯᠬᠦ ᠲᠦᠷᠢᠮ ᠢ ᠲᠡᠬᠦᠯᠳᠡᠷᠵᠢᠬᠦᠯᠦᠨ᠎ᠠ᠃ ᠪᠠᠩᠬᠢ ᠶᠢᠨ ᠢᠲᠡᠭᠡᠮᠵᠢᠲᠦ ᠵᠢᠭᠡᠯᠡᠯᠭᠡ ᠪᠠᠨ ᠥᠷᠭᠡᠳᠬᠡᠨ᠂ ᠠᠩᠬ᠎ᠠ ᠵᠢᠭᠡᠯᠡᠯᠭᠡ ᠠᠪᠬᠤ ᠡᠷᠦᠬᠡ ᠶᠢ ᠦᠷᠭᠦᠯᠵᠢᠯᠡᠨ ᠨᠡᠮᠡᠭᠳᠡᠭᠦᠯᠬᠦ ᠶᠢ ᠬᠦᠳᠤᠯᠤᠨ ᠵᠢᠯᠤᠭᠤᠳᠴᠤ᠂ ᠭᠡᠵᠢᠶ᠎ᠠ ᠴᠤ ᠵᠢᠭᠡᠯᠡᠵᠤ ᠭᠡᠵᠢᠶ᠎ᠠ ᠴᠤ ᠪᠤᠴᠠᠭᠠᠵᠤ ᠪᠤᠯᠬᠤ ᠵᠢᠭᠡᠯᠡᠯᠭᠡ ᠶᠢ ᠲᠡᠯᠭᠡᠷᠡᠬᠦᠯᠤᠨ᠂ ᠪᠡᠯᠡ ᠮᠦᠡᠭᠬᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠤᠯᠳᠠ᠂ ᠨᠤᠭᠤᠭᠠᠨ ᠬᠥᠭᠵᠢᠯᠲᠡ ᠲᠡᠶᠢᠰᠢ ᠨᠡᠩ ᠢᠯᠡᠬᠦᠦ ᠲᠦᠪᠯᠡᠷᠡᠬᠦᠯᠤᠨ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠲᠠᠶᠢᠰᠢ ᠨᠡᠩ ᠢᠯᠡᠬᠦᠦ ᠲᠦᠪᠯᠡᠷᠡᠬᠦᠯᠵᠤ᠂ ᠬᠢᠵᠢᠭ ᠤᠨ ᠪᠠᠶᠢᠳᠠᠯ ᠳᠤ ᠦᠷᠭᠦᠯᠵᠢᠯᠡᠨ ᠨᠥᠯᠥᠭᠡᠯᠡᠭᠳᠡᠭᠰᠡᠨ ᠠᠵᠢᠯ ᠲᠥᠷᠥᠯ ᠤᠨ ᠠᠵᠤ ᠠᠬᠤᠶᠢᠯᠠᠯ ᠳᠤ ᠬᠠᠨᠳᠤᠯᠭᠠᠳᠤ ᠳᠡᠮᠵᠢᠯᠭᠡ ᠦᠵᠡᠭᠦᠯᠤᠨ᠎ᠠ᠃ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ 30% ᠠᠴᠠ ᠳᠡᠭᠡᠭᠰᠢ ᠨᠡᠮᠡᠭᠳᠡᠭᠦᠯᠦᠨ᠎ᠡ᠃ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠦᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠮᠦᠡᠭᠬᠦ ᠲᠦᠯᠦᠬᠦ ᠭᠠᠷ ᠭᠦᠢᠴᠡᠳᠬᠡᠯ ᠤᠨ ᠵᠠᠷᠤᠳᠠᠯ ᠢ ᠵᠣᠬᠢᠰᠲᠠᠶ ᠪᠠᠷ ᠪᠠᠭᠤᠷᠠᠭᠤᠯᠤᠨ᠎ᠠ᠃ ᠬᠠᠳᠠᠭᠠᠯᠠᠮᠵᠢ ᠶᠢᠨ ᠬᠦᠤ ᠮᠥᠩᠭᠦ ᠶᠢᠨ ᠨᠤᠷᠮ᠎ᠠ ᠶᠢᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠵᠦ᠂ ᠪᠣᠳᠠᠲᠠᠶ ᠵᠢᠭᠡᠯᠡᠯᠭᠡ ᠶᠢᠨ ᠬᠦᠤ ᠮᠥᠩᠭᠦ ᠶᠢᠨ ᠨᠤᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠪᠤᠳᠠᠳᠤ ᠴᠤᠭᠴᠠ ᠶᠢᠨ ᠠᠵᠤ ᠠᠬᠤᠢ ᠳᠤ ᠠᠰᠢᠭ ᠣᠯᠭᠤᠬᠤ ᠶᠢ ᠦᠷᠭᠦᠯᠵᠢᠯᠡᠨ ᠬᠥᠲᠥᠯᠥᠨ ᠵᠢᠯᠣᠭᠤᠳᠤᠨ᠎ᠠ᠃ ᠡᠨᠡ ᠵᠢᠯ ᠡᠷᠬᠡᠪᠰᠢ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢ ᠨᠡᠩ ᠲᠦᠬᠦᠮ ᠪᠤᠯᠭᠠᠵᠤ᠂ ᠪᠡᠯᠡ ᠲᠤᠬᠢᠷᠠᠭᠤᠯᠭ᠎ᠠ ᠶᠢᠨ ᠶᠡᠷᠤᠩᠭᠡᠶᠢᠯᠡᠭᠰᠡᠨ ᠥᠪᠡᠷ ᠤᠨ ᠦᠷᠳᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠬᠡᠷᠡᠭᠲᠡᠢ᠃    ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠦᠴᠦ ᠪᠠᠨ ᠲᠥᠪᠯᠡᠷᠡᠭᠦᠯᠦᠨ ᠦᠷ᠎ᠡ ᠪᠦᠳᠤᠮᠵᠢ ᠶᠢ ᠨᠢ ᠨᠡᠮᠡᠭᠳᠡᠭᠦᠯᠤᠨ᠎ᠠ᠃ ᠣᠳᠣ ᠪᠠᠶᠢᠭ᠎ᠠ ᠠᠵᠢᠯ ᠤᠨ ᠪᠠᠶᠢᠷᠢ ᠶᠢ ᠬᠦᠴᠦᠯᠡᠨ ᠲᠣᠭᠲᠠᠪᠤᠷᠢᠵᠢᠭᠤᠯᠵᠤ᠂ ᠠᠵᠢᠯᠲᠠᠨ ᠢᠶᠠᠨ ᠬᠠᠰᠤᠬᠰᠠᠨ ᠦᠭᠡᠢ ᠪᠤᠶᠤ ᠠᠵᠢᠯᠳᠠᠨ ᠢᠶᠠᠨ ᠴᠦᠭᠡᠨ ᠬᠠᠰᠤᠬᠰᠠᠨ ᠠᠵᠤ ᠠᠬᠤᠶᠢᠯᠠᠯ ᠳᠤ ᠦᠷᠬᠦᠯᠵᠢᠯᠠᠨ ᠡᠳ᠋ ᠤᠨ ᠵᠠᠰᠠᠭ ᠭᠠᠶᠢᠯᠢ ᠲᠠᠳᠠᠪᠤᠷᠢ ᠪᠠ ᠮᠥᠩᠭᠦᠨ ᠭᠦᠢᠯᠭᠡᠭᠡ ᠵᠡᠷᠭᠡ ᠶᠢᠨ ᠴᠢᠬᠤᠯᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠬᠦᠯᠤᠨ᠎ᠠ᠃ ᠠᠵᠢᠯ ᠠᠯᠳᠠᠯᠳᠠ ᠪᠠ ᠠᠵᠢᠯ ᠠᠴᠠ ᠪᠤᠯᠤᠭᠰᠠᠨ ᠭᠡᠮᠳᠤᠯ ᠤᠨ ᠲᠠᠭᠠᠳᠬᠠᠯ ᠤᠨ ᠵᠠᠷᠤᠳᠠᠯ ᠤᠨ ᠨᠤᠷᠮ᠎ᠠ ᠶᠢ ᠦᠷᠭᠦᠯᠵᠢᠯᠡᠨ ᠪᠠᠭᠤᠷᠠᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠢ ᠪᠤᠴᠠᠭᠠᠬᠤ ᠵᠡᠷᠭᠡ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠱᠠᠲᠤ ᠦᠶᠡᠴᠢ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠬᠦ ᠬᠡᠪᠴᠢᠶ᠎ᠡ ᠶᠢ ᠥᠷᠭᠡᠳᠬᠡᠵᠦ᠂ ᠠᠵᠢᠯ ᠤᠯᠭᠤᠬᠤ ᠪᠠᠷ ᠪᠤᠯᠪᠠᠰᠤᠷᠠᠭᠤᠯᠤᠯ ᠢ ᠤᠷᠤᠯᠠᠭᠤᠯᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠨ᠎ᠠ᠃ ᠵᠠᠬ᠎ᠠ ᠳᠡᠯᠭᠡᠭᠦᠷᠴᠢᠯᠡᠭᠰᠡᠨ ᠠᠵᠢᠯ ᠤᠯᠭᠤᠬᠤ ᠠᠷᠭ᠎ᠠ ᠵᠠᠮ ᠢ ᠥᠷᠭᠡᠳᠬᠡᠵᠦ᠂ ᠠᠳᠠᠯ ᠤᠢᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ᠃ ᠠᠵᠢᠯ ᠣᠯᠭᠤᠬᠤ ᠨᠦᠬᠦᠴᠡᠯ ᠱᠠᠭᠠᠷᠳᠠᠯᠭ᠎ᠠ ᠶᠢ ᠪᠠᠭᠤᠷᠠᠭᠤᠯᠬᠤ ᠶᠢ ᠠᠬᠢᠭᠤᠯᠵᠤ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠢ ᠬᠥᠳᠡᠯᠦᠩᠭᠦᠶ ᠪᠠᠷ ᠰᠢᠯᠢᠳᠡᠭᠵᠢᠭᠦᠯᠵᠦ᠂ ᠭᠡᠰᠡᠭ ᠵᠦᠪᠰᠢᠶᠡᠷᠡᠯ ᠤᠨ ᠲᠦᠷᠦᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠠᠬᠢ ᠠᠵᠢᠯᠯᠠᠬᠤ ᠵᠢᠯ ᠬᠤᠭᠤᠴᠠᠭ᠎ᠠ ᠶᠢᠨ ᠲᠤᠬᠠᠢ ᠱᠠᠭᠠᠷᠳᠠᠯᠭ᠎ᠠ ᠶᠢ ᠪᠠᠭᠤᠷᠠᠭᠤᠯᠬᠤ ᠪᠤᠶᠤ ᠬᠦᠴᠦᠨ ᠦᠭᠡᠢ ᠪᠣᠯᠭᠠᠨ᠎ᠠ᠃ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠳᠡᠮᠵᠢᠬᠦ ᠪᠠ ᠵᠢᠷᠤᠮᠵᠢᠭᠤᠯᠤᠨ ᠬᠦᠭᠵᠢᠬᠦᠯᠵᠤ᠂ ᠠᠵᠢᠯ ᠮᠡᠷᠭᠡᠵᠢᠯ ᠤᠨ ᠬᠥᠨᠥᠭᠡᠯ ᠤᠨ ᠪᠠᠲᠤᠯᠠᠭ᠎ᠠ ᠶᠢᠨ ᠲᠤᠷᠰᠢᠯᠲᠠ ᠶᠢ ᠲᠦᠷᠭᠡᠯᠡᠨ ᠠᠬᠢᠭᠤᠯᠤᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠲᠤ ᠦᠷᠬᠦᠯᠵᠢᠯᠠᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠵᠤ᠂ ᠠᠵᠢᠯ ᠣᠯᠤᠭᠰᠠᠨ ᠭᠠᠵᠠᠷ ᠲᠠᠭᠠᠨ ᠨᠡᠶᠢᠬᠡᠮ ᠤᠨ ᠳᠠᠭᠠᠳᠬᠠᠯ ᠳᠤ ᠤᠷᠤᠬᠤ ᠡᠷᠦᠬᠡ ᠠᠮᠠ ᠶᠢᠨ ᠬᠢᠵᠠᠭᠠᠷᠯᠠᠯ ᠢ ᠦᠭᠡᠶᠢᠰᠭᠡᠬᠦ ᠶᠢ ᠠᠬᠢᠭᠤᠯᠤᠨ᠎ᠠ᠃ ᠶᠡᠭᠡ ᠳᠡᠭᠡᠳᠤ ᠰᠤᠷᠭᠠᠭᠤᠯᠢ ᠲᠡᠭᠦᠰᠦᠭᠰᠡᠨ ᠰᠤᠷᠤᠬᠴᠢ᠂ ᠴᠡᠷᠢᠭ ᠤᠨ ᠠᠯᠪᠠ ᠠᠴᠠ ᠪᠠᠭᠤᠭᠰᠠᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠠᠮᠳᠣᠯᠢᠭ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠤ᠂ ᠵᠡᠮᠳᠡᠭᠴᠦᠳ᠂ ᠠᠵᠢᠯ ᠣᠯᠤᠭᠰᠠᠨ ᠬᠦᠮᠤᠨ ᠦᠭᠡᠢ ᠭᠡᠷ ᠪᠦᠯᠢ ᠶᠢᠨ ᠪᠦᠷᠢᠯᠳᠦᠬᠦᠨ ᠵᠡᠷᠭᠡ ᠬᠦᠴᠢᠷᠳᠡᠯ ᠲᠠᠢ ᠬᠥᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠤᠨ᠂ ᠠᠵᠢᠯ ᠠᠯᠳᠠᠭᠰᠠᠳ ᠤᠨ ᠲᠠᠬᠢᠨ ᠠᠵᠢᠯ ᠣᠯᠬᠤ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠡᠯᠡ ᠮᠥᠩᠭᠦ ᠶᠢᠨ ᠬᠡᠷᠡᠭᠯᠡᠬᠦ ᠭᠡᠪᠴᠢᠶ᠎ᠠ ᠶᠢ ᠥᠷᠭᠡᠳᠬᠡᠵᠦ᠂ ᠶᠡᠭᠡ ᠬᠡᠪᠴᠢᠶᠠᠨ ᠤ ᠪᠠ ᠣᠯᠠᠨ ᠳᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢ ᠨᠡᠮᠡᠵᠤ ᠡᠯᠰᠡᠬᠦ ᠭᠤᠷᠪᠠᠨ ᠵᠢᠯ ᠤᠨ ᠠᠵᠢᠯᠯᠠᠭ᠎ᠠ ᠶᠢᠨ ᠬᠠᠷᠠᠯᠲᠠ ᠶᠢ ᠪᠡᠶᠡᠯᠡᠭᠦᠯᠵᠦ᠂ ᠨᠢᠭᠡ ᠪᠦᠯᠦᠭ ᠦᠨᠳᠤᠷ ᠤᠷ᠎ᠠ ᠴᠢᠳᠠᠪᠤᠷᠢ ᠲᠠᠢ ᠴᠢᠳᠠᠪᠤᠷᠢᠳᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠠᠵᠢᠯ ᠤᠯᠭᠤᠬᠤ ᠤᠯᠠᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠵᠥ᠂ ᠠᠵᠢᠯ ᠣᠯᠭᠤᠬᠤ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠠᠵᠢᠯ ᠣᠯᠭᠤᠯᠲᠠ ᠶᠢᠨ ᠲᠤᠰᠬᠠᠶ ᠨᠥᠬᠦᠪᠥᠷᠢ ᠵᠡᠷᠭᠡ ᠪᠡᠯᠡ ᠮᠥᠩᠭᠦ ᠶᠢ ᠬᠡᠷᠡᠭᠯᠡᠵᠦ᠂ ᠡᠯ᠎ᠡ ᠲᠥᠷᠥᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ᠂ ᠴᠢᠳᠠᠪᠤᠷᠢᠲᠠᠨ ᠤ ᠵᠠᠬ᠎ᠠ ᠳᠡᠯᠭᠡᠭᠦᠷ᠂ ᠰᠤᠯᠠ ᠠᠵᠢᠯ ᠬᠢᠭᠰᠡᠳ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠵᠢᠯ ᠣᠯᠭᠤᠬᠤ ᠠᠷᠭ᠎ᠠ ᠵᠠᠮ ᠢ ᠦᠷᠭᠡᠳᠭᠡᠨ᠂ ᠬᠦᠰᠡᠯ ᠲᠠᠢ ᠴᠢᠳᠠᠪᠤᠷᠢ ᠲᠠᠢ ᠬᠦᠮᠤᠨ ᠳᠤ ᠡᠷᠬᠡ ᠲᠡᠭᠰᠢ ᠪᠠᠷ ᠠᠵᠢᠯ ᠣᠯᠬᠤ ᠲᠣᠬᠢᠶᠠᠯ ᠢ ᠨᠠᠩ ᠣᠯᠠᠨ ᠡᠭᠦᠳᠴᠦ ᠥᠭᠭᠦᠨ᠎ᠡ᠃    ︵ᠬᠤᠶᠠᠷ︶ ᠭᠤᠤᠯᠳᠠᠯᠭ᠎ᠠ ᠲᠠᠢ ᠬᠦᠷᠢᠶᠠᠨ ᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠬ᠎ᠠ ᠲᠡᠯᠭᠡᠬᠦᠷ ᠤᠨ ᠪᠡᠶᠡᠴᠢ ᠴᠤᠭᠴᠠ ᠶᠢᠨ ᠠᠮᠢᠳᠤᠯᠢᠭ ᠬᠥᠴᠤᠨ ᠢ ᠨᠠᠩ ᠶᠡᠭᠡ ᠪᠠᠷ ᠬᠥᠭᠵᠢᠭᠡᠨ᠎ᠡ᠃ ᠠᠵᠤ ᠠᠬᠤᠶᠢᠯᠠᠯ ᠢ ᠬᠠᠪᠰᠤᠷᠤᠨ ᠬᠥᠴᠢᠷᠳᠠᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠩ ᠬᠥᠭᠵᠢᠶᠡᠨ ᠲᠠᠢ ᠨᠡᠩ ᠪᠦᠲᠦᠭᠡᠯᠴᠢ ᠬᠦᠴᠦᠨ ᠲᠠᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠤᠨ᠎ᠠ᠃    ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠬᠤᠪᠢᠷᠠᠭᠤᠯᠤᠨ᠎ᠠ᠃ ᠡᠬᠢ ᠪᠠᠶᠠᠯᠢᠭ ᠤᠨ ᠲᠤᠬᠢᠷᠠᠭᠤᠯᠤᠯᠳᠠ ᠳᠤ ᠦᠵᠡᠬᠦᠯᠬᠦ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠴᠢᠷᠮᠠᠶᠢᠯᠳᠠ ᠲᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠤᠨ᠎ᠠ ᠃ ᠵᠠᠬ᠎ᠠ ᠲᠡᠯᠭᠡᠬᠦᠷ ᠲᠤ ᠤᠷᠤᠬᠤ ᠵᠦᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠥᠮᠴᠢᠯᠡᠬᠦ ᠡᠷᠬᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠬᠦᠯᠤᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠬᠰᠠᠨ᠂ ᠤᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠲᠦᠷᠭᠡᠯᠡᠨ ᠪᠣᠢ ᠪᠣᠯᠭᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦᠳᠠ ᠶᠢ ᠲᠤᠳᠤᠷᠬᠠᠢ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠤᠨ᠎ᠠ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠰᠠᠨ ᠬᠢᠨᠠᠨ ᠵᠥᠪᠰᠢᠶᠡᠷᠡᠯ ᠤᠨ ᠭᠤᠭᠴᠤᠭ᠎ᠠ ᠶᠢ ᠴᠦᠭᠡᠳᠭᠡᠬᠦ᠂ ᠮᠠᠲ᠋ᠧᠷᠢᠶᠠᠯ ᠢ ᠬᠠᠰᠤᠬᠤ᠂ ᠴᠠᠭ ᠬᠤᠭᠤᠴᠠᠭ᠎ᠠ ᠶᠢ ᠪᠤᠭᠤᠨᠢᠰᠬᠠᠬᠤ ᠶᠢ ᠶᠡᠭᠡ ᠪᠠᠷ ᠠᠬᠢᠭᠤᠯᠤᠨ᠎ᠠ᠃ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠤᠬᠤᠷᠢᠨ ᠭᠠᠷᠬᠤ ᠲᠤᠭᠳᠠᠴᠠ ᠶᠢ ᠲᠡᠬᠦᠯᠳᠡᠷᠵᠢᠬᠦᠯᠵᠥ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠩᠰᠠᠨ ᠠᠴᠠ ᠬᠠᠰᠤᠭᠤᠯᠬᠤ ᠳᠦᠬᠦᠮ ᠳᠦᠷᠢᠮ ᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠦᠢᠯᠡᠳᠬᠦᠨ ᠤ ᠵᠦᠪᠰᠢᠶᠡᠷᠡᠨ ᠤᠷᠤᠭᠤᠯᠬᠤ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠮᠠᠰᠢᠨ ᠲᠡᠷᠭᠡ᠂ ᠡᠯᠧᠺᠳ᠋ᠷᠣᠨ ᠴᠠᠬᠢᠯᠭᠠᠨ ᠬᠡᠷᠡᠭᠰᠡᠯ ᠵᠡᠷᠭᠡ ᠠᠵᠢᠯ ᠲᠥᠷᠥᠯ ᠤᠨ ᠦᠢᠯᠡᠳᠪᠦᠷᠢᠯᠡᠯ ᠤᠨ ᠤᠷᠤᠬᠤ ᠵᠦᠪᠰᠢᠶᠡᠷᠡᠯ ᠪᠠ ᠭᠦᠢᠯᠭᠡᠭᠡᠨ ᠤ ᠬᠠᠮᠢᠶᠠᠷᠤᠯᠲᠠ ᠶᠢᠨ ᠪᠦᠬᠦ ᠶᠠᠪᠤᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢᠨ ᠴᠢᠬᠤᠯᠠ ᠪᠦᠬᠦᠢ ᠪᠠᠲᠤᠯᠠᠭ᠎ᠠ ᠪᠣᠯᠭᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠬᠤ ᠪᠤᠶᠤ ᠳᠣᠷᠣᠭᠰᠢ ᠪᠠᠭᠤᠯᠭᠠᠬᠤ ᠲᠤᠬᠠᠢ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠱᠠᠳᠤ ᠲᠥᠷᠥᠯ ᠬᠤᠪᠢᠶᠠᠨ ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠬᠦᠯᠤᠨ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠶᠡᠭᠡ ᠪᠠᠷ ᠬᠡᠷᠡᠭᠵᠢᠭᠦᠯᠵᠦ᠂ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠤᠨ᠂ ᠢᠲᠡᠭᠡᠯ ᠠᠯᠳᠠᠭᠰᠠᠳ ᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠵᠤ᠂ ᠲᠥᠪ ᠭᠤᠤᠯᠴᠢ ᠬᠢᠨᠠᠯᠲᠠ ᠬᠠᠮᠢᠶᠠᠷᠤᠯᠲᠠ ᠪᠠᠷ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ ᠶᠢ ᠠᠬᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠡᠯᠧᠺᠳ᠋ᠷᠣᠨ ᠭᠡᠷᠡᠴᠢ ᠦᠨᠡᠮᠯᠡᠯ ᠤᠨ ᠬᠡᠷᠡᠭᠯᠡᠯᠲᠠ ᠶᠢᠨ ᠬᠦᠷᠢᠶ᠎ᠡ ᠶᠢ ᠥᠷᠭᠡᠳᠬᠡᠬᠦ ᠪᠠ ᠪᠥᠬᠦ ᠤᠯᠤᠰ ᠲᠤ ᠬᠠᠷᠢᠯᠴᠠᠨ ᠨᠡᠪᠲᠡᠷᠡᠵᠦ ᠬᠠᠷᠢᠯᠴᠠᠨ ᠮᠡᠳᠡᠷᠡᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠨᠠᠩ ᠣᠯᠠᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠭᠠᠷ ᠤᠳᠠᠰᠤᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠪᠣᠯᠤᠨ ᠤᠯᠠᠨ ᠲᠦᠮᠡᠨ ᠤ ᠦᠷᠭᠦᠯᠵᠢ ᠬᠦᠢᠴᠡᠳᠭᠡᠳᠡᠭ ᠵᠦᠢᠯᠡᠰ ᠢ ︽ᠮᠤᠵᠢ ᠠᠯᠤᠰᠯᠠᠨ ᠬᠦᠢᠴᠡᠳᠭᠡᠵᠤ ᠪᠤᠯᠬᠤ︾ ᠶᠢ ᠡᠨᠡ ᠵᠢᠯ ᠦᠨᠳᠦᠰᠦᠨ ᠳᠡᠭᠡᠨ ᠪᠡᠶᠡᠯᠡᠭᠦᠯᠤᠨ᠎ᠠ᠃    ᠥᠭᠡᠷᠡᠴᠢᠯᠡᠯᠲᠡ ᠬᠢᠬᠦ ᠠᠷᠭ᠎ᠠ ᠪᠠᠷ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ᠂ ᠵᠠᠮ ᠬᠠᠷᠢᠯᠴᠠᠭ᠎ᠠ᠂ ᠴᠠᠬᠢᠯᠭᠠᠨ ᠬᠤᠯᠪᠣᠭ᠎ᠠ ᠵᠡᠷᠭᠡ ᠰᠠᠭᠤᠷᠢ ᠴᠢᠨᠠᠷᠲᠠᠶ ᠠᠵᠢᠯ ᠲᠦᠷᠦᠯ ᠤᠨ ᠥᠭᠡᠷᠡᠴᠢᠯᠡᠯᠲᠡ ᠶᠢ ᠠᠬᠢᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠤᠨ᠂ ᠰᠦᠢᠳᠬᠡᠯ ᠬᠤᠷᠢᠶᠠᠬᠤ ᠲᠦᠪᠰᠢᠨ ᠢ ᠪᠠᠭᠤᠷᠠᠭᠤᠯᠤᠨ᠎ᠠ᠃ ᠪᠤᠢ ᠪᠦᠬᠦᠢ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠳᠤ ᠣᠷᠣᠯᠴᠠᠬᠤ ᠶᠢ ᠵᠥᠪᠰᠢᠶᠡᠷᠡᠵᠦ᠂ ᠴᠠᠬᠢᠯᠭᠠᠨ ᠤ ᠦᠨ᠎ᠠ ᠶᠢ ᠵᠦᠶ ᠵᠣᠬᠢᠰ ᠦᠭᠡᠢ ᠨᠡᠮᠡᠬᠦ ᠶᠠᠪᠤᠳᠠᠯ ᠢ ᠤᠯᠠᠮ ᠨᠢᠭᠡ ᠠᠯᠬᠤᠮ ᠴᠡᠪᠡᠷᠯᠡᠵᠤ᠂ ᠡᠩ ᠤᠨ ᠦᠢᠯᠡᠳᠪᠦᠷᠢ ᠬᠤᠳᠠᠯᠳᠤᠭᠠᠨ ᠤ ᠤᠢᠢᠯᠡᠰ ᠤᠨ ᠴᠠᠬᠢᠯᠭᠠᠨ ᠤ ᠦᠨ᠎ᠡ ᠶᠢ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠥᠷᠭᠡᠨ ᠪᠦᠰᠡᠳᠦ ᠰᠦᠯᠵᠢᠶ᠎ᠡ ᠪᠠ ᠲᠤᠰᠬᠠᠶ ᠱᠤᠭᠤᠮ ᠤᠨ ᠳᠤᠮᠳᠠᠴᠢ ᠵᠠᠷᠤᠳᠠᠯ ᠢ ᠳᠠᠬᠢᠨ 10% ᠪᠠᠷ ᠪᠠᠭᠤᠷᠠᠭᠤᠯᠤᠨ᠎ᠠ᠃ ᠳᠡᠭᠡᠳᠦ ᠬᠤᠷᠳᠤᠴᠠᠲᠤ ᠵᠠᠰᠠᠮᠠᠯ ᠵᠠᠮ ᠤᠨ ᠵᠦᠷᠢᠶᠡᠵᠢᠬᠦᠯᠤᠨ ᠰᠦᠢᠳᠬᠡᠯ ᠬᠤᠷᠢᠶᠠᠬᠤ ᠶᠢ ᠪᠦᠬᠦ ᠲᠠᠯ᠎ᠠ ᠪᠠᠷ ᠳᠡᠯᠬᠡᠷᠡᠬᠦᠯᠵᠦ᠂ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠠᠷᠰᠢᠯᠠᠵᠤ ᠪᠠᠶᠢᠭ᠎ᠠ ᠤᠢᠡᠳᠦᠷ ᠤᠨ ᠭᠡᠮᠵᠢᠶ᠎ᠠ᠂ ᠤᠢᠷᠭᠡᠠ ᠤ ᠭᠡᠮᠵᠢᠶ᠎ᠠ ᠶᠢ ᠬᠢᠵᠠᠭᠠᠷᠯᠠᠬᠤ ᠵᠠᠮ ᠤᠨ ᠲᠦᠬᠦᠭᠡᠷᠦᠮᠵᠢ ᠪᠠ ᠪᠠᠶᠢᠴᠠᠭᠠᠯᠲᠠ ᠶᠢᠨ ᠪᠤᠭᠤᠮᠲᠠ ᠴᠡᠭ ᠢ ᠡᠷᠡᠰ ᠴᠡᠭᠴᠡᠯᠡᠨ ᠵᠠᠰᠠᠨ᠎ᠠ᠃ ᠭᠠᠷᠠᠮ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠢ ᠬᠦᠴᠦᠨ ᠥᠬᠡᠶ ᠪᠣᠯᠭᠠᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠠᠭᠠᠷ ᠤᠨ ᠠᠶᠠᠯᠠᠯ ᠤᠨ ᠺᠣᠮᠫᠠᠨᠢ ᠶᠢᠨ ᠲᠠᠲᠠᠪᠤᠷᠢᠯᠠᠬᠤ ᠪᠠᠷᠢᠮᠵᠢᠶ᠎ᠠ ᠶᠢ 20% ᠪᠠᠷ ᠪᠠᠭᠤᠷᠠᠭᠤᠯᠤᠨ᠎ᠠ᠃ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠭᠠᠵᠠᠷ ᠣᠷᠣᠨ ᠤ ᠬᠢᠨ ᠤ ᠤᠯᠤᠰ ᠤᠨ ᠥᠮᠴᠢᠯᠡᠯ ᠤᠨ ᠭᠡᠷ ᠪᠠᠶᠢᠰᠢᠩ ᠢ ᠲᠦᠷᠢᠶᠡᠰᠦᠯᠡᠵᠤ ᠪᠠᠶᠢᠭ᠎ᠠ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠶᠢ ᠵᠣᠷᠢᠬᠵᠢᠭᠤᠯᠤᠨ᠎ᠠ᠃ ᠡᠯ᠎ᠡ ᠲᠥᠷᠥᠯ ᠤᠨ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡᠨ ᠤ ᠨᠥᠬᠦᠴᠡᠯ᠂ ᠶᠠᠪᠤᠴᠠ᠂ ᠴᠠᠭ ᠬᠤᠭᠤᠴᠠᠭ᠎ᠠ ᠪᠠ ᠰᠦᠢᠳᠬᠡᠯ ᠬᠤᠷᠢᠶᠠᠬᠤ ᠪᠠᠷᠢᠮᠵᠢᠶ᠎ᠠ ᠪᠠᠨ ᠢᠯᠡ ᠪᠣᠯᠭᠠᠬᠤ ᠶᠢ ᠠᠬᠢᠭᠤᠯᠤᠨ᠎ᠠ᠃ ᠭᠠᠶᠢᠯᠢ ᠶᠢᠨ ᠪᠤᠰᠤ ᠣᠷᠣᠯᠭ᠎ᠠ ᠶᠢᠨ ᠵᠦᠶ ᠵᠣᠬᠢᠰ ᠦᠭᠡᠢ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠲᠡᠰᠬᠡᠨ ᠨᠤᠬᠳᠠᠭᠤᠯᠬᠤ ᠶᠢ ᠴᠢᠩᠭ᠎ᠠ ᠴᠡᠭᠴᠡᠯᠡᠨ ᠵᠠᠰᠠᠬᠤ ᠬᠡᠷᠡᠭᠳᠠᠢ᠂ ᠠᠷᠠᠳ ᠢ ᠲᠦᠢᠪᠡᠬᠡᠨ ᠠᠰᠢᠭ ᠬᠤᠨᠵᠢᠵᠤ ᠪᠤᠯᠬᠤ ᠦᠬᠡᠢ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠠᠨᠠᠭ᠎ᠠ ᠠᠮᠤᠷ ᠡᠵᠡᠩᠨᠡᠬᠦᠯᠦᠨ᠂ ᠲᠡᠭᠡᠭᠡᠷ᠎ᠠ ᠲᠠᠷᠤᠭᠠᠰᠤ ᠦᠭᠡᠢ ᠪᠠᠷ ᠤᠷᠤᠭᠰᠢᠯᠠᠭᠤᠯᠬᠤ ᠭᠡᠷᠡᠭᠳᠠᠢ᠃    ᠤᠯᠠᠨ ᠲᠦᠷᠦᠯ ᠤᠨ ᠥᠮᠴᠢᠯᠡᠯ ᠤᠨ ᠠᠵᠤ ᠠᠬᠤᠶ ᠶᠢᠨ ᠬᠠᠮᠲᠤ ᠪᠠᠷ ᠬᠥᠭᠵᠢᠬᠦ ᠶᠢ ᠠᠬᠢᠭᠤᠯᠤᠨ᠎ᠠ᠃ ᠨᠡᠶᠢᠭᠡᠮ ᠵᠢᠷᠤᠮ ᠤᠨ ᠠᠵᠤ ᠠᠬᠤᠶ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠨᠡᠶᠢᠲᠡ ᠶᠢᠨ ᠥᠮᠴᠢᠯᠡᠯ ᠤᠨ ᠠᠵᠤ ᠠᠬᠤᠶ ᠶᠢ ᠡᠷᠡᠰ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠵᠣᠷᠢᠬᠵᠢᠭᠤᠯᠤᠨ᠂ ᠳᠡᠮᠵᠢᠵᠦ᠂ ᠬᠥᠲᠥᠯᠥᠨ ᠵᠢᠯᠣᠭᠤᠳᠤᠨ᠎ᠠ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠣᠯ ᠴᠥᠮ ᠤᠯᠤᠰ ᠤᠷᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠭᠴᠢ ᠮᠥᠨ᠂ ᠲᠡᠳᠡᠨ ᠳᠤ ᠨᠢᠭᠡ ᠯᠡ ᠠᠳᠠᠯᠢ ᠪᠠᠷ ᠬᠠᠨᠳᠤᠵᠤ᠂ ᠡᠷᠬᠡ ᠲᠡᠭᠰᠢ ᠪᠠᠷ ᠬᠠᠨᠳᠤᠬᠤ ᠬᠡᠷᠡᠭᠲᠡᠶ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮᠲᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠬᠠᠷᠰᠢ ᠰᠠᠭᠠᠳ ᠢ ᠠᠷᠢᠯᠭᠠᠨ᠎ᠠ᠃ ᠳᠤᠮᠳᠠ ᠪᠠᠭ᠎ᠠ ᠠᠵᠤ ᠠᠬᠤᠢᠢᠯᠠᠯ ᠤᠨ ᠳᠠᠩᠰᠠ ᠬᠠᠷ᠎ᠠ ᠪᠠ ᠵᠤᠭᠤᠰ ᠮᠦᠩᠬᠦ ᠶᠢ ᠤᠳᠠᠭᠠᠰᠢᠷᠠᠭᠤᠯᠵᠤ ᠦᠷᠢᠳᠦᠬᠦ ᠶᠢ ᠰᠡᠷᠭᠡᠶᠢᠯᠡᠨ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠳᠡᠢ ᠳᠤᠬᠳᠠᠴᠠ ᠶᠢ ᠪᠦᠷᠢᠨᠰᠢᠭᠦᠯᠦᠨ ᠳᠡᠭᠦᠯᠳᠡᠷᠵᠢᠭᠦᠯᠦᠨ᠎ᠠ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠤᠯᠤᠰ ᠠᠴᠠ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠵᠤ᠂ ᠳᠡᠯᠡᠬᠡᠶ ᠳᠡᠭᠡᠷᠡᠬᠢ ᠥᠷᠢᠰᠥᠯᠳᠦᠬᠦ ᠬᠦᠴᠦᠨ ᠢᠶᠠᠨ ᠴᠢᠩᠭᠠᠷᠠᠭᠤᠯᠬᠤ ᠶᠢᠨ ᠬᠠᠮᠲᠤ ᠬᠠᠤᠯᠢ ᠶᠣᠰᠣᠭᠠᠷ ᠵᠢᠷᠤᠮᠵᠢᠭᠤᠨ ᠬᠦᠭᠵᠢᠬᠦ ᠶᠢ ᠲᠠᠮᠵᠢᠵᠤ᠂ ᠲᠤᠭᠠᠴᠢᠯᠠᠬᠰᠠᠨ ᠲᠦᠷᠢᠮᠵᠢᠯ ᠢ ᠪᠦᠷᠢᠨᠰᠢᠭᠦᠯᠦᠨ᠎ᠠ᠃ ᠮᠤᠨᠤᠫᠤᠯᠢᠴᠢᠯᠠᠯ ᠢ ᠡᠰᠡᠷᠭᠦᠴᠡᠬᠦ ᠪᠠ ᠬᠦᠷᠦᠩᠭᠡ ᠶᠢᠨ ᠡᠮᠬᠢ ᠵᠢᠷᠤᠮ ᠤᠢᠭᠡᠢ ᠥᠷᠭᠡᠳᠬᠦ ᠶᠢ ᠰᠡᠷᠭᠡᠶᠢᠯᠡᠨ ᠬᠤᠷᠢᠬᠯᠠᠬᠤ ᠠᠵᠢᠯ ᠢ ᠴᠢᠩᠭᠠᠳᠬᠠᠵᠤ᠂ ᠭᠤᠤᠯᠴᠢ ᠦᠷᠢᠰᠤᠯᠳᠤᠭᠡᠨ ᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠷᠡᠰ ᠬᠠᠮᠠᠭᠠᠯᠠᠨ᠎ᠠ᠃    ᠡᠳ᠋ ᠤᠨ ᠵᠠᠰᠠᠭ ᠭᠠᠶᠢᠯᠢ ᠮᠦᠡᠭᠭᠦᠨ ᠭᠦᠢᠯᠭᠡᠭᠡᠨ ᠤ ᠪᠠᠶᠢᠭᠤᠯᠣᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠠ ᠃ ᠲᠥᠰᠦᠪ ᠤᠨ ᠬᠢᠵᠠᠭᠠᠷᠯᠠᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠤᠨ᠂ ᠭᠠᠶᠢᠯᠢ ᠰᠦᠢᠳᠭᠡᠯ ᠤᠨ ᠬᠠᠷᠠᠭᠠᠯᠵᠠᠯ ᠬᠦᠷᠳᠡᠬᠦ ᠲᠦᠷᠦ ᠶᠢᠨ ᠪᠤᠳᠤᠯᠭ᠎ᠠ ᠶᠢᠨ ᠬᠦᠢᠴᠡᠳᠭᠡᠬᠦ ᠶᠠᠪᠤᠴᠠ ᠪᠠ ᠭᠠᠷ ᠭᠦᠢᠴᠡᠳᠬᠡᠯ ᠢ ᠴᠣᠮᠬᠠᠳᠬᠠᠨ᠎ᠠ᠃ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠨᠠᠶᠢᠳᠠᠪᠤᠷᠢᠵᠢᠭᠤᠯᠤᠨ᠎ᠠ᠃ ᠤᠷᠤᠨ ᠨᠤᠳᠤᠭ ᠤᠨ ᠭᠠᠶᠢᠯᠢ ᠶᠢᠨ ᠰᠢᠰᠲ᠋ᠧᠮ ᠢ ᠪᠦᠷᠢᠨᠰᠢᠭᠦᠯᠦᠨ᠎ᠠ᠃ ᠳᠤᠮᠳᠠ ᠵᠢᠵᠢᠭ ᠪᠠᠩᠬᠢ ᠶᠢᠨ ᠬᠥᠷᠥᠩᠭᠡ ᠶᠢ ᠦᠷᠭᠦᠯᠵᠢᠯᠡᠨ ᠣᠯᠠᠨ ᠠᠷᠭ᠎ᠠ ᠵᠠᠮ ᠢᠶᠠᠷ ᠨᠥᠬᠦᠪᠥᠷᠢᠯᠡᠵᠦ᠂ ᠺᠣᠮᠫᠠᠨᠢ ᠶᠢᠨ ᠵᠠᠰᠠᠯᠲᠠ ᠶᠢ ᠴᠢᠩᠭᠠᠳᠬᠠᠨ᠂ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶᠠᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠩᠬᠢ ᠶᠢᠨ ᠲᠥᠷᠥᠯ ᠬᠤᠪᠢᠶᠠᠨ ᠳᠠᠩᠰᠠ ᠬᠤᠪᠢᠶᠠᠬᠤ ᠥᠭᠡᠷᠡᠴᠢᠯᠡᠯᠲᠡ ᠶᠢ ᠠᠬᠢᠭᠤᠯᠵᠤ᠂ ᠳᠠᠭᠠᠳᠬᠠᠯ ᠤᠨ ᠪᠠᠲᠤᠯᠠᠭ᠎ᠠ ᠪᠠ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠪᠠᠶᠢᠩᠭᠤᠵᠢᠬᠰᠠᠨ ᠲᠣᠭᠲᠠᠴᠠ ᠶᠢ ᠲᠡᠭᠦᠯᠳᠡᠷᠵᠢᠭᠦᠯᠤᠨ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠡᠰ ᠳᠠᠪᠬᠤᠷᠭ᠎ᠠ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠮᠥᠩᠭᠦᠨ ᠭᠦᠢᠯᠭᠡᠭᠡᠨ ᠤ ᠬᠤᠪᠢ ᠡᠵᠡᠮᠳᠡᠭᠰᠡᠨ ᠺᠣᠮᠫᠠᠨᠢ ᠪᠠ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠰᠢᠨ᠎ᠡ ᠶᠢ ᠡᠬᠦᠳᠬᠦ ᠠᠵᠢᠯ ᠢ ᠬᠢᠨᠠᠭᠤᠷ ᠪᠣᠯᠭᠤᠮᠵᠢᠲᠠᠶ ᠬᠢᠨᠠᠨ ᠬᠠᠮᠢᠶᠠᠷᠤᠬᠰᠠᠨ ᠤᠷᠢᠲᠠᠯ ᠳᠣᠤᠷ᠎ᠠ ᠶᠠᠪᠤᠭᠳᠠᠭᠤᠯᠬᠤ ᠶᠢ ᠦᠨᠡᠨ ᠬᠦ ᠪᠠᠲᠤᠯᠠᠨ᠎ᠠ᠃ ᠮᠦᠡᠭᠬᠦᠨ ᠬᠦᠢᠯᠬᠡᠬᠡᠨ ᠤ ᠲᠦᠭᠰᠢᠬᠦᠷᠢ ᠶᠢ ᠰᠢᠢᠳᠪᠦᠷᠢᠯᠡᠬᠦ ᠠᠵᠢᠯ ᠤᠨ ᠳᠤᠭᠳᠠᠴᠠ ᠶᠢ ᠳᠡᠬᠦᠯᠳᠡᠷᠵᠢᠬᠦᠯᠵᠦ᠂ ᠡᠯ᠎ᠠ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠤᠳᠠᠳᠠᠢ ᠨᠡᠶᠢᠳᠠᠪᠤᠷᠢᠵᠢᠭᠤᠯᠤᠨ᠂ ᠰᠢᠰᠲ᠋ᠧᠮ ᠤᠨ ᠴᠢᠨᠠᠷᠳᠠᠢ ᠲᠦᠭᠰᠢᠬᠦᠷᠢ ᠦᠯᠦ ᠡᠬᠦᠰᠬᠡᠬᠦ ᠬᠢᠵᠠᠭᠠᠷ ᠱᠤᠭᠤᠮ ᠢ ᠡᠷᠡᠰ ᠰᠠᠬᠢᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠤ ᠬᠡᠷᠡᠭᠲᠡᠢ᠃    ︵ᠭᠤᠷᠪᠠ︶ ᠰᠢᠨ᠎ᠡ ᠶᠢ ᠡᠭᠦᠳᠬᠦ ᠳᠤ ᠲᠦᠰᠢᠭᠯᠡᠨ ᠪᠣᠳᠠᠲᠤ ᠴᠣᠭᠴᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠤᠯᠳᠠ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠤᠯᠤᠰ ᠤᠨ ᠲᠤᠷᠰᠢᠯᠲᠠ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠰᠤᠯ ᠪᠠ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠠᠶᠢᠷᠢᠯᠠᠭᠤᠯᠤᠯᠳᠠ ᠶᠢ ᠲᠡᠭᠦᠯᠳᠡᠷᠵᠢᠭᠦᠯᠦᠨ᠎ᠠ᠃ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠷᠭᠡ ᠰᠡᠳᠤᠪ ᠢ ᠰᠢᠢᠳᠪᠤᠷᠢᠯᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 2030 — ᠴᠢᠬᠤᠯᠠ ᠶᠡᠭᠡ ᠲᠦᠰᠤᠯ︾ ᠢ ᠭᠦᠨᠵᠡᠭᠡᠶ ᠲᠦᠰᠤᠪᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠦᠰᠦᠯ ᠢ ᠭᠡᠷᠡᠭᠵᠢᠬᠦᠯᠬᠦ ᠠᠷᠭ᠎ᠠ ᠮᠠᠶ᠋ᠢᠭ ᠲᠤ ᠦᠭᠡᠷᠡᠴᠢᠯᠡᠯᠳᠠ ᠬᠢᠵᠤ᠂ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠵᠡᠷᠭᠡ ᠲᠣᠭᠲᠠᠴᠠ ᠶᠢ ᠳᠡᠯᠭᠡᠷᠡᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠤ ᠬᠢᠨ ᠤ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠶᠢ ᠳᠡᠮᠵᠢᠵᠦ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠵᠡᠷᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠵᠡᠷᠭᠡ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠬᠠᠮᠲᠤᠷᠠᠯᠴᠠᠭ᠎ᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠢᠳᠡᠭᠡᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠵᠤᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠨ᠎ᠠ᠃ ᠰᠠᠭᠤᠷᠢ ᠰᠤᠳᠤᠯᠭᠠᠨ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠶᠢᠨ ᠡᠬᠢ ᠡᠬᠦᠰᠦᠯ ᠮᠦᠨ ᠪᠣᠯᠬᠤᠷ ᠲᠣᠭᠲᠠᠪᠤᠷᠢᠳᠠᠢ ᠳᠡᠮᠵᠢᠬᠦ ᠲᠣᠭᠲᠠᠴᠠ ᠶᠢ ᠪᠦᠷᠢᠨᠰᠢᠬᠦᠯᠵᠤ᠂ ᠣᠷᠣᠭᠤᠯᠤᠯᠲᠠ ᠪᠠᠨ ᠶᠡᠭᠡ ᠪᠠᠷ ᠨᠡᠮᠡᠭᠳᠡᠭᠦᠯᠤᠨ᠂ ᠲᠥᠪ ᠤᠨ ᠲᠤᠰ ᠱᠠᠲᠤᠨ ᠤ ᠰᠠᠭᠤᠷᠢ ᠰᠤᠳᠤᠯᠭᠠᠨ ᠤ ᠵᠠᠷᠤᠯᠭ᠎ᠠ ᠶᠢ 10.6% ᠪᠠᠷ ᠨᠡᠮᠡᠭᠳᠡᠬᠦᠯᠵᠤ᠂ ᠵᠠᠷᠤᠳᠠᠯ ᠬᠡᠷᠡᠭᠯᠡᠬᠦ ᠡᠵᠡᠨ ᠮᠡᠳᠡᠬᠦ ᠡᠷᠬᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠦᠰᠦᠯ ᠢ ᠬᠢᠨᠠᠨ ᠲᠣᠭᠲᠠᠭᠠᠬᠤ ᠪᠠ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠵᠣᠬᠢᠰ ᠦᠭᠡᠢ ᠳᠠᠷᠤᠭᠠᠰᠤ ᠶᠢ ᠦᠨᠡᠨ ᠬᠦ ᠬᠥᠩᠭᠡᠷᠡᠬᠦᠯᠵᠤ᠂ ᠲᠡᠳᠡᠨ ᠢ ᠰᠡᠳᠬᠢᠯ ᠰᠢᠭᠤᠳᠤᠨ ᠰᠢᠨᠵᠢᠯᠡᠬᠦ ᠤᠬᠠᠭᠠᠨ ᠤ ᠬᠠᠶᠢᠨ ᠰᠥᠪᠡᠭᠴᠢᠯᠡᠯᠲᠡ ᠬᠢᠵᠤ᠂ ︽ᠠᠷᠪᠠᠨ ᠵᠢᠯ ᠢᠶᠠᠷ ᠨᠢᠬᠡ ᠰᠠᠯᠠᠮ᠎ᠠ ᠶᠢ ᠬᠤᠷᠴᠠᠯᠠᠬᠤ︾ ᠤᠳᠠᠭᠠᠨ ᠳᠠᠭᠠᠭᠠᠮᠠᠭᠠᠢ ᠰᠢᠷᠭᠠᠭᠤ ᠬᠠᠳᠠᠭᠤᠵᠢᠯᠳᠠᠢ ᠴᠢᠷᠮᠠᠶᠢᠬᠤ ᠵᠣᠷᠢᠭ ᠰᠠᠨᠠᠭ᠎ᠠ ᠪᠠᠷ ᠵᠠᠩᠭᠢᠯᠠᠭ᠎ᠠ ᠶᠢᠨ ᠭᠤᠤᠯᠯᠠᠬᠤ ᠬᠦᠷᠢᠶᠡᠨ ᠳᠤ ᠴᠢᠬᠤᠯᠠ ᠶᠡᠭᠡ ᠰᠢᠪᠲᠤᠯᠤᠯᠲᠠ ᠭᠠᠷᠭᠠᠬᠤ ᠪᠤᠯᠭᠠᠨ᠎ᠠ᠃    ᠵᠠᠬ᠎ᠠ ᠳᠡᠯᠭᠡᠭᠦᠷᠴᠢᠯᠡᠭᠰᠡᠨ ᠲᠤᠬᠳᠠᠴᠠ ᠪᠠᠷ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠬᠵᠢᠭᠤᠯᠤᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠠᠭᠤᠰᠤᠯᠴᠠᠭᠤᠯᠬᠤ ᠵᠠᠮ ᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠶᠢᠨ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠤᠨ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠠ ᠬᠥᠭᠵᠢᠬᠦᠯᠤᠯᠲᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠪᠦᠬᠦᠳᠡ ᠤᠯᠠᠨ ᠢᠶᠠᠷ ᠢᠶᠠᠨ ᠠᠳᠠᠯ ᠦᠢᠯᠡᠰ ᠴᠤᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠬᠦᠳᠬᠦ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠠᠵᠤ ᠠᠬᠤᠢᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ 75% ᠪᠠᠷ ᠨᠡᠮᠡᠨ ᠪᠤᠳᠤᠵᠤ ᠰᠠᠭᠤᠯᠭᠠᠨ ᠬᠠᠰᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠨᠡᠮᠡᠨ ᠪᠤᠲᠤᠵᠤ ᠰᠠᠭᠤᠯᠭᠠᠨ ᠬᠠᠰᠤᠬᠤ ᠬᠠᠷᠢᠴᠠᠯ ᠢ 100% ᠪᠤᠯᠳᠠᠯ᠎ᠠ ᠳᠡᠬᠡᠭᠰᠢᠯᠡᠬᠦᠯᠦᠨ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠣᠭᠲᠠᠴᠠ ᠪᠠᠷ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠤᠷᠮᠠᠰᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠪᠠᠨ ᠬᠥᠲᠥᠯᠥᠨ ᠳᠠᠭᠠᠭᠤᠯᠬᠤ ᠶᠢ ᠬᠦᠴᠦᠯᠡᠨ ᠠᠬᠢᠭᠤᠯᠤᠨ᠎ᠠ᠃    ᠠᠵᠤ ᠦᠢᠯᠡᠰ ᠤᠨ  ᠬᠡᠯᠬᠢᠶ᠎ᠠ ᠬᠠᠩᠭᠠᠯᠭ᠎ᠠ  ᠶᠢᠨ ᠬᠡᠯᠬᠢᠶ᠎ᠡ ᠶᠢ  ᠰᠢᠯᠢᠳᠡᠭᠵᠢᠭᠦᠯᠦᠨ ᠲᠣᠭᠲᠠᠪᠤᠷᠢᠵᠢᠭᠤᠯᠤᠨ᠎ᠡ᠃ ︽ᠭᠤᠷᠪᠠ ᠶᠢ ᠬᠠᠰᠤᠬᠤ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠥᠷᠢᠯᠡᠬᠦ︾ ᠴᠢᠬᠤᠯᠠ ᠡᠭᠦᠷᠭᠡ ᠶᠢ ᠦᠷᠭᠦᠯᠵᠢᠯᠡᠨ ᠪᠡᠶᠡᠯᠡᠭᠦᠯᠦᠨ᠎ᠡ᠃ ᠲᠡᠷᠢᠭᠦᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠳᠤ ᠦᠷᠳᠡᠭ ᠨᠡᠮᠡᠭᠳᠡᠯ ᠤᠨ ᠭᠠᠶᠢᠯᠢ ᠶᠢᠨ ᠨᠡᠮᠡᠭᠳᠡᠯ ᠬᠡᠮᠵᠢᠶ᠎ᠡ ᠶᠢᠨ ᠦᠯᠡᠳᠡᠭᠰᠡᠨ ᠰᠠᠭᠤᠳᠬᠠᠯ ᠭᠠᠶᠢᠯᠢ ᠶᠢᠨ ᠲᠤᠭ᠎ᠠ ᠶᠢ ᠰᠠᠷ᠎ᠠ ᠪᠦᠷᠢ ᠪᠦᠬᠦ ᠲᠤᠭ᠎ᠠ ᠪᠠᠷ ᠨᠢ ᠪᠤᠴᠠᠭᠠᠨ ᠦᠭᠴᠤ᠂ ᠦᠢᠯᠡᠳᠬᠦ ᠦᠢᠯᠡᠰ ᠤᠨ ᠵᠢᠭᠡᠯᠡᠯᠭᠡ ᠶᠢᠨ ᠬᠤᠪᠢ ᠶᠢᠨ ᠵᠢᠩ ᠢ ᠳᠡᠭᠡᠭᠰᠢᠯᠡᠭᠦᠯᠤᠨ᠂ ᠦᠢᠯᠡᠳᠬᠦ ᠦᠢᠯᠡᠰ ᠤᠨ ᠲᠤᠨᠤᠭ ᠲᠦᠬᠦᠭᠡᠷᠤᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠪᠡᠯᠡ ᠣᠷᠣᠭᠤᠯᠤᠯᠳᠠ ᠶᠢ ᠥᠷᠭᠡᠳᠬᠡᠨ᠎ᠡ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ ᠴᠢᠩᠭᠠᠷᠠᠭᠤᠯᠵᠤ᠂ ᠠᠵᠤ ᠦᠢᠯᠡᠰ ᠤᠨ ᠰᠠᠭᠤᠷᠢ ᠶᠢ ᠲᠠᠬᠢᠨ ᠴᠤᠬᠴᠠᠯᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠳᠤᠮᠤ ᠠᠵᠤ ᠠᠬᠤᠢᠢᠯᠠᠯ ᠤᠨ ᠬᠦᠳᠦᠯᠦᠨ ᠳᠠᠭᠠᠭᠤᠯᠵᠤ ᠳᠤᠯᠭᠠᠭᠤᠷᠢᠯᠡᠬᠤ ᠦᠢᠯᠡᠳᠦᠯ ᠪᠠ ᠳᠤᠮᠳᠠ ᠵᠢᠵᠢᠭ ᠪᠢᠴᠢᠯ ᠠᠵᠤ ᠠᠬᠤᠢᠢᠯᠠᠯ ᠤᠨ ᠬᠠᠮᠵᠢᠯᠴᠠᠨ ᠢᠵᠢ ᠪᠦᠷᠢᠳᠦᠬᠦᠯᠬᠦ ᠦᠢᠯᠡᠳᠦᠯ ᠢ ᠪᠠᠳᠠᠷᠠᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠬᠥᠭᠵᠢᠭᠦᠯᠤᠨ᠂ ᠠᠵᠤ ᠦᠢᠯᠡᠰ ᠤᠨ ᠬᠡᠯᠬᠢᠶ᠎ᠠ ᠪᠤᠯᠤᠨ ᠰᠢᠨ᠎ᠡ ᠶᠢ ᠡᠭᠦᠳᠬᠦ ᠬᠡᠯᠬᠢᠶ᠎ᠠ ᠶᠢᠨ ᠠᠭᠤᠰᠤᠯᠴᠠᠬᠤ ᠶᠢ ᠠᠭᠢᠭᠤᠯᠵᠤ᠂ ᠨᠡᠶᠢᠲᠡᠴᠢ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠲᠠᠪᠴᠠᠩ ᠢ ᠨᠠᠩ ᠣᠯᠠᠨ ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ 5G ᠰᠦᠯᠵᠢᠶ᠎ᠡ ᠪᠠ ᠮᠢᠩᠭᠠᠨ ᠮᠧᠭ᠎ᠠ ᠶᠢᠨ ᠭᠡᠷᠡᠯᠯᠢᠭ ᠰᠦᠯᠵᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠡᠷᠡᠭᠯᠡᠯᠳᠠ ᠶᠢᠨ ᠠᠬᠤᠢ ᠪᠠᠶᠢᠳᠠᠯ ᠢ ᠪᠠᠶᠠᠯᠢᠬᠵᠢᠭᠤᠯᠤᠨ᠎ᠠ᠃ ᠰᠦᠯᠵᠢᠶᠡᠨ ᠤ ᠠᠮᠤᠷ ᠲᠦᠪᠰᠢᠨ᠂ ᠲᠤᠭ᠎ᠠ ᠪᠠᠷᠢᠮᠳᠠ ᠶᠢᠨ ᠠᠮᠤᠷ ᠲᠦᠪᠰᠢᠨ ᠪᠤᠯᠤᠨ ᠬᠤᠪᠢ ᠬᠦᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠳᠠ ᠶᠢ ᠴᠢᠩᠭᠠᠳᠬᠠᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠠᠶᠢᠷᠢᠯᠠᠭᠤᠯᠤᠯᠳᠠ ᠶᠢ ᠨᠢᠭᠡᠳᠦᠯᠲᠡᠶ ᠲᠥᠯᠥᠪᠯᠡᠨ᠎ᠡ᠃ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠤᠨ᠂ ᠪᠠᠷᠢᠮᠵᠢᠶᠠᠵᠢᠭᠤᠯᠤᠬᠰᠠᠨ ᠰᠢᠰᠲ᠋ᠧᠮ ᠢ ᠳᠡᠭᠦᠯᠳᠡᠷᠵᠢᠭᠦᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠪᠠᠷᠢᠮᠵᠢᠶ᠎ᠠ ᠶᠢ ᠪᠦᠲᠦᠮᠵᠢᠲᠡᠶ ᠵᠣᠯᠭᠠᠯᠳᠤᠭᠤᠯᠬᠤ ᠶᠢ ᠠᠬᠢᠭᠤᠯᠵᠤ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠤᠷᠠᠨ ᠨᠠᠷᠢᠯᠢᠭ ᠤᠷ᠎ᠠ ᠮᠡᠷᠭᠡᠰᠢᠯ ᠢᠶᠠᠷ ᠳᠤᠮᠳᠠᠳᠤ ᠤᠯᠤᠰ ᠤᠨ ᠦᠢᠯᠡᠳᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃    ︵ᠲᠦᠷᠪᠡ︶ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ ᠦᠨᠳᠤᠰᠤ ᠰᠠᠭᠤᠷᠢ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠲᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠤᠨ ᠭᠡᠷᠡᠭᠴᠡᠭᠡ ᠶᠢ ᠦᠷᠭᠡᠳᠭᠡᠵᠤ᠂ ᠬᠡᠷᠡᠭᠯᠡᠭᠡ ᠬᠢᠭᠡᠳ ᠪᠡᠯᠡ ᠣᠷᠣᠭᠤᠯᠤᠯᠲᠠ ᠶᠢ ᠪᠦᠲᠦᠮᠵᠢᠲᠡᠶ ᠤᠶᠠᠯᠳᠤᠭᠤᠯᠬᠤ ᠶᠢ ᠠᠬᠢᠭᠤᠯᠵᠤ᠂ ᠬᠠᠩᠭᠠᠯᠭ᠎ᠠ ᠬᠡᠷᠡᠭᠴᠡᠭᠡ ᠶᠢᠨ ᠨᠡᠩ ᠥᠨᠳᠥᠷ ᠲᠦᠪᠰᠢᠨ ᠤ ᠬᠥᠳᠡᠯᠦᠩᠭᠦᠶ ᠲᠡᠩᠴᠡᠭᠦᠷᠢᠰᠢᠯ ᠢ ᠪᠡᠶᠡᠯᠡᠭᠦᠯᠦᠨ᠎ᠡ᠃    ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠬᠤᠳᠠ ᠬᠥᠳᠡᠭᠡ ᠶᠢᠨ ᠭᠦᠢᠯᠭᠡᠭᠡᠨ ᠤ ᠰᠢᠰᠲ᠋ᠧᠮ ᠢ ᠪᠦᠷᠢᠨᠰᠢᠬᠦᠯᠵᠤ᠂ ᠡᠯᠧᠺᠳ᠋ᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠶᠢ ᠬᠥᠳᠡᠭᠡ ᠲᠣᠰᠬᠤᠨ ᠳᠤ ᠣᠷᠣᠭᠤᠯᠬᠤ ᠶᠢ ᠲᠦᠷᠭᠡᠳᠬᠡᠵᠦ᠂ ᠰᠢᠶᠠᠨ ᠰᠢᠶᠠᠩ ᠤᠨ ᠬᠡᠷᠡᠭᠯᠡᠭᠡ ᠶᠢ ᠥᠷᠭᠡᠳᠬᠡᠨ᠎ᠡ᠃ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠪᠦᠭᠡᠮ ᠬᠡᠷᠡᠭᠯᠡᠭᠡ ᠶᠢ ᠲᠣᠭᠲᠠᠭᠤᠨ ᠢᠶᠠᠷ ᠨᠡᠮᠡᠭᠳᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠲᠠᠯ᠎ᠠ ᠪᠠᠷ ᠬᠢ ᠵᠦᠶ ᠵᠣᠬᠢᠰ ᠦᠭᠡᠢ ᠬᠢᠵᠠᠭᠠᠷᠯᠠᠯ ᠢ ᠦᠭᠡᠶᠢᠰᠭᠡᠨ᠂ ᠲᠡᠷᠭᠡ ᠵᠣᠭᠰᠣᠭᠠᠬᠤ ᠲᠠᠯᠠᠪᠠᠢ᠂ ᠴᠠᠬᠢᠯᠭᠠᠨ ᠴᠡᠨᠡᠭᠯᠡᠬᠦ ᠱᠤᠩ᠂ ᠴᠡᠨᠡᠭ ᠰᠣᠯᠢᠬᠤ ᠥᠷᠲᠡᠭᠡ ᠵᠡᠷᠭᠡ ᠲᠥᠬᠦᠭᠡᠷᠦᠮᠵᠢ ᠶᠢ ᠨᠡᠮᠡᠭᠳᠡᠭᠦᠯᠵᠦ᠂ ᠬᠥᠳᠡᠯᠭᠡᠭᠴᠢ ᠬᠦᠴᠦᠨ ᠤ ᠳ᠋ᠢᠶᠠᠨ ᡂᠢ ᠶᠢ ᠡᠭᠡᠭᠦᠯᠦᠨ ᠬᠤᠷᠢᠶᠠᠵᠤ ᠠᠰᠢᠬᠯᠠᠬᠤ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠡᠷᠡᠭᠦᠯ ᠮᠡᠨᠳᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠦᠯᠦᠨ᠎ᠡ᠃ ᠠᠵᠤ ᠠᠬᠤᠶᠢᠯᠠᠯ ᠤᠨ ᠦᠢᠯᠡᠳᠬᠦᠨ ᠪᠠ ᠦᠢᠯᠡᠴᠢᠯᠡᠭᠡ ᠶᠢᠨ ᠢᠶᠠᠨ ᠲᠠᠯ᠎ᠠ ᠪᠠᠷ ᠰᠢᠨ᠎ᠡ ᠶᠢ ᠡᠭᠦᠳᠬᠦ ᠶᠢ ᠵᠤᠷᠢᠬᠵᠢᠭᠤᠯᠤᠨ᠂ ᠰᠢᠨ᠎ᠡ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠵᠦᠪᠰᠢᠶᠡᠷᠡᠯ ᠢ ᠲᠦᠬᠦᠮ ᠪᠤᠯᠭᠠᠵᠤ᠂ ᠳᠣᠲᠣᠭᠠᠳᠤ ᠭᠠᠳᠠᠭᠠᠳᠤ ᠠᠷᠠᠯᠵᠢᠶᠠᠨ ᠤ ᠦᠢᠯᠡᠳᠬᠦᠨ ᠢ ᠠᠳᠠᠯᠢ ᠱᠤᠭᠤᠮ ᠠᠳᠠᠯᠢ ᠪᠠᠷᠢᠮᠵᠢᠶ᠎ᠠ ᠠᠳᠠᠯᠢ ᠶᠠᠰᠤ ᠴᠢᠨᠠᠷ ᠲᠠᠢ ᠪᠠᠶᠢᠯᠭᠠᠬᠤ ᠶᠢ ᠠᠬᠢᠭᠤᠯᠤᠨ᠎ᠠ᠃ ᠵᠢᠵᠢᠭ ᠳᠡᠯᠬᠡᠬᠦᠷ ᠪᠠ ᠬᠤᠳᠠᠯᠳᠤᠭᠠᠨ ᠤ ᠫᠦᠰᠡ ᠵᠡᠷᠬᠡ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠦᠢᠯᠡᠰ ᠤᠨ ᠡᠮᠬᠢ ᠵᠢᠷᠤᠮ ᠲᠠᠢ ᠠᠵᠢᠯᠯᠠᠭᠠᠨ ᠢ ᠪᠠᠲᠤᠯᠠᠨ᠎ᠠ᠃ ︽ᠢᠨᠲ᠋ᠧᠷ ᠰᠦᠯᠵᠢᠶ᠎ᠠ +︾ ᠶᠢ ᠰᠠᠶᠢᠳᠤᠷ ᠠᠰᠢᠬᠯᠠᠵᠤ᠂ ᠰᠦᠯᠵᠢᠶᠠᠨ ᠳᠡᠬᠡᠷᠡᠬᠢ ᠪᠠ ᠰᠦᠯᠵᠢᠶᠠᠨ ᠭᠠᠳᠠᠨᠠᠬᠢ ᠨᠡᠩ ᠦᠷᠬᠡᠨ ᠳᠡᠯᠬᠡᠷ ᠨᠡᠩ ᠬᠦᠨᠵᠡᠬᠡᠢ ᠠᠭᠤᠰᠤᠯᠴᠠᠯ ᠢ ᠠᠬᠢᠭᠤᠯᠤᠨ᠂ ᠡᠵᠡᠩᠨᠡᠯᠳᠠ ᠶᠢᠨ ᠰᠢᠨ᠎ᠠ ᠬᠡᠯᠪᠡᠷᠢ ᠪᠠᠶᠢᠳᠠᠯ ᠰᠢᠨ᠎ᠠ ᠬᠡᠪ ᠵᠡᠬᠪᠤᠷ ᠢ ᠬᠦᠭᠵᠢᠬᠦᠯᠵᠦ᠂ ᠬᠡᠷᠡᠭᠯᠡᠭᠴᠢᠳ ᠲᠤ ᠨᠡᠩ ᠤᠯᠠᠨ ᠲᠦᠬᠦᠮ ᠳᠦᠳᠠ ᠪᠦᠬᠡᠳ ᠳᠠᠭᠠᠯᠠᠮᠵᠢᠳᠠᠢ ᠦᠢᠯᠡᠴᠢᠯᠡᠭᠡ ᠪᠠ ᠦᠢᠯᠡᠳᠬᠦᠨ ᠬᠠᠨᠭ᠍ᠭᠠᠨ᠎ᠠ᠃ ᠲᠠᠪᠴᠠᠩ ᠤᠨ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡᠨ ᠤ ᠵᠠᠷᠤᠳᠠᠯ ᠢ ᠵᠦᠶ ᠵᠣᠬᠢᠰᠲᠠᠶ ᠪᠠᠭᠤᠷᠠᠭᠤᠯᠬᠤ ᠶᠢ ᠬᠦᠲᠦᠯᠦᠨ ᠵᠢᠯᠤᠭᠤᠳᠤᠨ᠎ᠠ᠃ ᠬᠡᠷᠡᠭᠯᠡᠬᠡᠨ ᠤ ᠴᠢᠳᠠᠪᠤᠷᠢ ᠶᠢ ᠯᠠᠪᠳᠠᠭᠤᠨ ᠢᠶᠠᠷ ᠳᠡᠬᠡᠭᠰᠢᠯᠡᠬᠦᠯᠦᠨ᠂ ᠬᠡᠷᠡᠭᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠰᠠᠭᠤᠭᠠᠯᠢ ᠠᠷᠠᠳ ᠢ ᠬᠡᠷᠡᠭᠯᠡᠬᠡᠨ ᠤ ᠴᠢᠳᠠᠯ ᠲᠠᠢ᠂ ᠬᠡᠷᠡᠭᠯᠡᠬᠡᠨ ᠤ ᠤᠷᠮ᠎ᠠ ᠲᠠᠢ ᠪᠤᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠵᠤ ᠠᠬᠤᠢ ᠶᠢ ᠬᠦᠭᠵᠢᠬᠦᠯᠬᠦ ᠶᠢ ᠠᠬᠢᠭᠤᠯᠤᠨ᠎ᠠ᠃    ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.65 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠤᠨ᠂ ᠵᠢᠭᠡᠯᠡᠯᠭᠡ ᠶᠢᠨ ᠳᠡᠮᠳᠡᠭᠳᠦ ᠶᠢᠨ ᠪᠡᠯᠡ ᠮᠦᠩᠬᠦ ᠶᠢᠨ ᠬᠡᠷᠡᠭᠯᠡᠭᠡ ᠶᠢ ᠰᠢᠯᠢᠳᠡᠭᠵᠢᠭᠦᠯᠵᠤ᠂ ᠪᠠᠶᠢᠭᠤᠯᠵᠤ ᠪᠠᠶᠢᠭ᠎ᠠ ᠢᠨᠵᠧᠨᠧᠷᠢᠩ ᠢ ᠤᠷᠢᠳ ᠢᠶᠠᠷ ᠳᠠᠮᠵᠢᠵᠤ᠂ ᠬᠡᠷᠡᠭᠯᠡᠬᠦ ᠬᠡᠪᠴᠢᠶ᠎ᠡ ᠶᠢ ᠨᠢ ᠵᠦᠶ ᠵᠣᠬᠢᠰᠲᠠᠶ ᠥᠷᠭᠡᠳᠬᠡᠬᠦ ᠪᠠᠷ ᠲᠦᠯᠦᠪᠯᠡᠵᠦ ᠪᠠᠶᠢᠨ᠎ᠠ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ 6100 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠳᠡᠮᠵᠢᠵᠦ᠂ ︽ᠬᠤᠶᠠᠷ ᠰᠢᠨ᠎ᠡ ᠨᠢᠭᠡ ᠴᠢᠬᠤᠯᠠ︾ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ ᠤᠰᠤᠨ ᠠᠰᠢᠬᠯᠠᠯᠲᠠ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠲᠦᠰᠦᠯ ᠢ ᠬᠡᠷᠡᠭᠵᠢᠭᠦᠯᠵᠦ᠂ ᠮᠡᠳᠡᠭᠡ ᠵᠠᠩᠬᠢ ᠶᠢᠨ ᠳᠤᠤᠷ ᠰᠦᠯᠵᠢᠶ᠎ᠠ ᠵᠡᠷᠬᠡ ᠰᠢᠨ᠎ᠠ ᠬᠡᠯᠪᠡᠷᠢ ᠶᠢᠨ ᠰᠠᠭᠤᠷᠢ ᠲᠦᠬᠦᠬᠡᠷᠦᠮᠵᠢ ᠶᠢ ᠪᠠᠶᠢᠭᠤᠯᠵᠤ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠬᠥᠭᠵᠢᠭᠦᠯᠦᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢ ᠦᠷᠬᠡᠨ ᠬᠡᠪᠴᠢᠶ᠎ᠠ ᠪᠠᠷ ᠠᠰᠢᠭ ᠬᠦᠷᠳᠡᠬᠡᠵᠦ ᠴᠢᠳᠠᠬᠤ ᠠᠷᠠᠳ ᠤᠨ ᠠᠮᠢᠳᠤᠷᠠᠯ ᠤᠨ ᠲᠦᠰᠦᠯ ᠳᠠᠶᠢᠰᠢ ᠨᠡᠩ ᠢᠯᠡᠬᠦᠦ ᠬᠡᠯᠪᠠᠶᠢᠯᠬᠡᠵᠦ᠂ ᠬᠤᠲᠠ ᠪᠠᠯᠭᠠᠰᠤᠨ ᠤ 5.3 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠵᠠᠰᠠᠬᠤ ᠠᠵᠢᠯ ᠢ ᠰᠢᠨ᠎ᠡ ᠪᠠᠷ ᠡᠬᠢᠯᠡᠭᠦᠯᠵᠦ᠂ ᠰᠢᠶᠠᠨ ᠤ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠵᠢᠷᠤᠮ ᠢ ᠳᠥᠭᠦᠮᠴᠢᠯᠡᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠰᠦᠯ ᠤᠨ ᠠᠮᠠᠯᠠᠯᠲᠠ ᠶᠢᠨ ᠳᠦᠷᠢᠮ ᠢ ᠬᠡᠷᠡᠭᠵᠢᠬᠦᠯᠬᠦ ᠶᠢ ᠠᠬᠢᠭᠤᠯᠤᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠠ᠃ ᠨᠡᠶᠢᠭᠡᠮ ᠤᠨ ᠬᠥᠷᠥᠩᠭᠡ ᠶᠢᠨ ᠣᠷᠣᠯᠴᠠᠯᠭ᠎ᠠ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠤᠨ᠂ ᠠᠷᠠᠳ ᠤᠨ ᠪᠡᠯᠡ ᠣᠷᠣᠭᠤᠯᠤᠯᠲᠠ ᠶᠢ ᠬᠠᠷᠰᠢᠯᠠᠵᠤ ᠪᠠᠶᠢᠭ᠎ᠠ ᠡᠯ᠎ᠡ ᠵᠦᠢᠯ ᠤᠨ ᠬᠠᠯᠬᠠᠪᠴᠢ ᠶᠢ ᠤᠯᠠᠮ ᠨᠢᠭᠡ ᠠᠯᠬᠤᠮ ᠡᠪᠳᠡᠵᠤ᠂ ᠨᠡᠶᠢᠭᠡᠮ ᠤᠨ ᠬᠥᠷᠥᠩᠭᠡ ᠶᠢ ᠨᠡᠩ ᠣᠯᠠᠨ ᠬᠦᠷᠢᠶᠡᠨ ᠳᠤ ᠣᠷᠣᠵᠤ ᠳᠡᠶᠢᠯᠬᠦ᠂ ᠬᠥᠭᠵᠢᠵᠦ ᠲᠡᠶᠢᠯᠬᠦ᠂ ᠪᠦᠲᠦᠮᠵᠢ ᠭᠠᠷᠭᠠᠬᠤ ᠪᠤᠯᠭᠠᠨ᠎ᠠ᠃    ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠯᠠᠩ ᠤᠨ ᠲᠣᠭᠲᠠᠭᠤᠨ ᠬᠦᠭᠵᠢᠯᠲᠡ ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ᠃    ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠤᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠯᠳᠤᠭᠤᠯᠬᠤ ᠠᠵᠢᠯ ᠢ ᠰᠠᠶᠢᠲᠤᠷ ᠬᠢᠨ᠎ᠠ᠃ ᠶᠠᠳᠠᠭᠤ ᠠᠴᠠ ᠠᠩᠭᠢᠵᠢᠷᠠᠭᠰᠠᠨ ᠰᠢᠶᠠᠨ ᠳᠤ ᠶᠠᠳᠠᠭᠤ ᠠᠴᠠ ᠠᠩᠭᠢᠵᠢᠷᠠᠭᠰᠠᠨ ᠡᠳᠦᠷ ᠠᠴᠠ ᠨᠢ ᠡᠬᠢᠯᠡᠨ 5 ᠵᠢᠯ ᠤᠨ ᠰᠢᠯᠵᠢᠯᠲᠡ ᠶᠢᠨ ᠬᠤᠭᠤᠴᠠᠭ᠎ᠠ ᠲᠤᠭᠲᠠᠭᠠᠵᠤ᠂ ᠭᠤᠣᠯ ᠪᠣᠯᠬᠤ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠶᠡᠷᠦᠩᠬᠡᠢ ᠳᠤᠨᠢ ᠲᠣᠭᠲᠠᠭᠤᠨ ᠪᠠᠶᠢᠯᠭᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠬᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠤᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠲᠠᠭᠤᠨ ᠢᠶᠠᠷ ᠠᠵᠢᠯ ᠣᠯᠬᠤ ᠶᠢ ᠠᠬᠢᠭᠤᠯᠵᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠵᠠᠯᠭᠠᠮᠵᠢ ᠲᠡᠳᠬᠦᠮᠵᠢ ᠶᠢᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠡᠭᠭᠤ ᠶᠢᠨ ᠴᠢᠨᠠᠷᠲᠠᠢ ᠬᠠᠪᠰᠤᠷᠤᠨ ᠲᠡᠳᠬᠦᠬᠦ ᠠᠵᠢᠯ ᠢ ᠲᠡᠰ ᠲᠠᠪᠬᠤᠷᠭ᠎ᠠ ᠪᠠ ᠲᠥᠷᠥᠯ ᠬᠤᠪᠢᠶᠠᠨ ᠴᠢᠩᠭᠠᠳᠬᠠᠵᠤ᠂ ᠬᠡᠪᠴᠢᠶᠡᠳᠤ ᠴᠢᠨᠠᠷᠲᠠᠶ ᠳᠠᠬᠢᠨ ᠶᠠᠳᠠᠭᠤᠷᠠᠯ ᠡᠬᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠰᠠᠨ ᠰᠢᠶᠠᠨ ᠲᠤᠳᠤᠷ᠎ᠠ ᠠᠴᠠ ᠨᠢᠭᠡ ᠪᠦᠯᠦᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠲᠥᠪᠯᠡᠷᠡᠩᠬᠦᠢ ᠳᠡᠮᠵᠢᠨ᠎ᠡ᠃ ᠵᠡᠭᠦᠨ ᠭᠡᠰᠡᠭ ᠪᠠᠷᠠᠭᠤᠨ ᠭᠡᠰᠡᠭ ᠤᠨ ᠭᠠᠵᠠᠷ ᠣᠷᠣᠨ ᠬᠠᠮᠵᠢᠯᠴᠠᠬᠤ ᠪᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠪ ᠤᠨ ᠨᠢᠭᠡᠴᠢ ᠪᠠ ᠨᠡᠶᠢᠭᠡᠮ ᠤᠨ ᠬᠦᠴᠦᠨ ᠤ ᠬᠠᠪᠰᠤᠷᠤᠨ ᠲᠡᠳᠬᠦᠬᠦ ᠦᠢᠯᠡᠳᠦᠯ ᠢ ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢᠨ ᠳᠣᠲᠣᠭᠠᠳᠤ ᠴᠢᠳᠠᠪᠤᠷᠢ ᠪᠠᠨ ᠴᠢᠩᠭᠠᠳᠬᠠᠬᠤ ᠶᠢ ᠦᠷᠭᠦᠯᠵᠢᠯᠡᠨ ᠲᠡᠮᠵᠢᠨ᠎ᠠ᠃    ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠵᠠᠩᠬᠢᠯᠠᠭ᠎ᠠ ᠨᠢ ᠦᠷ᠎ᠡ ᠪᠠ ᠲᠠᠷᠢᠶᠠᠨ ᠭᠠᠵᠠᠷ ᠪᠣᠯᠬᠤ ᠶᠤᠮ᠃ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠬᠯᠠᠬᠤ ᠪᠠ ᠰᠢᠯᠢᠳᠡᠭ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠠᠵᠢᠯ ᠢ ᠴᠢᠩᠭᠠᠳᠬᠠᠨ᠂ ᠲᠠᠷᠢᠶᠠᠯᠠᠩ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠤᠰᠤᠯᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾ ᠪᠤᠯᠭᠠᠬᠤ ᠶᠢ ᠡᠷᠡᠰ ᠬᠤᠷᠢᠬᠯᠠᠨ᠂ ︽ᠠᠮᠤ ᠪᠤᠳᠠᠭᠠᠨ ᠤ ᠪᠤᠰᠤ︾ ᠪᠤᠯᠭᠠᠬᠤ ᠠᠴᠠ ᠡᠷᠡᠰ ᠰᠡᠷᠭᠡᠶᠢᠯᠡᠨ᠎ᠡ᠃ ᠲᠠᠷᠢᠶᠠᠯᠠᠩ ᠤᠨ ᠮᠠᠰᠢᠨᠴᠢᠯᠠᠯᠳᠠ ᠤᠶᠤᠨᠴᠢᠯᠠᠯᠳᠠ ᠶᠢ ᠲᠦᠯᠬᠢᠨ ᠠᠭᠢᠭᠤᠯᠤᠨ᠎ᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ ᠪᠠᠶᠢᠭᠤᠯᠤᠨ᠎ᠠ ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠨᠥᠬᠦᠪᠥᠷᠢ ᠶᠢ ᠲᠣᠭᠲᠠᠪᠤᠷᠢᠵᠢᠭᠤᠯᠤᠨ᠂ ᠲᠤᠲᠤᠷᠭ᠎ᠠ᠂ ᠪᠤᠭᠤᠳᠠᠢ ᠶᠢᠨ ᠨᠠᠭᠠᠳᠤ ᠵᠠᠬ᠎ᠠ ᠶᠢᠨ ᠬᠤᠳᠠᠯᠳᠤᠨ ᠠᠪᠬᠤ ᠦᠨ᠎ᠡ ᠶᠢ ᠵᠣᠬᠢᠰᠲᠠᠶ ᠳᠡᠭᠡᠭᠰᠢᠯᠡᠭᠦᠯᠵᠦ᠂ ᠪᠦᠷᠢᠨ ᠥᠪᠡᠷ ᠤᠨ ᠦᠷᠳᠡᠭ ᠪᠠ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠨ᠎ᠡ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃    ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠥᠷᠭᠡᠳᠭᠡᠨ᠎ᠡ᠃ ᠮᠠᠯ ᠵᠢᠭᠦᠷᠲᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠭᠠᠭ᠋ᠠᠶ ᠲᠡᠵᠢᠭᠡᠬᠦ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠎ᠠ᠃ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠦᠨ᠎ᠡ ᠬᠠᠩᠰᠢ ᠶᠢᠨ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠥᠷᠨᠢᠭᠦᠯᠦᠨ᠎ᠡ᠃ ᠬᠤᠭᠤᠯᠠ ᠬᠦᠨᠡᠰᠦᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠢᠮᠠᠭᠲᠠ ᠲᠡᠷᠢᠭᠦᠨ ᠴᠢᠬᠤᠯᠠ ᠶᠡᠭᠡ ᠶᠠᠪᠤᠳᠠᠯ ᠮᠦᠨ᠂ ᠪᠢᠳᠠ ᠵᠠᠪᠠᠯ 14 ᠳ᠋ᠦᠩᠰᠢᠭᠤᠷ ᠬᠥᠮᠦᠨ ᠤ ᠠᠮᠤ ᠪᠤᠳᠠᠭᠠᠨ ᠤ ᠠᠮᠤᠷ ᠲᠦᠪᠰᠢᠨ ᠢ ᠰᠠᠶᠢᠳᠤᠷ ᠪᠠᠲᠤᠯᠠᠬᠤ ᠪᠠᠷ ᠴᠢᠷᠮᠠᠶᠢᠬᠤ ᠬᠡᠷᠡᠭᠲᠡᠢ ᠮᠦᠷᠲᠡᠭᠡᠨ ᠪᠢᠳᠡᠨ ᠳᠤ ᠡᠶᠢᠮᠦ ᠴᠢᠳᠠᠪᠤᠷᠢ ᠪᠦᠷᠢᠨ ᠪᠠᠶᠢᠬᠤ ᠶᠤᠮ᠃    ᠬᠥᠳᠡᠭᠡ ᠲᠣᠰᠬᠤᠨ ᠤ ᠥᠭᠡᠷᠡᠴᠢᠯᠡᠯᠲᠡ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠠᠷᠢᠴᠠᠭ᠎ᠠ ᠶᠢ ᠲᠤᠬᠳᠠᠪᠦᠷᠢᠳᠡᠢ ᠪᠠᠶᠢᠯᠭᠠᠬᠤ ᠶᠢᠨ ᠬᠠᠮᠳᠤ ᠤᠷᠳᠤ ᠬᠤᠭᠤᠴᠠᠭ᠎ᠠ ᠪᠠᠷ ᠦᠯᠦ ᠬᠤᠪᠢᠷᠠᠭᠤᠯᠤᠨ᠂ ᠣᠯᠠᠨ ᠵᠦᠢᠯ ᠤᠨ ᠬᠡᠯᠪᠡᠷᠢ ᠶᠢᠨ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠯᠠᠪᠳᠠᠭᠤᠨ ᠢᠶᠠᠷ ᠠᠬᠢᠭᠤᠯᠵᠤ᠂ ᠲᠤᠰᠬᠠᠶᠢᠵᠢᠭᠰᠠᠨ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠯᠡᠨ ᠬᠥᠭᠵᠢᠭᠦᠯᠦᠨ᠎ᠡ᠃ ᠬᠦᠳᠡᠭᠡ ᠲᠤᠰᠬᠤᠨ ᠤ ᠤᠷᠤᠨ ᠰᠠᠭᠤᠴᠠ ᠶᠢᠨ ᠭᠠᠵᠠᠷ ᠤᠨ ᠲᠦᠷᠢᠮ ᠤᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠯᠠᠪᠳᠠᠭᠤᠨ ᠪᠠᠲᠤᠳᠠᠢ ᠲᠦᠯᠬᠢᠨ ᠠᠬᠢᠭᠤᠯᠤᠨ᠎ᠠ᠃ ᠰᠢᠨ᠎ᠡ ᠮᠠᠶ᠋ᠢᠬ ᠤᠨ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢ ᠬᠦᠭᠵᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ᠂ ᠬᠠᠮᠲᠤ ᠶᠢᠨ ᠣᠢ ᠰᠢᠭᠤᠢ ᠶᠢᠨ ᠡᠷᠬᠡ᠂ ᠤᠯᠤᠰ ᠤᠨ ᠥᠮᠴᠢᠯᠡᠯ ᠤᠨ ᠤᠢᠢᠲᠤ ᠣᠷᠣᠨ ᠣᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠠᠵᠠᠷ ᠰᠢᠷᠣᠶ ᠰᠢᠯᠵᠢᠬᠦᠯᠦᠨ ᠬᠤᠳᠠᠯᠳᠤᠭᠰᠠᠨ ᠣᠷᠣᠯᠭ᠎ᠠ ᠶᠢ ᠲᠠᠷᠢᠶᠠᠯᠠᠩ ᠬᠥᠳᠡᠭᠡ ᠲᠣᠰᠬᠤᠨ ᠳᠤ ᠬᠡᠷᠡᠭᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠪᠠ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ ᠪᠦᠰᠡ ᠶᠢᠨ ᠲᠤᠳᠤᠷ᠎ᠠ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠡᠬᠢᠯᠡᠭᠦᠯᠦᠨ᠎ᠡ᠃ ᠬᠦᠳᠡᠭᠡ ᠲᠤᠰᠬᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠨ᠎ᠠ᠃ ᠬᠥᠳᠡᠭᠡ ᠲᠣᠰᠬᠤᠨ ᠤ ᠠᠵᠤ ᠦᠢᠯᠡᠰ ᠢ ᠲᠦᠷᠭᠡᠯᠡᠨ ᠬᠥᠭᠵᠢᠭᠦᠯᠵᠦ᠂ ᠰᠢᠶᠠᠨ ᠤ ᠪᠦᠰᠡ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ᠨᠤᠲᠤᠬ ᠲᠠᠭᠠᠨ ᠪᠤᠴᠠᠵᠤ ᠦᠢᠯᠡᠰ ᠪᠤᠰᠬᠠᠬᠤ ᠶᠢ ᠲᠡᠮᠵᠢᠬᠦ ᠶᠢ ᠴᠢᠩᠭᠠᠳᠬᠠᠵᠤ᠂ ᠲᠠᠷᠢᠶᠠᠴᠢᠳ ᠤᠨ ᠠᠵᠢᠯ ᠣᠯᠬᠤ ᠠᠷᠭ᠎ᠠ ᠵᠠᠮ ᠢ ᠥᠷᠭᠡᠳᠬᠡᠨ᠎ᠡ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠦᠭ ᠲᠦᠮᠡᠨ ᠲᠠᠷᠢᠶᠠᠴᠢᠳ ᠤᠨ ᠣᠷᠣᠯᠭ᠎ᠠ ᠶᠢ ᠢᠯᠡᠭᠦᠬᠡᠨ ᠨᠡᠮᠡᠭᠳᠡᠭᠦᠯᠵᠦ᠂ ᠠᠮᠢᠳᠤᠷᠠᠯ ᠢ ᠨᠢ ᠡᠷᠡᠮᠡᠯᠵᠡᠯ ᠲᠠᠢ ᠪᠣᠯᠭᠠᠨ᠎ᠠ᠃    ︵ᠵᠢᠷᠭᠤᠭ᠎ᠠ︶ ᠥᠨᠳᠥᠷ ᠲᠦᠪᠰᠢᠨ ᠤ ᠭᠠᠳᠠᠭᠰᠢ ᠨᠡᠭᠡᠭᠡᠯᠳᠡ ᠶᠢ ᠬᠡᠷᠡᠭᠵᠢᠭᠦᠯᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠭᠠᠳᠠᠭᠰᠢ ᠨᠡᠭᠡᠭᠡᠯᠳᠡ ᠶᠢ ᠬᠡᠷᠡᠭᠵᠢᠭᠦᠯᠵᠦ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠳᠤ ᠨᠡᠩ ᠰᠠᠶᠢᠨ ᠣᠷᠣᠯᠴᠠᠨ᠎ᠠ᠃    ᠭᠠᠳᠠᠭᠠᠳᠤ ᠤᠷᠤᠭᠤᠯᠤᠯᠲᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠳᠤᠮᠳᠠ ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠪᠠᠨ ᠴᠢᠩᠭᠠᠳᠬᠠᠵᠤ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠳᠡᠭᠠᠳᠬᠠᠨ ᠠᠪᠬᠤ ᠪᠠ ᠲᠦᠯᠦᠬᠦ ᠨᠦᠬᠦᠴᠡᠯ ᠢ ᠰᠢᠯᠢᠳᠡᠭᠵᠢᠬᠦᠯᠵᠦ᠂ ᠠᠷᠠᠯᠵᠢᠶᠠᠨ ᠤ ᠭᠠᠳᠠᠭᠠᠳᠤ ᠭᠤᠪᠢᠭᠤᠯᠭ᠎ᠠ ᠶᠢᠨ ᠣᠷᠣᠯᠭ᠎ᠠ ᠵᠠᠷᠤᠯᠭ᠎ᠠ ᠶᠢ ᠳᠥᠭᠦᠮᠴᠢᠯᠡᠬᠦ ᠲᠤᠷᠰᠢᠯᠲᠠ ᠶᠢ ᠭᠦᠨᠵᠡᠭᠡᠶᠢᠷᠡᠭᠦᠯᠦᠨ᠎ᠡ᠃ ᠪᠣᠯᠪᠠᠰᠤᠷᠠᠭᠤᠯᠬᠤ ᠠᠷᠠᠯᠵᠢᠶ᠎ᠠ ᠶᠢ ᠲᠣᠭᠲᠠᠪᠤᠷᠢᠵᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠬᠥᠭᠵᠢᠭᠦᠯᠵᠤ᠂ ᠠᠵᠤ ᠠᠬᠤᠶᠢᠯᠠᠯ ᠤᠨ ᠤᠯᠠᠨ ᠡᠰᠢᠵᠢᠭᠰᠡᠨ ᠵᠠᠬ᠎ᠠ ᠳᠡᠯᠭᠡᠭᠦᠷ ᠨᠡᠭᠡᠭᠡᠬᠦ ᠶᠢ ᠲᠡᠮᠵᠢᠨ᠎ᠠ᠃ ᠬᠢᠯᠢ ᠶᠢᠨ ᠠᠷᠠᠯᠵᠢᠶ᠎ᠠ ᠶᠢ ᠬᠦᠭᠵᠢᠭᠦᠯᠦᠨ᠎ᠡ᠃ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠭᠦᠯᠦᠨ᠎ᠡ᠃ ᠭᠠᠳᠠᠭᠠᠳᠤ ᠤᠷᠤᠭᠤᠯᠤᠯᠲᠠ ᠶᠢᠨ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠴᠢᠨᠠᠷ ᠰᠠᠶᠢᠲᠠᠶ ᠦᠢᠯᠡᠳᠬᠦᠨ ᠪᠠ ᠦᠢᠯᠡᠴᠢᠯᠡᠭᠡ ᠶᠢᠨ ᠭᠠᠳᠠᠭᠠᠳᠤ ᠤᠷᠤᠭᠤᠯᠤᠯᠲᠠ ᠶᠢ ᠨᠡᠮᠡᠭᠳᠡᠭᠦᠯᠦᠨ᠎ᠡ᠃ ᠠᠷᠠᠯᠵᠢᠶ᠎ᠠ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠵᠢᠴᠢ ᠠᠩᠬᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠤᠯᠠᠨ ᠤᠯᠤᠰ ᠤᠨ ᠬᠡᠷᠡᠭᠯᠡᠬᠡᠨ ᠤ ᠦᠵᠡᠰᠭᠦᠯᠡᠩ ᠤᠨ ᠴᠤᠬᠯᠠᠭᠠᠨ ᠵᠡᠷᠭᠡ ᠴᠢᠬᠤᠯᠠ ᠶᠡᠭᠡ ᠦᠵᠡᠰᠬᠦᠯᠡᠩ ᠢ ᠰᠠᠶᠢᠳᠤᠷ ᠡᠷᠬᠢᠯᠡᠨ᠎ᠡ᠃ ᠣᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡ ᠶᠢ ᠰᠢᠯᠤᠭᠤᠳᠬᠠᠬᠤ ᠶᠢ ᠠᠬᠢᠭᠤᠯᠵᠤ᠂ ᠪᠣᠭᠤᠮᠲᠠ ᠶᠢᠨ ᠰᠦᠢᠳᠬᠡᠯ ᠬᠤᠷᠢᠶᠠᠯᠲᠠ ᠶᠢ ᠡᠮᠬᠢᠯᠡᠨ ᠵᠢᠷᠤᠮᠵᠢᠭᠤᠯᠵᠤ᠂ ᠪᠤᠭᠤᠮᠳᠠ ᠦᠩᠭᠡᠷᠡᠬᠦ ᠶᠢ ᠲᠦᠬᠦᠮ ᠲᠦᠳᠡ ᠪᠤᠯᠭᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠭᠠᠳᠠᠭᠠᠳᠤ ᠪᠡᠯᠡ ᠶᠢ ᠢᠳᠡᠪᠬᠢᠲᠡᠶ ᠪᠥᠭᠡᠳ ᠪᠦᠲᠦᠮᠵᠢᠲᠡᠶ ᠠᠰᠢᠬᠯᠠᠨ᠎ᠠ᠃ ᠭᠠᠳᠠᠭᠠᠳᠤ ᠪᠡᠯᠡ ᠶᠢᠨ ᠵᠠᠬ᠎ᠠ ᠲᠡᠯᠭᠡᠬᠦᠷ ᠲᠤ ᠤᠷᠤᠬᠤ ᠵᠦᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠤᠯᠠᠮ ᠨᠢᠭᠡ ᠠᠯᠬᠤᠮ ᠴᠦᠭᠡᠳᠭᠡᠨ᠎ᠡ᠃ ᠦᠢᠯᠡᠴᠢᠯᠡᠭᠡᠨ ᠤ ᠦᠢᠯᠡᠰ ᠢ ᠡᠮᠬᠢ ᠵᠢᠷᠤᠮ ᠲᠠᠢ ᠪᠠᠷ ᠨᠡᠭᠡᠭᠡᠬᠦ ᠶᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢ ᠨᠡᠮᠡᠨ ᠲᠤᠬᠢᠷᠠᠭᠤᠯᠵᠤ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠨ᠎ᠠ᠃ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠨᠡᠭᠡᠭᠡᠯᠲᠡ ᠬᠢᠵᠦ ᠰᠢᠨ᠎ᠡ ᠶᠢ ᠡᠬᠦᠳᠬᠦ ᠶᠢ ᠴᠢᠩᠭᠠᠳᠬᠠᠨ᠂ ᠪᠣᠭᠤᠮᠲᠠ ᠶᠢᠨ ᠤᠨᠴᠠᠭᠠᠢ ᠬᠢᠨᠠᠯᠲᠠ ᠬᠠᠮᠢᠶᠠᠷᠤᠯᠲᠠ ᠶᠢᠨ ᠣᠷᠣᠨ ᠳᠤᠭᠤᠷᠢᠭ ᠬᠢᠭᠡᠳ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠡᠯ᠎ᠡ ᠲᠥᠷᠥᠯ ᠤᠨ ᠨᠡᠭᠡᠭᠡᠨ ᠬᠦᠭᠵᠢᠬᠦᠯᠬᠦ ᠤᠷᠤᠨ ᠤ ᠨᠡᠭᠡᠭᠡᠯᠲᠡᠳᠤ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠭᠤᠤᠯᠴᠢ ᠪᠠᠷ ᠥᠷᠢᠰᠥᠯᠳᠦᠬᠦ ᠶᠢ ᠠᠬᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠭᠠᠳᠠᠭᠠᠳᠤ ᠶᠢᠨ ᠬᠤᠳᠠᠯᠳᠤᠭᠠᠴᠢᠳ ᠤᠨ ᠳᠤᠮᠳᠠᠳᠤ ᠤᠯᠤᠰ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠵᠦ᠂ ᠳᠤᠮᠳᠠᠳᠤ ᠤᠯᠤᠰ ᠤᠨ ᠨᠡᠭᠡᠭᠡᠯᠲᠡᠲᠦ ᠲᠤᠮᠤ ᠵᠠᠬ᠎ᠠ ᠳᠡᠯᠭᠡᠭᠦᠷ ᠪᠣᠯᠤᠨ ᠬᠥᠭᠵᠢᠯᠲᠡ ᠶᠢᠨ ᠲᠣᠬᠢᠶᠠᠯ ᠢ ᠬᠤᠪᠢᠶᠠᠯᠴᠠᠨ ᠡᠳ᠋ᠯᠡᠬᠦ ᠶᠢ ᠪᠠᠶᠠᠷᠯᠠᠨ ᠤᠭᠲᠤᠨ᠎ᠠ᠃    ︽ᠨᠢᠭᠡ ᠪᠦᠰᠡ ᠨᠢᠭᠡ ᠵᠠᠮ︾ ᠢ ᠬᠠᠮᠳᠤ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠨ᠂ ᠠᠵᠤ ᠠᠬᠤᠶᠢᠯᠠᠯ ᠢᠶᠠᠷ ᠪᠡᠶᠡᠴᠢ ᠴᠣᠭᠴᠠ ᠪᠣᠯᠭᠠᠬᠤ ᠪᠠ ᠵᠠᠬ᠎ᠠ ᠳᠡᠯᠭᠡᠭᠦᠷᠴᠢᠯᠡᠬᠦ ᠵᠠᠷᠴᠢᠮ ᠢ ᠵᠢᠷᠤᠮᠯᠠᠬᠤ ᠶᠢ ᠪᠠᠷᠢᠮᠲᠠᠯᠠᠵᠤ᠂ ᠣᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠰᠢᠰᠲ᠋ᠧᠮ ᠢ ᠲᠡᠭᠦᠯᠳᠡᠷᠵᠢᠭᠦᠯᠤᠨ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠵᠤ᠂ ᠴᠢᠬᠤᠯᠠ ᠶᠡᠭᠡ ᠲᠦᠰᠦᠯ ᠤᠨ ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ ᠭᠠᠳᠠᠭᠠᠳᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃    ᠤᠯᠠᠨ ᠲᠠᠯᠠᠲᠤ ᠬᠤᠶᠠᠷ ᠲᠠᠯᠠᠳᠤ ᠬᠠᠮᠳᠤᠷᠠᠯᠴᠠᠭ᠎ᠠ ᠪᠠ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠨ᠎ᠠ᠃ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠡᠷᠲᠡᠬᠡᠨ ᠬᠦᠴᠦᠨ ᠲᠠᠢ ᠪᠤᠯᠭᠠᠨ ᠬᠡᠷᠡᠭᠵᠢᠬᠦᠯᠬᠦ᠂ ᠳᠤᠮᠳᠠᠳᠤ ᠤᠯᠤᠰ ᠪᠤᠯᠤᠨ ᠧᠦ᠋ᠷᠣᠫᠠ ᠶᠢᠨ ᠬᠤᠯᠪᠤᠭ᠎ᠠ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠠᠪᠤᠳᠠᠯ ᠢ ᠠᠬᠢᠭᠤᠯᠤᠨ᠂ ᠳᠤᠮᠳᠠᠳᠤ ᠶᠠᠫᠣᠨ ᠺᠣᠷᠢᠶᠠ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠬᠡᠯᠡᠯᠴᠡᠭᠡ ᠬᠢᠬᠦ ᠠᠬᠢᠴᠠ ᠶᠢ ᠲᠦᠷᠭᠡᠳᠬᠡᠵᠦ᠂ ᠪᠦᠬᠦ ᠲᠠᠯ᠎ᠠ ᠶᠢᠨ ᠬᠢᠭᠡᠳ ᠲᠠᠪᠰᠢᠩᠭᠤᠢ ᠨᠣᠮᠣᠬᠠᠨ ᠲᠠᠯᠠᠢ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠣᠷᠣᠬᠤ ᠶᠠᠪᠤᠳᠠᠯ ᠢ ᠢᠳᠡᠪᠬᠢᠲᠡᠶ ᠪᠣᠳᠣᠯᠬᠢᠯᠠᠨ᠎ᠠ᠃ ᠬᠠᠷᠢᠯᠴᠠᠨ ᠬᠦᠨᠳᠦᠳᠬᠡᠭᠰᠡᠨ ᠰᠠᠭᠤᠷᠢᠨ ᠳᠡᠭᠡᠷ᠎ᠡ᠂ ᠳᠤᠮᠳᠠᠳᠤ ᠠᠮᠧᠷᠢᠺᠠ ᠶᠢᠨ ᠡᠷᠬᠡ ᠲᠡᠭᠰᠢ ᠬᠠᠷᠢᠯᠴᠠᠨ ᠠᠰᠢᠭᠲᠠᠶ ᠠᠵᠤ ᠠᠬᠤᠶ ᠠᠷᠠᠯᠵᠢᠶᠠᠨ ᠤ ᠬᠠᠷᠢᠴᠠᠭ᠎ᠠ ᠶᠢᠨ ᠤᠷᠤᠭᠰᠢ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠷᠢᠯᠴᠠᠨ ᠨᠡᠬᠡᠬᠡᠯᠳᠡ ᠬᠢᠬᠦ ᠪᠠᠨ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠬ ᠬᠦᠷᠳᠡᠬᠦ ᠶᠢ ᠪᠡᠶᠡᠯᠡᠭᠦᠯᠦᠨ᠎ᠡ᠃    ︵ᠲᠤᠯᠤᠭ᠎ᠠ︶ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠪᠠ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠤᠨ᠂ ᠴᠠᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠨ ᠤ ᠦᠷ᠎ᠡ ᠪᠦᠲᠦᠭᠡᠯ ᠢ ᠪᠠᠬᠢᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠨᠤᠭᠤᠭᠠᠨ ᠬᠤᠪᠢᠷᠠᠭᠤᠯᠤᠯᠲᠠ ᠶᠢ ᠠᠬᠢᠭᠤᠯᠤᠨ᠎ᠠ᠃    ᠠᠮᠢ ᠠᠬᠤᠶ ᠶᠢᠨ ᠣᠷᠴᠢᠨ ᠨᠥᠬᠦᠴᠡᠯ ᠢ ᠵᠠᠰᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠶᠢ ᠴᠢᠩᠭᠠᠳᠬᠠᠵᠤ᠂ ᠵᠢᠵᠢᠭ ᠮᠥᠬᠦᠯᠢᠭᠲᠦ ᠪᠣᠳᠠᠰ ᠪᠠ ᠣᠽᠣᠨ ᠢ ᠬᠠᠮᠵᠢᠯᠴᠠᠨ ᠬᠢᠵᠠᠭᠠᠷᠯᠠᠬᠤ ᠶᠢ ᠴᠢᠩᠭᠠᠳᠬᠠᠨ᠂ ᠤᠮᠠᠷᠠᠲᠤ ᠣᠷᠣᠨ ᠤ ᠴᠡᠪᠡᠷ ᠲᠤᠯᠠᠭᠠᠯᠠᠭ᠎ᠠ ᠶᠢᠨ ᠨᠣᠷᠮ᠎ᠠ ᠶᠢ 70% ᠳᠤ ᠬᠦᠷᠭᠡᠨ᠎ᠡ᠃ ᠭᠤᠣᠯ ᠮᠥᠷᠡᠨ ᠲᠠᠯᠠᠢ ᠲᠠᠩᠬᠢᠰ ᠤᠷᠤᠭᠤ ᠪᠣᠬᠢᠷ ᠪᠤᠳᠠᠰ ᠭᠠᠳᠠᠭᠰᠢᠯᠠᠭᠤᠯᠬᠤ ᠠᠮᠠᠰᠠᠷ ᠪᠣᠯᠤᠨ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠴᠡᠭᠴᠡᠯᠡᠨ ᠵᠠᠰᠠᠵᠤ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠪᠠ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠶᠠᠪᠤᠳᠠᠯ ᠢ ᠴᠢᠩᠳᠠᠯᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠤᠨ ᠵᠠᠰᠠᠯᠲᠠ ᠶᠢ ᠴᠢᠩᠭᠠᠳᠬᠠᠨ᠎ᠠ᠃ ᠬᠠᠷᠢ ᠶᠢᠨ ᠬᠤᠭ ᠨᠤᠪᠰᠢ ᠶᠢᠨ ᠬᠢᠯᠢ ᠳᠤ ᠤᠷᠤᠵᠤ ᠢᠷᠡᠬᠦ ᠶᠢ ᠦᠷᠬᠦᠯᠵᠢᠯᠡᠨ ᠴᠢᠩᠭ᠎ᠠ ᠴᠠᠭᠠᠵᠠᠯᠠᠨ᠎ᠠ᠃ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠠᠪᠤᠳᠠᠯ ᠢ ᠡᠮᠬᠢ ᠵᠢᠷᠤᠮ ᠲᠠᠢ ᠠᠬᠢᠭᠤᠯᠤᠨ᠎ᠠ᠃ ᠲᠦᠷᠭᠡᠨ ᠬᠦᠷᠭᠡᠯᠲᠡ ᠶᠢᠨ ᠪᠤᠭᠤᠳᠠᠯ ᠤᠨ ᠬᠡᠯᠪᠡᠷᠢ ᠶᠢᠨ ᠨᠤᠭᠤᠭᠠᠨ ᠬᠤᠪᠢᠷᠠᠭᠤᠯᠤᠯᠲᠠ ᠶᠢ ᠠᠬᠢᠭᠤᠯᠤᠨ᠎ᠠ᠃ ᠠᠶᠤᠯᠳᠠᠢ ᠬᠠᠶᠠᠭᠳᠠᠮᠠᠯ ᠪᠤᠳᠠᠰ ᠡᠮᠨᠡᠯᠬᠡ ᠶᠢᠨ ᠬᠠᠶᠠᠭᠳᠠᠮᠠᠯ ᠪᠤᠳᠠᠰ ᠢ ᠴᠤᠭᠯᠠᠭᠤᠯᠵᠤ ᠰᠢᠢᠳᠪᠦᠷᠢᠯᠡᠬᠦ ᠶᠢ ᠴᠢᠩᠭᠠᠳᠬᠠᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠦᠷᠢᠮ ᠢ ᠰᠤᠳᠤᠯᠤᠨ ᠲᠣᠭᠲᠠᠭᠠᠨ᠎ᠠ᠃ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠳᠤᠭᠳᠠᠭᠠᠯ ᠢ ᠨᠠᠶᠢᠳᠠᠪᠤᠷᠢᠵᠢᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠤᠨ᠂ ᠡᠯᠡᠰᠦᠷᠭᠡᠭᠵᠢᠯ᠂ ᠬᠠᠶᠢᠷ ᠴᠢᠯᠠᠭᠤᠵᠢᠯ᠂ ᠤᠰᠤ ᠬᠦᠷᠦᠰᠦᠨ ᠤ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠨᠤᠲᠤᠭ ᠳᠡᠪᠢᠰᠬᠡᠷ ᠢ ᠨᠣᠭᠤᠭᠠᠷᠠᠭᠤᠯᠬᠤ ᠶᠡᠭᠡ ᠬᠡᠪᠴᠢᠶᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠯᠠᠢ ᠲᠠᠩᠬᠢᠰ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠤ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠠᠬᠢᠭᠤᠯᠤᠨ᠂ ᠮᠠᠨ ᠤ ᠠᠮᠢᠳᠤᠷᠠᠵᠤ ᠪᠠᠶᠢᠭ᠎ᠠ ᠭᠡᠷ ᠣᠷᠣᠨ ᠢᠶᠠᠨ ᠨᠡᠩ ᠴᠡᠪᠡᠷ ᠠᠷᠢᠭᠤᠨ ᠪᠣᠯᠭᠠᠨ᠎ᠠ᠃    ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ  ᠳᠤᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ ᠣᠷᠭᠢᠯ ᠬᠡᠮᠵᠢᠭᠳᠡᠯ ᠳᠤᠨᠢ ᠬᠦᠷᠭᠡᠬᠦ ᠠᠵᠢᠯᠯᠠᠭᠠᠨ ᠤ ᠲᠥᠰᠦᠯ ᠢ ᠲᠣᠭᠲᠠᠭᠠᠨ᠎ᠠ᠃ ᠠᠵᠤ ᠦᠢᠯᠡᠰ ᠤᠨ ᠪᠦᠲᠦᠴᠡ ᠪᠠ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠨᠡᠭᠦᠷᠡᠰᠦ ᠶᠢ ᠠᠷᠢᠭᠤᠨ ᠴᠡᠪᠡᠷ ᠪᠦᠭᠡᠳ ᠥᠨᠳᠥᠷ ᠪᠦᠲᠦᠮᠵᠢᠲᠡᠶ ᠠᠰᠢᠬᠯᠠᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠶᠡᠭᠡ ᠪᠠᠷ ᠬᠥᠭᠵᠢᠭᠦᠯᠦᠨ᠂ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ ᠴᠥᠮ᠎ᠡ ᠶᠢᠨ ᠴᠠᠬᠢᠯᠭᠠᠨ ᠢ ᠢᠳᠡᠪᠬᠢᠲᠡᠶ ᠪᠥᠭᠡᠳ ᠡᠮᠬᠢ ᠵᠢᠷᠤᠮ ᠲᠠᠢ ᠬᠥᠭᠵᠢᠭᠦᠯᠦᠨ᠎ᠡ᠃ ᠣᠷᠴᠢᠨ ᠠᠬᠤᠢ ᠶᠢ ᠬᠠᠮᠠᠭᠠᠯᠠᠬᠤ ᠪᠠ ᠡᠨᠧᠷᠭᠢ ᠠᠷᠪᠢᠯᠠᠬᠤ ᠤᠰᠤ ᠠᠷᠪᠢᠯᠠᠬᠤ ᠵᠡᠷᠭᠡ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠭᠠᠷᠴᠠᠭ ᠤᠨ ᠬᠡᠪᠴᠢᠶ᠎ᠡ ᠶᠢ ᠥᠷᠭᠡᠳᠬᠡᠵᠦ᠂ ᠰᠢᠨ᠎ᠡ ᠬᠡᠯᠪᠡᠷᠢ ᠶᠢᠨ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠮᠡᠷᠭᠡᠵᠢᠯ᠂ ᠲᠣᠨᠣᠭᠯᠠᠯ ᠪᠠ ᠦᠢᠯᠡᠳᠬᠦᠨ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠤᠨ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠡᠬᠢ ᠪᠠᠶᠠᠯᠢᠬ ᠢ ᠠᠷᠪᠢᠯᠠᠨ ᠭᠠᠮᠨᠠᠵᠤ ᠦᠨᠳᠦᠷ ᠪᠦᠲᠦᠮᠵᠢᠲᠡᠢ ᠪᠠᠷ ᠠᠰᠢᠬᠯᠠᠬᠤ ᠶᠢ ᠠᠬᠢᠭᠤᠯᠤᠨ᠎ᠠ᠃ ᠪᠦᠬᠦ ᠤᠯᠤᠰ ᠤᠨ ᠡᠨᠧᠷᠭᠢ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠲᠦᠷᠭᠡᠯᠡᠨ ᠪᠠᠶᠢᠭᠤᠯᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠤᠤᠰ ᠬᠢᠵᠠᠭᠠᠷᠯᠠᠯ ᠤᠨ ᠲᠦᠷᠢᠮ ᠢ ᠲᠡᠭᠦᠯᠳᠡᠷᠵᠢᠭᠦᠯᠦᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠮᠥᠩᠭᠦᠨ ᠭᠦᠢᠯᠭᠡᠭᠡ ᠪᠠᠷ ᠳᠡᠮᠵᠢᠬᠦ ᠲᠤᠰᠬᠠᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠳᠡᠮᠵᠢᠬᠦ ᠪᠠᠭᠠᠵᠢ ᠶᠢ ᠲᠤᠬᠢᠷᠠᠭᠤᠯᠤᠨ᠎ᠠ᠃ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢ ᠲᠡᠭᠡᠭᠰᠢᠯᠡᠭᠦᠯᠦᠨ᠎ᠡ᠃ ᠪᠥᠮᠪᠥᠷᠴᠡᠭ ᠲᠣᠰᠬᠤᠨ ᠤ ᠨᠢᠭᠡᠨ ᠭᠡᠰᠢᠭᠦᠨ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠪᠣᠳᠠᠲᠤ ᠠᠵᠢᠯᠯᠠᠭ᠎ᠠ ᠪᠠᠷ ᠢᠶᠠᠨ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠳᠤ ᠵᠦᠢ ᠶᠤᠰᠤᠨ ᠤ ᠬᠤᠪᠢ ᠨᠡᠮᠡᠷᠢ ᠪᠠᠨ ᠦᠵᠡᠭᠦᠯᠦᠨ᠎ᠠ᠃    ︵ᠨᠠᠢᠮᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠨᠡᠨ ᠬᠦ ᠨᠡᠮᠡᠭᠳᠡᠭᠦᠯᠵᠦ᠂ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠤᠨ ᠵᠣᠪᠠᠨᠢᠯ ᠢ ᠠᠷᠢᠯᠭᠠᠨ ᠠᠷᠠᠳ ᠤᠨ ᠬᠦᠴᠢᠷᠳᠡᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃    ᠨᠡᠩ ᠲᠥᠪ ᠭᠤᠤᠯᠴᠢ ᠨᠡᠩ ᠴᠢᠨᠠᠷ ᠰᠠᠶᠢᠲᠠᠶ ᠰᠤᠷᠭᠠᠨ ᠬᠥᠮᠦᠵᠢᠯ ᠢ ᠬᠥᠭᠵᠢᠭᠦᠯᠦᠨ᠎ᠡ᠃ ᠶᠣᠰᠣ ᠮᠤᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠮᠦᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠦᠭᠡᠳ ᠲᠡᠩᠴᠡᠭᠦᠷᠢᠲᠡᠶ ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠂ ᠬᠥᠳᠡᠭᠡ ᠲᠣᠰᠬᠤᠨ ᠤ ᠰᠤᠷᠭᠠᠭᠤᠯᠢ ᠡᠷᠬᠢᠯᠡᠬᠦ ᠨᠥᠬᠦᠴᠡᠯ ᠤᠨ ᠳᠤᠲᠠᠭᠤᠳᠠᠯ ᠢ ᠲᠦᠷᠭᠡᠯᠡᠨ ᠨᠥᠬᠦᠪᠥᠷᠢᠯᠡᠵᠦ᠂ ᠪᠠᠭᠰᠢ ᠶᠢᠨ ᠴᠠᠯᠢᠩ ᠢ ᠪᠠᠲᠤᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠦᠨ᠂ ᠬᠥᠳᠡᠭᠡ ᠲᠣᠰᠬᠤᠨ ᠤ ᠪᠠᠭᠰᠢ ᠶᠢᠨ ᠬᠠᠷᠠᠭᠠᠯᠵᠠᠯ ᠢ ᠰᠠᠶᠢᠵᠢᠷᠠᠭᠤᠯᠤᠨ᠎ᠠ᠃ ᠰᠤᠷᠭᠠᠭᠤᠯᠢ ᠳᠤ ᠤᠷᠤᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠴᠡᠴᠡᠷᠯᠢᠭ ᠲᠤ ᠤᠷᠤᠬᠤ ᠨᠤᠷᠮ᠎ᠠ ᠶᠢ ᠤᠯᠠᠮ ᠨᠢᠬᠡ ᠠᠯᠬᠤᠮ ᠳᠡᠬᠡᠭᠰᠢᠯᠡᠬᠦᠯᠵᠦ᠂ ᠰᠤᠷᠭᠠᠭᠤᠯᠢ ᠳᠤ ᠤᠷᠤᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠤ ᠬᠡᠤᠬᠡᠳ ᠤᠨ ᠴᠡᠴᠡᠷᠯᠢᠭ ᠡᠷᠬᠢᠯᠡᠬᠦ ᠶᠢ ᠳᠡᠮᠵᠢᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤᠴᠢᠯᠠᠭᠰᠠᠨ ᠬᠥᠭᠵᠢᠯᠲᠡ ᠶᠢ ᠵᠣᠷᠢᠬᠵᠢᠭᠤᠯᠵᠤ᠂ ᠰᠢᠶᠠᠨ ᠤ ᠪᠦᠰᠡ ᠶᠢᠨ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠵᠤ᠂ ᠦᠢᠯᠡᠳᠪᠤᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠨ ᠲᠦᠷᠢᠮ ᠢ ᠭᠦᠨᠵᠡᠭᠡᠶ ᠬᠡᠷᠡᠭᠵᠢᠭᠦᠯᠦᠨ᠎ᠡ᠃ ᠤᠨᠴᠠᠭᠠᠢ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠨ ᠵᠢᠷᠤᠮᠵᠢᠭᠤᠯᠤᠨ᠎ᠠ᠃ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢ ᠲᠦᠷᠦᠯ ᠬᠤᠪᠢᠶᠠᠨ ᠪᠠᠶᠢᠭᠤᠯᠵᠤ᠂ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠤᠨ ᠪᠦᠲᠦᠴᠡ ᠶᠢ ᠲᠦᠷᠭᠡᠯᠡᠨ ᠰᠢᠯᠢᠳᠡᠭᠵᠢᠭᠦᠯᠵᠦ᠂ ᠰᠠᠭᠤᠷᠢ ᠰᠢᠨᠵᠢᠯᠡᠭᠡᠨ ᠤ ᠰᠠᠯᠠᠭ᠎ᠠ ᠪᠠ ᠬᠤᠰᠢᠭᠤᠴᠢ ᠰᠢᠨᠵᠢᠯᠡᠭᠡᠨ ᠤ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ ᠮᠠᠨᠳᠤᠬᠰᠠᠨ ᠰᠤᠯᠪᠢᠴᠠᠬᠰᠠᠨ ᠰᠢᠨᠵᠢᠯᠡᠭᠡᠨ ᠤ ᠰᠠᠯᠠᠭ᠎ᠠ ᠶᠢᠨ ᠬᠦᠭᠵᠢᠯᠲᠡ ᠶᠢ ᠠᠬᠢᠭᠤᠯᠤᠨ᠎ᠠ᠃ ᠲᠤᠮᠳᠠ ᠪᠠᠷᠠᠭᠤᠨ ᠬᠡᠰᠡᠭ ᠤᠷᠤᠨ ᠤ ᠶᠡᠭᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠬᠦᠭᠵᠢᠯᠲᠡ ᠶᠢ ᠲᠡᠮᠵᠢᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠰᠦᠯᠵᠢᠶᠡᠨ ᠲᠡᠭᠡᠷᠡᠬᠢ ᠰᠤᠷᠭᠠᠨ ᠬᠦᠮᠦᠵᠢᠯ ᠤᠨ ᠲᠠᠪᠠᠭᠤᠯᠢᠬ ᠢ ᠪᠠᠳᠠᠷᠠᠭᠤᠯᠵᠤ᠂ ᠨᠠᠰᠤᠨ ᠲᠤᠷᠰᠢᠲᠠ ᠰᠤᠷᠤᠯᠴᠠᠬᠤ ᠰᠢᠰᠲ᠋ᠧᠮ ᠢ ᠲᠡᠭᠦᠯᠳᠡᠷᠵᠢᠭᠦᠯᠦᠨ᠎ᠡ ᠃ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠭᠡᠬᠦ᠂ ᠰᠤᠷᠭᠠᠨ ᠬᠦᠮᠦᠵᠢᠯ ᠢ ᠬᠦᠨᠳᠦᠳᠭᠡᠬᠦ ᠶᠢ ᠰᠠᠨᠠᠭᠠᠴᠢᠯᠠᠨ᠎ᠠ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠢ ᠵᠢᠷᠦᠮᠵᠢᠭᠤᠯᠤᠨ᠎ᠠ᠃ ᠪᠠᠭᠰᠢ ᠶᠢᠨ ᠶᠤᠰᠤ ᠰᠤᠷᠳᠠᠬᠤᠨ ᠪᠠᠭᠰᠢ ᠶᠢᠨ ᠬᠡᠪ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠨ ᠬᠥᠮᠦᠵᠢᠯ ᠢ ᠭᠤᠤᠯᠴᠢ ᠳᠡᠭᠰᠢ ᠪᠠᠶᠢᠯᠭᠠᠬᠤ ᠲᠠᠯ᠎ᠠ ᠪᠠᠷ ᠨᠠᠩ ᠶᠡᠭᠡ ᠠᠯᠬᠤᠮ ᠢ ᠠᠯᠬᠤᠵᠤ᠂ ᠬᠤᠲᠠ ᠣᠷᠣᠵᠤ ᠠᠵᠢᠯ ᠬᠦᠳᠡᠯᠮᠦᠷᠢ ᠬᠢᠭᠰᠡᠳ ᠤᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠨᠡᠩ ᠰᠠᠶᠢᠨ ᠰᠢᠢᠳᠪᠦᠷᠢᠯᠡᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠳᠤ ᠳᠤᠮᠳᠠ ᠭᠡᠰᠡᠭ ᠪᠠᠷᠠᠭᠤᠨ ᠭᠡᠰᠡᠭ ᠤᠨ ᠭᠠᠵᠠᠷ ᠣᠷᠣᠨ ᠪᠣᠯᠤᠨ ᠬᠥᠳᠡᠭᠡ ᠲᠣᠰᠬᠤᠨ ᠤ ᠭᠠᠵᠠᠷ ᠣᠷᠣᠨ ᠲᠡᠰᠢ ᠬᠡᠯᠪᠠᠶᠢᠯᠭᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠴᠢᠷᠮᠡᠶᠢᠵᠤ ᠪᠠᠶᠢᠭᠠᠳ ᠥᠷᠭᠡᠨ ᠤᠯᠠᠨ ᠰᠤᠷᠤᠭᠴᠢᠳ ᠢ ᠡᠷᠡᠭᠦᠯ ᠪᠥᠭᠡᠳ ᠪᠠᠶᠠᠷ ᠬᠦᠷ ᠲᠠᠢ ᠥᠰᠴᠤ ᠪᠤᠶᠢᠵᠢᠬᠤ ᠪᠤᠯᠭᠠᠵᠤ᠂ ᠬᠡᠦᠬᠡᠳ ᠨᠢᠬᠡᠪᠦᠷᠢ ᠶᠢ ᠴᠦᠮ ᠠᠮᠢᠳᠤᠷᠠᠯ ᠤᠨ ᠬᠡᠷᠡᠯ ᠬᠢᠯᠪᠠᠭ᠎ᠠ ᠪᠠᠨ ᠰᠠᠴᠤᠷᠠᠭᠤᠯᠬᠤ ᠳᠤᠬᠢᠶᠠᠯ ᠲᠠᠢ ᠪᠤᠯᠭᠠᠨ᠎ᠠ᠃    ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠰᠡᠷᠬᠡᠶᠢᠯᠡᠬᠦ ᠪᠠᠷ ᠭᠤᠤᠯ ᠪᠤᠯᠭᠠᠬᠤ ᠶᠢ ᠪᠠᠷᠢᠮᠲᠠᠯᠠᠵᠦ᠂ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠡᠭᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠤᠨ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠴᠢᠩᠭᠠᠳᠬᠠᠨ᠂ ᠡᠮᠨᠡᠯᠭᠡ ᠶᠢᠨ ᠬᠤᠷᠢᠶ᠎ᠠ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠬᠠᠮᠵᠢᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠡᠳ᠋ ᠪᠤᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠤᠨ ᠣᠷᠣᠭᠤᠯᠤᠯᠲᠠ ᠶᠢᠨ ᠲᠣᠭᠲᠠᠪᠤᠷᠢᠲᠠᠢ ᠲᠣᠭᠲᠠᠴᠠ ᠶᠢ ᠪᠠᠶᠢᠭᠤᠯᠤᠨ᠎ᠠ᠃ ᠤᠶᠤᠨ ᠤ ᠡᠷᠡᠭᠦᠯ ᠬᠠᠮᠠᠭᠠᠯᠠᠯ ᠪᠤᠯᠤᠨ ᠰᠡᠳᠬᠢᠴᠡ ᠶᠢᠨ ᠡᠷᠡᠭᠦᠯ ᠮᠠᠨᠲᠦ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠠᠨᠠᠭᠠᠬᠤ ᠤᠬᠠᠭᠠᠨ ᠤ ᠲᠥᠪ ᠪᠤᠯᠤᠨ ᠣᠷᠣᠨ ᠪᠦᠰᠡ ᠶᠢᠨ ᠡᠮᠨᠡᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢ ᠥᠷᠭᠡᠳᠬᠡᠵᠦ᠂ ᠶᠡᠷᠦᠩᠬᠡᠶ ᠰᠠᠯᠠᠭᠠᠨ ᠤ ᠡᠮᠴᠢ ᠪᠠ ᠬᠥᠳᠡᠭᠡ ᠲᠣᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠦ᠂ ᠰᠢᠶᠠᠨ ᠤ ᠱᠠᠲᠤᠨ ᠤ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠬᠢᠲᠠᠳ ᠡᠮᠨᠡᠯᠭᠡ ᠪᠡ ᠧᠦ᠋ᠷᠣᠫᠠ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠨᠡᠶᠢᠭᠡᠮ ᠤᠨ ᠬᠦᠴᠦᠨ ᠤ ᠡᠮᠨᠡᠯᠭᠡ ᠡᠷᠬᠢᠯᠡᠬᠦ ᠶᠢ ᠳᠠᠮᠵᠢᠵᠤ᠂ ︽ᠢᠨᠲ᠋ᠧᠷ ᠰᠦᠯᠵᠢᠶ᠎ᠡ + ᠡᠮᠨᠡᠯᠭᠡ ᠡᠷᠡᠭᠦᠯ ᠮᠡᠨᠳᠦ︾ ᠶᠢᠨ ᠵᠢᠷᠦᠮᠵᠢᠬᠰᠠᠨ ᠬᠥᠭᠵᠢᠯᠲᠡ ᠶᠢ ᠠᠬᠢᠭᠤᠯᠤᠨ᠎ᠠ᠃ ᠢᠳᠡᠭᠡᠨ ᠤ ᠵᠦᠢᠯ ᠡᠮ ᠤᠨ ᠵᠦᠢᠯ ᠸᠠᠺᠼᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠷᠢᠳᠴᠢᠯᠠᠨ ᠪᠣᠯᠵᠣᠵᠤ ᠣᠨᠣᠰᠢᠯᠠᠨ ᠡᠮᠨᠡᠬᠦ ᠵᠡᠷᠭᠡ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠬᠦᠨᠳᠦ ᠡᠪᠡᠳᠴᠢᠨ᠂ ᠲᠦᠷᠬᠡᠨ ᠡᠪᠡᠳᠴᠢᠨ ᠪᠠ ᠲᠦᠪᠡᠭᠳᠡᠢ ᠡᠪᠡᠳᠴᠢᠨ ᠲᠠᠢ ᠡᠪᠡᠳᠴᠢᠲᠡᠨ ᠢ ᠡᠷᠳᠡᠬᠡᠨ ᠡᠮᠨᠡᠨ ᠵᠠᠰᠠᠬᠤ ᠪᠠᠷ ᠴᠢᠷᠮᠠᠶᠢᠨ᠎ᠠ᠃ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠲᠠᠯ ᠤᠨ ᠬᠦᠮᠦᠨ ᠲᠤᠮᠳᠠᠴᠢ ᠶᠢᠨ ᠡᠳ᠋ ᠤᠨ ᠵᠠᠰᠠᠬ ᠤᠨ ᠨᠦᠬᠦᠪᠦᠷᠢ ᠶᠢᠨ ᠪᠠᠷᠢᠮᠵᠢᠶ᠎ᠠ ᠶᠢ ᠲᠤᠰ ᠲᠤᠰ ᠳᠠᠬᠢᠨ 30 ᠲᠥᠭᠦᠷᠢᠭ ᠪᠠ 5 ᠲᠥᠭᠦᠷᠢᠭ ᠨᠡᠮᠡᠭᠳᠡᠭᠦᠯᠵᠦ᠂ ᠦᠨᠳᠦᠰᠦᠨ ᠡᠮᠨᠡᠯᠭᠡ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠠᠵᠢᠯ ᠢ ᠠᠬᠢᠭᠤᠯᠤᠨ᠎ᠠ᠃ ᠡᠭᠦᠳᠡᠨ ᠡᠮᠨᠡᠯᠭᠡ ᠶᠢᠨ ᠬᠠᠮᠲᠤ ᠪᠠᠷ ᠲᠡᠳᠬᠦᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦᠨ ᠤ ᠳᠠᠩᠰᠠ ᠲᠠᠶᠢᠯᠬᠤ ᠭᠡᠪᠴᠢᠶᠠᠨ ᠳᠤ ᠠᠯᠬᠤᠮ ᠠᠯᠬᠤᠮ ᠢᠶᠠᠷ ᠣᠷᠣᠭᠤᠯᠵᠤ᠂ ᠳᠤᠲᠠᠭᠳᠠᠵᠤ ᠪᠠᠶᠢᠭ᠎ᠠ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠭᠤᠨ ᠪᠠᠶᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠩ ᠣᠯᠠᠨ ᠤᠵᠢᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠮ ᠤᠨ ᠵᠦᠢᠯ ᠪᠠ ᠡᠮᠴᠢᠯᠡᠭᠡᠨ ᠳᠤ ᠭᠡᠷᠡᠭᠯᠡᠭᠦ ᠥᠨᠳᠥᠷ ᠥᠷᠲᠡᠭ ᠲᠠᠢ ᠬᠤᠷᠤᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶᠠᠵᠢᠭᠦᠯᠵᠦ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠴᠢᠨᠠᠭᠰᠢᠳᠠ ᠮᠡᠳᠡᠭᠳᠡᠬᠦ᠋ᠢᠴᠡ ᠬᠦᠡᠭᠭᠡᠷᠡᠭᠦᠯᠦᠨ᠎ᠡ᠃    ᠤᠯᠠᠨ ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠶᠢ ᠰᠠᠶᠢᠲᠤᠷ ᠪᠠᠲᠤᠯᠠᠨ᠎ᠠ᠃ ᠭᠡᠷ ᠪᠠᠶᠢᠰᠢᠩ ᠢ ᠪᠣᠯ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠭᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠭᠠᠵᠠᠷ ᠰᠢᠷᠦᠢ ᠶᠢᠨ ᠦᠨ᠎ᠡ᠂ ᠭᠡᠷ ᠪᠠᠶᠢᠰᠢᠩ ᠤᠨ ᠦᠨ᠎ᠡ ᠪᠠ ᠵᠢᠱᠢᠯᠳᠡ ᠶᠢ ᠲᠤᠬᠳᠠᠭᠤᠨ ᠪᠠᠶᠢᠯᠭᠠᠨ᠎ᠠ᠃ ᠶᠡᠭᠡ ᠬᠤᠲᠠ ᠶᠢᠨ ᠣᠷᠣᠨ ᠰᠠᠭᠤᠴᠠ ᠶᠢᠨ ᠲᠣᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠭᠠᠵᠠᠷ ᠰᠢᠷᠣᠶ ᠶᠢᠨ ᠬᠠᠨᠭ᠍ᠭᠠᠯᠭ᠎ᠠ ᠶᠢ ᠨᠡᠮᠡᠭᠳᠡᠭᠦᠯᠬᠦ᠂ ᠲᠤᠰᠬᠠᠶ ᠪᠡᠯᠡ ᠮᠥᠩᠭᠦ ᠲᠣᠬᠢᠷᠠᠭᠤᠯᠬᠤ᠂ ᠲᠥᠪᠯᠡᠷᠡᠭᠦᠯᠦᠨ ᠪᠦᠲᠦᠭᠡᠨ ᠪᠠᠶᠢᠭᠤᠯᠬᠤ ᠵᠡᠷᠭᠡ ᠠᠷᠭ᠎ᠠ ᠪᠠᠷ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠣᠯᠤᠨ ᠬᠠᠮᠲᠤ ᠪᠠᠷ ᠦᠮᠴᠢᠯᠡᠭᠦ ᠦᠮᠴᠢᠯᠡᠯ ᠤᠨ ᠡᠷᠬᠡ ᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠦᠨᠡᠨ ᠬᠦ ᠨᠡᠮᠡᠭᠳᠡᠭᠦᠯᠵᠦ᠂ ᠤᠷᠲᠤ ᠬᠤᠭᠤᠴᠠᠭᠠᠨ ᠤ ᠲᠦᠷᠢᠶᠡᠰᠦᠨ ᠤᠷᠤᠨ ᠰᠠᠭᠤᠴᠠ ᠶᠢᠨ ᠵᠠᠬ᠎ᠠ ᠳᠡᠯᠭᠡᠭᠦᠷ ᠢ ᠵᠢᠷᠤᠮᠵᠢᠭᠤᠯᠤᠨ ᠬᠥᠭᠵᠢᠭᠦᠯᠵᠦ᠂ ᠲᠦᠷᠢᠶᠡᠰᠦᠨ ᠣᠷᠣᠨ ᠰᠠᠭᠤᠴᠠ ᠶᠢᠨ ᠭᠠᠶᠢᠯᠢ ᠰᠦᠢᠳᠬᠡᠯ ᠤᠨ ᠳᠠᠷᠤᠭᠠᠰᠤ ᠶᠢ ᠬᠥᠩᠭᠡᠷᠡᠭᠦᠯᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠰᠢᠨ᠎ᠡ ᠬᠤᠲᠠ ᠶᠢᠨ ᠠᠷᠠᠳ ᠤᠳ᠂ ᠵᠠᠯᠠᠭᠤᠴᠤᠳ ᠢ ᠬᠠᠪᠰᠤᠷᠤᠨ ᠣᠷᠣᠨ ᠰᠠᠭᠤᠴᠠ ᠶᠢᠨ ᠬᠦᠴᠢᠷᠳᠡᠯ ᠢ ᠨᠢ ᠨᠠᠮᠳᠠᠭᠤᠯᠤᠨ᠎ᠠ᠃    ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ᠂ ᠠᠰᠠᠷᠠᠨ ᠬᠠᠷᠠᠭᠠᠯᠵᠠᠭᠳᠠᠬᠤ ᠡᠲᠡᠭᠡᠳ ᠤᠨ ᠠᠰᠠᠷᠠᠮᠵᠢ ᠪᠠ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠶ ᠲᠥᠯᠥᠪᠯᠡᠬᠦ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠭᠤᠷᠪᠠᠳᠤᠭᠠᠷ ᠲᠤᠯᠭᠠᠭᠤᠷᠢᠯᠡᠯ ᠳᠠᠭᠠᠳᠬᠠᠯ ᠢ ᠵᠢᠷᠤᠮᠵᠢᠭᠤᠯᠤᠨ ᠬᠥᠭᠵᠢᠭᠦᠯᠦᠨ᠎ᠡ᠃ ᠪᠦᠬᠦ ᠤᠯᠤᠰ ᠤᠨ ᠨᠢᠭᠡᠳᠦᠯᠲᠡᠶ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠦᠨ᠎ᠡ᠃ ᠴᠡᠷᠢᠭ ᠤᠨ ᠬᠥᠮᠦᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠭᠳᠠᠬᠤ ᠡᠲᠡᠭᠡᠳ ᠲᠤ ᠬᠠᠷᠠᠭᠠᠯᠵᠠᠯ ᠦᠵᠡᠭᠦᠯᠬᠦ ᠠᠵᠢᠯ ᠢ ᠴᠢᠩᠭᠠᠳᠬᠠᠵᠤ᠂ ᠴᠡᠷᠢᠭ ᠤᠨ ᠠᠯᠪᠠ ᠠᠴᠠ ᠪᠠᠭᠤᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠡᠮᠴᠢᠯᠡᠨ ᠠᠰᠠᠷᠠᠬᠤ ᠪᠠ ᠡᠷᠡᠭᠦᠯᠵᠢᠭᠦᠯᠦᠨ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠵᠦ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ ᠨᠠᠰᠤᠵᠢᠯ ᠤᠨ ᠦᠢᠯᠡᠴᠢᠯᠡᠭᠡ ᠪᠠ ᠬᠠᠷᠢᠯᠴᠠᠨ ᠲᠤᠰᠠᠯᠠᠯᠴᠠᠬᠤ ᠴᠢᠨᠠᠷᠲᠠᠢ ᠨᠠᠰᠤᠵᠢᠯ ᠢ ᠬᠦᠭᠵᠢᠭᠦᠯᠦᠨ᠎ᠡ᠃ ᠨᠢᠯᠬ᠎ᠠ ᠬᠡᠦᠬᠡᠳ ᠢ ᠰᠠᠭᠠᠲᠠᠭᠤᠯᠬᠤ ᠦᠢᠯᠡᠴᠢᠯᠡᠭᠡ ᠶᠢ ᠬᠦᠭᠵᠢᠭᠦᠯᠦᠨ᠎ᠡ᠃ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠳᠠᠭᠤᠯᠬᠤ᠂ ᠬᠤᠭᠤᠯᠠᠯᠠᠬᠤ᠂ ᠴᠡᠪᠡᠷᠯᠡᠬᠦ ᠵᠡᠷᠬᠡ ᠤᠯᠠᠨ ᠶᠠᠩᠵᠤᠴᠢᠯᠠᠭᠰᠠᠨ ᠦᠢᠯᠡᠴᠢᠯᠡᠭᠡ ᠶᠢ ᠬᠦᠭᠵᠢᠬᠦᠯᠵᠦ᠂ ᠢᠵᠢ ᠪᠦᠷᠢᠳᠦᠬᠦᠯᠬᠦ ᠲᠦᠬᠦᠬᠡᠷᠦᠮᠵᠢ ᠪᠠ ᠰᠠᠭᠠᠳ ᠦᠭᠡᠢ ᠨᠡᠪᠲᠡᠷᠡᠬᠦ ᠲᠦᠭᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠨᠡᠩ ᠢᠯᠡᠬᠦᠦ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ᠨᠡᠶᠢᠬᠡᠮ ᠳᠤᠭᠤᠷᠢᠭ ᠤᠨ ᠠᠮᠢᠳᠤᠷᠠᠯ ᠢ ᠨᠡᠩ ᠲᠦᠬᠦᠮ ᠪᠤᠯᠭᠠᠨ᠎ᠠ᠃ ᠤᠯᠠᠮᠵᠢᠯᠠᠯᠲᠤ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠵᠡᠷᠭᠡ ᠬᠠᠮᠲᠤᠯᠢᠭ ᠲᠤ ᠨᠡᠩ ᠪᠦᠷᠢᠨ ᠭᠦᠢᠴᠡᠳ ᠨᠡᠩ ᠳᠣᠲᠣᠨᠣ ᠦᠢᠯᠡᠴᠢᠯᠡᠭᠡ ᠬᠠᠩᠭᠠᠨ᠎ᠠ᠃ ᠤᠶᠤᠨᠴᠢᠯᠠᠭᠰᠠᠨ ᠦᠢᠯᠡᠴᠢᠯᠡᠭᠡ ᠶᠢ ᠠᠬᠢᠭᠤᠯᠬᠤ ᠶᠢ ᠨᠠᠰᠤᠳᠠᠶᠢᠴᠤᠳ᠂ ᠵᠡᠮᠲᠡᠭᠴᠤᠳ ᠤᠨ ᠬᠡᠷᠡᠭᠴᠡᠭᠡ ᠳᠤ ᠵᠤᠬᠢᠴᠠᠭᠤᠯᠬᠤ ᠶᠢᠨ ᠬᠠᠮᠲᠤ ᠤᠶᠤᠨᠴᠢ ᠪᠠᠭᠠᠵᠢ ᠪᠠᠷ ᠲᠡᠲᠡᠨ ᠤ ᠡᠳᠦᠷ ᠲᠤᠳᠤᠮ ᠤᠨ ᠠᠮᠢᠳᠤᠷᠠᠯ ᠳᠤ ᠬᠠᠷᠰᠢ ᠰᠠᠭᠠᠳ ᠤᠴᠠᠷᠠᠭᠤᠯᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠵᠡᠮᠳᠡᠭᠴᠦᠳ᠂ ᠥᠨᠥᠴᠢᠨ ᠬᠡᠦᠬᠡᠳ ᠵᠡᠷᠭᠡ ᠶᠢ ᠬᠠᠪᠰᠤᠷᠤᠨ ᠲᠡᠳᠬᠦᠬᠦ ᠨᠡᠶᠢᠭᠡᠮ ᠤᠨ ᠠᠰᠠᠷᠠᠮᠵᠢ ᠶᠢᠨ ᠳᠦᠷᠢᠮ ᠢ ᠪᠦᠷᠢᠨᠰᠢᠬᠦᠯᠵᠦ᠂ ᠵᠡᠮᠲᠡᠭ ᠪᠤᠯᠬᠤ ᠶᠢ ᠰᠡᠷᠬᠡᠶᠢᠯᠡᠬᠦ ᠶᠢ ᠴᠢᠩᠭᠠᠳᠬᠠᠵᠦ᠂ ᠵᠡᠮᠳᠡᠭᠴᠤᠳ ᠢ ᠡᠷᠡᠬᠦᠯᠵᠢᠬᠦᠯᠬᠦ ᠦᠢᠯᠡᠴᠢᠯᠡᠭᠡᠨ ᠤ ᠴᠢᠨᠡᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠳᠡᠰ ᠳᠠᠪᠬᠤᠷᠭ᠎ᠠ ᠪᠠ ᠲᠥᠷᠥᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠬᠢᠵᠢᠭ ᠪᠠ ᠭᠠᠮᠰᠢᠭ ᠤᠨ ᠨᠦᠯᠦᠭᠡᠨ ᠳᠤ ᠤᠴᠠᠷᠠᠭᠰᠠᠨ ᠬᠦᠴᠢᠷᠳᠡᠯᠲᠡᠶ ᠣᠯᠠᠨ ᠲᠦᠮᠡᠨ ᠢ ᠴᠠᠭ ᠲᠤᠬᠠᠶ ᠳᠤᠨᠢ ᠬᠠᠪᠰᠤᠷᠤᠨ ᠲᠡᠳᠬᠦᠵᠦ᠂ ᠠᠷᠠᠳ ᠤᠨ ᠠᠮᠢᠳᠤᠷᠠᠯ ᠢ ᠪᠠᠲᠤᠯᠠᠬᠤ ᠬᠢᠵᠠᠭᠠᠷ ᠱᠤᠭᠤᠮ ᠢ ᠡᠷᠡᠰ ᠪᠠᠲᠤ ᠰᠠᠬᠢᠨ᠎ᠠ᠃    ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠬᠢᠵᠢᠭ ᠲᠠᠢ ᠲᠡᠮᠡᠴᠡᠭᠦ ᠠᠭᠤᠤ ᠶᠡᠭᠡ ᠵᠣᠷᠢᠭ ᠰᠠᠨᠠᠭ᠎ᠠ ᠪᠠ ᠶᠠᠳᠠᠭᠤ ᠠᠴᠠ ᠠᠩᠬᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠠᠬᠢᠭᠤᠯᠤᠨ᠎ᠠ᠃ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠠ ᠲᠠᠩᠰᠠ ᠡᠪᠬᠡᠮᠡᠯ ᠵᠡᠷᠭᠡ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠢᠳᠡᠪᠬᠢᠲᠡᠶ ᠪᠦᠭᠡᠳ ᠡᠷᠡᠭᠦᠯ ᠰᠦᠯᠵᠢᠶᠡᠨ ᠤ ᠰᠣᠶᠣᠯ ᠢ ᠬᠥᠭᠵᠢᠭᠦᠯᠦᠨ᠎ᠡ᠃ ᠲᠤᠮᠲᠠᠲᠤ ᠶᠢᠨ ᠦᠨᠳᠦᠰᠦᠲᠡᠨ ᠤ ᠰᠢᠯᠢᠲᠡᠭ ᠤᠯᠠᠮᠵᠢᠯᠠᠯᠲᠦ ᠰᠤᠶᠤᠯ ᠢ ᠤᠯᠠᠮᠵᠢᠯᠠᠨ ᠪᠠᠲᠠᠷᠠᠭᠤᠯᠵᠦ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠬᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠵᠦ᠂ ᠤᠯᠤᠰ ᠤᠨ ᠰᠤᠶᠤᠯ ᠤᠨ ᠴᠡᠴᠡᠷᠯᠢᠭ ᠢ ᠪᠦᠲᠦᠭᠡᠨ ᠪᠠᠶᠢᠭᠤᠯᠤᠨ᠎ᠠ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠨᠢᠭᠡ ᠴᠤᠭᠴᠠᠵᠢᠭᠤᠯᠤᠨ ᠪᠠᠶᠢᠭᠤᠯᠬᠤ ᠶᠢ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠠᠷᠠᠳ ᠨᠡᠶᠢᠳᠡ ᠪᠠᠷ ᠢᠶᠠᠨ ᠨᠣᠮ ᠤᠩᠰᠢᠬᠤ ᠶᠢ ᠰᠠᠨᠠᠭᠠᠴᠢᠯᠠᠨ᠎ᠠ᠃ ᠳᠤᠮᠳᠠᠳᠤ ᠭᠠᠳᠠᠭᠠᠳᠤ ᠶᠢᠨ ᠬᠦᠮᠦᠨ ᠨᠡᠶᠢᠭᠡᠮ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠠᠷᠠᠳ ᠨᠡᠶᠢᠳᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠨᠠᠷᠢᠨ ᠨᠢᠮᠪᠠᠶ ᠪᠡᠯᠡᠳᠬᠡᠨ ᠡᠷᠬᠢᠯᠡᠨ᠎ᠡ᠃    ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠬᠢᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠬᠤᠳᠠ ᠶᠢᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠬᠤ ᠲᠤᠷᠰᠢᠯᠲᠠ ᠶᠢ ᠠᠬᠢᠭᠤᠯᠤᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠠᠵᠢᠯ ᠢ ᠶᠡᠭᠡ ᠪᠠᠷ ᠬᠦᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠳᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠲᠡᠮᠵᠢᠨ᠎ᠠ᠃ ᠡᠮᠡᠭᠲᠡᠶᠢᠴᠦᠳ᠂ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠦᠷᠢᠴᠡᠯ ᠵᠢᠭᠤᠷᠠᠭᠠᠨ ᠢ ᠤᠯᠠᠨ ᠡᠰᠢᠵᠢᠭᠦᠯᠦᠨ ᠡᠶᠡᠲᠡᠭᠦᠯᠬᠦ ᠶᠢ ᠠᠬᠢᠭᠤᠯᠤᠨ᠎ᠠ᠃ ᠬᠠᠤᠯᠢ ᠴᠠᠭᠠᠵᠠ ᠶᠢᠨ ᠳᠣᠰᠠᠯᠠᠮᠵᠢ ᠶᠢᠨ ᠠᠵᠢᠯ ᠢ ᠴᠢᠩᠭᠠᠳᠬᠠᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠡᠬᠢᠯᠡᠭᠦᠯᠦᠨ ᠬᠡᠷᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠦᠶᠡᠷ ᠤᠰᠤᠲᠤᠯ ᠭᠠᠩ ᠬᠠᠭᠰᠠᠷᠠᠭᠠᠨ᠂ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ᠂ ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠬᠦ ᠠᠵᠢᠯ ᠪᠠ ᠴᠠᠭ ᠠᠭᠤᠷ ᠤᠨ ᠦᠢᠯᠡᠴᠢᠯᠡᠭᠡ ᠶᠢ ᠦᠨᠡᠨ ᠬᠦ ᠰᠠᠶᠢᠲᠤᠷ ᠬᠢᠨ᠎ᠠ᠃ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠬᠯᠠᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠳᠠᠢ ᠥᠷᠨᠢᠭᠦᠯᠵᠦ᠂ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠲᠡᠭᠦᠨ ᠳᠤ ᠴᠣᠬᠢᠯᠲᠠ ᠦᠭᠴᠦ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠦᠪᠰᠢᠨ ᠢ ᠬᠠᠮᠠᠭᠠᠯᠠᠨ᠎ᠠ᠃    ᠲᠥᠯᠥᠭᠡᠯᠡᠭᠴᠢᠳ ᠡ︕    ᠰᠢᠨ᠎ᠡ ᠡᠭᠦᠷᠭᠡ ᠪᠣᠯᠤᠨ ᠰᠢᠯᠭᠠᠯᠳᠠ ᠶᠢᠨ ᠡᠮᠦᠨ᠎ᠡ᠂ ᠡᠯ᠎ᠡ ᠱᠠᠲᠤᠨ ᠤ ᠵᠠᠰᠠᠭ ᠤᠨ ᠣᠷᠳᠣᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠢᠢᠯᠠᠭᠠᠬᠤ ᠴᠢᠳᠠᠪᠤᠷᠢ ᠪᠠ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠳᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠯᠠᠪᠲᠠᠭᠤᠨ ᠪᠠᠲᠤᠲᠠᠢ ᠦᠷᠨᠢᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠦ᠂ ᠦᠨᠡᠨ ᠬᠦ ᠬᠠᠤᠯᠢ ᠶᠤᠰᠤᠭᠠᠷ ᠵᠠᠰᠠᠭ ᠶᠠᠪᠣᠭᠤᠯᠣᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠲᠠᠯᠠᠨ᠎ᠠ᠃ ᠲᠦᠪ ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠣᠮᠵᠢᠭᠤᠯᠣᠨ᠎ᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠎ᠠ ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠠᠵᠢᠯᠲᠠᠨ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠠᠶᠢᠴᠠᠭᠠᠯᠲᠠ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠳᠠᠢ᠃ ᠠᠷᠢᠭᠤᠨ ᠴᠢᠬᠡᠴᠢ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠨ᠂ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠦᠷᠬᠦᠯᠵᠢᠯᠡᠨ ᠴᠡᠭᠴᠡᠯᠡᠨ ᠵᠠᠰᠠᠨ᠎ᠠ᠃    ᠳᠤᠮᠳᠠᠳᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠨᠢᠭᠡᠨᠲᠡ ᠬᠢᠯᠠᠯᠵᠠᠭᠰᠠᠨ ᠠᠮᠵᠢᠯᠲᠠ ᠣᠯᠤᠭᠰᠠᠨ ᠪᠤᠯᠪᠠᠴᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠰᠠ ᠨᠡᠯᠢᠶᠠᠳ ᠤᠷᠳᠤ ᠵᠠᠮ ᠢ ᠵᠠᠮᠨᠠᠵᠤ᠂ ᠮᠦᠨ ᠯᠡ ᠰᠢᠷᠭᠠᠭᠤ ᠬᠠᠳᠠᠭᠤᠵᠢᠯᠳᠠᠢ ᠴᠢᠷᠮᠡᠶᠢᠯᠭ᠎ᠠ ᠭᠠᠷᠭᠠᠬᠤ ᠬᠡᠷᠡᠭᠳᠠᠢ ᠪᠠᠶᠢᠨ᠎ᠠ᠃ ᠡᠷᠬᠡᠪᠰᠢ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠥᠪᠡᠷ ᠤᠨ ᠤᠴᠢᠷ ᠶᠠᠪᠤᠳᠠᠯ ᠢᠶᠠᠨ ᠬᠦᠴᠦᠯᠡᠨ ᠰᠠᠶᠢᠲᠤᠷ ᠬᠢᠭᠦ ᠭᠡᠷᠡᠭᠳᠡᠢ᠃ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠥᠭᠵᠢᠭᠦᠯᠭᠦ ᠪᠠᠷ ᠴᠢᠷᠮᠠᠶᠢᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠳᠡᠬᠡᠬᠦ ᠠᠵᠢᠯ ᠢ ᠦᠨᠡᠨ ᠢ ᠪᠡᠷᠢᠮᠳᠠᠯᠠᠨ ᠪᠤᠳᠠᠳᠠᠢ ᠶᠢ ᠡᠷᠬᠢᠮᠯᠡᠵᠦ ᠬᠢᠬᠦ ᠬᠡᠷᠡᠭᠳᠠᠢ᠃ ᠬᠡᠯᠪᠡᠷᠢ ᠶᠢᠨ ᠦᠵᠡᠯ ᠪᠠ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠠᠵᠢᠯ ᠤᠨ ᠳᠤᠮᠳᠠ ᠪᠠᠨ ᠪᠦᠬᠦᠨ ᠢ ᠨᠢᠭᠡ ᠯᠠ ᠪᠠᠷᠢᠮᠵᠢᠶ᠎ᠠ ᠪᠠᠷ ᠱᠠᠭᠠᠷᠳᠠᠬᠤ ᠦᠭᠡᠢ ᠪᠠᠶᠢᠬᠤ ᠶᠢ ᠪᠠᠳᠤ ᠴᠡᠭᠡᠵᠢᠯᠡᠵᠦ᠂ ᠦᠨᠳᠦᠰᠦᠨ ᠱᠠᠲᠤᠨ ᠤ ᠬᠦᠯᠢᠶᠡᠰᠦ ᠶᠢ ᠨᠢ ᠦᠨᠡᠨ ᠭᠦ ᠰᠤᠯᠠᠯᠠᠨ ᠳᠠᠷᠤᠭᠠᠰᠤ ᠶᠢ ᠨᠢ ᠦᠨᠡᠨ ᠭᠦ ᠬᠥᠩᠭᠡᠷᠡᠭᠦᠯᠭᠦ ᠭᠡᠷᠡᠭᠳᠡᠢ᠃ ᠠᠮᠤᠷ ᠳᠠᠶᠢᠪᠤᠩ ᠪᠠᠶᠢᠬᠤ ᠦᠶ᠎ᠡ ᠳᠡᠭᠡᠨ ᠠᠶᠤᠯ ᠲᠦᠭᠰᠢᠬᠦᠷᠢ ᠶᠢ ᠪᠤᠳᠤᠯᠬᠢᠯᠠᠵᠤ᠂ ᠰᠠᠨᠠᠭᠠᠰᠢᠷᠠᠨ ᠵᠤᠪᠠᠨᠢᠬᠤ ᠤᠬᠠᠮᠰᠠᠷ ᠢᠶᠠᠨ ᠴᠢᠩᠭᠠᠷᠠᠭᠤᠯᠵᠤ᠂ ᠤᠴᠢᠷ ᠶᠠᠪᠤᠳᠠᠯ ᠤᠨ ᠡᠮᠦᠨ᠎ᠠ ᠬᠦᠴᠢᠷ ᠲᠦᠪᠡᠭ ᠠᠴᠠ ᠠᠶᠦᠬᠤ ᠦᠬᠡᠢ᠂ ᠡᠬᠦᠷᠬᠡ ᠬᠠᠷᠢᠭᠤᠴᠠᠯᠭ᠎ᠠ ᠶᠢᠨ ᠡᠮᠦᠨ᠎ᠡ ᠠᠶᠤᠯ ᠲᠦᠭᠰᠢᠬᠦᠷᠢ ᠠᠴᠠ ᠵᠠᠶᠢᠯᠠᠬᠤ ᠦᠬᠡᠢ ᠪᠠᠶᠢᠵᠤ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠨ᠂ ᠦᠬᠡᠷᠡᠴᠢᠯᠡᠯᠳᠠ ᠨᠡᠬᠡᠬᠡᠯᠳᠠ ᠬᠢᠬᠦ ᠶᠢ ᠠᠬᠢᠭᠤᠯᠵᠤ᠂ ᠵᠠᠬ᠎ᠠ ᠳᠡᠯᠬᠡᠬᠦᠷ ᠤᠨ ᠪᠡᠶᠠᠴᠢ ᠴᠤᠭᠴᠠ ᠶᠢᠨ ᠠᠮᠢᠳᠤᠯᠢᠭ ᠬᠦᠴᠦᠨ ᠪᠠ ᠨᠡᠶᠢᠬᠡᠮ ᠤᠨ ᠪᠦᠳᠦᠬᠡᠯᠴᠢ ᠬᠦᠴᠦᠨ ᠢ ᠨᠡᠩ ᠶᠡᠭᠡ ᠪᠠᠷ ᠬᠦᠭᠵᠢᠬᠡᠨ᠂ ᠬᠦᠭᠵᠢᠯᠳᠠ ᠶᠢᠨ ᠠᠷᠭ᠎ᠠ ᠪᠠᠷ ᠬᠦᠭᠵᠢᠯᠳᠠ ᠶᠢᠨ ᠳᠡᠩᠴᠡᠬᠦᠷᠢ ᠦᠬᠡᠢ ᠬᠦᠢᠴᠡᠳ ᠦᠬᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠤᠳᠠᠳᠠᠢ ᠪᠠᠷ ᠬᠢᠵᠦ ᠬᠠᠳᠠᠭᠤᠵᠢᠯᠳᠠᠢ ᠪᠠᠷ ᠠᠵᠢᠯᠯᠠᠨ᠂ ᠠᠷᠠᠳ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠬᠦᠭᠵᠢᠯᠳᠠ ᠶᠢᠨ ᠠᠮᠵᠢᠯᠲᠠ ᠪᠦᠲᠦᠮᠵᠢ ᠶᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃    ᠲᠥᠯᠥᠭᠡᠯᠡᠭᠴᠢᠳ ᠡ︕    ᠪᠢᠳᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠭᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠭᠡᠷᠡᠭᠳᠡᠢ᠃ ᠱᠠᠰᠢᠨ ᠰᠤᠷᠲᠠᠬᠤᠨ ᠤ ᠠᠵᠢᠯ ᠤᠨ ᠲᠤᠬᠠᠶ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠮᠠᠨ ᠤ ᠤᠯᠤᠰ ᠤᠨ ᠱᠠᠰᠢᠨ ᠰᠤᠷᠲᠠᠬᠤᠨ ᠤ ᠲᠤᠮᠲᠠᠲᠤ ᠤᠯᠤᠰᠴᠢᠯᠠᠬᠤ ᠴᠢᠭᠯᠡᠯ ᠢ ᠪᠠᠷᠢᠮᠲᠠᠯᠠᠵᠦ᠂ ᠱᠠᠰᠢᠨ ᠰᠤᠷᠲᠠᠬᠤᠨ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠡᠷ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠤᠮᠳᠠᠳᠤ ᠶᠢᠨ ᠬᠥᠪᠡᠭᠦᠳ ᠥᠬᠢᠳ ᠤᠨ ᠭᠡᠷᠡᠯ ᠰᠠᠴᠤᠷᠠᠩᠭᠤᠶ ᠦᠢᠯᠡᠰ ᠢ ᠬᠠᠮᠲᠤ ᠪᠠᠷ ᠴᠤᠭᠴᠠᠯᠠᠬᠤ ᠰᠦᠷ ᠳᠠᠯᠠᠶᠢᠴᠠᠲᠠᠶ ᠬᠦᠴᠦᠨ ᠢ ᠨᠡᠩ ᠶᠡᠭᠡ ᠪᠠᠷ ᠨᠢᠭᠲᠠᠷᠠᠭᠤᠯᠤᠨ᠎ᠠ᠃    ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠰᠢᠨ᠎ᠡ ᠠᠮᠵᠢᠯᠲᠠ ᠣᠯᠵᠤ᠂ ᠠᠷᠠᠳ ᠤᠨ ᠴᠡᠷᠢᠭ ᠠᠩᠬᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠳᠤᠮᠳᠠ ᠴᠠᠭᠠᠷᠠᠭᠰᠠᠨ ᠡᠷᠳᠡᠮ ᠴᠢᠳᠠᠪᠤᠷᠢ ᠪᠣᠯᠤᠨ ᠰᠢᠯᠢᠳᠡᠭ ᠰᠤᠷᠲᠠᠯ ᠢ ᠢᠯᠡᠷᠡᠭᠦᠯᠪᠠ᠃ ᠰᠢᠨ᠎ᠡ ᠨᠢᠭᠡᠨ ᠵᠢᠯ ᠳᠤ᠂ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠤ ᠶᠠᠪᠤᠭᠤᠯᠬᠤ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠡᠷᠢᠭ ᠠᠩᠬᠢ ᠶᠢᠨ ᠪᠦᠲᠦᠭᠡᠨ ᠪᠠᠶᠢᠭᠤᠯᠤᠯᠳᠠ ᠶᠢᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠤᠰ ᠲᠦᠷᠦ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠤᠰᠤᠭᠠᠷ ᠴᠡᠷᠢᠭ ᠢ ᠵᠠᠰᠠᠬᠤ ᠶᠢ ᠠᠬᠢᠭᠤᠯᠵᠦ᠂ ᠮᠧᠬᠠᠨᠢᠬᠵᠢᠬᠰᠠᠨ ᠮᠡᠲᠡᠭᠡ ᠵᠠᠩᠬᠢᠵᠢᠭᠰᠠᠨ ᠤᠶᠤᠨᠴᠢᠯᠠᠬᠰᠠᠨ ᠠᠭᠤᠰᠤᠯᠴᠠᠬᠰᠠᠨ ᠬᠦᠭᠵᠢᠯᠲᠡ ᠶᠢ ᠲᠦᠷᠬᠡᠳᠬᠡᠨ᠎ᠡ᠃ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠴᠢᠭᠯᠡᠯ ᠡᠯ᠎ᠡ ᠬᠦᠷᠢᠶᠡᠨ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠢᠭᠡᠳᠦᠯᠲᠡᠶ ᠲᠥᠯᠥᠪᠯᠡᠨ ᠠᠷᠭᠠᠴᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠠᠶᠢᠯᠳᠤᠬᠤ ᠪᠤᠳᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ︽ᠬᠤᠶᠠᠷ ᠢ ᠬᠦᠷᠢᠶᠡᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠰᠠᠯᠤᠰᠢ ᠦᠭᠡᠢ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠭᠦ ᠭᠡᠷᠡᠭᠳᠡᠢ᠃    ᠲᠥᠯᠥᠭᠡᠯᠡᠭᠴᠢᠳ ᠡ︕    ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠦᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠦᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠦ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢ ᠪᠠ ᠭᠤᠤᠯ ᠬᠠᠤᠯᠢ ᠶᠢ ᠬᠡᠷᠡᠭᠵᠢᠭᠦᠯᠬᠦ ᠲᠠᠢ ᠬᠤᠯᠪᠣᠭᠳᠠᠬᠤ ᠪᠠᠶᠢᠭᠤᠯᠤᠯ ᠪᠠ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠪᠠᠶᠢᠭᠤᠯᠤᠯ ᠪᠠ ᠭᠦᠢᠴᠡᠳᠬᠡᠬᠦ ᠲᠣᠭᠲᠠᠴᠠ ᠶᠢ ᠨᠠᠶᠢᠳᠠᠪᠤᠷᠢᠵᠢᠭᠤᠯᠬᠤ ᠭᠡᠷᠡᠭᠳᠡᠢ᠃ ᠰᠢᠶᠠᠩᠭᠠᠩ ᠣᠣᠮᠧᠨ ᠤ ᠬᠡᠷᠡᠭ ᠶᠠᠪᠤᠳᠠᠯ ᠳᠤ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠰᠡᠷᠭᠡᠶᠢᠯᠡᠨ ᠬᠤᠷᠢᠬᠯᠠᠵᠤ᠂ ᠰᠢᠶᠠᠩᠭᠠᠩ ᠣᠣᠮᠧᠨ ᠤ ᠠᠵᠤ ᠠᠬᠤᠶ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃    ᠪᠢᠳᠡ ᠲᠠᠶᠢᠸᠠᠨ ᠤ ᠲᠤᠬᠠᠶ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠠᠷᠢᠮᠲᠠᠯᠠᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢ ᠨᠠᠶᠢᠷᠠᠮᠳᠠᠯ ᠢᠶᠠᠷ ᠬᠥᠭᠵᠢᠭᠦᠯᠬᠦ ᠪᠠ ᠡᠭᠡ ᠤᠯᠤᠰ ᠢᠶᠠᠨ ᠨᠢᠭᠡᠳᠭᠡᠭᠦ ᠶᠢ ᠠᠬᠢᠭᠤᠯᠬᠤ ᠭᠡᠷᠡᠭᠳᠡᠢ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ ᠡᠷᠡᠰ ᠬᠤᠷᠢᠬᠯᠠᠨ᠎ᠠ᠃ ᠲᠠᠶᠢᠸᠠᠨ ᠤ ᠠᠬ᠎ᠠ ᠳᠡᠭᠦᠤ ᠨᠡᠷ ᠤᠨ ᠠᠵᠠ ᠵᠢᠷᠭᠠᠯ ᠢ ᠪᠠᠲᠤᠯᠠᠬᠤ ᠪᠠ ᠡᠬᠡ ᠬᠠᠭᠤᠷᠠᠶ ᠳᠤ ᠠᠳᠠᠯᠢ ᠲᠡᠭᠰᠢ ᠬᠠᠷᠠᠭᠠᠯᠵᠠᠯ ᠬᠦᠷᠲᠡᠬᠦ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠ ᠠᠭᠤᠰᠤᠯᠴᠠᠨ ᠬᠥᠭᠵᠢᠬᠦ ᠶᠢ ᠠᠬᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠰᠡᠳᠬᠢᠯ ᠨᠢᠭᠡᠳᠦᠨ ᠬᠠᠮᠲᠤ ᠪᠠᠷ ᠴᠣᠭᠴᠠᠯᠠᠨ᠎ᠠ᠃    ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠶ ᠬᠥᠭᠵᠢᠭᠦᠯᠵᠦ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠴᠠᠭ᠎ᠠ ᠪᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠶ᠃ ᠨᠡᠬᠡᠬᠡᠯᠳᠡ ᠬᠢᠵᠦ ᠬᠠᠮᠲᠤᠷᠠᠨ ᠠᠵᠢᠯᠯᠠᠬᠤ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠃ ᠤᠯᠠᠨ ᠤᠯᠤᠰ ᠤᠨ ᠪᠠ ᠭᠠᠵᠠᠷ ᠣᠷᠣᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠶ ᠣᠷᠣᠯᠴᠠᠨ᠎ᠠ᠃ ᠳᠤᠮᠳᠠᠳᠤ ᠤᠯᠤᠰ ᠳᠤᠷᠠᠲᠠᠶ᠎ᠠ ᠪᠤᠢ ᠪᠦᠬᠦᠢ ᠤᠯᠤᠰ ᠲᠠᠢ ᠬᠠᠷᠢᠯᠴᠠᠨ ᠬᠦᠨᠳᠦᠳᠬᠡᠭᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠨᠠᠶᠢᠷᠠᠮᠳᠠᠯ ᠢᠶᠠᠷ ᠵᠡᠷᠭᠡᠴᠡᠨ ᠣᠷᠣᠰᠢᠵᠦ᠂ ᠬᠠᠮᠲᠤ ᠪᠠᠷ ᠬᠥᠭᠵᠢᠵᠦ᠂ ᠪᠦᠬᠦ ᠪᠥᠮᠪᠥᠷᠴᠡᠭ ᠤᠨ ᠴᠢᠨᠠᠷᠲᠠᠢ ᠰᠢᠯᠭᠠᠯᠳᠠ ᠶᠢ ᠬᠠᠮᠳᠤ ᠪᠠᠷ ᠠᠷᠭᠠᠴᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯ ᠴᠡᠴᠡᠭᠯᠡᠯ ᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ︕    ᠲᠥᠯᠥᠭᠡᠯᠡᠭᠴᠢᠳ ᠡ︕    ᠮᠠᠨ ᠤ ᠮᠦᠷᠦᠨ ᠳᠡᠬᠡᠷᠡᠬᠢ ᠡᠬᠦᠷᠬᠡ ᠬᠦᠨᠳᠦ ᠪᠠᠶᠢᠭ᠎ᠠ ᠪᠤᠯᠬᠤᠷ ᠪᠢᠳᠠ ᠨᠡᠩ ᠴᠤ ᠬᠠᠳᠠᠭᠤᠵᠢᠨ ᠳᠡᠮᠡᠴᠡᠬᠦ ᠴᠢᠬᠤᠯᠠᠳᠠᠢ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠡᠳᠬᠢᠯ ᠨᠢᠭᠡᠳᠦᠨ ᠬᠦᠴᠦ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠭᠦᠰᠡᠯ ᠢ ᠪᠡᠶᠡᠯᠡᠭᠦᠯᠭᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ ︵ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 12 ᠤᠨ ᠴᠠᠬᠢᠯᠭᠠᠨ ᠮᠡᠳᠡᠭᠡ᠂ ᠳᠣᠮᠳᠠᠳᠣ ᠣᠯᠣᠰ ᠤᠨ ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠳᠣᠪᠴᠢᠶ᠎ᠠ ᠣᠷᠴᠢᠭᠤᠯᠪᠠ︶
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号